2020 ᠣᠨ ᠤ᠋ 3 ᠰᠠᠷ᠎ᠠ ᠶ᠋ᠢᠨ 3 ᠤ᠋ ᠡᠳᠦᠷ ᠡᠴᠡ 4 ᠦ᠌ ᠡᠳᠦᠷ ᠪᠣᠯᠲᠠᠯ᠎ᠠ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠨᠠᠷ ᠲᠣᠰᠪᠣᠷᠢ ᠬᠠᠩᠭᠢᠨ ᠬᠣᠰᠢᠭᠤᠨ ᠤ᠋ ᠰᠢᠭᠦᠬᠦ ᠬᠣᠷᠢᠶ᠎ᠠ ᠂ ᠣᠲᠣᠭ ᠬᠣᠰᠢᠭᠤᠨ ᠤ᠋ ᠰᠢᠭᠦᠬᠦ ᠬᠣᠷᠢᠶ᠎ᠠ ᠂ ᠣᠲᠣᠭ ᠤ᠋ᠨ ᠡᠮᠦᠨᠡᠲᠦ ᠬᠣᠰᠢᠭᠤᠨ ᠤ᠋ ᠰᠢᠭᠦᠬᠦ ᠬᠣᠷᠢᠶ᠎ᠠ ᠂ ᠦᠦᠰᠢᠨ ᠬᠣᠰᠢᠭᠤᠨ ᠤ᠋ ᠰᠢᠭᠦᠬᠦ ᠬᠣᠷᠢᠶ᠎ᠠ ᠳ᠋ᠤ᠌ ᠬᠦᠷᠴᠦ ᠪᠠᠢᠴᠠᠭᠠᠨ ᠰᠤᠳᠤᠯᠤᠯᠲᠠ ᠬᠢᠬᠦ ᠪᠠ ᠵᠢᠭᠠᠨ ᠵᠢᠯᠣᠭᠣᠳᠬᠤ ᠠᠵᠢᠯ ᠬᠤᠷᠠᠯᠳᠤᠭᠤᠯᠬᠤ ᠶ᠋ᠢᠨ ᠬᠠᠮᠲᠤ ᠂ ᠰᠠᠭᠤᠳᠠᠯ ᠤ᠋ᠨ ᠬᠤᠷᠠᠯ ᠬᠤᠷᠠᠯᠳᠤᠭᠤᠯᠵᠤ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠵᠢᠴᠢ ᠰᠢᠭᠦᠬᠦ ᠬᠣᠷᠢᠶ᠎ᠠ ᠶ᠋ᠢᠨ ᠪᠦᠬᠦᠢᠯᠡ ᠠᠵᠢᠯ ᠤ᠋ᠨ ᠬᠠᠷᠢᠭᠤ ᠮᠡᠳᠡᠭᠦᠯᠦᠯᠲᠡ ᠶ᠋ᠢ ᠰᠣᠨᠣᠰᠴᠠᠢ ᠃
ᠬᠠᠩᠭᠢᠨ ᠬᠣᠰᠢᠭᠤᠨ ᠤ᠋ ᠰᠢᠭᠦᠬᠦ ᠬᠣᠷᠢᠶ᠎ᠠ
ᠰᠦ᠍ ᠯᠢ ᠵᠢᠶᠦ᠋ᠨ ᠨᠠᠷ ᠲᠠᠷᠢᠶᠠᠨ ᠭᠤᠤᠯ ᠤ᠋ᠨ ᠠᠷᠠᠳ ᠤ᠋ᠨ ᠰᠢᠭᠦᠬᠦ ᠲᠢᠩᠬᠢᠮ ᠂ ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠬᠠᠤᠯᠢ ᠶ᠋ᠢᠨ ᠴᠠᠭᠳᠠᠭ᠎ᠠ ᠶ᠋ᠢᠨ ᠲᠣᠨᠣᠭ ᠲᠥᠬᠥᠭᠡᠷᠦᠮᠵᠢ ᠶ᠋ᠢᠨ ᠲᠠᠰᠤᠭ ᠂ 7 ᠬᠥᠮᠦᠨ ᠦ᠌ ᠰᠢᠭᠦᠨ ᠲᠠᠰᠤᠯᠬᠤ ᠰᠢᠭᠦᠬᠦ ᠲᠢᠩᠬᠢᠮ ᠂ ᠬᠣᠣᠰ ᠬᠡᠯᠡᠨ ᠦ᠌ ᠡᠶᠡᠳᠡᠭᠦᠯᠬᠦ ᠲᠠᠰᠤᠭ ᠂ ᠮᠣᠩᠭᠣᠯ ᠬᠡᠯᠡᠨ ᠦ᠌ ᠰᠢᠭᠦᠨ ᠲᠠᠰᠤᠯᠬᠤ ᠲᠢᠩᠬᠢᠮ ᠂ ᠮᠣᠩᠭᠣᠯ ᠬᠡᠯᠡᠨ ᠦ᠌ ᠵᠠᠷᠭᠤ ᠶ᠋ᠢᠨ ᠬᠠᠮᠲᠤᠷᠠᠨ ᠵᠥᠪᠯᠡᠬᠦ ᠲᠢᠩᠬᠢᠮ ᠵᠡᠷᠭᠡ ᠠᠯᠪᠠᠨ ᠭᠡᠷ ᠦ᠋ᠨ ᠲᠠᠯᠠᠪᠤᠷ ᠢ᠋ ᠪᠠᠢᠴᠠᠭᠠᠨ ᠦᠵᠡᠵᠦ ᠂ ᠮᠣᠩᠭᠣᠯ ᠶᠤᠸᠠᠨ ᠤ᠋ ᠰᠣᠶᠣᠯ ᠤ᠋ᠨ ᠨᠢᠭᠡ ᠥᠨᠴᠥᠭ ᠂ ᠦᠨᠳᠦᠰᠦᠨ ᠱᠠᠲᠤᠨ ᠤ᠋ ᠰᠢᠭᠦᠬᠦ ᠲᠢᠩᠬᠢᠮ ᠦ᠋ᠨ ᠬᠣᠩᠭᠢᠯ ᠤ᠋ᠨ ᠰᠣᠶᠣᠯ ᠂ ᠵᠠᠯᠠᠭᠤᠴᠤᠳ ᠤ᠋ᠨ ᠭᠡᠷ ᠂ ᠨᠣᠮ ᠤ᠋ᠨ ᠥᠷᠥᠭᠡ ᠂ ᠺᠠᠲᠷ ᠴᠠᠭᠳᠠᠭ᠎ᠠ ᠶ᠋ᠢᠨ ᠠᠮᠠᠷᠠᠬᠤ ᠲᠠᠰᠤᠭ ᠵᠡᠷᠭᠡ ᠰᠣᠶᠣᠯ ᠤ᠋ᠨ ᠪᠠᠢᠭᠤᠯᠤᠯᠲᠠ ᠶ᠋ᠢ ᠲᠣᠭᠣᠷᠢᠨ ᠦᠵᠡᠪᠡ ᠃
ᠣᠲᠣᠭ ᠬᠣᠰᠢᠭᠤᠨ ᠤ᠋ ᠰᠢᠭᠦᠬᠦ ᠬᠣᠷᠢᠶ᠎ᠠ
ᠰᠦ᠍ ᠯᠢ ᠵᠢᠶᠦ᠋ᠨ ᠨᠠᠷ ᠵᠠᠷᠭᠤ ᠶ᠋ᠢᠨ ᠦᠢᠯᠡᠴᠢᠯᠡᠭᠡᠨ ᠦ᠌ ᠲᠥᠪ᠂ ᠭᠦᠢᠴᠡᠳᠭᠡᠬᠦ ᠵᠢᠯᠣᠭᠣᠳᠬᠤ ᠲᠥᠪ ᠂ ᠭᠡᠷ ᠦ᠋ᠨ ᠬᠡᠷᠡᠭ ᠰᠢᠭᠦᠨ ᠲᠠᠰᠤᠯᠬᠤ ᠲᠣᠭᠣᠷᠢᠭ ᠂《 ᠵᠢᠩᠯᠡᠭᠦᠷ᠂ ᠬᠠᠤᠯᠢ ᠶ᠋ᠢᠨ ᠰᠦᠨᠡᠰᠦ 》 ᠭᠡᠬᠦ ᠰᠣᠶᠣᠯ ᠤ᠋ᠨ ᠦᠵᠡᠰᠭᠦᠯᠡᠩ ᠤ᠋ᠨ ᠲᠢᠩᠬᠢᠮ ᠵᠡᠷᠭᠡ ᠶ᠋ᠢ ᠪᠠᠢᠴᠠᠭᠠᠨ ᠦᠵᠡᠭᠰᠡᠨ ᠦ᠌ ᠬᠠᠮᠲᠤ ᠰᠠᠭᠤᠷᠢ ᠪᠡᠯᠡᠳᠭᠡᠮᠵᠢ ᠶ᠋ᠢᠨ ᠪᠦᠲᠦᠭᠡᠨ ᠪᠠᠢᠭᠤᠯᠤᠯᠲᠠ ᠂ ᠨᠠᠮ ᠤ᠋ᠨ ᠪᠠᠢᠭᠤᠯᠤᠯᠲᠠ ᠶ᠋ᠢᠨ ᠡᠠᠵᠢᠯ ᠵᠢᠴᠢ ᠰᠣᠶᠣᠯ ᠤ᠋ᠨ ᠪᠠᠢᠭᠤᠯᠤᠯᠲᠠ ᠵᠠᠷᠬᠡ ᠲᠠᠯ᠎ᠠ ᠶ᠋ᠢᠨ ᠪᠠᠢᠳᠠᠯ ᠢ᠋ ᠣᠢᠯᠠᠭᠠᠪᠠ ᠃
ᠣᠲᠣᠭ ᠤ᠋ᠨ ᠡᠮᠦᠨᠡᠲᠦ ᠬᠣᠰᠢᠭᠤᠨ ᠤ᠋ ᠰᠢᠭᠦᠬᠦ ᠬᠣᠷᠢᠶ᠎ᠠ
ᠰᠦ᠍ ᠯᠢ ᠵᠢᠶᠦ᠋ᠨ ᠨᠠᠷ ᠰᠢᠨ᠎ᠡ ᠰᠢᠭᠦᠨ ᠲᠠᠰᠤᠯᠬᠤ ᠰᠢᠭᠦᠬᠦ ᠲᠢᠩᠬᠢᠮ ᠂ ᠵᠥᠷᠢᠴᠡᠯ ᠵᠢᠭᠤᠷᠠᠯᠳᠤᠭᠠᠨ ᠢ᠋ ᠣᠯᠠᠨ ᠡᠰᠢᠵᠢᠭᠦᠯᠦᠨ ᠲᠣᠬᠢᠷᠠᠭᠤᠯᠬᠤ ᠲᠥᠪ ᠵᠢᠴᠢ ᠰᠢᠭᠦᠬᠦ ᠬᠣᠷᠢᠶᠠᠨ ᠤ᠋ ᠵᠠᠷᠭᠤ ᠡᠶᠡᠳᠡᠭᠦᠯᠭᠡ ᠶ᠋ᠢ ᠵᠣᠯᠭᠠᠭᠤᠯᠬᠤ ᠲᠥᠪ ᠂ ᠰᠢᠭᠦᠬᠦ ᠬᠣᠷᠢᠶᠠᠨ ᠤ᠋ ᠨᠣᠮ ᠤ᠋ᠨ ᠥᠷᠥᠭᠡ ᠂ ᠨᠠᠩᠰᠤ ᠠᠷᠠᠳ ᠤ᠋ᠨ ᠰᠢᠭᠦᠬᠦ ᠲᠢᠩᠬᠢᠮ ᠢ᠋ ᠪᠠᠢᠴᠠᠭᠠᠨ ᠦᠵᠡᠪᠡ ᠃
ᠦᠦᠰᠢᠨ ᠬᠣᠰᠢᠭᠤᠨ ᠤ᠋ ᠰᠢᠭᠦᠬᠦ ᠬᠣᠷᠢᠶ᠎ᠠ
ᠰᠦ᠍ ᠯᠢ ᠵᠢᠶᠦ᠋ᠨ ᠨᠠᠷ ᠬᠡᠷᠡᠭ ᠳᠠᠩᠰᠠᠯᠠᠬᠤ ᠲᠢᠩᠬᠢᠮ ᠂ ᠰᠢᠨᠵᠢᠯᠡᠬᠦ ᠮᠡᠷᠭᠡᠵᠢᠯ ᠦ᠋ᠨ ᠰᠢᠭᠦᠬᠦ ᠲᠢᠩᠬᠢᠮ ᠂ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠳᠠᠩᠰᠠ ᠡᠪᠬᠡᠮᠡᠯ ᠦ᠋ᠨ ᠭᠡᠷ ᠂ ᠰᠢᠭᠦᠬᠦ ᠬᠣᠷᠢᠶᠠᠨ ᠤ᠋ ᠬᠣᠩᠭᠢᠯ ᠤ᠋ᠨ ᠰᠣᠶᠣᠯ ᠂ ᠤᠯᠠᠭᠠᠨ ᠲᠣᠯᠣᠭᠠᠢ ᠰᠢᠭᠦᠬᠦ ᠲᠢᠩᠬᠢᠮ ᠪᠣᠯᠤᠨ ᠲᠣᠭᠲᠠᠬᠤ ᠰᠢᠭᠦᠬᠦ ᠲᠢᠩᠬᠢᠮ ᠢ᠋ ᠪᠠᠢᠴᠠᠭᠠᠨ ᠦᠵᠡᠪᠡ ᠃
ᠲᠤᠬᠠᠢ ᠶ᠋ᠢᠨ ᠭᠠᠵᠠᠷ ᠲᠤᠨᠢ ᠪᠠᠢᠴᠠᠭᠠᠨ ᠦᠵᠡᠵᠦ ᠬᠠᠷᠢᠭᠤ ᠮᠡᠳᠡᠭᠦᠯᠦᠯᠲᠡ ᠶ᠋ᠢ ᠰᠣᠨᠣᠰᠤᠭᠰᠠᠨ ᠤ᠋ ᠳᠠᠷᠠᠭ᠎ᠠ ᠂ ᠣᠳᠣᠬᠠᠨ ᠤ᠋ ᠪᠠ ᠬᠤᠢᠰᠢᠲᠠ ᠶ᠋ᠢᠨ ᠨᠢᠭᠡ ᠬᠤᠭᠤᠴᠠᠭᠠᠨ ᠤ᠋ ᠠᠵᠢᠯ ᠳ᠋ᠤ᠌ ᠴᠢᠭᠯᠡᠭᠦᠯᠦᠨ ᠂ ᠰᠦ᠍ ᠯᠢ ᠵᠢᠶᠦ᠋ᠨ ᠡᠯ᠎ᠡ ᠬᠣᠰᠢᠭᠤ ᠲᠣᠭᠣᠷᠢᠭ ᠤ᠋ᠨ ᠰᠢᠭᠦᠬᠦ ᠬᠣᠷᠢᠶᠠᠨ ᠳ᠋ᠤ᠌ ᠳᠣᠣᠷᠠᠬᠢ ᠬᠡᠳᠦᠨ ᠱᠠᠭᠠᠷᠳᠠᠯᠭ᠎ᠠ ᠳᠤᠷᠠᠳᠪᠠ ᠄ ᠨᠢᠭᠡ ᠳ᠋ᠦ᠍ ᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠦᠨ᠎ᠡ ᠃ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠵᠤ ᠂ 《ᠳᠥᠷᠪᠡᠨ ᠤᠬᠠᠮᠰᠠᠷ 》 ᠢ᠋ ᠲᠠᠰᠤᠷᠠᠯᠲᠠ ᠦᠭᠡᠢ ᠴᠢᠩᠭᠠᠳᠭᠠᠵᠤ ᠂ 《ᠳᠥᠷᠪᠡᠨ ᠢᠲᠡᠭᠡᠯ 》 ᠢ᠋ ᠪᠠᠲᠤᠳᠭᠠᠵᠤ ᠂ 《 ᠬᠣᠶᠠᠷ ᠢ᠋ ᠬᠠᠮᠠᠭᠠᠯᠠᠬᠤ 》 ᠶ᠋ᠢ ᠪᠡᠶᠡᠯᠡᠭᠦᠯᠵᠦ ᠂ ᠤᠯᠤᠰ ᠲᠥᠷᠥ ᠶ᠋ᠢᠨ ᠵᠣᠭᠰᠣᠯᠲᠠ ᠂ ᠤᠯᠤᠰ ᠲᠥᠷᠥ ᠶ᠋ᠢᠨ ᠴᠢᠭᠯᠡᠯ ᠂ ᠤᠯᠤᠰ ᠲᠥᠷᠥ ᠶ᠋ᠢᠨ ᠵᠠᠷᠴᠢᠮ ᠂ ᠤᠯᠤᠰ ᠲᠥᠷᠥ ᠶ᠋ᠢᠨ ᠵᠠᠮ ᠳᠡᠭᠡᠷ᠎ᠡ ᠰᠢ ᠵᠢᠨ ᠫᠢᠩ ᠨᠥᠬᠥᠷ ᠢ᠋ᠶ᠋ᠡᠷ ᠭᠣᠣᠯ ᠪᠣᠯᠭᠠᠭᠰᠠᠨ ᠨᠠᠮ ᠤ᠋ᠨ ᠲᠥᠪ ᠬᠣᠷᠢᠶ᠎ᠠ ᠲᠠᠢ ᠳᠡᠭᠡᠳᠦ ᠬᠡᠮᠵᠢᠶ᠎ᠡ ᠪᠡᠷ ᠨᠢᠭᠡᠳᠦᠯᠲᠡᠢ ᠠᠵᠢᠯᠯᠠᠬᠤ ᠶ᠋ᠢ ᠪᠠᠲᠤᠯᠠᠨ᠎ᠠ ᠃ ᠬᠣᠶᠠᠷ ᠲᠤ᠌ ᠶᠡᠬᠡ ᠲᠠᠯ᠎ᠠ ᠳ᠋ᠤ᠌ ᠦᠢᠯᠡᠴᠢᠯᠡᠬᠦ ᠤᠬᠠᠮᠰᠠᠷ ᠢ᠋ᠶ᠋ᠠᠨ ᠳᠡᠭᠡᠭᠰᠢᠯᠡᠭᠦᠯᠬᠦ ᠬᠡᠷᠡᠭᠲᠡᠢ ᠃ ᠵᠥᠪ ᠣᠨᠣᠪᠴᠢᠲᠠᠢ ᠬᠥᠭᠵᠢᠯᠲᠡ ᠶ᠋ᠢᠨ ᠰᠡᠳᠭᠢᠴᠡ ᠪᠠ ᠬᠥᠭᠵᠢᠯᠲᠡ ᠶ᠋ᠢᠨ ᠴᠢᠭᠯᠡᠯ ᠢ᠋ ᠪᠠᠷᠢᠮᠲᠠᠯᠠᠵᠤ ᠂ ᠥᠨᠳᠥᠷ ᠡᠬᠢᠯᠡᠯᠲᠡ ᠶ᠋ᠢᠨ ᠴᠡᠭ ᠂ ᠥᠨᠳᠥᠷ ᠪᠠᠷᠢᠮᠵᠢᠶᠠᠲᠤ ᠱᠠᠭᠠᠷᠳᠠᠯᠭ᠎ᠠ ᠶ᠋ᠢ ᠪᠠᠷᠢᠮᠲᠠᠯᠠᠵᠤ ᠂ ᠰᠢᠨ᠎ᠡ ᠴᠠᠭ ᠦᠶ᠎ᠡ ᠶ᠋ᠢᠨ ᠬᠠᠤᠯᠢ ᠴᠠᠭᠠᠵᠠ ᠶ᠋ᠢᠨ ᠳᠠᠭᠠᠭᠤᠯᠤᠭᠴᠢ ᠪᠣᠯᠬᠤ ᠪᠠᠷ ᠴᠢᠷᠮᠠᠢᠨ᠎ᠠ ᠃ ᠣᠳᠣᠬᠠᠨ ᠤ᠋ ᠪᠠᠢᠳᠠᠯ ᠢ᠋ ᠵᠥᠪ ᠲᠠᠨᠢᠵᠤ ᠂ ᠶᠡᠬᠡ ᠲᠠᠯ᠎ᠠ ᠳ᠋ᠤ᠌ ᠦᠢᠯᠡᠴᠢᠯᠡᠬᠦ ᠂ ᠠᠷᠠᠳ ᠤ᠋ᠨ ᠲᠥᠯᠥᠭᠡ ᠬᠠᠤᠯᠢ ᠪᠠᠷᠢᠬᠤ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠰᠡᠳᠭᠢᠯᠭᠡ ᠪᠡᠨ ᠤᠯᠠᠮ ᠨᠢᠭᠡ ᠠᠯᠬᠤᠮ ᠴᠢᠩᠭᠠᠳᠭᠠᠵᠤ ᠂ ᠠᠷᠠᠳ ᠤ᠋ᠨ ᠰᠢᠭᠦᠬᠦ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠪᠠᠢᠭᠤᠯᠭ᠎ᠠ ᠶ᠋ᠢᠨ ᠡᠭᠦᠷᠭᠡ ᠴᠢᠳᠠᠪᠤᠷᠢ ᠶ᠋ᠢ ᠢᠯᠡᠷᠡᠭᠦᠯᠦᠨ ᠂ ᠤᠯᠤᠰ ᠲᠥᠷᠥ ᠠᠮᠤᠷ ᠲᠦᠪᠰᠢᠨ ᠢ᠋ ᠦᠨᠡᠨ ᠬᠦ᠌ ᠪᠠᠲᠤᠯᠠᠵᠤ ᠂ ᠬᠠᠤᠯᠢ ᠴᠠᠭᠠᠵᠠ ᠶ᠋ᠢᠨ ᠲᠥᠪ ᠭᠣᠣᠯᠴᠢ ᠪᠠᠢᠬᠤ ᠶ᠋ᠢ ᠦᠨᠡᠨ ᠬᠦ᠌ ᠪᠠᠲᠤᠯᠠᠵᠤ ᠂ ᠣᠷᠣᠨ ᠨᠤᠲᠤᠭ ᠤ᠋ᠨ ᠠᠵᠤ ᠠᠬᠤᠢ ᠶ᠋ᠢᠨ ᠬᠥᠭᠵᠢᠯᠲᠡ ᠪᠠ ᠨᠡᠢᠭᠡᠮ ᠦ᠋ᠨ ᠲᠣᠭᠲᠠᠭᠤᠨ ᠪᠠᠢᠳᠠᠯ ᠳ᠋ᠤ᠌ ᠬᠠᠤᠯᠢ ᠴᠠᠭᠠᠵᠠ ᠶ᠋ᠢᠨ ᠬᠦᠴᠦᠲᠡᠢ ᠪᠠᠲᠤᠯᠠᠭ᠎ᠠ ᠪᠠ ᠦᠢᠯᠡᠴᠢᠯᠡᠭᠡ ᠬᠠᠩᠭᠠᠬᠤ ᠬᠡᠷᠡᠭᠲᠡᠢ ᠃ ᠭᠤᠷᠪᠠ ᠳ᠋ᠤ᠌ ᠂ ᠠᠷᠠᠳ ᠤ᠋ᠨ ᠲᠥᠯᠥᠭᠡ ᠬᠠᠤᠯᠢ ᠪᠠᠷᠢᠬᠤ ᠠᠵᠢᠯ ᠤ᠋ᠨ ᠭᠦᠨᠴᠡ ᠪᠠ ᠥᠷᠭᠡᠴᠡ ᠶ᠋ᠢ ᠥᠷᠭᠡᠳᠭᠡᠨ᠎ᠡ ᠃ ᠦᠢᠯᠡᠴᠢᠯᠡᠭᠡᠨ ᠦ᠌ ᠭᠣᠣᠯᠳᠠᠯᠭ᠎ᠠ ᠪᠠᠨ ᠣᠯᠠᠨ ᠲᠦᠮᠡᠨ ᠦ᠌ ᠪᠡᠶ᠎ᠡ ᠳᠡᠭᠡᠷ᠎ᠡ ᠲᠠᠯᠪᠢᠵᠤ ᠂ ᠵᠥᠷᠢᠴᠡᠯ ᠵᠢᠭᠤᠷᠠᠯᠳᠤᠭᠠᠨ ᠢ᠋ ᠠᠷᠢᠯᠭᠠᠬᠤ ᠠᠵᠢᠯ ᠢ᠋ ᠰᠠᠢᠲᠤᠷ ᠠᠳᠭᠤᠬᠤ ᠶ᠋ᠢᠨ ᠬᠠᠮᠲᠤ ᠰᠢᠭᠦᠬᠦ ᠬᠣᠷᠢᠶᠠᠨ ᠤ᠋ ᠲᠤᠰ ᠪᠡᠶ᠎ᠡ ᠶ᠋ᠢᠨ ᠳᠠᠪᠠᠭᠤᠯᠢᠭ ᠪᠠ ᠠᠵᠢᠯ ᠤ᠋ᠨ ᠭᠢᠯᠠᠰ ᠴᠡᠭ ᠢ᠋ ᠠᠭᠤᠳᠠᠯᠤᠨ ᠤᠬᠠᠭᠤᠯᠵᠤ ᠂ ᠥᠪᠡᠷ ᠦ᠋ᠨ ᠣᠨᠴᠠᠯᠢᠭ ᠲᠠᠢ ᠰᠢᠨ᠎ᠡ ᠴᠠᠭ ᠦᠶ᠎ᠡ ᠶ᠋ᠢᠨ ᠬᠠᠤᠯᠢ ᠴᠠᠭᠠᠵᠠ ᠶ᠋ᠢᠨ ᠨᠡᠷᠡᠲᠦ ᠲᠥᠷᠥᠯ ᠲᠡᠮᠳᠡᠭ ᠢ᠋ ᠡᠭᠦᠳᠬᠦ ᠬᠡᠷᠡᠭᠲᠡᠢ ᠃ ᠵᠠᠷᠭᠤ ᠶ᠋ᠢᠨ ᠦᠢᠯᠡᠴᠢᠯᠡᠭᠡᠨ ᠦ᠌ ᠲᠥᠪ ᠦ᠋ᠨ ᠪᠠᠢᠭᠤᠯᠤᠯᠲᠠ ᠪᠠ ᠵᠢᠭᠤᠷᠭᠠᠨ ᠢ᠋ ᠣᠯᠠᠨ ᠡᠰᠢᠴᠢᠯᠡᠨ ᠰᠢᠢᠳᠪᠦᠷᠢᠯᠡᠬᠦ ᠲᠣᠭᠲᠠᠴᠠ ᠶ᠋ᠢ ᠪᠣᠳᠠᠲᠠᠢ ᠨᠠᠢᠳᠠᠪᠤᠷᠢᠵᠢᠭᠤᠯᠤᠨ ᠂ ᠨᠠᠷᠢᠨ ᠨᠢᠭᠲᠠ ᠠᠳᠭᠤᠵᠤ ᠂ ᠣᠯᠠᠨ ᠲᠦᠮᠡᠨ ᠳ᠋ᠦ᠍ ᠬᠠᠤᠯᠢ ᠴᠠᠭᠠᠵᠠ ᠶ᠋ᠢᠨ ᠬᠠᠢᠷ᠎ᠠ ᠬᠠᠯᠠᠮᠵᠢ ᠶ᠋ᠢ ᠦᠨᠡᠨ ᠬᠦ᠌ ᠮᠡᠳᠡᠷᠡᠭᠦᠯᠬᠦ ᠬᠡᠷᠡᠭᠲᠡᠢ ᠃ ᠳᠥᠷᠪᠡ ᠳ᠋ᠦ᠍ ᠂ ᠬᠠᠤᠯᠢ ᠴᠠᠭᠠᠵᠠ ᠶ᠋ᠢᠨ ᠪᠠᠢᠭᠤᠯᠤᠮᠵᠢ ᠶ᠋ᠢᠨ ᠥᠭᠡᠷᠡᠴᠢᠯᠡᠯᠲᠡ ᠶ᠋ᠢ ᠴᠢᠩᠭᠠᠳᠭᠠᠵᠤ ᠂ ᠣᠶᠤᠨᠴᠢ ᠰᠢᠭᠦᠬᠦ ᠬᠣᠷᠢᠶᠠᠨ ᠤ᠋ ᠪᠠᠢᠭᠤᠯᠤᠯᠲᠠ ᠶ᠋ᠢ ᠲᠦᠷᠭᠡᠳᠭᠡᠬᠦ ᠬᠡᠷᠡᠭᠲᠡᠢ ᠃ ᠮᠡᠳᠡᠭᠡ ᠵᠠᠩᠭᠢᠴᠢᠯᠠᠯᠲᠠ ᠶ᠋ᠢᠨ ᠬᠡᠷᠡᠭᠯᠡᠭᠡᠨ ᠤ᠋ ᠬᠢᠷᠢ ᠬᠡᠮᠵᠢᠶ᠎ᠡ ᠪᠡᠨ ᠳᠡᠭᠡᠭᠰᠢᠯᠡᠭᠦᠯᠵᠦ᠂ ᠮᠡᠳᠡᠭᠡ ᠵᠠᠩᠭᠢᠴᠢᠯᠠᠭᠰᠠᠨ 《 ᠲᠡᠷᠭᠡ ᠶ᠋ᠢᠨ ᠬᠣᠣᠰ ᠬᠦᠷᠳᠦ ᠂ ᠰᠢᠪᠠᠭᠤᠨ ᠤ᠋ ᠬᠣᠣᠰ ᠵᠢᠭᠦᠷ 》 ᠤ᠋ᠨ ᠦᠢᠯᠡᠳᠦᠯ ᠢ᠋ ᠪᠠᠳᠠᠷᠠᠭᠤᠯᠵᠤ ᠂ ᠬᠠᠤᠯᠢ ᠴᠠᠭᠠᠵᠠ ᠶ᠋ᠢᠨ ᠦᠢᠯᠡᠳᠦᠯ ᠴᠢᠳᠠᠪᠤᠷᠢ ᠶ᠋ᠢ ᠳᠡᠭᠡᠭᠰᠢᠯᠡᠭᠦᠯᠦᠨ ᠂ ᠰᠢᠨ᠎ᠡ ᠴᠠᠭ ᠦᠶ᠎ᠡ ᠶ᠋ᠢᠨ ᠬᠠᠤᠯᠢ ᠴᠠᠭᠠᠵᠠ ᠶ᠋ᠢᠨ ᠬᠠᠷᠢᠭᠤᠴᠠᠯᠭ᠎ᠠ ᠶ᠋ᠢᠨ ᠳᠦᠷᠢᠮ ᠦ᠋ᠨ ᠥᠭᠡᠷᠡᠴᠢᠯᠡᠯᠲᠡ ᠶ᠋ᠢ ᠭᠦᠨᠵᠡᠭᠡᠢᠷᠡᠭᠦᠯᠦᠨ ᠬᠥᠭᠵᠢᠭᠦᠯᠦᠨ᠎ᠡ ᠃ ᠬᠡᠷᠡᠭᠯᠡᠭᠡᠨ ᠦ᠌ ᠠᠵᠢᠯ ᠢ᠋ ᠦᠷᠭᠦᠯᠵᠢᠯᠡᠨ ᠰᠠᠢᠲᠤᠷ ᠠᠳᠭᠤᠵᠤ ᠂ ᠣᠶᠤᠨᠴᠢ ᠰᠢᠭᠦᠬᠦ ᠬᠣᠷᠢᠶ᠎ᠠ ᠶ᠋ᠢ ᠬᠠᠤᠯᠢ ᠶ᠋ᠢᠨ ᠲᠤᠰᠢᠶᠠᠯᠲᠠᠨ ᠤ᠋ ᠬᠡᠷᠡᠭ ᠰᠢᠢᠳᠪᠦᠷᠢᠯᠡᠭᠳᠡᠬᠦ ᠶ᠋ᠢ ᠠᠬᠢᠭᠤᠯᠵᠤ ᠂ ᠠᠷᠠᠳ ᠣᠯᠠᠨ ᠳ᠋ᠤ᠌ ᠦᠢᠯᠡᠴᠢᠯᠡᠬᠦ ᠬᠦᠴᠦᠲᠦ ᠠᠴᠢᠶᠠᠯᠠᠪᠤᠷᠢ ᠪᠣᠯᠭᠠᠬᠤ ᠬᠡᠷᠡᠭᠲᠡᠢ ᠃ ᠲᠠᠪᠤ ᠳ᠋ᠤ᠌ ᠂ ᠰᠢᠭᠦᠨ ᠭᠦᠢᠴᠡᠳᠭᠡᠬᠦ ᠴᠢᠨᠠᠷ ᠴᠢᠨᠰᠠᠭ᠎ᠠ ᠦᠷ᠎ᠡ ᠠᠰᠢᠭ ᠢ᠋ ᠰᠠᠢᠲᠤᠷ ᠠᠳᠭᠤᠨ᠎ᠠ ᠃ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠭᠣᠣᠯ ᠮᠡᠷᠭᠡᠵᠢᠯ ᠳ᠋ᠦ᠍ ᠠᠩᠬᠠᠷᠤᠯ ᠢ᠋ᠶ᠋ᠠᠨ ᠲᠥᠪᠯᠡᠷᠡᠭᠦᠯᠵᠦ ᠂ ᠬᠡᠷᠡᠭ ᠦ᠋ᠨ ᠴᠢᠨᠠᠷ ᠦᠷ᠎ᠡ ᠠᠰᠢᠭ ᠢ᠋ ᠰᠢᠭᠦᠨ ᠭᠦᠢᠴᠡᠳᠭᠡᠬᠦ ᠠᠵᠢᠯ ᠢ᠋ ᠬᠡᠮᠵᠢᠬᠦ ᠴᠢᠬᠤᠯᠠ ᠪᠠᠷᠢᠮᠵᠢᠶ᠎ᠠ ᠪᠣᠯᠭᠠᠵᠤ ᠂ ᠬᠠᠤᠯᠢ ᠴᠠᠭᠠᠵᠠ ᠶ᠋ᠢᠨ ᠵᠥᠪ ᠣᠢᠯᠠᠭᠠᠭᠳᠠᠬᠤᠨ ᠢ᠋ ᠪᠣᠢ ᠪᠣᠯᠭᠠᠵᠤ ᠂ ᠬᠡᠷᠡᠭ ᠨᠢᠭᠡᠪᠦᠷᠢ ᠶ᠋ᠢ ᠲᠥᠪ ᠭᠣᠣᠯᠴᠢ ᠥᠨᠳᠥᠷ ᠪᠦᠲᠦᠮᠵᠢᠲᠡᠢ ᠪᠡᠷ ᠰᠠᠢᠲᠤᠷ ᠰᠢᠭᠦᠨ ᠰᠢᠢᠳᠪᠦᠷᠢᠯᠡᠵᠦ ᠂ ᠤᠯᠤᠰ ᠲᠥᠷᠥ ᠶ᠋ᠢᠨ ᠦᠷ᠎ᠡ ᠪᠦᠲᠦᠮᠵᠢ ᠂ ᠬᠠᠤᠯᠢ ᠴᠠᠭᠠᠵᠠ ᠶ᠋ᠢᠨ ᠦᠷ᠎ᠡ ᠪᠦᠲᠦᠮᠵᠢ ᠪᠠ ᠨᠡᠢᠭᠡᠮ ᠦ᠋ᠨ ᠦᠷ᠎ᠡ ᠪᠦᠲᠦᠭᠡᠯ ᠦ᠋ᠨ ᠲᠠᠯ᠎ᠠ ᠪᠠᠷ ᠬᠢ ᠨᠢᠭᠡᠳᠦᠯ ᠢ᠋ ᠪᠡᠶᠡᠯᠡᠭᠦᠯᠵᠦ ᠂ ᠬᠡᠷᠡᠭ ᠦ᠋ᠨ ᠶᠠᠰᠤ ᠴᠢᠨᠠᠷ ᠪᠠ ᠦᠷ᠎ᠡ ᠪᠦᠲᠦᠮᠵᠢ ᠶ᠋ᠢ ᠪᠥᠬᠥ ᠬᠦᠴᠦᠨ ᠢ᠋ᠶ᠋ᠡᠷ ᠢ᠋ᠶ᠋ᠡᠨ ᠳᠡᠭᠡᠭᠰᠢᠯᠡᠭᠦᠯᠬᠦ ᠬᠡᠷᠡᠭᠲᠡᠢ ᠃ ᠵᠢᠷᠭᠤᠭ᠎ᠠ ᠳ᠋ᠤ᠌ ᠬᠢᠵᠢᠭ᠌ ᠦ᠋ᠨ ᠪᠠᠢᠳᠠᠯ ᠤ᠋ᠨ ᠬᠤᠭᠤᠴᠠᠭᠠᠨ ᠤ᠋ ᠰᠡᠷᠭᠡᠢᠯᠡᠨ ᠬᠢᠵᠠᠭᠠᠷᠯᠠᠬᠤ ᠠᠵᠢᠯ ᠪᠣᠯᠤᠨ ᠰᠢᠭᠦᠨ ᠰᠢᠢᠳᠪᠦᠷᠢᠯᠡᠬᠦ ᠠᠵᠢᠯ ᠢ᠋ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠬᠡᠷᠡᠭᠲᠡᠢ ᠃ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠡᠯ᠎ᠡ ᠵᠦᠢᠯ ᠦ᠋ᠨ ᠠᠷᠭ᠎ᠠ ᠬᠡᠮᠵᠢᠶ᠎ᠡ ᠶ᠋ᠢ ᠨᠠᠢᠳᠠᠪᠤᠷᠢᠵᠢᠭᠤᠯᠤᠨ ᠪᠣᠳᠠᠲᠠᠢᠵᠢᠭᠤᠯᠵᠤ ᠂ ᠣᠳᠣᠬᠠᠨ ᠳ᠋ᠤ᠌ ᠰᠡᠷᠭᠡᠢᠯᠡᠨ ᠬᠢᠵᠠᠭᠠᠷᠯᠠᠬᠤ ᠠᠵᠢᠯ ᠢ᠋ ᠮᠥᠨ ᠬᠦ᠌ ᠥᠴᠦᠬᠡᠨ ᠴᠦ᠍ ᠰᠤᠯᠠᠷᠠᠭᠤᠯᠵᠤ ᠪᠣᠯᠬᠤ ᠥᠬᠡᠢ ᠃ ᠡᠭᠦᠨ ᠦ᠌ ᠬᠠᠮᠲᠤ ᠂ ᠰᠤᠷᠠᠭ ᠵᠠᠩᠭᠢᠴᠢᠯᠠᠯᠲᠠ ᠶ᠋ᠢᠨ ᠪᠠᠢᠭᠤᠯᠤᠯᠲᠠ ᠶ᠋ᠢᠨ ᠦᠷ᠎ᠡ ᠪᠦᠲᠦᠭᠡᠯ ᠢ᠋ ᠭᠦᠢᠴᠡᠳ ᠠᠰᠢᠭᠯᠠᠨ ᠂ ᠲᠣᠣᠷ ᠰᠦᠯᠵᠢᠶᠡᠨ ᠦ᠌ ᠲᠢᠩᠬᠢᠮ ᠦ᠋ᠨ ᠰᠢᠭᠦᠯᠲᠡ ᠶ᠋ᠢ ᠰᠠᠢᠲᠤᠷ ᠠᠳᠭᠤᠵᠤ ᠂ ᠰᠢᠭᠦᠨ ᠲᠠᠰᠤᠯᠬᠤ ᠭᠦᠢᠴᠡᠳᠭᠡᠬᠦ ᠠᠵᠢᠯ ᠢ᠋ ᠵᠣᠬᠢᠰᠲᠠᠢ ᠲᠣᠬᠢᠷᠠᠭᠤᠯᠵᠤ ᠂ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠪᠠ ᠰᠢᠭᠦᠨ ᠲᠠᠰᠤᠯᠬᠤ ᠭᠦᠢᠴᠡᠳᠭᠡᠬᠦ ᠬᠣᠶᠠᠷ ᠲᠠᠯ᠎ᠠ ᠶ᠋ᠢ ᠠᠳᠭᠤᠵᠤ ᠂ ᠬᠣᠶᠠᠷ ᠲᠠᠯ᠎ᠠ ᠶ᠋ᠢ ᠰᠠᠭᠠᠲᠠᠭᠠᠬᠤ ᠦᠭᠡᠢ ᠪᠠᠢᠬᠤ ᠶ᠋ᠢ ᠪᠡᠶᠡᠯᠡᠭᠦᠯᠦᠨ᠎ᠡ ᠃ ᠳᠣᠯᠣᠭ᠎ᠠ ᠳ᠋ᠤ᠌ ᠬᠠᠤᠯᠢ ᠶ᠋ᠢᠨ ᠲᠤᠰᠢᠶᠠᠯᠲᠠᠨ ᠤ᠋ ᠡᠩᠨᠡᠭᠡᠨ ᠦ᠌ ᠪᠠᠢᠭᠤᠯᠤᠯᠲᠠ ᠶ᠋ᠢ ᠴᠢᠩᠭᠠᠳᠭᠠᠵᠤ ᠂ ᠬᠠᠤᠯᠢ ᠴᠠᠭᠠᠵᠠ ᠶ᠋ᠢᠨ ᠠᠷᠢᠭᠤᠨ ᠴᠢᠬᠡᠴᠢ ᠪᠠᠢᠬᠤ ᠶ᠋ᠢ ᠦᠨᠡᠨᠬᠦ ᠪᠠᠲᠤᠯᠠᠬᠤ ᠬᠡᠷᠡᠭᠲᠡᠢ ᠃ ᠰᠢᠭᠦᠭᠴᠢ ᠲᠤᠰᠢᠶᠠᠯᠲᠠᠨ ᠤ᠋ ᠲᠤᠬᠠᠢᠯᠠᠭᠰᠠᠨ ᠠᠵᠢᠯ ᠤ᠋ᠨ ᠪᠠᠢᠭᠤᠯᠤᠯᠲᠠ ᠶ᠋ᠢ ᠴᠢᠩᠭᠠᠳᠭᠠᠵᠤ ᠂ ᠮᠠᠨ ᠤ᠋ ᠬᠣᠲᠠ ᠶ᠋ᠢᠨ ᠰᠢᠨ᠎ᠡ ᠬᠡᠯᠪᠡᠷᠢ ᠶ᠋ᠢᠨ ᠬᠡᠷᠡᠭ ᠢ᠋ ᠰᠢᠭᠦᠨ ᠰᠢᠢᠳᠪᠦᠷᠢᠯᠡᠬᠦ ᠬᠡᠷᠡᠭᠴᠡᠭᠡ ᠳ᠋ᠦ᠍ ᠵᠣᠬᠢᠴᠠᠭᠤᠯᠤᠨ ᠲᠤᠰᠭᠠᠢ ᠮᠡᠷᠭᠡᠵᠢᠯ ᠦ᠋ᠨ ᠬᠡᠯᠪᠡᠷᠢ ᠂ ᠲᠤᠰᠭᠠᠢ ᠮᠡᠷᠭᠡᠵᠢᠯᠲᠡᠨ ᠦ᠌ ᠬᠡᠯᠪᠡᠷᠢ ᠶ᠋ᠢᠨ ᠬᠠᠤᠯᠢ ᠶ᠋ᠢᠨ ᠲᠤᠰᠢᠶᠠᠯᠲᠠᠨ ᠤ᠋ ᠡᠩᠨᠡᠭᠡ ᠶ᠋ᠢ ᠪᠠᠢᠭᠤᠯᠤᠨ᠎ᠠ ︔ ᠨᠠᠮ ᠤ᠋ᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠢᠭᠤᠯᠤᠯᠲᠠ ᠶ᠋ᠢ ᠴᠢᠩᠭᠠᠳᠭᠠᠵᠤ ᠂ ᠴᠠᠭᠳᠠᠭ᠎ᠠ ᠶ᠋ᠢ ᠴᠢᠩᠭ᠎ᠠ ᠵᠠᠰᠠᠵᠤ ᠂ 《ᠬᠣᠶᠠᠷ ᠬᠠᠷᠢᠭᠤᠴᠠᠯᠭ᠎ᠠ 》 ᠶ᠋ᠢ ᠱᠠᠲᠤ ᠱᠠᠲᠤ ᠪᠠᠷ ᠨᠠᠢᠳᠠᠪᠤᠷᠢᠵᠢᠭᠤᠯᠵᠤ ᠂ ᠺᠠᠲᠷ ᠴᠠᠭᠳᠠᠭ᠎ᠠ ᠶ᠋ᠢ ᠰᠤᠷᠭᠠᠨ ᠬᠥᠮᠦᠵᠢᠭᠦᠯᠦᠨ ᠬᠥᠲᠥᠯᠦᠨ ᠵᠢᠯᠣᠭᠣᠳᠴᠤ ᠬᠢᠵᠠᠭᠠᠷ ᠱᠤᠭᠤᠮ ᠢ᠋ ᠰᠠᠬᠢᠭᠤᠯᠵᠤ ᠂ ᠪᠢᠰᠢᠷᠡᠨ ᠵᠢᠷᠦᠬᠡᠰᠢᠶᠡᠬᠦ ᠶ᠋ᠢ ᠬᠣᠷᠢᠭᠯᠠᠵᠤ ᠂ ᠲᠥᠪ ᠭᠣᠣᠯᠴᠢ ᠪᠠᠷ ᠬᠠᠤᠯᠢ ᠬᠡᠷᠡᠭᠵᠢᠭᠦᠯᠬᠦ ᠂ ᠠᠷᠢᠭᠤᠨ ᠴᠢᠬᠡᠴᠢ ᠪᠡᠷ ᠬᠠᠤᠯᠢ ᠪᠠᠷᠢᠬᠤ ᠶ᠋ᠢ ᠦᠨᠡᠨ ᠬᠦ᠌ ᠪᠠᠲᠤᠯᠠᠵᠤ ᠂ ᠢᠯᠵᠠᠷᠠᠬᠤ ᠵᠣᠷᠢᠭ ᠦᠭᠡᠢ ᠂ ᠢᠯᠵᠠᠷᠠᠭᠤᠯᠬᠤ ᠦᠭᠡᠢ ᠂ ᠢᠯᠵᠠᠷᠠᠭᠤᠯᠬᠤ ᠦᠭᠡᠢ ᠪᠠᠢᠯᠭᠠᠬᠤ ᠤᠷᠲᠤ ᠬᠤᠭᠤᠴᠠᠭᠠᠨ ᠤ᠋ ᠪᠦᠲᠦᠮᠵᠢᠲᠡᠢ ᠲᠣᠭᠲᠠᠴᠠ ᠶ᠋ᠢ ᠪᠠᠢᠭᠤᠯᠤᠨ ᠲᠡᠭᠦᠯᠳᠡᠷᠵᠢᠭᠦᠯᠦᠨ᠎ᠡ ᠃
ᠦᠨᠡᠯᠡᠬᠦ 0ᠦᠨᠡᠯᠡᠯᠲᠡ ᠲᠠᠢ