ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ  ᠠᠵᠢᠯ ᠤ᠋ᠨ ᠬᠠᠷᠢᠭᠤ ᠮᠡᠳᠡᠭᠦᠯᠬᠦ ᠬᠤᠷᠠᠯ ᠬᠤᠷᠠᠯᠳᠤᠭᠤᠯᠪᠠ
2020.03.10 ᠲᠣᠰ ᠥᠷᠲᠡᠭᠡᠨ ᠦ ᠨᠠᠢᠷᠠᠭᠤᠯᠤᠭᠴᠢ

      3 ᠰᠠᠷ᠎ᠠ ᠶ᠋ᠢᠨ 6 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶ᠎ᠠ ᠬᠠᠷ᠎ᠠ ᠪᠦᠯᠦᠭᠲᠡᠨ ᠢ᠋ ᠠᠷᠢᠯᠭᠠᠬᠤ ᠲᠤᠰᠭᠠᠢ ᠲᠡᠮᠡᠴᠡᠯ ᠦ᠋ᠨ ᠠᠵᠢᠯ ᠤ᠋ᠨ ᠬᠠᠷᠢᠭᠤ ᠮᠡᠳᠡᠭᠦᠯᠦᠯᠲᠡ ᠶ᠋ᠢᠨ ᠬᠤᠷᠠᠯ ᠬᠢᠵᠦ ᠂ ᠬᠣᠲᠠ ᠶ᠋ᠢᠨ  ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠡᠣᠳᠣᠷᠢᠣᠠᠬᠣ ᠳᠤᠭᠤᠢᠯᠠᠩ ᠤ᠋ᠨ ᠱᠦᠵᠢ ᠂ ᠡᠣᠷᠣᠯᠠᠬᠴᠢ ᠳᠠᠷᠤᠭ᠎ᠠ ᠰᠦ᠍ ᠯᠢ ᠵᠢᠶᠦ᠋ᠨ ᠂ ᠨᠠᠮ ᠤ᠋ᠨ ᠡᠣᠳᠣᠷᠢᠣᠠᠬᠣ ᠳᠤᠭᠤᠢᠯᠠᠩ ᠤ᠋ᠨ  ᠭᠡᠰᠢᠭᠦᠨ ᠂ ᠳᠡᠳ᠋ ᠳᠠᠷᠤᠭ᠎ᠠ ᠹᠠᠨ ᠶᠧᠦ ᠹᠠ ᠂  ᠰᠢᠭᠦᠨ ᠲᠠᠰᠤᠯᠬᠤ  ᠵᠥᠪᠯᠡᠯ  ᠤ᠋ᠨ ᠲᠤᠰᠭᠠᠢ  ᠲᠤᠰᠢᠶᠠᠯᠲᠤ  ᠭᠡᠰᠢᠭᠦᠨ ᠴᠢᠶᠠᠨ ᠣᠶᠤᠨ ᠂   ᠰᠢᠭᠦᠨ ᠲᠠᠰᠤᠯᠬᠤ  ᠵᠥᠪᠯᠡᠯ  ᠤ᠋ᠨ ᠲᠤᠰᠭᠠᠢ  ᠲᠤᠰᠢᠶᠠᠯᠲᠤ  ᠭᠡᠰᠢᠭᠦᠨ ᠵᠢᠶᠧ ᠺᠧ ᠨᠢᠩ ᠂ ᠬᠠᠷ᠎ᠠ ᠪᠦᠯᠦᠭᠲᠡᠨ ᠬᠠᠷᠭᠢᠰ ᠬᠦᠴᠦᠨ ᠢ᠋ ᠤᠰᠠᠳᠭᠠᠬᠤ ᠲᠤᠰᠭᠠᠢ ᠲᠡᠮᠡᠴᠡᠯ ᠦ᠋ᠨ ᠡᠣᠳᠣᠷᠢᠣᠠᠬᠣ ᠳᠤᠭᠤᠢᠯᠠᠩ ᠤ᠋ᠨ  ᠠᠯᠪᠠᠨ  ᠭᠡᠷ  ᠤ᠋ᠨ  ᠪᠦᠬᠦ  ᠭᠡᠰᠢᠭᠦᠳ  ᠬᠤᠷᠠᠯ ᠳ᠋ᠤ  ᠣᠷᠤᠯᠴᠠᠵᠠᠢ  ᠃

      ᠬᠤᠷᠠᠯ ᠳᠡᠭᠡᠷ᠎ᠡ ᠂ ᠡᠷᠡᠭᠦᠦ ᠶ᠋ᠢᠨ ᠬᠡᠷᠡᠭ ᠦ᠋ᠨ ᠨᠢᠭᠡᠳᠦᠭᠡᠷ ᠬᠠᠮᠲᠤᠷᠠᠨ ᠵᠥᠪᠯᠡᠬᠦ ᠲᠢᠩᠬᠢᠮ ᠦ᠋ᠨ ᠬᠠᠷᠢᠭᠤᠴᠠᠯᠭᠠᠲᠠᠨ ᠬᠦ᠌  ᠰᠢᠶᠣᠣ  ᠳ᠋ᠠ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ  ᠬᠣᠷᠢᠶᠠᠨ ᠤ᠋ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠭᠠᠢ ᠲᠡᠮᠡᠴᠡᠯ ᠦ᠋ᠨ ᠠᠵᠢᠯ ᠥᠷᠨᠢᠭᠦᠯᠦᠭᠰᠡᠨ ᠪᠠᠢᠳᠠᠯ ᠂  ᠣᠷᠤᠰᠢᠵᠤ ᠪᠠᠢᠭ᠎ᠠ ᠠᠰᠠᠭᠤᠳᠠᠯ ᠵᠢᠴᠢ ᠳᠠᠷᠠᠭ᠎ᠠ ᠠᠯᠬᠤᠮ ᠤ᠋ᠨ ᠠᠵᠢᠯ ᠤ᠋ᠨ ᠲᠥᠯᠥᠪᠯᠡᠭᠡ ᠪᠡᠨ ᠬᠠᠷᠢᠭᠤ ᠮᠡᠳᠡᠭᠦᠯᠵᠡᠢ ᠃

      ᠹᠠᠨ ᠶᠧᠦ ᠹᠠ ᠢ᠋ᠢᠨ ᠬᠢᠭᠰᠡᠨ ᠨᠥᠬᠥᠪᠥᠷᠢ ᠬᠠᠷᠢᠭᠤ ᠮᠡᠳᠡᠭᠦᠯᠦᠯᠲᠡ ᠨᠢ 2020 ᠣᠨ ᠤ᠋ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ  ᠬᠣᠷᠢᠶ᠎ᠠ ᠶ᠋ᠢᠨ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠭᠠᠢ ᠲᠡᠮᠡᠴᠡᠯ ᠦ᠋ᠨ ᠠᠵᠢᠯ ᠤ᠋ᠨ ᠭᠣᠣᠯᠳᠠᠯᠭ᠎ᠠ ᠶ᠋ᠢ ᠬᠡᠷᠡᠭ ᠦ᠋ᠨ ᠳᠠᠭᠤᠰᠭᠠᠬᠤ ᠨᠣᠷᠮ᠎ᠠ ᠶ᠋ᠢ  ᠳᠡᠭᠡᠭᠰᠢᠯᠡᠭᠦᠯᠬᠦ ᠂ ᠭᠣᠣᠯᠳᠠᠯᠭ᠎ᠠ ᠲᠠᠢ ᠬᠡᠷᠡᠭ ᠢ᠋ ᠰᠠᠢᠲᠤᠷ  ᠰᠢᠢᠳᠪᠦᠷᠢᠯᠡᠬᠦ ᠂  ᠰᠢᠬᠦᠷ  ᠪᠠᠷᠢᠨ  ᠲᠣᠣᠷ ᠢ᠋ ᠡᠪᠳᠡᠬᠦ ᠬᠡᠷᠡᠭ ᠢ᠋ ᠰᠠᠢᠲᠤᠷ  ᠰᠢᠢᠳᠪᠦᠷᠢᠯᠡᠬᠦ ᠂ ᠵᠣᠭᠣᠰ ᠮᠥᠩᠭᠥ  ᠠ᠋ᠴᠠ  ᠪᠣᠯᠤᠭᠰᠠᠨ ᠴᠢᠰᠤ ᠲᠠᠰᠤᠷᠠᠭᠰᠠᠨ ᠬᠡᠷᠡᠭ ᠢ᠋ ᠰᠠᠢᠲᠤᠷ  ᠰᠢᠢᠳᠪᠦᠷᠢᠯᠡᠬᠦ ᠲᠠᠯ᠎ᠠ ᠳ᠋ᠤ᠌ ᠨᠡᠩ ᠶᠡᠬᠡ ᠬᠦᠴᠦ ᠣᠷᠣᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃

      ᠬᠠᠷᠢᠭᠤ ᠮᠡᠳᠡᠭᠦᠯᠦᠯᠲᠡ ᠶ᠋ᠢ ᠰᠣᠨᠣᠰᠤᠭᠰᠠᠨ ᠤ᠋ ᠳᠠᠷᠠᠭ᠎ᠠ ᠂ ᠰᠦ᠍ ᠯᠢ ᠵᠢᠶᠦ᠋ᠨ ᠭᠤᠷᠪᠠᠨ ᠲᠠᠯ᠎ᠠ ᠶ᠋ᠢᠨ ᠲᠥᠷᠥᠭᠳᠡᠯ ᠢ᠋ᠶ᠋ᠡᠨ ᠶᠠᠷᠢᠪᠠ ᠄ ᠨᠢᠭᠡ ᠳ᠋ᠦ᠍ ᠣᠯᠠᠨ ᠢ᠋ᠶ᠋ᠠᠷ ᠢ᠋ᠶ᠋ᠠᠨ  ᠰᠢᠨᠳᠠᠷᠠᠰᠢ ᠦᠭᠡᠢ ᠴᠢᠷᠮᠠᠢᠯᠭ᠎ᠠ ᠪᠠ ᠵᠣᠪᠠᠭᠤᠷᠢ ᠵᠦᠳᠡᠭᠦᠷᠢ ᠶ᠋ᠢ ᠣᠯᠠᠨᠲᠠ ᠥᠩᠭᠡᠷᠡᠭᠡᠭᠡᠳ ᠂ ᠬᠠᠷ᠎ᠠ ᠨᠡᠢᠭᠡᠮ ᠦ᠋ᠨ ᠬᠠᠷᠭᠢᠰ ᠬᠦᠴᠦᠨ ᠳ᠋ᠦ᠍ ᠬᠣᠯᠪᠣᠭᠳᠠᠭᠰᠠᠨ ᠬᠡᠷᠡᠭ ᠢ᠋  ᠰᠢᠭᠦᠨ  ᠰᠢᠢᠳᠪᠦᠷᠢᠯᠡᠬᠦ ᠠᠬᠢᠴᠠ ᠡᠮᠬᠢ ᠵᠢᠷᠤᠮ ᠲᠠᠢ ᠪᠠᠢᠵᠤ ᠂ ᠱᠠᠲᠤ ᠦᠶ᠎ᠡ ᠶ᠋ᠢᠨ ᠴᠢᠨᠠᠷᠲᠠᠢ ᠬᠢᠷᠢ ᠪᠦᠲᠦᠮᠵᠢ ᠨᠢ ᠬᠥᠮᠦᠰ ᠢ᠋ ᠵᠣᠷᠢᠭᠵᠢᠭᠤᠯᠤᠨ᠎ᠠ ; ᠬᠣᠶᠠᠷ ᠲᠤ᠌ ᠶᠠᠯᠠᠲᠤ ᠠᠵᠢᠯᠯᠠᠭ᠎ᠠ ᠶ᠋ᠢ ᠬᠠᠤᠯᠢ ᠶᠣᠰᠣᠭᠠᠷ ᠴᠢᠩᠭ᠎ᠠ ᠵᠠᠯᠬᠠᠭᠠᠨ  ᠰᠢᠢᠳᠭᠡᠬᠦ ᠪᠠ ᠵᠣᠭᠣᠰ ᠮᠥᠩᠭᠥ  ᠠ᠋ᠴᠠ  ᠪᠣᠯᠵᠤ ᠴᠢᠰᠤ ᠲᠠᠰᠤᠯᠬᠤ ᠶ᠋ᠢ ᠵᠡᠷᠭᠡᠪᠡᠷ ᠠᠬᠢᠭᠤᠯᠵᠤ ᠂ ᠬᠠᠷ᠎ᠠ ᠬᠠᠷᠭᠢᠰ ᠬᠦᠴᠦᠨ ᠦ᠌ ᠶᠠᠯᠠᠲᠤ ᠠᠵᠢᠯᠯᠠᠭ᠎ᠠ ᠶ᠋ᠢᠨ ᠠᠵᠤ ᠠᠬᠤᠢ ᠶ᠋ᠢᠨ ᠰᠠᠭᠤᠷᠢ ᠶ᠋ᠢ ᠠᠷᠢᠯᠭᠠᠪᠠ ; ᠭᠤᠷᠪᠠ ᠳ᠋ᠤ᠌ ᠂ ᠰᠦᠪᠡᠭᠴᠢ ᠡᠷᠢᠬᠦ ᠪᠠ ᠰᠠᠮᠠᠭᠤᠨ ᠪᠠᠢᠳᠠᠯ ᠢ᠋ ᠴᠡᠭᠴᠡᠯᠡᠨ ᠵᠠᠰᠠᠬᠤ ᠠᠵᠢᠯ ᠳᠣᠪᠣᠢᠮ᠎ᠠ ᠠᠮᠵᠢᠯᠲᠠ ᠣᠯᠵᠤ ᠂ ᠨᠡᠢᠭᠡᠮ ᠦ᠋ᠨ ᠶᠡᠷᠦᠩᠬᠡᠢᠯᠡᠭᠰᠡᠨ ᠵᠠᠰᠠᠯᠲᠠ ᠳ᠋ᠤ᠌ ᠰᠢᠭᠦᠬᠦ  ᠬᠣᠷᠢᠶᠠᠨ ᠤ᠋ ᠣᠷᠣᠯᠴᠠᠬᠤ ᠪᠦᠲᠦᠮᠵᠢᠲᠡᠢ ᠦᠢᠯᠡᠳᠦᠯ ᠢ᠋ ᠪᠠᠳᠠᠷᠠᠭᠤᠯᠪᠠ ︔ ᠳᠥᠷᠪᠡ ᠳ᠋ᠦ᠍ ᠲᠣᠭᠲᠠᠴᠠ ᠶ᠋ᠢᠨ ᠪᠠᠢᠭᠤᠯᠤᠯᠲᠠ ᠯᠠᠪᠳᠠᠭᠤᠨ ᠢ᠋ᠶ᠋ᠠᠷ ᠠᠬᠢᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠨ ᠪᠠᠢᠩᠭᠤ ᠶ᠋ᠢᠨ ᠵᠠᠰᠠᠬᠤ ᠳ᠋ᠤ᠌ ᠰᠠᠭᠤᠷᠢ ᠲᠠᠯᠪᠢᠪᠠ ᠃

      ᠬᠠᠮᠤᠭ ᠰᠡᠭᠦᠯ ᠳ᠋ᠦ᠍ ᠨᠢ ᠰᠦ᠍ ᠯᠢ ᠵᠢᠶᠦ᠋ᠨ ᠳᠣᠯᠣᠭᠠᠨ ᠵᠦᠢᠯ ᠦ᠋ᠨ ᠰᠠᠨᠠᠯ ᠳᠤᠷᠠᠳᠪᠠ ᠄ ᠨᠢᠭᠡ ᠳ᠋ᠦ᠍ ᠤᠯᠤᠰ ᠲᠥᠷᠥ ᠶ᠋ᠢᠨ ᠵᠣᠭᠰᠣᠴᠠ ᠪᠠᠨ  ᠳᠡᠭᠡᠭᠰᠢᠯᠡᠭᠦᠯᠦᠨ᠎ᠡ ᠃ ᠡᠨᠡ ᠵᠢᠯ ᠪᠣᠯ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠭᠠᠢ ᠲᠡᠮᠡᠴᠡᠯ ᠦ᠋ᠨ ᠵᠠᠩᠭᠢᠯᠠᠭ᠎ᠠ  ᠢ᠋ᠢᠨ ᠵᠢᠯ ᠮᠥᠨ᠂  ᠰᠢᠢᠳᠪᠦᠷᠢᠲᠦ ᠢᠯᠠᠯᠲᠠ ᠣᠯᠬᠤ ᠵᠢᠯ ᠮᠥᠨ ᠂ ᠣᠯᠠᠨ ᠢ᠋ᠶ᠋ᠠᠷ ᠢ᠋ᠶ᠋ᠠᠨ ᠶᠡᠷᠦᠩᠬᠡᠢ ᠱᠦᠵᠢ  ᠰᠢ ᠵᠢᠨ ᠫᠢᠩ ᠦ᠋ᠨ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠭᠠᠢ ᠲᠡᠮᠡᠴᠡᠯ ᠦ᠋ᠨ ᠲᠤᠬᠠᠢ ᠴᠢᠬᠤᠯᠠ ᠵᠢᠭᠠᠪᠤᠷᠢ ᠪᠠ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠣᠢᠯᠠᠭᠠᠵᠤ ᠂ 3 ᠰᠠᠷ᠎ᠠ ᠶ᠋ᠢᠨ 3 ᠤ᠋ ᠡᠳᠦᠷ ᠪᠦᠬᠦ ᠣᠷᠣᠨ ᠤ᠋ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠠᠷ᠎ᠠ ᠪᠦᠯᠦᠭᠲᠡᠨ ᠢ᠋ ᠠᠷᠢᠯᠭᠠᠬᠤ ᠲᠤᠰᠭᠠᠢ ᠲᠡᠮᠡᠴᠡᠯ ᠦ᠋ᠨ ᠠᠵᠢᠯ ᠤ᠋ᠨ ᠬᠠᠷᠠᠭᠠᠨ ᠳᠠᠪᠲᠠᠮᠵᠢ ᠶ᠋ᠢᠨ ᠲᠣᠬᠢᠷᠠᠭᠤᠯᠭ᠎ᠠ ᠶ᠋ᠢᠨ ᠬᠤᠷᠠᠯ ᠤ᠋ᠨ ᠵᠣᠷᠢᠭ ᠰᠠᠨᠠᠭ᠎ᠠ ᠶ᠋ᠢ ᠬᠢᠨᠠᠮᠠᠭᠠᠢ ᠲᠤᠤᠱᠯᠠᠭᠤᠯᠵᠤ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠣᠷᠢᠶ᠎ᠠ ᠪᠣᠯᠤᠨ  ᠥᠪᠡᠷᠲᠡᠭᠡᠨ ᠵᠠᠰᠠᠬᠤ ᠬᠣᠷᠢᠶ᠎ᠠ  ᠲᠡᠢ  ᠦᠨᠡᠨ ᠬᠦ᠌ ᠨᠢᠭᠡᠳᠭᠡᠬᠦ ᠬᠡᠷᠡᠭᠲᠡᠢ ᠃ ᠬᠣᠶᠠᠷ ᠲᠤ᠌ ᠬᠡᠷᠡᠭ ᠦ᠋ᠨ ᠴᠢᠨᠠᠷ ᠴᠢᠨᠰᠠᠭ᠎ᠠ ᠶ᠋ᠢ ᠴᠢᠩᠭ᠎ᠠ ᠠᠳᠭᠤᠨ᠎ᠠ ᠃ ᠣᠯᠠᠨ ᠢ᠋ᠶ᠋ᠠᠷ ᠢ᠋ᠶ᠋ᠠᠨ 《 ᠳᠠᠷᠤᠭᠳᠠᠮᠠᠯ ᠬᠡᠷᠡᠭ ᠢ᠋ ᠴᠡᠪᠡᠷᠯᠡᠬᠦ》 ᠬᠠᠷᠠᠯᠲᠠ ᠶ᠋ᠢ ᠴᠢᠩᠭ᠎ᠠ ᠠᠩᠬᠠᠷᠴᠤ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ  ᠬᠣᠷᠢᠶᠠᠨ ᠤ᠋ ᠱᠠᠭᠠᠷᠳᠠᠯᠭ᠎ᠠ ᠶ᠋ᠢ ᠴᠢᠩᠭ᠎ᠠ ᠵᠢᠷᠤᠮᠯᠠᠨ 《 ᠭᠠᠷᠠᠭ   ᠲᠤ ᠲᠣᠭᠠᠯᠠᠨ ᠪᠦᠷᠢᠳᠭᠡᠬᠦ᠂ ᠰᠠᠷ᠎ᠠ ᠳ᠋ᠤ  ᠲᠣᠬᠢᠷᠠᠭᠤᠯᠭ᠎ᠠ 》 ᠶ᠋ᠢ ᠶᠠᠪᠤᠭᠤᠯᠵᠤ ᠂ ᠲᠥᠪᠯᠡᠷᠡᠭᠦᠯᠦᠨ ᠮᠡᠳᠡᠭᠳᠡᠬᠦ ᠪᠣᠯᠤᠨ ᠬᠥᠳᠡᠯᠦᠩᠭᠦᠢ ᠪᠠᠢᠳᠠᠯ ᠢ᠋ ᠬᠠᠷᠢᠯᠴᠠᠨ ᠤᠶᠠᠯᠳᠤᠭᠤᠯᠬᠤ ᠲᠣᠭᠲᠠᠴᠠ ᠶ᠋ᠢ ᠲᠡᠭᠦᠯᠳᠡᠷᠵᠢᠭᠦᠯᠵᠦ ᠂ ᠳᠣᠣᠷ᠎ᠠ ᠱᠠᠲᠤᠨ ᠤ᠋ ᠵᠢᠯᠣᠭᠣᠳᠤᠯᠭ᠎ᠠ ᠪᠠᠨ ᠦᠷᠭᠦᠯᠵᠢᠯᠡᠨ ᠴᠢᠩᠭᠠᠳᠭᠠᠵᠤ ᠂ ᠬᠠᠤᠯᠢ ᠬᠡᠷᠡᠭᠵᠢᠭᠦᠯᠵᠦ ᠬᠡᠷᠡᠭ  ᠰᠢᠢᠳᠪᠦᠷᠢᠯᠡᠬᠦ ᠨᠢᠭᠡᠳᠦᠭᠡᠷ ᠴᠢᠬᠤᠯᠠ ᠡᠭᠦᠷᠭᠡ ᠶ᠋ᠢ ᠪᠠᠷᠢᠮᠲᠠᠯᠠᠵᠤ ᠂ ᠭᠣᠣᠯ ᠬᠠᠷᠢᠭᠤᠴᠠᠯᠭ᠎ᠠ ᠶ᠋ᠢ ᠪᠣᠳᠠᠲᠠᠢ ᠬᠢᠵᠦ ᠂ ᠬᠠᠤᠯᠢ ᠶ᠋ᠢᠨ  ᠲᠤᠰᠢᠶᠠᠯᠲᠠᠨ  ᠤ᠋ ᠬᠠᠷ ᠎ᠠ ᠲᠠᠢ ᠬᠣᠯᠪᠣᠭᠳᠠᠭᠰᠠᠨ ᠬᠡᠷᠡᠭ ᠢ᠋  ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ  ᠳᠡᠭᠡᠭᠰᠢᠯᠡᠭᠦᠯᠬᠦ ᠬᠡᠷᠡᠭᠲᠡᠢ᠃ ᠭᠤᠷᠪᠠ ᠳ᠋ᠤ᠌ ᠲᠣᠭᠲᠠᠴᠠ ᠶ᠋ᠢᠨ ᠪᠠᠢᠭᠤᠯᠤᠯᠲᠠ ᠶ᠋ᠢ ᠦᠷᠭᠦᠯᠵᠢᠯᠡᠨ ᠴᠢᠩᠭᠠᠳᠭᠠᠬᠤ ᠬᠡᠷᠡᠭᠲᠡᠢ ᠃ ᠬᠠᠤᠯᠢ ᠶᠣᠰᠣᠭᠠᠷ ᠴᠢᠩᠭ᠎ᠠ ᠵᠠᠯᠬᠠᠭᠠᠬᠤ ᠂ ᠬᠥᠷᠥᠰᠥ  ᠰᠢᠷᠥᠢ ᠠᠷᠢᠯᠭᠠᠬᠤ ᠵᠡᠷᠭᠡ ᠲᠠᠯ᠎ᠠ ᠪᠠᠷ ᠪᠦᠬᠦ ᠲᠠᠯ᠎ᠠ ᠪᠠᠷ ᠡᠮᠬᠢᠯᠡᠨ ᠲᠢᠭᠯᠡᠵᠦ ᠂ ᠲᠤᠰᠭᠠᠢ ᠵᠦᠢᠯ ᠦ᠋ᠨ ᠲᠡᠮᠡᠴᠡᠯ ᠦ᠋ᠨ ᠳᠤᠮᠳᠠ ᠪᠣᠯᠪᠠᠰᠤᠷᠠᠩᠭᠤᠢ ᠪᠣᠯᠤᠭᠰᠠᠨ  ᠲᠤᠷᠰᠢᠯᠭ᠎ᠠ ᠪᠠ ᠬᠢᠳᠡᠯ ᠢ᠋ ᠪᠣᠯᠪᠠᠰᠤᠷᠠᠭᠤᠯᠵᠤ ᠂ ᠤᠷᠲᠤ ᠬᠤᠭᠤᠴᠠᠭᠠᠨ ᠤ᠋ ᠪᠦᠲᠦᠮᠵᠢᠲᠡᠢ ᠲᠣᠭᠲᠠᠴᠠ ᠶ᠋ᠢ ᠬᠦᠴᠦᠯᠡᠨ ᠲᠡᠭᠦᠯᠳᠡᠷᠵᠢᠭᠦᠯᠵᠦ ᠂ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠭᠠᠢ ᠵᠦᠢᠯ ᠦ᠋ᠨ ᠲᠡᠮᠡᠴᠡᠯ ᠦ᠋ᠨ ᠬᠡᠪ ᠪᠠᠢᠳᠠᠯᠵᠢᠭᠤᠯᠬᠤ ᠂ ᠳᠦᠷᠢᠮᠵᠢᠭᠦᠯᠦᠯᠲᠡ ᠶ᠋ᠢ ᠠᠬᠢᠭᠤᠯᠵᠤ ᠂ 《 ᠤᠷᠲᠤ ᠬᠤᠭᠤᠴᠠᠭᠠᠨ ᠤ᠋ ᠪᠦᠲᠦᠮᠵᠢᠲᠡᠢ ᠪᠠᠢᠩᠭᠤ ᠶ᠋ᠢᠨ ᠵᠠᠰᠠᠬᠤ 》 ᠲᠠᠯ᠎ᠠ ᠪᠠᠷ ᠨᠡᠩ ᠶᠡᠬᠡ ᠦᠷ᠎ᠡ ᠪᠦᠲᠦᠮᠵᠢ ᠣᠯᠵᠤ ᠂ ᠪᠦᠬᠦ ᠬᠣᠲᠠ ᠶ᠋ᠢᠨ ᠬᠠᠷ᠎ᠠ ᠪᠦᠯᠦᠭᠲᠡᠨ ᠢ᠋ ᠠᠷᠢᠯᠭᠠᠬᠤ ᠤᠷᠲᠤ ᠬᠤᠭᠤᠴᠠᠭᠠᠨ ᠤ᠋ ᠦᠷ᠎ᠡ ᠪᠦᠲᠦᠮᠵᠢᠲᠡᠢ ᠲᠣᠭᠲᠠᠴᠠ ᠶ᠋ᠢᠨ ᠪᠠᠢᠭᠤᠯᠤᠯᠲᠠ ᠳ᠋ᠤ᠌ ᠣᠶᠤᠨ ᠤᠬᠠᠭᠠᠨ ᠪᠠ ᠮᠠᠨ ᠤ᠋ ᠰᠢᠭᠦᠬᠦ ᠬᠣᠷᠢᠶᠠᠨ ᠤ᠋ ᠪᠠᠢᠭᠤᠯᠤᠯᠲᠠ ᠳ᠋ᠤ᠌ ᠬᠤᠪᠢ ᠨᠡᠮᠡᠷᠢ ᠦᠵᠡᠭᠦᠯᠬᠦ ᠪᠡᠷ ᠴᠢᠷᠮᠠᠢᠨ᠎ᠠ ᠃ ᠳᠥᠷᠪᠡ ᠳ᠋ᠦ᠍ ᠬᠠᠮᠵᠢᠯᠴᠠᠨ ᠵᠣᠬᠢᠴᠠᠭᠤᠯᠬᠤ ᠪᠠᠨ ᠴᠢᠩᠭᠠᠳᠭᠠᠵᠤ ᠂ ᠬᠦᠨᠳᠦ ᠣᠨᠴᠠ ᠶᠡᠬᠡ ᠬᠡᠷᠡᠭ ᠢ᠋  ᠰᠢᠭᠦᠨ  ᠰᠢᠢᠳᠪᠦᠷᠢᠯᠡᠬᠦ  ᠵᠢᠯᠣᠭᠣᠳᠤᠯᠭ᠎ᠠ ᠪᠠᠨ ᠰᠠᠢᠲᠤᠷ ᠬᠢᠬᠦ ᠬᠡᠷᠡᠭᠲᠡᠢ ᠃ ᠨᠢᠭᠡ ᠲᠠᠯ᠎ᠠ ᠪᠠᠷ ᠮᠠᠨ ᠤ᠋ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠪᠠᠢᠴᠠᠭᠠᠬᠤ ᠰᠢᠭᠦᠬᠦ ᠬᠣᠷᠢᠶ᠎ᠠ ᠬᠠᠮᠲᠤᠷᠠᠨ ᠨᠡᠢᠲᠡᠯᠡᠭᠰᠡᠨ 《 ᠬᠠᠷ᠎ᠠ ᠪᠦᠯᠦᠭᠲᠡᠨ ᠳ᠋ᠦ᠍ ᠬᠣᠯᠪᠣᠭᠳᠠᠭᠰᠠᠨ ᠬᠡᠷᠡᠭ ᠢ᠋  ᠰᠢᠢᠳᠪᠦᠷᠢᠯᠡᠬᠦ ᠳᠤᠮᠳᠠ ᠵᠣᠬᠢᠴᠠᠭᠤᠯᠭ᠎ᠠ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠭᠠᠬᠤ ᠲᠤᠬᠠᠢ ᠰᠠᠨᠠᠯ》 ᠢ᠋ ᠴᠢᠩᠭ᠎ᠠ ᠨᠠᠢᠳᠠᠪᠤᠷᠢᠵᠢᠭᠤᠯᠵᠤ ᠂ ᠠᠵᠢᠯ ᠤ᠋ᠨ ᠲᠣᠭᠲᠠᠴᠠ ᠳ᠋ᠤ᠌ ᠤᠷᠢᠳᠴᠢᠯᠠᠨ ᠣᠷᠣᠯᠴᠠᠬᠤ ᠦᠢᠯᠡᠳᠦᠯ ᠢ᠋ᠶ᠋ᠡᠨ ᠦᠨᠡᠨᠬᠦ ᠪᠠᠳᠠᠷᠠᠭᠤᠯᠵᠤ ᠂ ᠳᠣᠲᠣᠭᠠᠳᠤ ᠶ᠋ᠢ ᠬᠠᠮᠠᠭᠠᠯᠠᠬᠤ ᠂ ᠪᠠᠢᠴᠠᠭᠠᠬᠤ ᠪᠠᠢᠭᠤᠯᠭ᠎ᠠ ᠲᠠᠢ ᠨᠡᠪᠲᠡᠷᠡᠯᠴᠡᠭᠡ ᠪᠡᠨ ᠴᠢᠩᠭᠠᠳᠭᠠᠵᠤ ᠂ ᠬᠡᠷᠡᠭ ᠦ᠋ᠨ  ᠰᠢᠭᠦᠨ  ᠰᠢᠢᠳᠪᠦᠷᠢᠯᠡᠬᠦ ᠱᠠᠲᠤᠨ ᠳ᠋ᠤ᠌ ᠨᠥᠬᠥᠵᠦ ᠲᠠᠩᠨᠠᠨ ᠪᠠᠢᠴᠠᠭᠠᠬᠤ ᠶ᠋ᠢ ᠪᠠᠭᠠᠰᠬᠠᠬᠤ ᠬᠡᠷᠡᠭᠲᠡᠢ ︔ ᠨᠥᠭᠦᠭᠡ ᠲᠠᠯ᠎ᠠ ᠪᠠᠷ ᠲᠤᠰ ᠲᠥᠷᠥᠯ ᠦ᠋ᠨ ᠬᠡᠷᠡᠭ ᠢ᠋  ᠰᠢᠭᠦᠨ  ᠰᠢᠢᠳᠪᠦᠷᠢᠯᠡᠬᠦ ᠵᠡᠷᠭᠡ ᠡᠯ᠎ᠡ ᠲᠠᠯ᠎ᠠ ᠶ᠋ᠢᠨ ᠨᠠᠷᠢᠨ ᠤᠴᠢᠷ ᠶᠠᠪᠤᠳᠠᠯ ᠢ᠋ ᠵᠢᠯᠣᠭᠣᠳᠬᠤ ᠪᠠᠨ ᠴᠢᠩᠭᠠᠳᠭᠠᠵᠤ ᠂ ᠬᠡᠷᠡᠭ ᠢ᠋  ᠰᠢᠭᠦᠨ  ᠰᠢᠢᠳᠪᠦᠷᠢᠯᠡᠬᠦ ᠶᠠᠪᠤᠴᠠ ᠳ᠋ᠠᠬᠢ ᠬᠠᠤᠯᠢ ᠴᠠᠭᠠᠵᠠ ᠶ᠋ᠢ ᠬᠡᠷᠡᠭᠯᠡᠬᠦ ᠂ ᠭᠡᠷᠡᠴᠢ ᠪᠠᠷᠢᠮᠲᠠ ᠶ᠋ᠢ ᠮᠠᠭᠠᠳᠯᠠᠨ ᠲᠣᠭᠲᠠᠭᠠᠬᠤ ᠳ᠋ᠤ᠌ ᠬᠡᠷᠡᠭᠯᠡᠬᠦ ᠵᠡᠷᠭᠡ ᠡᠯ᠎ᠡ ᠲᠠᠯ᠎ᠠ ᠪᠠᠷ ᠂ ᠪᠦᠬᠦ ᠶᠠᠪᠤᠴᠠ ᠳ᠋ᠤ᠌ ᠴᠢᠬᠤᠯᠠᠴᠢᠯᠠᠨ ᠵᠢᠯᠣᠭᠣᠳᠴᠤ ᠂ ᠲᠤᠰ ᠬᠡᠷᠡᠭ ᠢ᠋  ᠰᠢᠭᠦᠵᠦ   ᠰᠢᠢᠳᠪᠦᠷᠢᠯᠡᠬᠦ ᠠᠵᠢᠯ ᠢ᠋ ᠬᠠᠤᠯᠢ ᠴᠠᠭᠠᠵᠠ ᠪᠠ ᠲᠡᠦᠬᠡ ᠶ᠋ᠢᠨ  ᠰᠢᠯᠭᠠᠯᠲᠠ  ᠶ᠋ᠢ ᠳᠠᠭᠠᠭᠠᠵᠤ ᠴᠢᠳᠠᠬᠤ 《 ᠲᠡᠮᠦᠷ ᠲᠥᠰᠦᠯ 》 ᠪᠣᠯᠭᠠᠬᠤ ᠶ᠋ᠢ ᠦᠨᠡᠨ ᠬᠦ᠌ ᠪᠠᠲᠤᠯᠠᠬᠤ ᠬᠡᠷᠡᠭᠲᠡᠢ ︔ ᠲᠠᠪᠤ ᠳ᠋ᠤ᠌ ᠂ 《 ᠡᠳ᠋ ᠬᠥᠷᠥᠩᠭᠡ ᠲᠠᠰᠤᠯᠵᠤ ᠴᠢᠰᠤ ᠵᠣᠭᠰᠣᠭᠠᠬᠤ 》 ᠂ 《 ᠰᠢᠬᠦᠷ ᠪᠠᠷᠢᠨ ᠲᠣᠣᠷ ᠢ᠋ ᠡᠪᠳᠡᠬᠦ 》 ᠳᠡᠭᠡᠷ᠎ᠡ ᠬᠦᠴᠦ ᠲᠠᠯᠪᠢᠬᠤ ᠬᠡᠷᠡᠭᠲᠡᠢ ᠃ ᠬᠠᠷ᠎ᠠ ᠪᠦᠯᠦᠭᠲᠡᠨ ᠬᠠᠷᠭᠢᠰ ᠬᠦᠴᠦᠨ ᠢ᠋ ᠤᠰᠠᠳᠭᠠᠬᠤ ᠲᠤᠰᠭᠠᠢ ᠲᠡᠮᠡᠴᠡᠯ ᠦ᠋ᠨ 《 ᠡᠳ᠋  ᠬᠥᠷᠦᠩᠭᠡ ᠳ᠋ᠦ᠍ ᠴᠣᠬᠢᠯᠲᠠ ᠥᠭᠴᠦ ᠴᠢᠰᠤ ᠲᠠᠰᠤᠷᠠᠬᠤ》 ᠪᠠ ᠭᠦᠢᠴᠡᠳᠭᠡᠬᠦ ᠠᠵᠢᠯ ᠢ᠋ ᠣᠷᠭᠠᠨᠢᠭ ᠢ᠋ᠶ᠋ᠠᠷ ᠵᠣᠯᠭᠠᠭᠤᠯᠬᠤ ᠶ᠋ᠢ ᠢᠳᠡᠪᠬᠢᠲᠡᠢ ᠰᠦᠪᠡᠭᠴᠢᠯᠡᠵᠦ ᠂ ᠬᠠᠷ᠎ᠠ ᠬᠠᠷᠭᠢᠰ ᠬᠦᠴᠦᠨ ᠦ᠌ ᠶᠠᠯᠠᠲᠤ ᠬᠡᠷᠡᠭ ᠦ᠋ᠨ ᠡᠳ᠋ ᠬᠥᠷᠥᠩᠭᠡ ᠳ᠋ᠦ᠍ ᠬᠣᠯᠪᠣᠭᠳᠠᠭᠰᠠᠨ ᠬᠡᠰᠡᠭ ᠦ᠋ᠨ ᠭᠦᠢᠴᠡᠳᠭᠡᠬᠦ ᠲᠤᠰᠭᠠᠢ ᠠᠵᠢᠯᠯᠠᠭ᠎ᠠ ᠶ᠋ᠢ ᠢᠳᠡᠪᠬᠢᠲᠡᠢ ᠵᠣᠬᠢᠶᠠᠨ ᠪᠠᠢᠭᠤᠯᠤᠨ ᠥᠷᠨᠢᠭᠦᠯᠬᠦ ᠬᠡᠷᠡᠭᠲᠡᠢ ᠃ 《 ᠬᠣᠶᠠᠷ ᠪᠥᠬᠥᠨ 》 ᠂ 《 ᠨᠢᠭᠡ ᠬᠡᠷᠡᠭ ᠭᠤᠷᠪᠠᠨ ᠪᠠᠢᠴᠠᠭᠠᠯᠲᠠ 》  ᠢ᠋ ᠦᠷᠭᠦᠯᠵᠢᠯᠡᠨ ᠪᠠᠷᠢᠮᠲᠠᠯᠠᠬᠤ ᠬᠡᠷᠡᠭᠲᠡᠢ ᠃ ᠰᠦᠪᠡᠭᠴᠢ ᠶ᠋ᠢ ᠬᠠᠷᠭᠤᠭᠤᠯᠤᠨ ᠪᠠᠶ᠋ᠢᠴᠠᠭᠠᠬᠤ ᠪᠠ ᠬᠦᠨᠳᠦ ᠶᠡᠬᠡ ᠬᠡᠷᠡᠭ ᠲᠦ᠍ ᠬᠣᠯᠪᠣᠭᠳᠠᠭᠰᠠᠨ ᠰᠢᠬᠦᠷ ᠦ᠋ᠨ ᠪᠠᠢᠳᠠᠯ ᠢ᠋ ᠡᠷᠭᠢᠵᠦ ᠦᠵᠡᠬᠦ ᠠᠵᠢᠯᠯᠠᠭ᠎ᠠ ᠶ᠋ᠢ ᠥᠷᠨᠢᠭᠦᠯᠬᠦ ᠬᠡᠷᠡᠭᠲᠡᠢ ᠂ ᠪᠢᠳᠡ ᠰᠠᠨᠠᠭᠠᠴᠢᠯᠠᠭᠠᠲᠤ ᠴᠢᠨᠠᠷ ᠢ᠋ᠶ᠋ᠠᠨ ᠪᠠᠳᠠᠷᠠᠭᠤᠯᠵᠤ ᠂ ᠨᠢᠭᠡᠨᠲᠡ ᠲᠠᠩᠨᠠᠨ ᠢᠯᠡᠷᠡᠭᠦᠯᠦᠭᠰᠡᠨ ᠬᠡᠷᠡᠭ ᠲᠦ᠍ 《 ᠡᠷᠭᠢᠵᠦ ᠬᠠᠷᠠᠬᠤ 》 ᠠᠵᠢᠯ ᠢ᠋ ᠤᠷᠢᠳᠴᠢᠯᠠᠨ ᠥᠷᠨᠢᠭᠦᠯᠵᠦ ᠂ ᠨᠢᠭᠡᠨᠲᠡ  ᠰᠢᠭᠦᠨ ᠳᠠᠭᠤᠰᠭᠠᠭᠰᠠᠨ ᠬᠠᠷ᠎ᠠ ᠪᠦᠯᠦᠭᠲᠡᠨ ᠳ᠋ᠦ᠍ ᠬᠣᠯᠪᠣᠭᠳᠠᠭᠰᠠᠨ ᠬᠠᠷᠭᠢᠰ ᠬᠡᠷᠡᠭ ᠲᠦ᠍ 《 ᠰᠢᠬᠦᠷ 》  ᠶ᠋ᠢ ᠭᠠᠷᠭᠠᠭᠰᠠᠨ ᠦᠭᠡᠢ ᠪᠤᠶᠤ 《  ᠰᠢᠬᠦᠷ》 ᠢ᠋ ᠲᠤᠢᠯᠪᠤᠷᠢᠲᠠᠢ ᠬᠢᠭᠰᠡᠨ ᠦᠭᠡᠢ ᠪᠠᠢᠪᠠᠯ ᠂ ᠳᠠᠬᠢᠨ ᠬᠠᠷᠭᠤᠭᠤᠯᠤᠨ ᠪᠠᠢᠴᠠᠭᠠᠵᠤ ᠂ ᠱᠤᠭᠤᠮ ᠢ᠋ ᠨᠢ ᠥᠷᠭᠡᠳᠭᠡᠨ ᠭᠦᠨ ᠮᠠᠯᠲᠠᠬᠤ ᠬᠡᠷᠡᠭᠲᠡᠢ ; ᠵᠢᠷᠭᠤᠭ᠎ᠠ ᠳ᠋ᠤ᠌ ᠶᠠᠷᠢᠶ᠎ᠠ ᠬᠡᠯᠡᠯᠴᠡᠭᠡ ᠪᠡᠷ ᠬᠥᠲᠥᠯᠦᠨ ᠵᠢᠯᠣᠭᠣᠳᠬᠤ ᠶ᠋ᠢ ᠴᠢᠬᠤᠯᠠᠴᠢᠯᠠᠬᠤ ᠬᠡᠷᠡᠭᠲᠡᠢ ᠃ ᠶᠠᠷᠢᠶ᠎ᠠ  ᠬᠡᠯᠡᠯᠴᠡᠭᠡᠨ ᠢ᠋ᠶ᠋ᠡᠷ ᠬᠥᠲᠥᠯᠦᠨ ᠵᠢᠯᠣᠭᠣᠳᠬᠤ ᠴᠢᠬᠤᠯᠠ ᠦᠢᠯᠡᠳᠦᠯ ᠢ᠋ ᠭᠦᠨᠵᠡᠭᠡᠢ ᠲᠠᠨᠢᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠳ᠋ᠦ᠍ ᠬᠣᠯᠪᠣᠭᠳᠠᠭᠰᠠᠨ ᠬᠡᠷᠡᠭ ᠦ᠋ᠨ ᠤᠬᠠᠭᠤᠯᠭ᠎ᠠ ᠶ᠋ᠢᠨ ᠠᠵᠢᠯ ᠤ᠋ᠨ 《 ᠴᠠᠭ 》 《 ᠬᠡᠮᠵᠢᠶ᠎ᠡ 》《 ᠪᠦᠲᠦᠮᠵᠢ 》 ᠶ᠋ᠢ ᠰᠠᠢᠲᠤᠷ  ᠡᠵᠡᠮᠰᠢᠬᠦ ᠬᠡᠷᠡᠭᠲᠡᠢ ᠃  ᠨᠡᠩ  ᠢᠯᠠᠩᠭᠤᠶ᠎ᠠ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠬᠦᠴᠦᠲᠡᠢ ᠠᠷᠭ᠎ᠠ ᠬᠡᠮᠵᠢᠶ᠎ᠡ ᠂ ᠠᠵᠢᠯ ᠤ᠋ᠨ ᠭᠢᠯᠠᠰ ᠴᠡᠭ ᠪᠠ ᠮᠡᠳᠡᠭᠳᠡᠬᠦᠢᠴᠡ ᠦᠷ᠎ᠡ ᠪᠦᠲᠦᠮᠵᠢ ᠣᠯᠬᠤ ᠳ᠋ᠤ᠌ ᠂ 《 ᠬᠡᠷᠡᠭ ᠢ᠋ᠶ᠋ᠡᠷ ᠬᠠᠤᠯᠢ ᠶ᠋ᠢ ᠲᠠᠢᠯᠪᠤᠷᠢᠯᠠᠬᠤ 》 《 ᠬᠡᠷᠡᠭ ᠢ᠋ᠶ᠋ᠡᠷ ᠥᠭᠡᠷᠡᠴᠢᠯᠡᠯᠲᠡ ᠶ᠋ᠢ ᠠᠬᠢᠭᠤᠯᠬᠤ 》 ᠵᠡᠷᠭᠡ ᠣᠯᠠᠨ ᠬᠡᠯᠪᠡᠷᠢ ᠮᠠᠶᠢᠭ ᠂ ᠣᠯᠠᠨ ᠠᠷᠭ᠎ᠠ ᠵᠠᠮ ᠢ᠋ᠶ᠋ᠠᠷ ᠮᠡᠳᠡᠭᠡᠯᠡᠯ ᠠᠪᠴᠤ ᠂ ᠵᠥᠪ ᠲᠠᠯ᠎ᠠ ᠶ᠋ᠢᠨ ᠤᠬᠠᠭᠤᠯᠭ᠎ᠠ ᠶ᠋ᠢᠨ ᠪᠠᠢᠳᠠᠯ ᠢ᠋ ᠲᠠᠰᠤᠷᠠᠯᠲᠠ ᠦᠭᠡᠢ ᠪᠤᠵᠠᠭᠠᠢᠷᠠᠭᠤᠯᠵᠤ ᠂ ᠶᠠᠷᠢᠶ᠎ᠠ ᠬᠡᠯᠡᠯᠴᠡᠭᠡᠨ ᠦ᠌ ᠰᠠᠢᠨ ᠰᠠᠢᠬᠠᠨ ᠠᠭᠤᠷ ᠠᠮᠢᠰᠭᠤᠯ ᠢ᠋ ᠪᠣᠢ ᠪᠣᠯᠭᠠᠵᠤ ᠂ ᠠᠷᠠᠳ ᠣᠯᠠᠨ ᠤ᠋ ᠬᠠᠷ᠎ᠠ ᠬᠠᠷᠭᠢᠰ ᠬᠦᠴᠦᠨ ᠲᠡᠢ ᠲᠡᠮᠡᠴᠡᠬᠦ ᠢᠲᠡᠭᠡᠯ ᠵᠣᠷᠢᠭ ᠢ᠋ ᠨᠡᠮᠡᠭᠳᠡᠭᠦᠯᠵᠦ ᠴᠢᠳᠠᠨ᠎ᠠ ︔ ᠳᠣᠯᠣᠭ᠎ᠠ ᠳ᠋ᠤ᠌ ᠲᠤᠰ ᠪᠡᠶ᠎ᠡ ᠶ᠋ᠢᠨ ᠪᠠᠢᠭᠤᠯᠤᠯᠲᠠ ᠪᠠᠨ ᠴᠢᠩᠭ᠋ᠠᠳᠬᠠᠬᠤ ᠬᠡᠷᠡᠭᠲᠡᠢ᠃ ᠮᠠᠨ ᠤ᠋ ᠺᠠᠲᠷ ᠴᠠᠭᠳᠠᠭ᠎ᠠ ᠵᠣᠭᠰᠣᠯᠲᠠ ᠪᠠᠨ ᠪᠠᠲᠤᠳᠭᠠᠵᠤ ᠂ ᠠᠷᠢᠭᠤᠨ ᠴᠢᠬᠡᠴᠢ ᠪᠠᠢᠬᠤ ᠶ᠋ᠢ ᠪᠠᠲᠤᠯᠠᠵᠤ ᠂ ᠬᠠᠷ᠎ᠠ ᠬᠠᠷᠭᠢᠰ ᠬᠦᠴᠦᠨ ᠢ᠋ 《 ᠰᠢᠬᠦᠷ 》  ᠶ᠋ᠢ ᠡᠷᠡᠰ ᠬᠢᠵᠦ ᠪᠣᠯᠬᠤ ᠦᠭᠡᠢ ᠂ ᠬᠠᠷ᠎ᠠ ᠪᠦᠯᠦᠭᠲᠡᠨ ᠬᠠᠷᠭᠢᠰ ᠬᠦᠴᠦᠨ ᠳ᠋ᠦ᠍ ᠬᠣᠯᠪᠣᠭᠳᠠᠬᠤ ᠬᠥᠮᠦᠨ ᠳ᠋ᠦ᠍ ᠴᠢᠮᠡᠭᠡ ᠬᠦᠷᠭᠡᠬᠦ ᠦᠭᠡᠢ ᠪᠠᠢᠬᠤ ᠬᠡᠷᠡᠭᠲᠡᠢ ᠃ ᠠᠵᠢᠯ ᠢ᠋ᠶ᠋ᠠᠨ  ᠡᠷᠬᠡᠪᠰᠢ ᠪᠣᠯᠭᠣᠮᠵᠢᠲᠠᠢ ᠬᠡᠷᠡᠭᠯᠡᠵᠦ᠂ ᠭᠣᠣᠯᠴᠢ ᠪᠠᠷ ᠵᠢᠷᠤᠮᠯᠠᠵᠤ᠂ ᠠᠷᠢᠭᠤᠨ ᠴᠢᠬᠡᠴᠢ ᠪᠡᠷ ᠠᠵᠢᠯ ᠬᠢᠵᠦ᠂ 《 ᠳ᠋ᠧᠩ ᠦ᠋ᠨ ᠳᠣᠣᠷ᠎ᠠ ᠬᠠᠷ ᠎ᠠ 》 ᠶ᠋ᠢ ᠡᠷᠡᠰ ᠰᠡᠷᠭᠡᠢᠯᠡᠬᠦ ᠬᠡᠷᠡᠭᠲᠡᠢ᠃ ᠬᠡᠷᠡᠭ ᠳᠠᠬᠢ  ᠺᠠᠲᠷ ᠴᠠᠭᠳᠠᠭ᠎ᠠ ᠶ᠋ᠢᠨ ᠵᠣᠬᠢᠰ ᠦᠭᠡᠢ ᠦᠢᠯᠡ ᠠᠵᠢᠯᠯᠠᠭ᠎ᠠ ᠶ᠋ᠢ ᠰᠢᠭᠦᠬᠦ ᠬᠣᠷᠢᠶ᠎ᠠ ᠠ᠋ᠴᠠ ᠨᠢᠭᠡ ᠶ᠋ᠢ ᠣᠯᠵᠤ ᠮᠡᠳᠡᠪᠡᠯ ᠨᠢᠭᠡ ᠶ᠋ᠢ ᠪᠠᠢᠴᠠᠭᠠᠨ  ᠰᠢᠢᠳᠪᠦᠷᠢᠯᠡᠵᠦ ᠂ ᠥᠴᠦᠬᠡᠨ ᠴᠦ᠍ ᠢᠯᠳᠠᠷ ᠬᠠᠶᠠᠵᠤ ᠪᠣᠯᠬᠤ ᠦᠭᠡᠢ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠨᠢ ᠭᠦᠢᠴᠡᠳ ᠦᠭᠡᠢ ᠪᠠᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )