ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠨᠠᠮ ᠤᠨ ᠤᠳᠤᠷᠢᠳᠬᠤ ᠳᠤᠭᠤᠢᠯᠠᠩ ᠤᠨ ᠤᠨᠤᠯ ᠰᠤᠷᠤᠯᠴᠠᠬᠤ ᠭᠣᠣᠯ ᠳᠤᠭᠤᠢᠯᠠᠩ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
2019.03.20 ᠲᠣᠰ ᠥᠷᠲᠡᠭᠡᠨ᠎ᠦ ᠨᠠᠢᠷᠠᠭᠤᠯᠤᠭᠴᠢ

预览

ᠲᠥᠪ ᠦᠨ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠥ ᠲᠠᠯ᠎ᠠ ᠪᠠᠷ  ᠲᠤᠤᠱᠠᠯᠠᠭᠤᠯᠤᠨ ᠨᠠᠢᠳᠠᠪᠤᠷᠢᠵᠢᠭᠤᠯᠬᠤ ᠂ ᠮᠠᠨ ᠤ ᠬᠣᠷᠢᠶ᠎ᠠ ᠶᠢᠨ ᠶᠠᠳᠠᠭᠤ ᠶᠢ ᠲᠡᠳᠬᠦᠬᠦ ᠪᠡᠷᠬᠡ ᠰᠡᠳᠦᠪ ᠢ  ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ ᠂ 3 ᠳ᠋ᠤᠭᠠᠷ ᠰᠠᠷ᠎ᠠ ᠶᠢᠨ 14  ᠤ ᠡᠳᠦᠷ ᠦᠨ ᠦᠳᠡ ᠶᠢᠨ ᠬᠣᠶᠢᠨ᠎ᠠ ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠤᠨᠤᠯ ᠰᠤᠷᠤᠯᠴᠠᠬᠤ  ᠭᠣᠣᠯ ᠳᠤᠭᠤᠢᠯᠠᠩ ᠲᠤᠰᠬᠠᠶ ᠰᠡᠳᠦᠪᠲᠦ ᠰᠤᠷᠤᠯᠴᠠᠬᠤ ᠬᠤᠷᠠᠯ ᠬᠤᠷᠠᠯᠳᠤᠭᠤᠯᠪᠠ ᠃ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠬᠣᠷᠢᠶᠠᠨ ᠳᠠᠷᠤᠭ᠎ᠠ ᠯᠢ ᠬᠣᠩ ᠶᠠᠨ ᠬᠤᠷᠠᠯ ᠡᠷᠬᠢᠯᠡᠵᠦ ᠂ ᠬᠦᠷᠢᠶᠡᠯᠡᠩ ᠦᠨ ᠨᠠᠮ ᠤᠨ ᠤᠳᠤᠷᠢᠳᠬᠤ ᠳᠤᠭᠤᠢᠯᠠᠩ ᠤᠨ ᠤᠨᠤᠯ ᠰᠤᠷᠤᠯᠴᠠᠬᠤ ᠲᠥᠪ ᠦᠨ ᠪᠦᠷᠢᠯᠳᠦᠬᠦᠨ ᠬᠤᠷᠠᠯ ᠳᠤ ᠣᠷᠣᠯᠴᠠᠪᠠ ᠃
    
    ᠬᠤᠷᠠᠯ ᠳᠡᠭᠡᠷ᠎ᠡ ᠂ ᠬᠤᠳᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠤᠨᠤᠯ ᠰᠤᠷᠤᠯᠴᠠᠬᠤ ᠭᠣᠣᠯ ᠳᠤᠭᠤᠢᠯᠠᠩ ᠶᠡᠷᠦᠩᠬᠡᠢ ᠱᠦᠵᠢ ᠰᠢ ᠶᠢᠨ ᠫᠢᠩ ᠦᠨ ᠶᠠᠳᠠᠭᠤ ᠶᠢ ᠲᠡᠳᠬᠦᠬᠦ ᠠᠵᠢᠯ ᠤᠨ ᠲᠤᠬᠠᠢ ᠴᠢᠬᠤᠯᠠ ᠥᠭᠦᠯᠡᠯᠲᠡ ᠂ ᠶᠡᠷᠦᠩᠬᠡᠢ ᠱᠦᠵᠢ ᠰᠢ ᠶᠢᠨ ᠫᠢᠩ ᠦᠨ 5 ᠤᠳᠠᠭ᠎ᠠ ᠮᠣᠵᠢ ᠣᠷᠣᠨ   ᠢ ᠠᠯᠤᠰᠯᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠥᠪᠥᠷ ᠮᠣᠩᠭᠣᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠂ ᠲᠥᠪ ᠦᠨ ᠨᠠᠢ᠌ᠮᠠᠳᠤᠭᠠᠷ ᠲᠣᠭᠣᠷᠢᠨ ᠪᠠᠢᠴᠠᠭᠠᠬᠤ ᠳᠤᠭᠤᠢᠯᠠᠩ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠲᠣᠭᠣᠷᠢᠨ ᠪᠠᠢᠴᠠᠭᠠᠯᠲᠠ ᠳᠤ ᠬᠠᠷᠢᠭᠤ ᠲᠤᠰᠬᠠᠭᠰᠠᠨ ᠰᠠᠨᠠᠯ ᠢ ᠭᠦᠨᠵᠡᠭᠡᠢ ᠰᠤᠷᠤᠯᠴᠠᠭᠰᠠᠨ ᠪᠥᠭᠡᠳ ᠪᠣᠳᠠᠲᠤ ᠪᠠᠢᠳᠠᠯ ᠲᠠᠢ ᠪᠡᠨ ᠤᠶᠠᠯᠳᠤᠭᠤᠯᠤᠨ ᠮᠠᠨ ᠤ ᠬᠣᠷᠢᠶᠠᠨ ᠤ 2019 ᠣᠨ  ᠤ ᠶᠠᠳᠠᠭᠤ ᠶᠢ ᠲᠡᠳᠬᠦᠬᠦ ᠪᠣᠭᠣᠮᠲᠠ ᠰᠢᠪᠲᠤᠯᠬᠤ ᠠᠵᠢᠯ ᠢ ᠰᠤᠳᠤᠯᠤᠨ ᠪᠠᠢᠷᠢᠯᠠᠭᠤᠯᠵᠠᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )