1 ᠰᠠᠷ᠎ᠠ ᠶ᠋ᠢᠨ 8 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠺᠠᠲᠷ ᠤ᠋ᠨ ᠶᠡᠬᠡ ᠬᠤᠷᠠᠯ ᠢ᠋ ᠬᠤᠷᠠᠯᠳᠤᠭᠤᠯᠵᠤ ᠂ ᠬᠣᠲᠠ ᠶ᠋ᠢᠨ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶᠠᠨ ᠤ᠋ ᠭᠣᠣᠯ ᠤᠳᠤᠷᠢᠳᠬᠤ ᠨᠥᠬᠥᠳ ᠢ᠋ ᠲᠣᠮᠢᠯᠠᠬᠤ ᠪᠠ ᠪᠠᠭᠤᠯᠭᠠᠬᠤ ᠲᠤᠬᠠᠢ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶᠠᠨ ᠤ᠋ ᠲᠣᠭᠲᠠᠭᠠᠯ ᠢ᠋ ᠨᠡᠢᠲᠡᠯᠡᠪᠡ ᠃ ᠥᠪᠡᠷᠲᠡᠭᠡᠨ ᠵᠠᠰᠠᠬᠤ ᠡᠣᠷᠣᠠ ᠶ᠋ᠢᠨ ᠳᠡᠭᠡᠳᠦ ᠰᠤᠷᠭᠠᠭᠤᠯᠢ ᠶ᠋ᠢᠨ ᠨᠠᠮ ᠤ᠋ᠨ ᠡᠣᠳᠣᠷᠢᠣᠠᠬᠣ ᠳᠤᠭᠤᠢᠯᠠᠩ ᠤ᠋ᠨ ᠭᠡᠰᠢᠭᠦᠨ ᠂ ᠳᠡᠳ᠋ ᠬᠣᠷᠢᠶᠠᠨ ᠳᠠᠷᠤᠭ᠎ᠠ ᠫᠦ᠋ ᠸᠧᠢ ᠭᠠᠩ ᠂ ᠥᠪᠡᠷᠲᠡᠭᠡᠨ ᠵᠠᠰᠠᠬᠤ ᠡᠣᠷᠣᠠ ᠤ᠋ ᠥᠨᠳᠦᠷ ᠵᠡᠷᠭᠡ ᠢ᠋ᠢᠨ ᠰᠢᠭᠦᠬᠦ ᠬᠣᠷᠢᠶᠠᠨ ᠤ᠋ ᠡᠠᠷᠠᠣᠠ ᠶ᠋ᠢᠨ ᠨᠢᠭᠡᠳᠦᠭᠡᠷ ᠲᠢᠩᠬᠢᠮ ᠤ᠋ᠨ ᠳᠡᠳ᠋ ᠳᠠᠷᠤᠭ᠎ᠠ ᠴᠸᠠ ᠯᠢ ᠪᠢᠨ ᠂ ᠬᠣᠲᠠ ᠶ᠋ᠢᠨ ᠨᠠᠮ ᠤ᠋ᠨ ᠬᠣᠷᠢᠢ᠎ᠠ ᠶ᠋ᠢᠨ ᠵᠣᠬᠢᠶᠠᠨ ᠪᠠᠢᠭᠤᠯᠬᠤ ᠬᠡᠯᠲᠡᠰ ᠦ᠋ᠨ ᠳᠡᠳ᠋ ᠳᠠᠷᠤᠭ᠎ᠠ ᠂ ᠬᠣᠲᠠ ᠶ᠋ᠢᠨ ᠺᠠᠲᠷ ᠤ᠋ᠨ ᠲᠣᠪᠴᠢᠢ᠎ᠠ ᠶ᠋ᠢᠨ ᠳᠠᠷᠤᠭ᠎ᠠ ᠶᠠᠩ ᠸᠧᠢ ᠳ᠋ᠦᠩ ᠂ ᠬᠣᠲᠠ ᠶ᠋ᠢᠨ ᠨᠠᠮ ᠤ᠋ᠨ ᠬᠣᠷᠢᠢ᠎ᠠ ᠶ᠋ᠢᠨ ᠵᠣᠬᠢᠶᠠᠨ ᠪᠠᠢᠭᠤᠯᠬᠤ ᠬᠡᠯᠲᠡᠰ ᠦ᠋ᠨ ᠺᠠᠲᠷ ᠤ᠋ᠨ ᠭᠤᠷᠪᠠᠳᠤᠭᠠᠷ ᠰᠠᠯᠠᠭᠠᠨ ᠤ᠋ ᠳᠡᠳ᠋ ᠳᠠᠷᠤᠭ᠎ᠠ ᠭᠦᠸᠸ ᠵᠢᠶᠦ᠋ᠨ ᠬᠤᠢ ᠬᠤᠷᠠᠯᠳᠤᠭᠠᠨ ᠳ᠋ᠤ᠌ ᠣᠷᠣᠯᠴᠠᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠳᠠᠷᠤᠭ᠎ᠠ ᠹᠠᠨ ᠶᠧᠦ ᠹᠠ ᠬᠤᠷᠠᠯ ᠡᠷᠬᠢᠯᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠵᠢᠴᠢ ᠪᠦᠬᠦ ᠺᠠᠲᠷ ᠴᠠᠭᠳᠠᠭ᠎ᠠ ᠂ ᠡᠯ᠎ᠡ ᠬᠣᠰᠢᠭᠤ ᠲᠣᠭᠣᠷᠢᠭ ᠤ᠋ᠨ ᠰᠢᠭᠦᠬᠦ ᠬᠣᠷᠢᠶᠠᠨ ᠤ᠋ ᠪᠦᠬᠦ ᠺᠠᠲᠷ ᠴᠠᠭᠳᠠᠭ᠎ᠠ ᠬᠤᠷᠠᠯ ᠳ᠋ᠤ᠌ ᠣᠷᠣᠯᠴᠠᠵᠠᠢ ᠃
ᠬᠤᠷᠠᠯ ᠳᠡᠭᠡᠷ᠎ᠡ ᠂ ᠭᠦᠸᠧ ᠵᠢᠶᠦ᠋ᠨ ᠬᠤᠢ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶᠠᠨ ᠤ᠋ ᠯᠢ ᠬᠣᠩ ᠶᠠᠨ ᠂ ᠰᠦ᠍ ᠯᠢ ᠵᠢᠶᠦ᠋ᠨ ᠨᠥᠬᠥᠷ ᠢ᠋ ᠲᠣᠮᠢᠯᠠᠵᠤ ᠪᠠᠭᠤᠯᠭᠠᠬᠤ ᠲᠤᠬᠠᠢ ᠲᠣᠭᠲᠠᠭᠠᠯ ᠢ᠋ ᠤᠩᠰᠢᠨ ᠨᠡᠢᠲᠡᠯᠡᠪᠡ ᠃ ᠰᠦ᠍ ᠯᠢ ᠵᠢᠶᠦ᠋ᠨ ᠨᠥᠬᠥᠷ ᠢ᠋ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠶ᠋ᠢᠨ ᠲᠤᠰᠢᠶᠠᠯ ᠳ᠋ᠤ᠌ ᠲᠣᠮᠢᠯᠠᠵᠤ ᠂ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠣᠷᠢᠶᠠᠨ ᠳᠠᠷᠤᠭ᠎ᠠ ᠶ᠋ᠢᠨ ᠵᠢᠰᠢᠭᠳᠡᠭᠴᠢ ᠪᠡᠷ ᠨᠡᠷ᠎ᠡ ᠳᠤᠷᠠᠳᠴᠤ ᠂ ᠯᠢ ᠬᠣᠩ ᠶᠠᠨ ᠨᠥᠬᠥᠷ ᠢ᠋ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠶ᠋ᠢᠨ ᠲᠤᠰᠢᠶᠠᠯ ᠠ᠋ᠴᠠ ᠪᠠᠭᠤᠯᠭᠠᠵᠤ ᠂ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠣᠷᠢᠶᠠᠨ ᠳᠠᠷᠤᠭ᠎ᠠ ᠶ᠋ᠢᠨ ᠲᠤᠰᠢᠶᠠᠯ ᠠ᠋ᠴᠠ ᠪᠠᠭᠤᠯᠭᠠᠭᠰᠠᠨ ᠪᠥᠭᠡᠳ ᠰᠦ᠍ ᠯᠢ ᠵᠢᠶᠦ᠋ᠨ ᠨᠥᠬᠥᠷ ᠤ᠋ᠨ ᠦᠨᠳᠦᠰᠦᠨ ᠪᠠᠢᠳᠠᠯ ᠪᠠ ᠠᠵᠢᠯ ᠤ᠋ᠨ ᠨᠠᠮᠳᠠᠷ ᠢ᠋ ᠲᠠᠨᠢᠯᠴᠠᠭᠤᠯᠪᠠ ᠃
ᠶᠠᠩ ᠸᠧᠢ ᠳ᠋ᠦᠩ ᠢᠯᠡᠷᠬᠡᠢᠯᠡᠬᠦ ᠳ᠋ᠡᠭᠡᠨ ᠂ ᠬᠣᠲᠠ ᠶ᠋ᠢᠨ ᠨᠠᠮ ᠤ᠋ᠨ ᠬᠣᠷᠢᠶᠠᠨ ᠤ᠋ ᠨᠠᠢᠳᠠᠯᠭ᠎ᠠ ᠪᠠᠷ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶ᠎ᠠ ᠶ᠋ᠢ ᠲᠥᠯᠥᠭᠡᠯᠡᠨ ᠯᠢ ᠬᠣᠩ ᠶᠠᠨ ᠤ᠋ ᠬᠣᠲᠠ ᠶ᠋ᠢᠨ ᠳᠤᠮᠳᠠ ᠰᠢᠭᠦᠬᠦ ᠬᠣᠷᠢᠶᠠᠨ ᠤ᠋ ᠠᠵᠢᠯ ᠤ᠋ᠨ ᠬᠤᠭᠤᠴᠠᠭᠠᠨ ᠳ᠋ᠤ᠌ ᠣᠯᠤᠭᠰᠠᠨ ᠬᠢᠷᠢ ᠪᠦᠲᠦᠮᠵᠢ ᠶ᠋ᠢ ᠭᠦᠢᠴᠡᠳ ᠨᠤᠲᠠᠯᠠᠵᠤ ᠂ ᠰᠦ᠍ ᠯᠢ ᠵᠢᠶᠦ᠋ᠨ ᠨᠥᠬᠥᠷ ᠦ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠢᠷᠡᠵᠦ ᠠᠵᠢᠯᠯᠠᠬᠤ ᠶ᠋ᠢ ᠬᠠᠯᠠᠭᠤᠨ ᠢ᠋ᠶ᠋ᠠᠷ ᠤᠭᠲᠤᠵᠤ ᠪᠠᠢᠬᠤ ᠪᠠᠨ ᠢᠯᠡᠳᠭᠡᠭᠰᠡᠨ ᠪᠥᠭᠡᠳ ᠬᠦᠰᠡᠯ ᠱᠠᠭᠠᠷᠳᠠᠯᠭ᠎ᠠ ᠳᠤᠷᠠᠳᠴᠠᠢ ᠃ ᠪᠦᠬᠦ ᠺᠠᠲᠷ ᠴᠠᠭᠳᠠᠭ᠎ᠠ ᠰᠢᠨ᠎ᠡ ᠪᠠᠭ ᠤ᠋ᠨ ᠳᠠᠭᠠᠭᠤᠯᠭ᠎ᠠ ᠳᠣᠣᠷ᠎ᠠ ᠰᠡᠳᠭᠢᠯ ᠨᠢᠭᠡᠳᠦᠨ ᠬᠦᠴᠦ ᠪᠡᠨ ᠬᠠᠮᠲᠤᠳᠭᠠᠵᠤ ᠂ ᠰᠢᠭᠦᠨ ᠲᠠᠰᠤᠯᠬᠤ ᠠᠵᠢᠯ ᠢ᠋ᠶ᠋ᠠᠨ ᠨᠡᠩ ᠰᠠᠢᠲᠤᠷ ᠬᠢᠬᠦ ᠶ᠋ᠢ ᠬᠦᠰᠡᠵᠦ ᠪᠠᠢᠨ᠎ᠠ ᠭᠡᠵᠡᠢ ᠃
ᠫᠦ᠋ ᠸᠧᠢ ᠭᠠᠩ ᠥᠪᠡᠷᠲᠡᠭᠡᠨ ᠵᠠᠰᠠᠬᠤ ᠣᠷᠣᠨ ᠤ᠋ ᠥᠨᠳᠦᠷ ᠵᠡᠷᠭᠡ ᠢ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠢ᠋ ᠲᠥᠯᠥᠭᠡᠯᠡᠵᠦ ᠂ ᠣᠢᠷ᠎ᠠ ᠶ᠋ᠢᠨ ᠵᠢᠯ ᠳ᠋ᠦ᠍ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠯᠢ ᠬᠣᠩ ᠶᠠᠨ ᠨᠥᠬᠥᠷ ᠦ᠋ᠨ ᠳᠠᠭᠠᠭᠤᠯᠭ᠎ᠠ ᠳᠣᠣᠷ᠎ᠠ ᠣᠯᠤᠭᠰᠠᠨ ᠠᠵᠢᠯ ᠤ᠋ᠨ ᠠᠮᠵᠢᠯᠲᠠ ᠶ᠋ᠢ ᠭᠦᠢᠴᠡᠳ ᠨᠤᠲᠠᠯᠠᠵᠤ ᠂ ᠪᠦᠬᠦ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶᠡᠬᠡ ᠲᠠᠯ᠎ᠠ ᠳ᠋ᠤ᠌ ᠦᠢᠯᠡᠴᠢᠯᠡᠵᠦ ᠂ ᠠᠷᠠᠳ ᠤ᠋ᠨ ᠲᠥᠯᠥᠭᠡ ᠬᠠᠤᠯᠢ ᠪᠠᠷᠢᠵᠤ ᠂ ᠲᠥᠪ ᠭᠣᠣᠯᠴᠢ ᠪᠠᠷ ᠬᠠᠤᠯᠢ ᠬᠡᠷᠡᠭᠵᠢᠭᠦᠯᠵᠦ ᠂ ᠭᠦᠢᠴᠡᠳᠭᠡᠬᠦ ᠳ᠋ᠦ᠍ ᠬᠦᠴᠢᠷ ᠂ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠭᠠᠢ ᠲᠡᠮᠡᠴᠡᠯ ᠢ᠋ ᠦᠨᠳᠦᠰᠦᠨ ᠳ᠋ᠡᠭᠡᠨ ᠰᠢᠢᠳᠪᠦᠷᠢᠯᠡᠵᠦ᠂ ᠳᠠᠷᠤᠭᠳᠠᠮᠠᠯ ᠬᠡᠷᠡᠭ ᠢ᠋ ᠴᠡᠪᠡᠷᠯᠡᠭᠦᠯᠵᠦ ᠂ ᠬᠠᠤᠯᠢ ᠴᠠᠭᠠᠵᠠ ᠶ᠋ᠢᠨ ᠥᠭᠡᠷᠡᠴᠢᠯᠡᠯᠲᠡ ᠵᠡᠷᠭᠡ ᠡᠯ᠎ᠡ ᠵᠦᠢᠯ ᠦ᠋ᠨ ᠠᠵᠢᠯ ᠳ᠋ᠤ᠌ ᠰᠢᠨ᠎ᠡ ᠳᠠᠪᠰᠢᠯᠲᠠ ᠲᠠᠢ ᠪᠣᠯᠵᠠᠢ ᠃
ᠯᠢ ᠬᠣᠩ ᠶᠠᠨ ᠲᠤᠰᠢᠶᠠᠯ ᠠ᠋ᠴᠠ ᠪᠠᠨ ᠰᠠᠯᠤᠭᠰᠠᠨ ᠲᠥᠷᠥᠭᠳᠡᠯ ᠢ᠋ᠶ᠋ᠡᠨ ᠶᠠᠷᠢᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠳᠥᠷᠪᠡᠨ ᠵᠢᠯ ᠢᠯᠡᠭᠦᠦ ᠶ᠋ᠢᠨ ᠠᠵᠢᠯ ᠤ᠋ᠨ ᠶᠠᠪᠤᠴᠠ ᠶ᠋ᠢ ᠭᠦᠨ ᠰᠡᠳᠭᠢᠯᠭᠡ ᠪᠡᠷ ᠬᠠᠷᠢᠭᠤᠯᠵᠤ ᠂ ᠪᠦᠬᠦ ᠺᠠᠲᠷ ᠴᠠᠭᠳᠠᠭ᠎ᠠ ᠶ᠋ᠢᠨ ᠣᠢᠯᠠᠭᠠᠯᠲᠠ ᠪᠠ ᠳᠡᠮᠵᠢᠯᠭᠡ ᠳ᠋ᠦ᠍ ᠲᠠᠯᠠᠷᠬᠠᠵᠤ ᠂ ᠤᠳᠤᠷᠢᠳᠬᠤ ᠪᠠᠭ ᠤ᠋ᠨ ᠪᠦᠷᠢᠯᠳᠦᠬᠦᠨ ᠪᠠ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠬᠣᠷᠢᠶᠠᠨ ᠳᠠᠷᠤᠭ᠎ᠠ ᠶ᠋ᠢᠨ ᠬᠦᠴᠦᠲᠡᠢ ᠬᠠᠪᠰᠤᠷᠤᠯᠭ᠎ᠠ ᠳ᠋ᠤ᠌ ᠲᠠᠯᠠᠷᠬᠠᠵᠤ ᠪᠠᠢᠬᠤ ᠪᠥᠭᠡᠳ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠰᠢᠭᠦᠨ ᠭᠦᠢᠴᠡᠳᠭᠡᠬᠦ ᠠᠵᠢᠯ ᠢ᠋ ᠰᠢᠨ᠎ᠡ ᠬᠣᠷᠢᠶᠠᠨ ᠳᠠᠷᠤᠭ᠎ᠠ ᠶ᠋ᠢᠨ ᠤᠳᠤᠷᠢᠳᠤᠯᠭ᠎ᠠ ᠳᠣᠣᠷ᠎ᠠ ᠳᠠᠬᠢᠨ ᠰᠢᠨ᠎ᠡ ᠨᠢᠭᠡᠨ ᠳᠡᠭᠲᠡᠷ ᠲᠦ᠍ ᠭᠠᠷᠬᠤ ᠶ᠋ᠢ ᠦᠨᠡᠨ ᠰᠡᠳᠭᠢᠯ ᠡᠴᠡ ᠪᠡᠨ ᠢᠷᠦᠭᠡᠪᠡ ᠃
ᠰᠦ᠍ ᠯᠢ ᠵᠢᠶᠦ᠋ᠨ ᠢᠯᠡᠷᠬᠡᠢᠯᠡᠬᠦ ᠳ᠋ᠡᠭᠡᠨ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠲᠣᠭᠲᠠᠭᠠᠯ ᠢ᠋ ᠪᠦᠷᠢᠮᠦᠰᠦᠨ ᠬᠦᠷᠢᠶᠡᠯᠡᠵᠦ ᠂ ᠡᠷᠡᠰ ᠳᠠᠭᠠᠵᠤ ᠂ ᠵᠣᠬᠢᠶᠠᠨ ᠪᠠᠢᠭᠤᠯᠤᠯᠲᠠ ᠶ᠋ᠢᠨ ᠬᠥᠮᠦᠵᠢᠭᠦᠯᠦᠯ ᠂ ᠬᠠᠯᠠᠮᠵᠢᠯᠠᠯ ᠪᠠ ᠢᠲᠡᠭᠡᠯ ᠳ᠋ᠦ᠍ ᠮᠠᠰᠢ ᠲᠠᠯᠠᠷᠬᠠᠵᠤ ᠪᠠᠢᠨ᠎ᠠ ᠂ ᠯᠢ ᠬᠣᠩ ᠶᠠᠨ ᠳᠠᠷᠤᠭ᠎ᠠ ᠲᠤᠰᠢᠶᠠᠯ ᠤ᠋ᠨ ᠬᠤᠭᠤᠴᠠᠭᠠᠨ ᠳ᠋ᠠᠭᠠᠨ ᠳᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠳ᠋ᠦ᠍ ᠲᠠᠯᠠᠷᠬᠠᠵᠤ ᠪᠠᠢᠬᠤ ᠪᠥᠭᠡᠳ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠬᠦᠷᠢᠶᠡᠯᠡᠯ ᠪᠠ ᠳᠡᠮᠵᠢᠯᠭᠡ ᠳ᠋ᠦ᠍ ᠲᠠᠯᠠᠷᠬᠠᠵᠤ ᠪᠠᠢᠨ᠎ᠠ ᠭᠡᠵᠡᠢ ᠃ ᠣᠷᠳᠣᠰ ᠬᠣᠲᠠ ᠢ᠋ᠢᠨ ᠳᠤᠮᠳᠠ ᠵᠡᠷᠭᠡ ᠢ᠋ᠢᠨ ᠰᠢᠭᠦᠬᠦ ᠬᠣᠷᠢᠶᠠᠨ ᠳ᠋ᠤ᠌ ᠢᠷᠡᠵᠦ ᠡᠠᠵᠢᠯᠯᠠᠵᠣ ᠴᠢᠳᠠᠭᠰᠠᠨ ᠨᠢ ᠲᠤᠢᠯ ᠤ᠋ᠨ ᠠᠵᠠ ᠲᠠᠢ ᠂ ᠪᠠᠰᠠ ᠲᠤᠢᠯ ᠤ᠋ᠨ ᠶᠠᠬᠡ ᠬᠠᠷᠢᠭᠤᠴᠠᠯᠭᠠᠲᠤ ᠴᠢᠨᠠᠷ ᠲᠠᠢ ᠶᠤᠮ ᠃ ᠰᠢᠨ᠎ᠡ ᠡᠭᠦᠷᠭᠡ ᠪᠠ ᠥᠷᠢᠰᠦᠯᠳᠦᠭᠡᠨ ᠦ᠌ ᠡᠮᠦᠨ᠎ᠡ ᠂ ᠵᠣᠬᠢᠶᠠᠨ ᠪᠠᠢᠭᠤᠯᠤᠯᠲᠠ ᠶ᠋ᠢᠨ ᠬᠦᠨᠳᠦ ᠨᠠᠢᠳᠠᠯᠭ᠎ᠠ ᠶ᠋ᠢ ᠪᠠᠲᠤ ᠴᠡᠭᠡᠵᠢᠯᠡᠵᠦ ᠂ ᠬᠣᠲᠠ ᠶ᠋ᠢᠨ ᠨᠠᠮ ᠤ᠋ᠨ ᠬᠣᠷᠢᠶᠠᠨ ᠤ᠋ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ ᠂ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠬᠢᠨᠠᠯᠲᠠ ᠳᠣᠣᠷ᠎ᠠ ᠂ ᠬᠣᠲᠠ ᠶ᠋ᠢᠨ ᠵᠠᠰᠠᠭ ᠤ᠋ᠨ ᠣᠷᠳᠣᠨ ᠤ᠋ ᠬᠦᠴᠦᠲᠡᠢ ᠳᠡᠮᠵᠢᠯᠭᠡ ᠂ ᠬᠣᠲᠠ ᠶ᠋ᠢᠨ ᠤᠯᠤᠰ ᠲᠥᠷᠥ ᠶ᠋ᠢᠨ ᠵᠥᠪᠯᠡᠯᠭᠡᠨ ᠦ᠌ ᠠᠷᠠᠳᠴᠢᠯᠠᠭᠰᠠᠨ ᠬᠢᠨᠠᠯᠲᠠ ᠶ᠋ᠢᠨ ᠳᠣᠣᠷ᠎ᠠ ᠂ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠳᠤᠭᠤᠢᠯᠠᠩ ᠤ᠋ᠨ ᠵᠢᠯᠣᠭᠣᠳᠤᠯᠭ᠎ᠠ ᠪᠠ ᠬᠠᠯᠠᠮᠵᠢᠯᠠᠯ ᠤ᠋ᠨ ᠳᠣᠣᠷ᠎ᠠ ᠂ ᠳᠤᠮᠳᠠ ᠵᠡᠷᠭᠡ ᠢ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠪᠠ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠺᠠᠲᠷ ᠴᠠᠭᠳᠠᠭ᠎ᠠ ᠶ᠋ᠢ ᠪᠦᠯᠬᠦᠮᠳᠡᠭᠦᠯᠦᠨ ᠳᠠᠭᠠᠭᠤᠯᠵᠤ ᠂ ᠤᠭ ᠰᠠᠨᠠᠭ᠎ᠠ ᠪᠠᠨ ᠦᠯᠦ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠴᠢᠷᠮᠠᠢᠨ ᠪᠡᠶᠡᠯᠡᠭᠦᠯᠵᠦ ᠂ ᠥᠨᠳᠥᠷ ᠬᠡᠮᠵᠢᠶᠡᠨ ᠤ᠋ ᠤᠯᠤᠰ ᠲᠥᠷᠦ ᠢ᠋ᠢᠨ ᠬᠠᠷᠢᠭᠤᠴᠠᠯᠭᠠᠲᠤ ᠣᠪᠤᠷ ᠪᠠ ᠡᠭᠦᠷᠭᠡ ᠢ᠋ᠢᠨ ᠤᠬᠠᠮᠰᠠᠷ ᠢ᠋ᠢᠠᠷ ᠦᠨᠳᠦᠰᠦᠨ ᠬᠠᠤᠯᠢ ᠬᠠᠤᠯᠢ ᠴᠠᠭᠠᠵᠠ ᠠ᠋ᠴᠠ ᠣᠯᠭᠤᠭᠰᠠᠨ ᠬᠠᠷᠢᠭᠤᠴᠠᠯᠭ᠎ᠠ ᠪᠠᠨ ᠦᠨᠡᠨᠴᠢ ᠪᠡᠷ ᠭᠦᠢᠴᠡᠳᠭᠡᠵᠦ᠂ ᠴᠠᠭ ᠡᠷᠢᠨ ᠪᠠ ᠡᠭᠦᠷᠭᠡ ᠬᠠᠷᠢᠭᠤᠴᠠᠯᠭ᠎ᠠ ᠪᠠᠨ ᠭᠤᠲᠤᠭᠠᠯ ᠦᠭᠡᠢ ᠠᠵᠢᠯ ᠤ᠋ᠨ ᠪᠦᠲᠦᠮᠵᠢ ᠭᠠᠷᠭᠠᠨ᠎ᠠ ᠃
ᠨᠢᠭᠡ᠂ ᠤᠯᠤᠰ ᠲᠥᠷᠦ ᠶ᠋ᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠦ ᠶ᠋ᠢᠨ ᠴᠢᠭᠯᠡᠯ ᠢ᠋ ᠪᠠᠲᠤ ᠰᠠᠬᠢᠬᠤ ᠬᠡᠷᠡᠭᠲᠡᠢ᠃ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶ᠋ᠢ ᠪᠠᠷᠢᠮᠲᠠᠯᠠᠵᠤ ᠂ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ᠋ ᠬᠣᠶᠠᠳᠤᠭᠠᠷ ᠪᠥᠬᠥᠳᠡ ᠬᠤᠷᠠᠯ ᠂ ᠭᠤᠷᠪᠠᠳᠤᠭᠠᠷ ᠪᠥᠬᠥᠳᠡ ᠬᠤᠷᠠᠯ ᠂ ᠳᠥᠷᠪᠡᠳᠦᠭᠡᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠨᠠᠮ ᠤ᠋ᠨ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠳ᠋ᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶ᠋ᠢ ᠪᠠᠷᠢᠮᠲᠠᠯᠠᠵᠤ ᠂ 《ᠳᠥᠷᠪᠡᠨ ᠤᠬᠠᠮᠰᠠᠷ 》 ᠢ᠋ ᠪᠠᠲᠤ ᠪᠡᠬᠢ ᠪᠣᠢ ᠪᠣᠯᠭᠠᠵᠤ ᠂ 《ᠳᠥᠷᠪᠡᠨ ᠢᠲᠡᠭᠡᠯ 》 ᠢ᠋ ᠪᠠᠲᠤᠳᠭᠠᠨ ᠂ 《ᠬᠣᠶᠠᠷ ᠢ᠋ ᠬᠠᠮᠠᠭᠠᠯᠠᠬᠤ 》 ᠶ᠋ᠢ ᠡᠷᠡᠰ ᠪᠡᠶᠡᠯᠡᠭᠦᠯᠵᠦ ᠂ ᠢᠮᠠᠭᠲᠠ ᠰᠢ ᠵᠢᠨ ᠫᠢᠩ ᠨᠥᠬᠦᠷ ᠢ᠋ᠢᠠᠷ ᠴᠥᠮ᠎ᠡ ᠪᠣᠯᠭᠠᠭᠰᠠᠨ ᠨᠠᠮ ᠤ᠋ᠨ ᠲᠥᠪ ᠬᠣᠷᠢᠶ᠎ᠠ ᠲᠡᠢ ᠠᠳᠠᠯᠢ ᠲᠦᠪᠰᠢᠨ ᠳ᠋ᠤ ᠪᠠᠢᠬᠤ ᠶ᠋ᠢ ᠪᠠᠲᠤᠯᠠᠨ᠎ᠠ ᠃ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠥᠨᠳᠦᠷ ᠵᠡᠷᠭᠡ ᠢ᠋ᠢᠨ ᠰᠢᠭᠦᠬᠦ ᠬᠣᠷᠢᠶ᠎ᠠ ᠪᠠ ᠥᠨᠳᠦᠷ ᠵᠡᠷᠭᠡ ᠢ᠋ᠢᠨ ᠰᠢᠭᠦᠬᠦ ᠬᠣᠷᠢᠶᠠᠨ ᠤ᠋ ᠤᠳᠤᠷᠢᠳᠬᠤ ᠳᠤᠭᠤᠢᠯᠠᠩ ᠤ᠋ᠨ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠡᠷᠡᠰ ᠲᠤᠤᠱᠯᠠᠭᠤᠯᠤᠨ ᠨᠠᠢᠳᠠᠪᠤᠷᠢᠵᠢᠭᠤᠯᠵᠤ ᠂ ᠠᠷᠠᠳ ᠤ᠋ᠨ ᠰᠢᠭᠦᠬᠦ ᠬᠣᠷᠢᠶᠠᠨ ᠤ᠋ ᠤᠯᠤᠰ ᠲᠥᠷᠥ ᠶ᠋ᠢᠨ ᠵᠥᠪ ᠴᠢᠭᠯᠡᠯ ᠢ᠋ ᠦᠨᠡᠨ ᠬᠦ᠌ ᠪᠠᠲᠤᠯᠠᠪᠠ ᠃
ᠬᠣᠶᠠᠷ ᠂ ᠰᠢᠭᠦᠨ ᠲᠠᠰᠤᠯᠬᠤ ᠲᠤᠬᠠᠢᠯᠠᠭᠰᠠᠨ ᠠᠵᠢᠯ ᠳ᠋ᠠᠭᠠᠨ ᠲᠥᠪᠯᠡᠷᠡᠭᠦᠯᠵᠦ ᠂ ᠡᠭᠦᠷᠭᠡ ᠬᠠᠷᠢᠭᠤᠴᠠᠯᠭ᠎ᠠ ᠪᠠᠨ ᠪᠦᠬᠦ ᠬᠦᠴᠦᠨ ᠢ᠋ᠶ᠋ᠡᠷ ᠢ᠋ᠶ᠋ᠡᠨ ᠭᠦᠢᠴᠡᠳᠭᠡᠬᠦ ᠃ ᠠᠷᠠᠳ ᠤ᠋ᠨ ᠲᠥᠯᠥᠭᠡ ᠬᠠᠤᠯᠢ ᠪᠠᠷᠢᠬᠤ ᠂ ᠲᠥᠪ ᠭᠣᠣᠯᠴᠢ ᠪᠠᠷ ᠬᠠᠤᠯᠢ ᠪᠠᠷᠢᠬᠤ ᠶ᠋ᠢ ᠪᠠᠷᠢᠮᠲᠠᠯᠠᠵᠤ ᠂ ᠬᠠᠤᠯᠢ ᠪᠠᠷᠢᠵᠤ ᠬᠡᠷᠡᠭ ᠰᠢᠢᠳᠪᠦᠷᠢᠯᠡᠬᠦ ᠶ᠋ᠢᠨ ᠲᠡᠷᠢᠭᠦᠨ ᠴᠢᠬᠤᠯᠠ ᠡᠭᠦᠷᠭᠡ ᠶ᠋ᠢ ᠴᠢᠩᠭ᠎ᠠ ᠠᠳᠭᠤᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠭᠠᠢ ᠲᠡᠮᠡᠴᠡᠯ ᠢ᠋ ᠭᠦᠨᠵᠡᠭᠡᠢ ᠠᠬᠢᠭᠤᠯᠵᠤ ᠂ ᠬᠠᠤᠯᠢ ᠴᠠᠭᠠᠵᠠ ᠶ᠋ᠢᠨ ᠪᠠᠢᠭᠤᠯᠤᠮᠵᠢ ᠶ᠋ᠢᠨ ᠶᠡᠷᠦᠩᠬᠡᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶ᠋ᠢ ᠭᠦᠨᠵᠡᠭᠡᠢᠷᠡᠭᠦᠯᠵᠦ ᠂ ᠣᠶᠤᠨᠴᠢ ᠰᠢᠭᠦᠬᠦ ᠬᠣᠷᠢᠶᠠᠨ ᠤ᠋ ᠪᠠᠢᠭᠤᠯᠤᠯᠲᠠ ᠶ᠋ᠢ ᠶᠡᠬᠡᠪᠡᠷ ᠠᠬᠢᠭᠤᠯᠵᠤ ᠂ ᠰᠢᠭᠦᠨ ᠲᠠᠰᠤᠯᠬᠤ ᠰᠢᠰᠲ᠋ᠧᠮ ᠪᠠ ᠰᠢᠭᠦᠨ ᠲᠠᠰᠤᠯᠬᠤ ᠴᠢᠳᠠᠪᠤᠷᠢ ᠶ᠋ᠢᠨ ᠣᠳᠣᠬᠢᠴᠢᠯᠠᠯᠲᠠ ᠶ᠋ᠢ ᠠᠬᠢᠭᠤᠯᠵᠤ ᠂ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠦᠷ᠎ᠡ ᠪᠦᠲᠦᠮᠵᠢ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠠᠷᠠᠳ ᠣᠯᠠᠨ ᠳ᠋ᠤ᠌ ᠬᠠᠤᠯᠢ ᠴᠠᠭᠠᠵᠠ ᠶ᠋ᠢᠨ ᠬᠡᠷᠡᠭ ᠪᠦᠬᠦᠨ ᠢ᠋ ᠬᠦᠷᠲᠡᠭᠡᠬᠦ ᠪᠡᠷ ᠴᠢᠷᠮᠠᠢᠨ᠎ᠠ ᠃ ᠭᠣᠣᠯ ᠠᠵᠢᠯ ᠲᠠᠢ ᠤᠶᠠᠯᠳᠤᠭᠤᠯᠤᠨ ᠂ ᠶᠡᠬᠡ ᠲᠠᠯ᠎ᠠ ᠳ᠋ᠤ᠌ ᠦᠢᠯᠡᠴᠢᠯᠡᠬᠦ ᠶ᠋ᠢ ᠪᠠᠷᠢᠮᠲᠠᠯᠠᠵᠤ ᠂ ᠰᠢᠭᠦᠬᠦ ᠬᠣᠷᠢᠶᠠᠨ ᠤ᠋ ᠠᠵᠢᠯ ᠢ᠋ ᠪᠥᠬᠥ ᠬᠣᠲᠠ ᠶ᠋ᠢᠨ ᠬᠥᠭᠵᠢᠯᠲᠡ ᠶ᠋ᠢᠨ ᠶᠡᠬᠡ ᠲᠠᠯ᠎ᠠ ᠳ᠋ᠤ᠌ ᠲᠠᠯᠪᠢᠵᠤ ᠲᠥᠯᠥᠪᠯᠡᠨ ᠠᠬᠢᠭᠤᠯᠵᠤ ᠂ ᠠᠷᠠᠳ ᠤ᠋ᠨ ᠰᠢᠭᠦᠬᠦ ᠬᠣᠷᠢᠶᠠᠨ ᠤ᠋ ᠤᠯᠤᠰ ᠤ᠋ᠨ ᠤᠯᠤᠰ ᠲᠥᠷᠥ ᠶ᠋ᠢᠨ ᠠᠮᠤᠷ ᠲᠦᠪᠰᠢᠨ ᠢ᠋ ᠬᠠᠮᠠᠭᠠᠯᠠᠬᠤ ᠂ ᠨᠡᠢᠭᠡᠮ ᠦ᠋ᠨ ᠶᠡᠬᠡ ᠲᠠᠯ᠎ᠠ ᠶ᠋ᠢᠨ ᠲᠣᠭᠲᠠᠭᠤᠨ ᠪᠠᠢᠳᠠᠯ ᠢ᠋ ᠪᠠᠲᠤᠯᠠᠬᠤ ᠂ ᠨᠡᠢᠭᠡᠮ ᠦ᠋ᠨ ᠲᠥᠪ ᠭᠣᠣᠯᠴᠢ ᠰᠢᠳᠤᠷᠭᠤ ᠶᠣᠰᠣ ᠶ᠋ᠢ ᠠᠬᠢᠭᠤᠯᠬᠤ ᠂ ᠠᠷᠠᠳ ᠲᠦᠮᠡᠨ ᠦ᠌ ᠠᠮᠤᠷ ᠲᠠᠢᠪᠤᠩ ᠠᠵᠤ ᠲᠥᠷᠥᠬᠦ ᠶ᠋ᠢ ᠪᠠᠲᠤᠯᠠᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ᠌ ᠰᠠᠢᠲᠤᠷ ᠭᠦᠢᠴᠡᠳᠭᠡᠵᠦ ᠂ ᠪᠥᠬᠥ ᠬᠣᠲᠠ ᠶ᠋ᠢᠨ ᠠᠵᠤ ᠠᠬᠤᠢ ᠨᠡᠢᠭᠡᠮ ᠦ᠋ᠨ ᠦᠷᠭᠦᠯᠵᠢᠯᠡᠨ ᠡᠷᠡᠭᠦᠯ ᠰᠠᠷᠠᠭᠤᠯ ᠴᠢᠨᠠᠷ ᠰᠠᠢᠲᠠᠢ ᠬᠥᠭᠵᠢᠯᠲᠡ ᠳ᠋ᠦ᠍ ᠦᠢᠯᠡᠴᠢᠯᠡᠭᠡ ᠬᠠᠩᠭᠠᠨ᠎ᠠ ᠃
ᠭᠤᠷᠪᠠ ᠂ ᠨᠠᠮ ᠤ᠋ᠨ ᠪᠠᠢᠭᠤᠯᠤᠯᠲᠠ ᠪᠠᠷ ᠬᠥᠲᠥᠯᠦᠨ ᠳᠠᠭᠠᠭᠤᠯᠬᠤ ᠶ᠋ᠢ ᠪᠠᠷᠢᠮᠲᠠᠯᠠᠵᠤ ᠂ ᠡᠩᠨᠡᠭᠡᠨ ᠦ᠌ ᠪᠠᠢᠭᠤᠯᠤᠯᠲᠠ ᠶ᠋ᠢ ᠴᠢᠩᠭᠠᠷᠠᠭᠤᠯᠤᠨ᠎ᠠ ᠃ 《 ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》 ᠭᠣᠣᠯ ᠰᠡᠳᠦᠪᠲᠦ ᠬᠥᠮᠦᠵᠢᠯ ᠢ᠋ ᠲᠠᠰᠤᠷᠠᠯᠲᠠ ᠦᠭᠡᠢ ᠭᠦᠨᠵᠡᠭᠡᠢᠷᠡᠭᠦᠯᠵᠦ ᠂ ᠥᠪᠡᠷ ᠦ᠋ᠨ ᠪᠡᠶ᠎ᠡ ᠪᠠ ᠰᠢᠭᠦᠬᠦ ᠬᠣᠷᠢᠶᠠᠨ ᠤ᠋ ᠺᠠᠲᠷ ᠴᠠᠭᠳᠠᠭ᠎ᠠ ᠨᠢᠭᠡᠪᠦᠷᠢ ᠶ᠋ᠢᠨ ᠨᠠᠰᠤᠨ ᠲᠤᠷᠰᠢᠲᠠ ᠵᠠᠪᠠᠯ ᠰᠤᠷᠬᠤ ᠬᠢᠴᠢᠶᠡᠯ ᠪᠣᠯᠭᠠᠵᠤ ᠂ ᠤᠷᠲᠤ ᠬᠤᠭᠤᠴᠠᠭᠠᠨ ᠤ᠋ ᠪᠦᠲᠦᠮᠵᠢᠲᠡᠢ ᠲᠣᠭᠲᠠᠴᠠ ᠶ᠋ᠢ ᠪᠦᠷᠢᠯᠳᠦᠭᠦᠯᠵᠦ ᠂ ᠨᠠᠮᠴᠢ ᠴᠢᠨᠠᠷ ᠢ᠋ ᠦᠷᠭᠦᠯᠵᠢᠯᠡᠨ ᠳᠠᠪᠲᠠᠨ ᠪᠣᠯᠪᠠᠰᠤᠷᠠᠭᠤᠯᠵᠤ ᠂ ᠰᠤᠷᠲᠠᠯ ᠢ᠋ᠶ᠋ᠠᠨ ᠰᠢᠯᠢᠳᠡᠭᠵᠢᠭᠦᠯᠬᠦ ᠬᠡᠷᠡᠭᠲᠡᠢ ᠃ ᠠᠷᠠᠳᠴᠢᠯᠠᠯ ᠲᠥᠪᠯᠡᠷᠡᠯ ᠦ᠋ᠨ ᠶᠣᠰᠣ ᠶ᠋ᠢ ᠬᠢᠨᠠᠮᠠᠭᠠᠢ ᠬᠡᠷᠡᠭᠵᠢᠭᠦᠯᠦᠨ ᠂ ᠠᠷᠠᠳᠴᠢᠯᠠᠯ ᠢ᠋ᠶ᠋ᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶ᠋ᠢ ᠪᠠᠷᠢᠮᠲᠠᠯᠠᠵᠤ ᠂ ᠪᠠᠭ ᠤ᠋ᠨ ᠪᠦᠷᠢᠯᠳᠦᠬᠦᠨ ᠪᠣᠯᠤᠨ ᠡᠯ᠎ᠡ ᠲᠠᠯ᠎ᠠ ᠶ᠋ᠢᠨ ᠬᠢᠨ ᠦ᠌ ᠢᠳᠡᠪᠬᠢᠵᠢᠯ ᠂ ᠰᠠᠨᠠᠭᠠᠴᠢᠯᠠᠭᠠᠲᠤ ᠴᠢᠨᠠᠷ ᠪᠣᠯᠤᠨ ᠪᠦᠲᠦᠭᠡᠯᠴᠢ ᠴᠢᠨᠠᠷ ᠢ᠋ ᠳᠠᠢᠴᠢᠯᠠᠵᠤ ᠂ ᠬᠠᠮᠲᠤ ᠶ᠋ᠢᠨ ᠣᠶᠤᠨ ᠤᠬᠠᠭᠠᠨ ᠪᠣᠯᠤᠨ ᠪᠦᠯᠬᠦᠮ ᠨᠡᠢᠲᠡ ᠶ᠋ᠢᠨ ᠳᠠᠢᠴᠢᠨ ᠬᠦᠴᠦᠨ ᠢ᠋ ᠭᠦᠢᠴᠡᠳ ᠰᠠᠢᠲᠤᠷ ᠪᠠᠳᠠᠷᠠᠭᠤᠯᠬᠤ ᠬᠡᠷᠡᠭᠲᠡᠢ ᠃ ᠠᠷᠠᠳ ᠤ᠋ᠨ ᠰᠢᠭᠦᠬᠦ ᠬᠣᠷᠢᠶᠠᠨ ᠤ᠋ ᠬᠤᠪᠢᠰᠭᠠᠯᠵᠢᠬᠤ ᠂ ᠵᠢᠩᠬᠢᠨᠢᠴᠢᠯᠡᠬᠦ ᠂ ᠲᠤᠰᠭᠠᠢᠵᠢᠬᠤ ᠂ ᠮᠡᠷᠭᠡᠵᠢᠬᠦ ᠪᠠᠢᠭᠤᠯᠤᠯᠲᠠ ᠶ᠋ᠢ ᠭᠦᠨᠵᠡᠭᠡᠢ ᠲᠦᠯᠬᠢᠨ ᠠᠬᠢᠭᠤᠯᠵᠤ ᠂ ᠨᠠᠮ ᠰᠠᠨᠠᠭ᠎ᠠ ᠠᠮᠤᠷ ᠂ ᠠᠷᠠᠳ ᠲᠦᠮᠡᠨ ᠢ᠋ ᠰᠡᠳᠭᠢᠯ ᠬᠠᠨᠤᠮᠵᠢᠲᠠᠢ ᠂ ᠦᠨᠡᠨᠴᠢ ᠢᠲᠡᠭᠡᠮᠵᠢᠲᠡᠢ ᠂ ᠲᠥᠪ ᠭᠣᠣᠯᠴᠢ ᠠᠷᠢᠭᠤᠨ ᠴᠢᠬᠡᠴᠢ ᠰᠢᠭᠦᠬᠦ ᠬᠣᠷᠢᠶᠠᠨ ᠤ᠋ ᠨᠢᠭᠡᠨ ᠰᠠᠯᠠᠭ᠎ᠠ ᠡᠩᠨᠡᠭᠡ ᠶ᠋ᠢ ᠴᠢᠷᠮᠠᠢᠨ ᠪᠣᠢ ᠪᠣᠯᠭᠠᠨ᠎ᠠ ᠃
ᠳᠥᠷᠪᠡ ᠂ ᠲᠤᠰ ᠪᠡᠶ᠎ᠡ ᠶ᠋ᠢᠨ ᠪᠠᠢᠭᠤᠯᠤᠯᠲᠠ ᠪᠠᠨ ᠴᠢᠩᠭᠠᠳᠭᠠᠵᠤ ᠂ ᠠᠷᠢᠭᠤᠨ ᠴᠢᠬᠡᠴᠢ ᠪᠡᠷ ᠵᠠᠰᠠᠭ ᠪᠠᠷᠢᠬᠤ ᠶᠠᠪᠤᠳᠠᠯ ᠢ᠋ ᠴᠢᠩᠭᠠᠯᠠᠨ᠎ᠠ ᠃ ᠲᠤᠰ ᠪᠡᠶ᠎ᠡ ᠶ᠋ᠢᠨ ᠴᠢᠬᠡᠴᠢ ᠵᠠᠰᠠᠭ ᠤ᠋ᠨ ᠪᠠᠢᠭᠤᠯᠤᠯᠲᠠ ᠪᠠᠨ ᠴᠢᠩᠭᠠᠳᠭᠠᠬᠤ ᠶ᠋ᠢ ᠨᠠᠰᠤᠨ ᠲᠤᠷᠰᠢᠲᠠ ᠵᠠᠪᠠᠯ ᠰᠤᠷᠬᠤ ᠬᠢᠴᠢᠶᠡᠯ ᠪᠣᠯᠭᠠᠵᠤ ᠂ ᠪᠡᠶ᠎ᠡ ᠪᠡᠨ ᠴᠢᠩᠭ᠎ᠠ ᠱᠠᠭᠠᠷᠳᠠᠵᠤ ᠂ ᠠᠷᠢᠭᠤᠨ ᠴᠢᠬᠡᠴᠢ ᠪᠡᠷ ᠠᠯᠪᠠᠨ ᠳ᠋ᠤ᠌ ᠵᠢᠳᠭᠦᠵᠦ ᠂ ᠪᠡᠶ᠎ᠡ ᠪᠡᠷ ᠢ᠋ᠶ᠋ᠡᠨ ᠬᠡᠪ ᠳᠦᠷᠢᠮ ᠪᠣᠯᠵᠤ ᠂ ᠡᠩ ᠲᠡᠷᠢᠭᠦᠨ ᠳ᠋ᠦ᠍ ᠬᠡᠪ ᠳᠠᠭᠤᠷᠢᠶᠠᠯ ᠪᠣᠯᠵᠤ ᠂ ᠢᠮᠠᠭᠲᠠ ᠠᠷᠢᠭᠤᠨ ᠴᠢᠬᠡᠴᠢ ᠤᠯᠤᠰ ᠲᠥᠷᠥ ᠶ᠋ᠢᠨ ᠣᠣᠷ ᠴᠢᠨᠠᠷ ᠢ᠋ᠶ᠋ᠠᠨ ᠪᠠᠲᠤᠯᠠᠬᠤ ᠬᠡᠷᠡᠭᠲᠡᠢ ᠃ ᠨᠠᠮ ᠢ᠋ ᠪᠥᠬᠥ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠵᠦ ᠂ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠪᠠᠭ ᠪᠣᠯᠤᠨ ᠪᠥᠬᠥ ᠰᠢᠰᠲ᠋ᠸᠮ ᠦ᠋ᠨ ᠨᠠᠮ ᠤ᠋ᠨ ᠰᠤᠷᠲᠠᠯ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠢᠭᠤᠯᠤᠯᠲᠠ ᠶ᠋ᠢᠨ ᠡᠯ᠎ᠡ ᠵᠦᠢᠯ ᠦ᠋ᠨ ᠠᠵᠢᠯ ᠢ᠋ ᠴᠢᠩᠭ᠎ᠠ ᠠᠳᠭᠤᠬᠤ ᠬᠡᠷᠡᠭᠲᠡᠢ ᠃ ᠨᠠᠮ ᠤ᠋ᠨ ᠡᠣᠯᠣᠰ ᠲᠥᠷᠦ ᠶ᠋ᠢᠨ ᠰᠠᠬᠢᠯᠭ᠎ᠠ ᠪᠠᠲᠤ ᠪᠠ ᠡᠣᠯᠣᠰ ᠲᠥᠷᠦ ᠶ᠋ᠢᠨ ᠶᠣᠰᠣ ᠳᠦᠷᠢᠮ ᠢ᠋ ᠴᠢᠩᠭ᠎ᠠ ᠰᠠᠬᠢᠵᠤ ᠂ ᠲᠥᠪ ᠤ᠋ᠨ ᠨᠠᠢ᠍ᠮᠠᠨ ᠵᠦᠢᠯ ᠦ᠋ᠨ ᠲᠣᠭᠲᠠᠭᠠᠯ ᠤ᠋ᠨ ᠵᠣᠷᠢᠭ ᠰᠠᠨᠠᠭ᠎ᠠ ᠶ᠋ᠢ ᠴᠢᠩᠭ᠎ᠠ ᠨᠠᠢᠳᠠᠪᠤᠷᠢᠵᠢᠭᠤᠯᠵᠤ ᠂ 《 ᠳᠤᠮᠳᠠᠳᠤ ᠡᠣᠯᠣᠰ ᠤ᠋ᠨ ᠡᠪ ᠬᠠᠮᠲᠤ ᠨᠠᠮ ᠤ᠋ᠨ ᠲᠥᠪ ᠴᠢᠬᠡᠴᠢ ᠵᠠᠰᠠᠭ ᠤ᠋ᠨ ᠳᠦᠷᠢᠮ 》 ᠢ᠋ ᠴᠢᠩᠭ᠎ᠠ ᠵᠢᠷᠤᠮᠯᠠᠵᠤ ᠂ 《 ᠳᠤᠮᠳᠠᠳᠤ ᠡᠣᠯᠣᠰ ᠤ᠋ᠨ ᠡᠪ ᠬᠠᠮᠲᠤ ᠨᠠᠮ ᠤ᠋ᠨ ᠰᠠᠬᠢᠯᠭ᠎ᠠ ᠪᠠᠲᠤ ᠶ᠋ᠢᠨ ᠰᠢᠢᠳᠬᠡᠯᠭᠡᠬᠦ ᠳᠦᠷᠢᠮ 》 ᠵᠠᠷᠬᠡ ᠨᠠᠮ ᠤ᠋ᠨ ᠳᠣᠲᠣᠭᠠᠳᠤ ᠶ᠋ᠢᠨ ᠬᠠᠤᠯᠢ ᠲᠣᠭᠲᠠᠭᠠᠯ ᠢ᠋ ᠴᠢᠩᠭ᠎ᠠ ᠵᠢᠷᠤᠮᠯᠠᠨ ᠂ ᠬᠤᠪᠢ ᠬᠥᠮᠦᠨ ᠤ᠋ ᠬᠡᠷᠡᠭ ᠶᠠᠪᠤᠳᠠᠯ ᠢ᠋ ᠦᠨᠡᠨ ᠮᠡᠳᠡᠭᠦᠯᠵᠦ ᠂ ᠰᠢᠯᠢᠳᠡᠭ ᠭᠡᠷ ᠦ᠋ᠨ ᠰᠤᠷᠲᠠᠯ ᠢ᠋ ᠪᠠᠳᠠᠷᠠᠭᠤᠯᠵᠤ ᠂ᠡᠯ᠎ᠡ ᠲᠠᠯ᠎ᠠ ᠶ᠋ᠢᠨ ᠬᠢᠨᠠᠯᠲᠠ ᠶ᠋ᠢ ᠰᠠᠨᠠᠭᠠᠴᠢᠯᠠᠭ᠎ᠠ ᠠ᠋ᠴᠠ ᠪᠠᠨ ᠬᠦᠯᠢᠶᠡᠵᠦ ᠂ ᠦᠨᠡᠨᠴᠢ ᠰᠢᠳᠤᠷᠭᠤ ᠪᠠᠷ ᠬᠥᠮᠦᠨ ᠳ᠋ᠦ᠍ ᠬᠠᠨᠳᠤᠵᠤ ᠂ ᠠᠷᠢᠭᠤᠨ ᠴᠢᠬᠡᠴᠢ ᠪᠡᠷ ᠬᠥᠮᠦᠨ ᠪᠣᠯᠵᠤ ᠂ ᠢᠲᠡᠭᠡᠯ ᠬᠦᠨᠳᠦ ᠪᠡᠷ ᠠᠵᠢᠯᠯᠠᠵᠤ ᠂ ᠲᠥᠪ ᠭᠣᠣᠯᠴᠢ ᠪᠠᠷ ᠨᠣᠶᠠᠨ ᠰᠠᠭᠤᠵᠤ ᠂ ᠪᠠᠭ ᠤ᠋ᠨ ᠪᠦᠷᠢᠯᠳᠦᠬᠦᠨ ᠪᠣᠯᠤᠨ ᠪᠥᠬᠥ ᠺᠠᠲᠷ ᠴᠠᠭᠳᠠᠭ᠎ᠠ ᠪᠠᠨ ᠪᠦᠯᠬᠦᠮᠳᠡᠭᠦᠯᠦᠨ ᠳᠠᠭᠠᠭᠤᠯᠵᠤ ᠦᠵᠡᠰᠭᠦᠯᠡᠩ ᠰᠠᠢᠬᠠᠨ ᠣᠷᠳᠣᠰ ᠲᠤ᠌ ᠪᠠᠢᠪᠠᠰᠤ ᠵᠣᠬᠢᠬᠤ ᠬᠦᠴᠦᠨ ᠴᠢᠳᠠᠯ ᠢ᠋ᠶ᠋ᠠᠨ ᠡᠷᠭᠦᠵᠦ ᠂ ᠵᠣᠬᠢᠶᠠᠨ ᠪᠠᠢᠭᠤᠯᠤᠯᠲᠠ ᠶ᠋ᠢᠨ ᠭᠦᠨ ᠵᠤᠵᠠᠭᠠᠨ ᠬᠦᠰᠡᠯ ᠡᠷᠡᠮᠡᠯᠵᠡᠯ ᠢ᠋ ᠬᠥᠰᠡᠷᠳᠡᠭᠦᠯᠬᠦ ᠦᠭᠡᠢ ᠪᠠᠢᠵᠤ ᠂ ᠥᠨᠳᠦᠷ ᠵᠡᠷᠭᠡ ᠢ᠋ᠢᠨ ᠰᠢᠭᠦᠬᠦ ᠬᠣᠷᠢᠶᠠᠨ ᠤ᠋ ᠨᠠᠮ ᠤ᠋ᠨ ᠳᠤᠭᠤᠢᠯᠠᠩ ᠤ᠋ᠨ ᠬᠦᠨᠳᠦ ᠨᠠᠢᠳᠠᠯᠭ᠎ᠠ ᠶ᠋ᠢ ᠬᠥᠰᠡᠷᠳᠡᠭᠦᠯᠦᠯ ᠦᠭᠡᠢ ᠂ ᠠᠷᠠᠳ ᠲᠦᠮᠡᠨ ᠦ᠌ ᠬᠦᠰᠡᠯ ᠡᠷᠡᠮᠡᠯᠵᠡᠯ ᠢ᠋ ᠬᠥᠰᠡᠷᠳᠡᠭᠦᠯᠬᠦ ᠦᠭᠡᠢ ᠪᠠᠢᠬᠤ ᠬᠡᠷᠡᠭᠲᠡᠢ ᠃
ᠡᠴᠦᠰ ᠲᠦ᠍ ᠂ᠹᠠᠨ ᠶᠧᠦ ᠹᠠ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠢ᠋ ᠲᠥᠯᠥᠭᠡᠯᠡᠨ ᠢᠯᠡᠷᠬᠡᠢᠯᠡᠬᠦ ᠳ᠋ᠡᠭᠡᠨ ᠄ ᠬᠣᠲᠠ ᠶ᠋ᠢᠨ ᠨᠠᠮ ᠤ᠋ᠨ ᠬᠣᠷᠢᠶᠠᠨ ᠤ᠋ ᠵᠣᠬᠢᠶᠠᠨ ᠪᠠᠢᠭᠤᠯᠬᠤ ᠬᠡᠯᠲᠡᠰ ᠪᠠ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠷᠳᠣᠰ ᠤ᠋ᠨ ᠰᠢᠭᠦᠬᠦ ᠬᠣᠷᠢᠶᠠᠨ ᠤ᠋ ᠠᠵᠢᠯ ᠢ᠋ ᠳᠡᠮᠵᠢᠵᠦ ᠬᠦᠨᠳᠦᠳᠭᠡᠵᠦ ᠪᠠᠢᠬᠤ ᠳ᠋ᠤ᠌ ᠲᠠᠯᠠᠷᠬᠠᠵᠤ ᠂ ᠯᠢ ᠬᠣᠩ ᠶᠠᠨ ᠬᠣᠷᠢᠶᠠᠨ ᠳᠠᠷᠤᠭ᠎ᠠ ᠳ᠋ᠤ᠌ ᠲᠠᠯᠠᠷᠬᠠᠵᠤ ᠂ ᠳᠥᠷᠪᠡᠨ ᠵᠢᠯ ᠦ᠋ᠨ ᠲᠤᠷᠰᠢ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠰᠢᠭᠦᠨ ᠲᠠᠰᠤᠯᠬᠤ ᠭᠦᠢᠴᠡᠳᠭᠡᠬᠦ ᠠᠵᠢᠯ ᠤ᠋ᠨ ᠠᠩᠬᠠᠷᠤᠯ ᠢ᠋ᠶ᠋ᠠᠨ ᠲᠥᠪᠯᠡᠷᠡᠭᠦᠯᠵᠦ ᠂ ᠮᠠᠰᠢ ᠣᠯᠠᠨ ᠬᠥᠮᠦᠨ ᠢ᠋ ᠣᠮᠤᠭᠰᠢᠭᠤᠯᠤᠮᠠ ᠬᠢᠷᠢ ᠪᠦᠲᠦᠮᠵᠢ ᠣᠯᠤᠭᠰᠠᠨ ᠪᠠᠢᠨ᠎ᠠ ᠃ ᠰᠦ᠍ ᠯᠢ ᠵᠢᠶᠦ᠋ᠨ ᠨᠥᠬᠥᠷ ᠦ᠋ᠨ ᠬᠦᠷᠴᠦ ᠢᠷᠡᠭᠰᠡᠨ ᠢ᠋ ᠬᠠᠯᠠᠭᠤᠨ ᠢ᠋ᠶ᠋ᠠᠷ ᠤᠭᠲᠤᠵᠤ ᠪᠠᠢᠬᠤ ᠪᠠᠨ ᠢᠯᠡᠳᠭᠡᠵᠦ ᠂ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠰᠦ᠍ ᠯᠢ ᠵᠢᠶᠦ᠋ᠨ ᠨᠥᠬᠥᠷ ᠦ᠋ᠨ ᠠᠵᠢᠯ ᠢ᠋ ᠪᠦᠬᠦ ᠬᠦᠴᠦᠨ ᠢ᠋ᠶ᠋ᠡᠷ ᠢ᠋ᠶ᠋ᠡᠨ ᠳᠠᠮᠵᠢᠨ ᠬᠠᠮᠵᠢᠯᠴᠠᠵᠤ ᠂ ᠪᠦᠯᠬᠦᠮᠳᠡᠨ ᠨᠢᠭᠡᠳᠴᠦ ᠂ ᠣᠷᠳᠣᠰ ᠤ᠋ᠨ ᠰᠢᠭᠦᠬᠦ ᠬᠣᠷᠢᠶᠠᠨ ᠤ᠋ ᠡᠯ᠎ᠡ ᠵᠦᠢᠯ ᠦ᠋ᠨ ᠠᠵᠢᠯ ᠢ᠋ ᠬᠠᠮᠲᠤᠪᠠᠷ ᠰᠢᠨ᠎ᠡ ᠳᠡᠭᠲᠡᠷ ᠲᠦ᠍ ᠭᠠᠷᠭᠠᠬᠤ ᠶ᠋ᠢ ᠬᠦᠰᠡᠵᠦ ᠪᠠᠢᠨ᠎ᠠ ᠃
ᠦᠨᠡᠯᠡᠬᠦ 0ᠦᠨᠡᠯᠡᠯᠲᠡ ᠲᠠᠢ