ᠣᠷᠳᠣᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ ᠭᠦᠶᠴᠡᠳᠬᠡᠬᠦ ᠪᠦᠯᠬᠦᠮ ᠮᠡᠳᠡᠭᠡ ᠵᠠᠩᠭᠢᠵᠢᠯᠲᠠ ᠶᠢᠨ ᠠᠵᠢᠯ ᠤᠨ ᠶᠠᠷᠢᠯᠴᠠᠬᠤ ᠬᠤᠷᠠᠯ ᠬᠢᠪᠡ
2019.03.22 ᠲᠣᠰ ᠥᠷᠲᠡᠭᠡᠨ ᠦ ᠨᠠᠢᠷᠠᠭᠤᠯᠤᠭᠴᠢ

 

2019ᠣᠨ  ᠤ 3 ᠰᠠᠷ᠎ᠠ ᠶᠢᠨ 15  ᠤ ᠡᠳᠦᠷ ᠂ ᠣᠷᠳᠣᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ ᠭᠦᠶᠴᠡᠳᠬᠡᠬᠦ ᠪᠦᠯᠬᠦᠮ ᠮᠡᠳᠡᠭᠡ ᠵᠠᠩᠭᠢᠵᠢᠯᠲᠠ ᠶᠢᠨ ᠠᠵᠢᠯ ᠤᠨ ᠶᠠᠷᠢᠯᠴᠠᠬᠤ ᠬᠤᠷᠠᠯ ᠬᠢᠪᠡ ᠃ ᠬᠤᠷᠠᠯ ᠠᠴᠠ ᠲᠦᠩ ᠳ᠋ᠠ ᠬᠠᠢ ᠪᠡᠭᠡᠵᠢᠩ ᠦᠨ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ ᠭᠤᠸᠠᠨ ᠬᠣᠩ ᠵᠢᠶ᠍ᠸ᠋ ᠂ ᠠᠷᠠᠳ ᠤᠨ ᠳᠡᠭᠡᠳᠦ ᠰᠢᠭᠦᠬᠦ ᠬᠣᠷᠢᠶ᠎ᠠ ᠶᠢᠨ  ᠭᠦᠢᠴᠡᠳᠬᠡᠬᠦ ᠰᠢᠰᠲ᠋ᠧᠮ ᠦᠨ ᠲᠥᠷᠥᠯ ᠵᠦᠢᠯ ᠦᠨ ᠳᠠᠭᠠᠭᠠᠮᠠᠯ ᠬᠤ ᠵᠢᠶᠦ᠋ᠨ ᠵᠢᠶ᠍ᠸ᠋ ᠂ ᠲᠦᠩ ᠳ᠋ᠠ ᠬᠠᠢ ᠶᠢᠨ ᠥᠪᠥᠷ ᠮᠣᠩᠭᠣᠯ ᠤᠨ ᠶᠡᠬᠡ ᠲᠣᠭᠣᠷᠢᠭ ᠤᠨ ᠬᠡᠷᠡᠭᠯᠡᠭᠴᠢᠳ ᠦᠨ ᠦᠢᠯᠡᠴᠢᠯᠡᠭᠡᠨ ᠦ ᠳᠠᠭᠠᠭᠠᠮᠠᠯ  ᠵᠢᠨ ᠰᠢᠶᠣᠤ ᠸᠧᠢ  ᠵᠡᠷᠭᠡ  ᠶᠢ ᠤᠷᠢᠪᠠ ᠃ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠾᠧ ᠵᠥᠩ ᠫᠢᠩ ᠂ ᠭᠦᠶᠴᠡᠳᠬᠡᠬᠦ ᠪᠦᠯᠬᠦᠮ ᠦᠨ ᠳᠠᠷᠤᠭ᠎ᠠ ᠵᠠᠩ ᠶᠤᠸᠠᠢ ᠹᠧᠩ ᠂ ᠮᠡᠷᠭᠡᠵᠢᠯ ᠦᠨ ᠭᠠᠵᠠᠷ ᠤᠨ ᠡᠷᠬᠢᠯᠡᠭᠴᠢ ᠳ᠋ᠢᠩ ᠸᠧᠶ ᠬᠤᠸᠠ ᠂ ᠭᠦᠶᠴᠡᠳᠬᠡᠬᠦ ᠲᠣᠪᠴᠢᠶ᠎ᠠ ᠶᠢᠨ ᠠᠵᠢᠯᠲᠠᠨ ᠤ ᠲᠣᠭ᠎ᠠ ᠶᠢᠨ ᠰᠢᠭᠦᠬᠦ ᠲᠤᠰᠢᠶᠠᠯᠲᠠᠨ ᠵᠢᠴᠢ ᠭᠦᠶᠴᠡᠳᠬᠡᠬᠦ ᠵᠢᠯᠣᠭᠣᠳᠬᠤ ᠲᠥᠪ ᠢ ᠬᠡᠷᠡᠭ ᠪᠣᠯᠭᠠᠨ ᠳᠠᠩᠰᠠᠯᠠᠵᠤ ᠂ ᠰᠦᠯᠵᠢᠶᠡᠨ ᠫᠠᠶᠢᠰᠠ ᠶᠢᠨ ᠠᠵᠢᠯᠲᠠᠨ ᠪᠠ ᠳ᠋ᠦᠩᠱᠧᠩ ᠂ ᠬᠢᠶ᠎ᠡ ᠪᠠᠭᠰᠢ ᠂  ᠡᠵᠡᠨ ᠬᠣᠷᠣᠭ᠎ᠠ ᠬᠣᠰᠢᠭᠤ ᠂ ᠳᠠᠯᠠᠳ ᠬᠣᠰᠢᠭᠤᠨ ᠤ ᠰᠢᠭᠦᠬᠦ ᠬᠣᠷᠢᠶ᠎ᠠ ᠶᠢᠨ ᠰᠦᠯᠵᠢᠶᠡᠨ ᠦ ᠮᠡᠷᠭᠡᠵᠢᠯ ᠢ ᠭᠦᠶᠴᠡᠳᠬᠡᠬᠦ ᠪᠦᠯᠬᠦᠮ ᠂ ᠵᠢᠯᠣᠭᠣᠳᠬᠤ ᠲᠥᠪ ᠦᠨ ᠬᠠᠷᠢᠭᠤᠴᠠᠯᠭᠠᠲᠠᠨ  ᠭᠣᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠤ ᠂ ᠬᠣᠰᠢᠭᠤ ᠲᠣᠭᠣᠷᠢᠭ  ᠤᠨ ᠰᠢᠭᠦᠬᠦ ᠬᠣᠷᠢᠶ᠎ᠠ ᠶᠢᠨ ᠰᠦᠯᠵᠢᠶᠡᠨ ᠦ ᠮᠡᠷᠭᠡᠵᠢᠯ ᠢ ᠬᠠᠷᠢᠭᠤᠴᠠᠬᠤ ᠬᠠᠷᠢᠭᠤᠴᠠᠯᠭᠠᠲᠠᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠠᠶ ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )