ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ《ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》 ᠭᠣᠣᠯ ᠰᠡᠳᠦᠪᠲᠦ‌‌᠊‌‌᠁
2020.01.06 ᠲᠣᠰ ᠥᠷᠲᠡᠭᠡᠨ᠎ᠦ ᠨᠠᠢᠷᠠᠭᠤᠯᠤᠭᠴᠢ

     ᠬᠣᠲᠠ ᠶ᠋ᠢᠨ ᠨᠠᠮ ᠤ᠋ᠨ ᠬᠣᠷᠢᠶᠠᠨ ᠤ᠋ 《 ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》 ᠭᠣᠣᠯ ᠰᠡᠳᠦᠪᠲᠦ ᠬᠥᠮᠦᠵᠢᠯ ᠦ᠋ᠨ ᠠᠵᠢᠯ ᠤ᠋ᠨ ᠪᠠᠢᠷᠢᠯᠠᠭᠤᠯᠤᠯᠲᠠ ᠶ᠋ᠢ ᠦᠨᠳᠦᠰᠦᠯᠡᠨ ᠂ 12 ᠰᠠᠷ᠎ᠠ ᠶ᠋ᠢᠨ 10  ᠤ᠋ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ  ᠰᠢᠭᠦᠬᠦ  ᠬᠣᠷᠢᠶ᠎ᠠ 《 ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠣᠯ ᠰᠡᠳᠦᠪᠲᠦ ᠬᠥᠮᠦᠵᠢᠯ ᠦ᠋ᠨ ᠲᠤᠰᠭᠠᠢ ᠰᠡᠳᠦᠪᠲᠦ ᠠᠷᠠᠳᠴᠢᠯᠠᠯ ᠤ᠋ᠨ ᠠᠮᠢᠳᠤᠷᠠᠯ ᠤ᠋ᠨ ᠬᠤᠷᠠᠯ ᠬᠢᠪᠡ ᠃ ᠬᠣᠲᠠ ᠶ᠋ᠢᠨ  ᠳᠤᠮᠳᠠ  ᠵᠡᠷᠭᠡ  ᠶᠢᠨ  ᠰᠢᠭᠦᠬᠦ  ᠬᠤᠷᠢᠶᠠᠨ᠎ ᠤ  ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠯᠢ ᠬᠣᠩ ᠶᠠᠨ ᠬᠤᠷᠠᠯ ᠡᠷᠬᠢᠯᠡᠵᠦ ᠂ ᠬᠣᠲᠠ ᠶ᠋ᠢᠨ ᠨᠠᠮ ᠤ᠋ᠨ ᠬᠣᠷᠢᠶᠠᠨ ᠤ᠋ ᠵᠢᠷᠭᠤᠳᠤᠭᠠᠷ ᠲᠣᠭᠣᠷᠢᠨ ᠵᠢᠯᠣᠭᠣᠳᠬᠤ ᠳᠤᠭᠤᠢᠯᠠᠩ ᠵᠢᠴᠢ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶᠠᠨ ᠤ᠋ ᠤᠳᠤᠷᠢᠳᠤᠯᠭ᠎ᠠ ᠬᠤᠷᠠᠯ ᠳ᠋ᠤ᠌ ᠣᠷᠣᠯᠴᠠᠨ ᠵᠢᠭᠠᠨ ᠵᠢᠯᠣᠭᠣᠳᠴᠤ ᠦᠨᠡᠯᠡᠯᠲᠡ  ᠬᠢᠵᠦ᠂ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ  ᠬᠤᠷᠢᠶᠠᠨ  ᠤ᠋  ᠪᠠᠭ  ᠤᠨ  ᠭᠡᠰᠢᠭᠦᠳ  ᠬᠤᠷᠠᠯ  ᠳᠦ  ᠤᠷᠤᠯᠴᠠᠪᠠ ᠃ 


      ᠡᠨᠡ ᠤᠳᠠᠭᠠᠨ ᠤ᠋ ᠠᠷᠠᠳᠴᠢᠯᠠᠯ ᠤ᠋ᠨ ᠠᠮᠢᠳᠤᠷᠠᠯ  ᠤᠨ  ᠬᠤᠷᠠᠯ ᠨᠢ  ᠰᠢ ᠵᠢᠨ ᠫᠢᠩ ᠦ᠋ᠨ  ᠰᠢᠨ᠎ᠡ  ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠭᠣᠣᠯ ᠱᠤᠭᠤᠮ ᠢ᠋ ᠴᠢᠩᠭ᠎ᠠ ᠡᠵᠡᠮᠳᠡᠵᠦ ᠂《ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ  ᠴᠡᠭᠡᠵᠢᠯᠡᠬᠦ》ᠡᠨᠡ ᠬᠦ᠌ ᠭᠣᠣᠯ ᠰᠡᠳᠦᠪ ᠲᠦ᠍ ᠠᠩᠬᠠᠷᠤᠯ ᠢ᠋ᠶ᠋ᠠᠨ ᠲᠥᠪᠯᠡᠷᠡᠭᠦᠯᠦᠨ ᠂ ᠬᠡᠯᠪᠡᠷᠢ ᠶ᠋ᠢᠨ ᠦᠵᠡᠯ ᠂ ᠨᠣᠶᠠᠨᠴᠢ ᠦᠵᠡᠯ ᠢ᠋ ᠴᠢᠩᠭ᠎ᠠ  ᠴᠡᠭᠡᠷᠯᠡᠭᠦᠯᠵᠦ ᠂ ᠣᠨᠣᠯ ᠤ᠋ᠨ  ᠰᠤᠷᠤᠯᠴᠠᠯᠭ᠎ᠠ  ᠳ᠋ᠤ᠌ ᠣᠯᠤᠯᠲᠠ ᠲᠠᠢ ᠂ ᠦᠵᠡᠯ ᠰᠠᠨᠠᠭ᠎ᠠ ᠤᠯᠤᠰ ᠲᠥᠷᠥ ᠶ᠋ᠢᠨ  ᠤᠬᠢᠶᠠᠯ  ᠢ᠋ ᠬᠦᠯᠢᠶᠡᠬᠦ ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠳ᠋ᠤ᠌ ᠵᠣᠷᠢᠭᠲᠠᠢ ᠡᠭᠦᠷᠭᠡᠯᠡᠬᠦ ᠂ ᠠᠷᠠᠳ ᠲᠦᠮᠡᠨ ᠳ᠋ᠦ᠍ ᠦᠢᠯᠡᠴᠢᠯᠡᠨ ᠬᠦᠴᠢᠷ ᠢ᠋ ᠰᠢᠢᠳᠪᠦᠷᠢᠯᠡᠨ ᠂  ᠠᠷᠢᠭᠤᠨ ᠴᠢᠭᠡᠴᠢ ᠪᠡᠷ ᠳᠠᠭᠤᠷᠢᠶᠠᠯ  ᠬᠠᠷᠠᠯᠲᠠ ᠪᠤᠯᠭᠠᠨ᠂ ᠰᠢ ᠵᠢᠨ ᠫᠢᠩ  ᠶᠡᠷᠦᠩᠬᠡᠢ ᠱᠦᠵᠢ ᠶᠢᠨ 《 ᠳᠦᠷᠪᠡ ᠶᠢ ᠬᠠᠷᠢᠴᠠᠭᠤᠯᠬᠤ》《 ᠳᠦᠷᠪᠡ ᠶᠢ ᠡᠷᠢᠬᠦ》 ᠱᠠᠭᠠᠷᠳᠠᠯᠭ᠎ᠠ ᠶᠤᠰᠤᠭᠠᠷ  ᠤᠯᠤᠯᠲᠠ ᠪᠠᠨ ᠪᠦᠷᠢᠳᠭᠡᠨ᠂ ᠠᠰᠠᠭᠤᠳᠠᠯ ᠢᠶᠡᠨ ᠪᠠᠢᠴᠠᠭᠠᠨ ᠦᠵᠡᠵᠦ᠂ ᠭᠦᠨᠵᠡᠭᠡᠢ ᠵᠠᠳᠠᠯᠤᠯᠲᠠ ᠬᠢᠨ᠎ᠡ ᠃ ᠦᠨᠡᠨ ᠶᠣᠰᠣ ᠶ᠋ᠢ ᠪᠠᠷᠢᠮᠲᠠᠯᠠᠨ ᠂ ᠠᠯᠳᠠᠭ᠎ᠠ ᠪᠤᠷᠤᠭᠤ ᠪᠠᠨ ᠵᠠᠯᠠᠷᠠᠭᠤᠯᠵᠤ ᠂  ᠰᠢᠭᠦᠮᠵᠢᠯᠡᠯ ᠪᠠ ᠥᠪᠡᠷ ᠦ᠋ᠨ  ᠰᠢᠭᠦᠮᠵᠢᠯᠡᠯ  ᠢ᠋ ᠲᠥᠪ ᠴᠢᠩᠭ᠎ᠠ ᠥᠷᠨᠢᠭᠦᠯᠵᠦ ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠴᠡᠭᠴᠡᠯᠡᠨ ᠰᠠᠢᠵᠢᠷᠠᠭᠤᠯᠬᠤ ᠶ᠋ᠢ ᠰᠠᠢᠲᠤᠷ ᠠᠳᠭᠤᠬᠤ ᠬᠡᠷᠡᠭᠲᠡᠢ ᠃ ᠨᠠᠮ ᠤ᠋ᠨ  ᠭᠡᠰᠢᠭᠦᠨ ᠤᠳᠤᠷᠢᠳᠬᠤ  ᠺᠠᠲᠷ  ᠤ᠋ᠨ 《 ᠳᠥᠷᠪᠡᠨ ᠤᠬᠠᠮᠰᠠᠷ 》 ᠢ᠋ ᠤᠯᠠᠮ ᠨᠢᠭᠡ ᠠᠯᠬᠤᠮ ᠴᠢᠩᠭᠠᠳᠭᠠᠬᠤ ᠶ᠋ᠢ ᠠᠬᠢᠭᠤᠯᠵᠤ ᠂ 《 ᠳᠥᠷᠪᠡᠨ ᠢᠲᠡᠭᠡᠯ 》 ᠢ᠋ ᠪᠠᠲᠤᠳᠭᠠᠨ ᠂ 《ᠬᠣᠶᠠᠷ  ᠬᠠᠮᠠᠭᠠᠯᠠᠯᠲᠠ》 ᠶ᠋ᠢ ᠪᠡᠶᠡᠯᠡᠭᠦᠯᠵᠦ ᠂ ᠤᠳᠤᠷᠢᠳᠬᠤ ᠪᠠᠭ ᠤ᠋ᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠂ ᠪᠦᠯᠬᠦᠮᠳᠡᠨ  ᠤᠷᠤᠭᠰᠢᠯᠠᠬᠤ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ  ᠴᠡᠭᠡᠵᠢᠯᠡᠬᠦ ᠶᠢ ᠠᠬᠢᠭᠤᠯᠤᠨ᠎ᠠ ᠃

     ᠬᠤᠷᠠᠯ ᠠ᠋ᠴᠠ ᠡᠮᠦᠨ᠎ᠡ ᠂  ᠬᠤᠷᠢᠶᠠᠨ ᠤ ᠤᠳᠤᠷᠢᠳᠬᠤ ᠪᠠᠭ ᠰᠢ ᠵᠢᠨ ᠫᠢᠩ ᠦ᠋ᠨ  ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ  ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ ᠂ ᠺᠠᠲᠷ ᠣᠯᠠᠨ ᠲᠦᠮᠡᠨ ᠦ᠌ ᠰᠠᠨᠠᠯ ᠢ᠋ ᠥᠷᠭᠡᠨ ᠢ᠋ᠶ᠋ᠡᠷ ᠰᠣᠨᠣᠰᠴᠤ ᠂ ᠰᠡᠳᠭᠢᠯ ᠦ᠋ᠨ ᠦᠭᠡ ᠪᠡᠨ ᠭᠦᠨᠵᠡᠭᠡᠢ ᠶᠠᠷᠢᠯᠴᠠᠵᠤ ᠂ ᠪᠠᠢᠴᠠᠭᠠᠨ ᠦᠵᠡᠬᠦ   ᠰᠢᠰᠲ᠋ᠧᠮ  ᠲᠡᠢ ᠪᠡᠷ ᠠᠰᠠᠭᠤᠳᠠᠯ ᠢ᠋  ᠪᠠᠢᠴᠠᠭᠠᠨ ᠦᠵᠡᠵᠦ ᠂ ᠬᠤᠪᠢ ᠬᠥᠮᠦᠨ ᠦ᠌ ᠥᠪᠡᠷ ᠢ᠋ᠶ᠋ᠡᠨ ᠰᠤᠷᠬᠤ ᠂ ᠲᠥᠪᠯᠡᠷᠡᠭᠦᠯᠦᠨ ᠰᠤᠷᠤᠯᠴᠠᠬᠤ ᠂ ᠲᠤᠰᠭᠠᠢ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠵᠡᠷᠭᠡ ᠣᠯᠠᠨ ᠵᠦᠢᠯ ᠦ᠋ᠨ ᠬᠡᠯᠪᠡᠷᠢ ᠪᠡᠷ ᠳᠠᠮᠵᠢᠭᠤᠯᠤᠨ ᠂ ᠭᠦᠨᠵᠡᠭᠡᠢ ᠰᠤᠷᠤᠯᠴᠠᠨ ᠂ ᠲᠠᠨᠢᠯᠲᠠ ᠪᠠᠨ  ᠳᠡᠭᠡᠭᠰᠢᠯᠡᠭᠦᠯᠬᠦ ᠂ ᠦᠵᠡᠯ ᠰᠠᠨᠠᠭ᠎ᠠ ᠪᠠᠨ ᠨᠢᠭᠡᠳᠭᠡᠨ᠂ ᠲᠤᠰᠭᠠᠢ ᠰᠡᠳᠦᠪᠲᠦ ᠠᠷᠠᠳᠴᠢᠯᠡᠯ ᠤᠨ ᠬᠤᠷᠠᠯ ᠤᠷᠤᠭᠰᠢᠲᠠᠢ ᠬᠤᠷᠠᠯᠳᠤᠬᠤ ᠳᠦ ᠦᠵᠡᠯ ᠰᠠᠨᠠᠭᠠᠨ ᠤ  ᠪᠠᠲᠤ ᠰᠠᠭᠤᠷᠢ ᠲᠠᠯᠪᠢᠵᠠᠢ ᠃

     ᠬᠤᠷᠠᠯ ᠳᠡᠭᠡᠷ᠎ᠡ ᠂ ᠯᠢ ᠬᠣᠩ ᠶᠠᠨ ᠤᠳᠤᠷᠢᠳᠬᠤ ᠪᠠᠭ ᠤ᠋ᠨ  ᠭᠡᠰᠢᠭᠦᠳ ᠢ ᠲᠦᠯᠦᠭᠡᠯᠡᠨ ᠪᠠᠢᠴᠠᠭᠠᠯᠲᠠ ᠪᠠ ᠬᠠᠷᠢᠴᠠᠭᠤᠯᠤᠯ ᠬᠢᠵᠦ ᠂ ᠲᠤᠰ ᠤᠳᠠᠭᠠᠨ ᠤ᠋ ᠲᠤᠰᠭᠠᠢ ᠰᠡᠳᠦᠪᠲᠦ ᠠᠷᠠᠳᠴᠢᠯᠠᠯ ᠤ᠋ᠨ ᠠᠮᠢᠳᠤᠷᠠᠯ ᠤ᠋ᠨ ᠬᠤᠷᠠᠯ ᠢ᠋ᠶ᠋ᠠᠷ ᠳᠠᠮᠵᠢᠨ ᠰᠤᠷᠤᠯᠴᠠᠵᠤ ᠂ ᠤᠯᠤᠰ ᠲᠥᠷᠥ ᠶ᠋ᠢᠨ ᠬᠡᠪ ᠴᠢᠨᠠᠷ ᠪᠠ ᠣᠨᠣᠯ ᠤ᠋ᠨ ᠬᠢᠷᠢ ᠬᠡᠮᠵᠢᠶ᠎ᠡ ᠪᠡᠨ ᠳᠡᠭᠡᠭᠰᠢᠯᠡᠭᠦᠯᠦᠨ ᠂ ᠣᠯᠠᠨ ᠲᠦᠮᠡᠨ ᠦ᠌ ᠬᠠᠢᠷ᠎ᠠ ᠰᠡᠳᠭᠢᠯᠭᠡ ᠶ᠋ᠢ ᠨᠡᠮᠡᠭᠳᠡᠭᠦᠯᠵᠦ ᠂ ᠥᠪᠡᠷ ᠢ᠋ ᠪᠡᠨ ᠳᠡᠭᠡᠭᠰᠢᠯᠡᠭᠦᠯᠬᠦ  ᠶ᠋ᠢ ᠪᠡᠶᠡᠯᠡᠭᠦᠯᠦᠨ ᠂ ᠠᠰᠠᠭᠤᠳᠠᠯ ᠢ᠋ ᠴᠡᠭᠴᠡᠯᠡᠨ ᠰᠠᠢᠵᠢᠷᠠᠭᠤᠯᠬᠤ ᠶ᠋ᠢ ᠲᠦᠯᠬᠢᠨ ᠠᠬᠢᠭᠤᠯᠤᠭᠰᠠᠨ ᠪᠣᠯᠪᠠᠴᠤ ᠪᠠᠰᠠ ᠣᠨᠣᠯ ᠤ᠋ᠨ ᠰᠤᠷᠤᠯᠴᠠᠬᠤ  ᠰᠢᠰᠲ᠋ᠧᠮᠲᠦ ᠴᠢᠨᠠᠷ ᠨᠢ ᠴᠢᠩᠭ᠎ᠠ  ᠪᠢᠰᠢ ᠂ ᠰᠠᠬᠢᠯᠭ᠎ᠠ ᠪᠠᠲᠤ ᠶ᠋ᠢ ᠬᠡᠷᠡᠭᠵᠢᠭᠦᠯᠬᠦ ᠨᠢ ᠴᠢᠩᠭ᠎ᠠ  ᠪᠢᠰᠢ ᠂ ᠬᠡᠷᠡᠭ  ᠰᠢᠢᠳᠪᠦᠷᠢᠯᠡᠬᠦ ᠴᠢᠨᠠᠷ ᠨᠢ ᠥᠨᠳᠥᠷ ᠪᠢᠰᠢ ᠵᠡᠷᠭᠡ ᠠᠰᠠᠭᠤᠳᠠᠯ  ᠣᠷᠤᠰᠢᠵᠤ ᠪᠠᠢᠨ᠎ᠠ ᠃ ᠯᠢ ᠬᠣᠩ ᠶᠠᠨ  ᠳᠤᠷᠠᠳᠤᠭᠰᠠᠨ ᠨᠢ  ᠬᠤᠢᠰᠢᠲᠠ ᠬᠠᠤᠯᠢ ᠴᠠᠭᠠᠵᠠ ᠶ᠋ᠢᠨ ᠥᠭᠡᠷᠡᠴᠢᠯᠡᠯᠲᠡ ᠪᠡᠷ ᠬᠦᠴᠦᠯᠡᠬᠦ ᠴᠡᠭ ᠪᠣᠯᠭᠠᠵᠤ ᠂ ᠨᠠᠮ ᠢ᠋ ᠪᠥᠬᠥ ᠲᠠᠯ᠎ᠠ ᠪᠠᠷ ᠴᠢᠩᠭ᠎ᠠ ᠵᠠᠰᠠᠬᠤ ᠪᠠᠷ ᠭᠠᠷᠳᠠᠴᠠ ᠪᠣᠯᠭᠠᠵᠤ ᠂ ᠣᠯᠠᠨ ᠬᠡᠯᠪᠡᠷᠢ ᠶ᠋ᠢᠨ ᠰᠤᠷᠤᠯᠴᠠᠬᠤ ᠠᠵᠢᠯᠯᠠᠭ᠎ᠠ ᠶ᠋ᠢ ᠥᠷᠨᠢᠭᠦᠯᠵᠦ ᠂ ᠰᠤᠷᠭᠠᠨ ᠬᠥᠮᠦᠵᠢᠯ ᠦ᠋ᠨ ᠦᠷ᠎ᠡ ᠪᠦᠲᠦᠮᠵᠢ ᠶ᠋ᠢ ᠪᠡᠬᠢᠵᠢᠭᠦᠯᠦᠨ᠎ᠡ ᠃

     ᠬᠤᠷᠠᠯ ᠳᠡᠭᠡᠷ᠎ᠡ ᠂ ᠯᠢ ᠬᠣᠩ ᠶᠠᠨ ᠲᠦᠷᠦᠭᠦᠯᠡᠨ ᠬᠤᠪᠢ ᠬᠥᠮᠦᠨ ᠢ᠋ ᠬᠠᠷᠢᠴᠠᠭᠤᠯᠤᠨ ᠪᠠᠢᠴᠠᠭᠠᠨ ᠵᠠᠳᠠᠯᠵᠤ ᠂  ᠣᠷᠤᠰᠢᠵᠤ ᠪᠠᠢᠭ᠎ᠠ ᠠᠰᠠᠭᠤᠳᠠᠯ ᠵᠢᠴᠢ ᠢᠯᠡᠷᠡᠯ ᠂ ᠠᠰᠠᠭᠤᠳᠠᠯ ᠤ᠋ᠨ  ᠰᠢᠯᠲᠠᠭᠠᠨ ᠨᠢ ᠵᠠᠳᠠᠯᠤᠨ ᠂  ᠬᠤᠢᠰᠢᠲᠠ  ᠴᠢᠷᠮᠠᠢᠬᠤ ᠴᠢᠭᠯᠡᠯ ᠵᠢᠴᠢ ᠰᠠᠢᠵᠢᠷᠠᠭᠤᠯᠬᠤ ᠠᠷᠭ᠎ᠠ ᠬᠡᠮᠵᠢᠶ᠎ᠡ ᠵᠡᠷᠭᠡ ᠭᠤᠷᠪᠠᠨ ᠲᠠᠯ᠎ᠠ ᠪᠠᠷ ᠶᠡᠷᠦᠩᠬᠡᠢ ᠱᠦᠵᠢ  ᠰᠢ ᠵᠢᠨ ᠫᠢᠩ ᠦ᠋ᠨ 《 ᠳᠥᠷᠪᠡᠨ ᠬᠠᠷᠢᠴᠠᠭᠤᠯᠤᠯ 》 ᠂ 《 ᠳᠥᠷᠪᠡ ᠶ᠋ᠢ ᠡᠷᠢᠬᠦ 》 ᠲᠤᠬᠠᠢ ᠱᠠᠭᠠᠷᠳᠠᠯᠭ᠎ᠠ ᠶ᠋ᠢ ᠦᠨᠳᠦᠰᠦᠯᠡᠨ ᠂   ᠰᠢᠭᠦᠮᠵᠢᠯᠡᠯ ᠬᠢᠬᠦ ᠰᠠᠨᠠᠯ ᠢ᠋ ᠰᠠᠨᠠᠭᠠᠴᠢᠯᠠᠭ᠎ᠠ ᠠ᠋ᠴᠠ ᠪᠠᠨ ᠰᠣᠨᠣᠰᠪᠠ ᠃ ᠳᠠᠷᠠᠭ᠎ᠠ ᠨᠢ ᠂ ᠪᠠᠭ ᠤ᠋ᠨ  ᠭᠡᠰᠢᠭᠦᠳ ᠨᠢᠭᠡ ᠨᠢᠭᠡ ᠪᠡᠷ ᠪᠠᠢᠴᠠᠭᠠᠨ ᠦᠵᠡᠵᠦ ᠵᠠᠳᠠᠯᠤᠨ  ᠰᠢᠨᠵᠢᠯᠡᠵᠦ ᠂ ᠪᠤᠰᠤᠳᠴᠢ ᠦᠨᠡᠨᠴᠢ ᠪᠡᠷ  ᠰᠢᠭᠦᠮᠵᠢᠯᠡᠯ ᠪᠠ ᠥᠪᠡᠷ ᠦ᠋ᠨ  ᠰᠢᠭᠦᠮᠵᠢᠯᠡᠯ ᠥᠷᠨᠢᠭᠦᠯᠪᠡ ᠃ ᠣᠯᠠᠨ ᠢ᠋ᠶ᠋ᠠᠷ ᠢ᠋ᠶ᠋ᠠᠨ ᠥᠪᠡᠷ ᠢ᠋ ᠪᠡᠨ ᠵᠥᠪ  ᠪᠠᠢᠷᠢᠨ ᠳ᠋ᠤ᠌ ᠲᠠᠯᠪᠢᠵᠤ ᠂  ᠲᠤᠰᠢᠶᠠᠯ ᠬᠠᠷᠢᠭᠤᠴᠠᠯᠭ᠎ᠠ ᠪᠠᠨ ᠵᠥᠪ  ᠪᠠᠢᠷᠢᠨ  ᠳ᠋ᠤ  ᠣᠷᠣᠭᠤᠯᠤᠨ ᠂ ᠠᠵᠢᠯ ᠢ᠋ᠶ᠋ᠠᠨ ᠪᠠᠢᠷᠢᠯᠠᠭᠤᠯᠵᠤ ᠂ ᠥᠪᠡᠷ ᠦ᠋ᠨ  ᠰᠢᠭᠦᠮᠵᠢᠯᠡᠯ ᠨᠢ ᠢᠯᠡ ᠲᠤᠳᠤ ᠂ ᠨᠢᠭᠤᠨ  ᠳᠠᠯᠳᠠᠯᠠᠭ᠎ᠠ ᠦᠭᠡᠢ ᠪᠠᠢᠵᠤ ᠂ ᠬᠠᠷᠢᠯᠴᠠᠨ  ᠰᠢᠭᠦᠮᠵᠢᠯᠡᠵᠦ  ᠦᠨᠡᠨᠴᠢ ᠪᠡᠷ ᠨᠡᠢᠲᠡᠯᠡᠵᠦ ᠂ ᠨᠢᠭᠡ ᠯᠡ ᠦᠭᠡ ᠪᠡᠷ  ᠶᠠᠭ  ᠤᠨᠤᠭᠠᠵᠤ᠂ ᠠᠰᠠᠭᠤᠳᠠᠯ ᠪᠠ  ᠰᠢᠯᠲᠠᠭᠠᠨ  ᠢ᠋  ᠲᠣᠳᠣᠷᠬᠠᠢᠯᠠᠭᠰᠠᠨ ᠮᠥᠷᠲᠡᠭᠡᠨ ᠪᠠᠰᠠ ᠪᠣᠳᠠᠲᠠᠢ ᠶ᠋ᠢ ᠡᠷᠬᠢᠮᠯᠡᠵᠦ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠶ᠋ᠢ ᠳᠤᠷᠠᠳᠤᠭᠰᠠᠨ ᠪᠠᠢᠨ᠎ᠠ ᠃

      ᠬᠣᠲᠠ ᠶ᠋ᠢᠨ ᠨᠠᠮ ᠤ᠋ᠨ ᠬᠣᠷᠢᠶᠠᠨ ᠤ᠋ ᠵᠢᠷᠭᠤᠳᠤᠭᠠᠷ ᠲᠣᠭᠣᠷᠢᠨ ᠵᠢᠭᠠᠨ ᠵᠢᠯᠣᠭᠣᠳᠬᠤ ᠳᠤᠭᠤᠢᠯᠠᠩ ᠤ᠋ᠨ ᠳᠠᠷᠤᠭ᠎ᠠ ᠯᠢᠦ ᠵᠧᠨ ᠬᠤᠸᠠ ᠵᠢᠭᠠᠵᠤ ᠭᠠᠷᠭᠠᠭᠰᠠᠨ ᠨᠢ ᠂ ᠲᠤᠰ ᠤᠳᠠᠭᠠᠨ ᠤ᠋ ᠬᠣᠲᠠ ᠶ᠋ᠢᠨ ᠳᠤᠮᠳᠠ ᠵᠡᠷᠭᠡ ᠶ᠋ᠢᠨ ᠬᠣᠷᠢᠶᠠᠨ  ᠠ᠋ᠴᠠ ᠥᠷᠨᠢᠭᠦᠯᠦᠭᠰᠡᠨ ᠲᠤᠰᠭᠠᠢ ᠰᠡᠳᠦᠪᠲᠦ ᠠᠷᠠᠳᠴᠢᠯᠠᠯ ᠤ᠋ᠨ ᠠᠮᠢᠳᠤᠷᠠᠯ ᠤ᠋ᠨ ᠬᠤᠷᠠᠯ ᠤ᠋ᠨ ᠭᠣᠣᠯ ᠰᠡᠳᠦᠪ ᠭᠣᠣᠯ ᠱᠤᠭᠤᠮ ᠨᠢ ᠳᠡᠭᠡᠳᠦ ᠬᠡᠮᠵᠢᠶ᠎ᠡ ᠪᠡᠷ ᠲᠥᠪᠯᠡᠷᠡᠵᠦ ᠂ ᠥᠷᠨᠢᠭᠦᠯᠦᠭᠰᠡᠨ  ᠰᠢᠭᠦᠮᠵᠢᠯᠡᠯ ᠨᠢ ᠨᠠᠷᠢᠨ ᠬᠢᠨᠠᠮᠠᠭᠠᠢ ᠲᠥᠪ ᠴᠢᠩᠭ᠎ᠠ ᠪᠠᠢᠵᠤ ᠂ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠨᠢ ᠬᠠᠨᠳᠤᠯᠭᠠᠲᠤ ᠴᠢᠨᠠᠷ ᠲᠠᠢ ᠪᠠᠢᠵᠤ ᠂ ᠥᠪᠡᠷ ᠦ᠋ᠨ  ᠰᠢᠭᠦᠮᠵᠢᠯᠡᠯ ᠬᠢᠵᠦ ᠰᠠᠨᠠᠯ ᠰᠣᠨᠣᠰᠬᠤ ᠨᠢ  ᠰᠢᠭᠤᠳ ᠰᠢᠯᠤᠭᠤᠨ ᠢᠯᠡᠷᠡᠨ  ᠭᠠᠷᠴᠤ᠂ ᠠᠰᠠᠭᠤᠳᠠᠯ ᠢ᠋ ᠵᠠᠳᠠᠯᠤᠨ  ᠰᠢᠨᠵᠢᠯᠡᠬᠦ ᠨᠢ ᠭᠦᠨᠵᠡᠭᠡᠢ ᠪᠣᠳᠠᠲᠠᠢ ᠂ ᠬᠠᠷᠢᠯᠴᠠᠨ ᠦᠨᠡᠯᠡᠨ ᠲᠣᠭᠲᠠᠭᠠᠬᠤ ᠨᠢ ᠦᠨᠡᠨᠴᠢ  ᠰᠢᠳᠤᠷᠭᠤ ᠂ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠨᠢ ᠪᠣᠳᠠᠲᠠᠢ᠂ ᠦᠵᠡᠯ᠎ ᠰᠠᠨᠠᠭ᠎ᠠ ᠪᠠᠨ ᠨᠢᠭᠡᠳᠭᠡᠵᠦ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠬᠠᠷᠠᠯᠲᠠ ᠪᠠ ᠨᠦᠯᠦᠭᠡᠨ ᠳᠦ ᠬᠦᠷᠴᠦ ᠴᠢᠳᠠᠵᠠᠢ ᠃ ᠡᠭᠦᠨ ᠦ᠌ ᠬᠠᠮᠲᠤ ᠂ ᠳᠠᠷᠠᠭᠠᠴᠢ ᠶ᠋ᠢᠨ ᠠᠯᠬᠤᠮ ᠤ᠋ᠨ ᠠᠵᠢᠯ ᠳ᠋ᠤ᠌ ᠭᠤᠷᠪᠠᠨ ᠱᠠᠭᠠᠷᠳᠠᠯᠭ᠎ᠠ ᠳᠤᠷᠠᠳᠴᠠᠢ ᠂ ᠨᠢᠭᠡ ᠳ᠋ᠦ᠍ ᠂ ᠣᠨᠣᠯ ᠢ᠋ᠶ᠋ᠠᠷ ᠵᠡᠪᠰᠡᠭᠯᠡᠬᠦ ᠶ᠋ᠢ  ᠰᠢᠨᠳᠠᠷᠠᠰᠢ ᠦᠭᠡᠢ ᠪᠠᠷᠢᠮᠲᠠᠯᠠᠵᠤ ᠂ ᠰᠢ ᠵᠢᠨ ᠫᠢᠩ ᠦ᠋ᠨ  ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ  ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠣᠢᠯᠠᠭᠠᠨ  ᠡᠵᠡᠮᠰᠢᠵᠦ ᠂ 《ᠳᠥᠷᠪᠡᠨ ᠤᠬᠠᠮᠰᠠᠷ》 ᠢ᠋ ᠴᠢᠩᠭᠠᠷᠠᠭᠤᠯᠤᠨ ᠂ 《ᠳᠥᠷᠪᠡᠨ ᠢᠲᠡᠭᠡᠯ》 ᠢ᠋ ᠪᠠᠲᠤᠳᠭᠠᠵᠤ ᠂ 《 ᠬᠣᠶᠠᠷ  ᠬᠠᠮᠠᠭᠠᠯᠠᠯᠲᠠ》 ᠶ᠋ᠢ ᠪᠡᠶᠡᠯᠡᠭᠦᠯᠵᠦ ᠂ 《ᠰᠤᠷᠤᠯᠴᠠᠬᠤ ᠰᠡᠳᠭᠢᠮᠵᠢ ᠶ᠋ᠢ ᠲᠤᠤᠱᠯᠠᠭᠤᠯᠵᠤ ᠂ ᠮᠡᠳᠡᠯᠭᠡ ᠢᠲᠡᠭᠡᠮᠵᠢ ᠨᠢᠭᠡᠳᠦᠯᠲᠡᠢ ᠪᠠᠢᠬᠤ》 ᠪᠣᠯᠭᠠᠨ᠎ᠠ ︔ ᠬᠣᠶᠠᠷ ᠲᠤ᠌ ᠂ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠨ ᠂ ᠠᠰᠠᠭᠤᠳᠠᠯ ᠳ᠋ᠤ᠌ ᠴᠢᠭᠯᠡᠭᠦᠯᠦᠨ ᠡᠮ ᠪᠠᠭᠤᠯᠭᠠᠵᠤ ᠂  ᠰᠢᠭᠦᠨ ᠭᠦᠢᠴᠡᠳᠭᠡᠬᠦ ᠠᠵᠢᠯ ᠢ᠋ ᠦᠨᠡᠨᠬᠦ ᠠᠬᠢᠭᠤᠯᠵᠤ ᠂ ᠦᠨᠡᠨ ᠢ᠋ ᠪᠠᠷᠢᠮᠲᠠᠯᠠᠨ ᠪᠣᠳᠠᠲᠠᠢ ᠶ᠋ᠢ ᠡᠷᠬᠢᠮᠯᠡᠬᠦ ᠂ ᠦᠨᠡᠨᠬᠦ ᠠᠳᠭᠤᠵᠤ ᠪᠣᠳᠠᠲᠠᠢ ᠠᠵᠢᠯᠯᠠᠬᠤ ᠰᠤᠷᠲᠠᠯ ᠢ᠋ ᠪᠠᠷᠢᠮᠲᠠᠯᠠᠵᠤ ᠂ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠪᠠᠢᠴᠠᠭᠠᠨ ᠰᠤᠳᠤᠯᠤᠯᠲᠠ ᠳ᠋ᠤ᠌ ᠪᠠᠷᠢᠮᠵᠢᠶ᠎ᠠ ᠲᠠᠢ ᠂ ᠭᠦᠨᠴᠡ ᠲᠡᠢ ᠂ ᠬᠦᠴᠦᠲᠡᠢ ᠪᠠᠢᠬᠤ ᠶ᠋ᠢ ᠠᠬᠢᠭᠤᠯᠤᠨ᠎ᠠ ︔ ᠭᠤᠷᠪᠠ ᠳ᠋ᠤ᠌ ᠂ ᠢᠳᠡᠪᠬᠢ  ᠰᠠᠨᠠᠭᠠᠴᠢᠯᠭ᠎ᠠ ᠲᠠᠢ ᠪᠠᠷ ᠂ ᠲᠡᠮᠡᠴᠡᠯ ᠦ᠋ᠨ ᠵᠣᠷᠢᠭ ᠰᠠᠨᠠᠭ᠎ᠠ ᠶ᠋ᠢ ᠪᠠᠲᠤᠯᠠᠵᠤ ᠂ ᠵᠣᠷᠢᠭᠲᠠᠢ ᠪᠠᠷ ᠠᠶᠤᠯ  ᠲᠦᠭᠰᠢᠭᠦᠷᠢ ᠥᠷᠢᠰᠦᠯᠳᠦᠭᠡᠨ ᠳ᠋ᠦ᠍ ᠬᠠᠨᠳᠤᠨ ᠂ ᠳᠦᠷᠢᠮ ᠦ᠋ᠨ  ᠰᠢᠨ᠎ᠡ  ᠶ᠋ᠢ ᠡᠭᠦᠳᠬᠦ ᠂ ᠳᠡᠰ ᠳᠠᠷᠠᠭᠠᠯᠠᠯ ᠢ᠋ ᠳᠠᠬᠢᠨ ᠪᠠᠢᠭᠤᠯᠬᠤ ᠶ᠋ᠢ ᠢᠳᠡᠪᠬᠢᠲᠡᠢ ᠠᠬᠢᠭᠤᠯᠵᠤ ᠂ ᠬᠣᠶᠠᠷ 《ᠨᠢᠭᠡ ᠥᠷᠲᠡᠭᠡᠨ ᠦ᠌ ᠬᠡᠯᠪᠡᠷᠢ 》 ᠶ᠋ᠢᠨ ᠪᠠᠢᠭᠤᠯᠤᠯᠲᠠ ᠶ᠋ᠢ ᠭᠦᠨᠵᠡᠭᠡᠢ ᠠᠬᠢᠭᠤᠯᠵᠤ ᠂ ᠠᠷᠠᠳ ᠣᠯᠠᠨ ᠤ᠋ ᠣᠯᠬᠤ ᠰᠡᠳᠭᠢᠯᠭᠡ ᠂ ᠵᠣᠯ ᠵᠢᠷᠭᠠᠯ ᠤ᠋ᠨ ᠲᠥᠷᠥᠭᠳᠡᠯ ᠂ ᠠᠮᠤᠷ  ᠲᠦᠪᠰᠢᠨ ᠦ᠌ ᠲᠥᠷᠥᠭᠳᠡᠯ ᠢ᠋ ᠲᠠᠰᠤᠷᠠᠯᠲᠠ ᠦᠭᠡᠢ ᠨᠡᠮᠡᠭᠳᠡᠭᠦᠯᠦᠨ᠎ᠡ ᠃

      ᠬᠠᠮᠤᠭ ᠰᠡᠭᠦᠯ ᠳ᠋ᠦ᠍ ᠨᠢ ᠂ ᠯᠢ ᠬᠣᠩ ᠶᠠᠨ ᠵᠢᠭᠠᠵᠤ ᠭᠠᠷᠭᠠᠭᠰᠠᠨ ᠨᠢ ᠂  ᠰᠢᠭᠦᠮᠵᠢᠯᠡᠯ ᠪᠠ ᠥᠪᠡᠷ ᠦ᠋ᠨ  ᠰᠢᠭᠦᠮᠵᠢᠯᠡᠯ ᠳᠤᠮᠳᠠ ᠂ ᠪᠠᠭ ᠤ᠋ᠨ ᠭᠡᠰᠢᠭᠦᠳ ᠨᠢ ᠪᠣᠳᠠᠲᠤ ᠪᠠᠢᠳᠠᠯ ᠠ᠋ᠴᠠ ᠡᠭᠦᠰᠴᠦ ᠂ ᠠᠵᠢᠯ ᠤ᠋ᠨ ᠪᠠᠢᠷᠢ   ᠲᠤᠰᠢᠶᠠᠯ ᠬᠠᠷᠢᠭᠤᠴᠠᠯᠭ᠎ᠠ ᠲᠠᠢ ᠲᠤᠬᠢᠷᠠᠯᠴᠠᠬᠤ ᠡᠳᠦᠢ ᠲᠡᠳᠦᠢ ᠵᠥᠷᠢᠶ᠎ᠡ  ᠪᠠ ᠬᠡᠷᠡᠭᠵᠢᠭᠦᠯᠵᠦ ᠪᠣᠯᠬᠤᠢᠴᠠ ᠰᠠᠢᠵᠢᠷᠠᠭᠤᠯᠬᠤ ᠠᠷᠭ᠎ᠠ ᠬᠡᠮᠵᠢᠶ᠎ᠡ ᠶ᠋ᠢ ᠳᠤᠷᠠᠳᠴᠤ ᠂ ᠤᠳᠤᠷᠢᠳᠬᠤ ᠪᠠᠭ ᠤ᠋ᠨ  ᠭᠡᠰᠢᠭᠦᠳ ᠤᠨ  ᠳᠡᠭᠡᠳᠦ ᠬᠡᠮᠵᠢᠶᠡᠨ ᠦ᠌ ᠤᠯᠤᠰ ᠲᠥᠷᠥ ᠶ᠋ᠢᠨ ᠬᠠᠷᠢᠭᠤᠴᠠᠯᠭᠠᠲᠤ ᠰᠡᠳᠭᠢᠯᠭᠡ ᠪᠠ ᠵᠣᠷᠢᠭᠲᠠᠢ ᠪᠠᠷ ᠢᠯᠡᠴᠢᠯᠡᠭᠰᠡᠨ ᠵᠣᠷᠢᠭ ᠰᠠᠨᠠᠭ᠎ᠠ ᠶ᠋ᠢ ᠢᠯᠡᠷᠡᠭᠦᠯᠵᠡᠢ ᠃ ᠬᠣᠵᠢᠮ ᠲᠤᠬᠠᠢᠯᠠᠭᠰᠠᠨ ᠠᠵᠢᠯ ᠳ᠋ᠤ᠌ ᠪᠠᠨ ᠰᠠᠭᠤᠷᠢᠯᠠᠨ ᠂ ᠣᠨᠣᠯ ᠤ᠋ᠨ ᠰᠤᠷᠤᠯᠴᠠᠯᠭ᠎ᠠ ᠨᠢ ᠪᠣᠳᠠᠲᠤ ᠠᠵᠢᠯ  ᠲᠠᠢ ᠪᠠᠨ ᠤᠶᠠᠯᠳᠤᠭᠤᠯᠵᠤ ᠂ ᠨᠠᠮᠴᠢ ᠴᠢᠨᠠᠷ ᠢ᠋ᠶ᠋ᠠᠨ ᠳᠠᠪᠲᠠᠨ ᠪᠣᠯᠪᠠᠰᠤᠷᠠᠭᠤᠯᠵᠤ ᠂ ᠣᠯᠠᠨ ᠢ᠋ᠶ᠋ᠠᠷ ᠢ᠋ᠶ᠋ᠠᠨ ᠰᠤᠷᠤᠯᠴᠠᠯᠭ᠎ᠠ ᠂ ᠠᠵᠢᠯ ᠪᠠ ᠠᠮᠢᠳᠤᠷᠠᠯ ᠤ᠋ᠨ ᠳᠤᠮᠳᠠ ᠪᠠᠢᠪᠠᠰᠤ ᠥᠭᠡᠷᠡᠴᠢᠯᠡᠵᠦ    ᠪᠠᠢᠬᠤ ᠦᠭᠡᠢ  ᠪᠤᠯ ᠬᠢᠴᠢᠶᠡᠬᠦ ᠵᠠᠷᠴᠢᠮ ᠢ᠋ ᠵᠢᠷᠤᠮᠯᠠᠨ ᠂ ᠠᠰᠠᠭᠤᠳᠠᠯ ᠳ᠋ᠤ᠌ ᠬᠢᠨᠠᠮᠠᠭᠠᠢ ᠬᠠᠨᠳᠤᠵᠤ ᠲᠠᠰᠤᠷᠠᠯᠲᠠ ᠦᠭᠡᠢ ᠬᠠᠯᠠᠨ ᠰᠠᠢᠵᠢᠷᠠᠭᠤᠯᠬᠤ ᠶ᠋ᠢ ᠬᠦᠰᠡᠵᠦ ᠪᠠᠢᠨ᠎ᠠ ᠃ ᠡᠨᠡ ᠤᠳᠠᠭᠠᠨ ᠤ᠋ ᠠᠷᠠᠳᠴᠢᠯᠠᠭᠰᠠᠨ ᠠᠮᠢᠳᠤᠷᠠᠯ ᠤ᠋ᠨ ᠬᠤᠷᠠᠯ ᠪᠣᠯ ᠨᠢᠭᠡᠨ  ᠰᠢᠨ᠎ᠡ ᠡᠬᠢᠯᠡᠯᠲᠡ ᠮᠥᠨ ᠂ ᠢᠳᠡᠪᠬᠢᠲᠡᠢ ᠠᠵᠢᠯ ᠤ᠋ᠨ ᠣᠪᠣᠷ᠂ ᠯᠠᠪᠳᠠᠭᠤᠨ ᠲᠣᠭᠲᠠᠭᠤᠨ ᠠᠵᠢᠯ ᠤ᠋ᠨ ᠣᠪᠣᠷ ᠰᠤᠷᠲᠠᠯ ᠢ᠋ᠶ᠋ᠠᠷ ᠡᠯ᠎ᠡ ᠵᠦᠢᠯ ᠦ᠋ᠨ ᠠᠵᠢᠯ ᠢ᠋ᠶ᠋ᠠᠨ ᠰᠠᠢᠲᠤᠷ ᠬᠢᠵᠦ ᠂  ᠰᠢᠭᠦᠨ ᠲᠠᠰᠤᠯᠬᠤ ᠭᠦᠢᠴᠡᠳᠭᠡᠬᠦ ᠠᠵᠢᠯ ᠤ᠋ᠨ ᠬᠢᠷᠢ ᠲᠦᠪᠰᠢᠨ  ᠢ᠋ᠶ᠋ᠡᠨ ᠪᠦᠬᠦ ᠲᠠᠯ᠎ᠠ ᠪᠠᠷ  ᠳᠡᠭᠡᠭᠰᠢᠯᠡᠭᠦᠯᠵᠦ ᠂ ᠣᠷᠳᠣᠰ ᠬᠣᠲᠠ ᠶ᠋ᠢᠨ ᠬᠠᠤᠯᠢ ᠪᠠᠷ ᠵᠠᠰᠠᠬᠤ ᠦᠢᠯᠡᠰ ᠦ᠋ᠨ ᠬᠥᠭᠵᠢᠯᠲᠡ ᠳ᠋ᠦ᠍ ᠬᠤᠪᠢ ᠨᠡᠮᠡᠷᠢ ᠦᠵᠡᠭᠦᠯᠵᠦ ᠂ ᠣᠷᠳᠣᠰ ᠬᠣᠲᠠ ᠶ᠋ᠢᠨ ᠠᠵᠤ ᠠᠬᠤᠢ ᠶ᠋ᠢᠨ ᠬᠥᠭᠵᠢᠯᠲᠡ ᠳ᠋ᠦ᠍ ᠬᠠᠮᠠᠭᠠᠯᠠᠬᠤ ᠦᠢᠯᠡᠳᠦᠯ ᠢ᠋ᠶ᠋ᠡᠨ ᠪᠠᠳᠠᠷᠠᠭᠤᠯᠬᠤ ᠬᠡᠷᠡᠭᠲᠡᠢ ᠃

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )