2 ᠰᠠᠷ᠎ᠠ ᠶ᠋ᠢᠨ 17 ᠤ᠋ ᠡᠳᠦᠷ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠮᠡᠷᠭᠡᠵᠢᠯ ᠦ᠋ᠨ ᠭᠠᠵᠠᠷ ᠤ᠋ᠨ ᠳᠠᠷᠤᠭ᠎ᠠ ᠰᠥᠩ ᠵᠢᠶᠠᠨ ᠪᠦᠸᠧ ᠨᠠᠷ ᠮᠠᠨ ᠤ᠋ ᠬᠣᠲᠠ ᠶ᠋ᠢᠨ ᠰᠢᠭᠦᠬᠦ ᠬᠣᠷᠢᠶᠠᠨ ᠳ᠋ᠤ᠌ ᠬᠦᠷᠴᠦ ᠰᠦᠯᠵᠢᠶᠡᠨ ᠦ᠌ ᠠᠮᠤᠷ ᠲᠦᠪᠰᠢᠨ ᠦ᠌ ᠠᠵᠢᠯ ᠢ᠋ ᠪᠠᠢᠴᠠᠭᠠᠬᠤ ᠶ᠋ᠢᠨ ᠬᠠᠮᠲᠤ ᠬᠢᠵᠢᠭ᠌ ᠢ᠋ ᠰᠡᠷᠭᠡᠢᠯᠡᠨ ᠬᠢᠵᠠᠭᠠᠷᠯᠠᠬᠤ ᠬᠤᠭᠤᠴᠠᠭᠠᠨ ᠳ᠋ᠤ᠌ ᠥᠷᠨᠢᠭᠦᠯᠦᠭᠰᠡᠨ ᠰᠦᠯᠵᠢᠶᠡᠨ ᠳᠡᠭᠡᠷ᠎ᠡ ᠬᠡᠷᠡᠭ ᠳᠠᠩᠰᠠᠯᠠᠬᠤ ᠂ ᠰᠦᠯᠵᠢᠶᠡᠨ ᠳᠡᠭᠡᠷ᠎ᠡ ᠡᠶᠡᠳᠡᠭᠦᠯᠬᠦ ᠠᠵᠢᠯ ᠳ᠋ᠤ᠌ ᠪᠠᠢᠴᠠᠭᠠᠨ ᠰᠤᠳᠤᠯᠤᠯᠲᠠ ᠪᠠ ᠵᠢᠯᠣᠭᠣᠳᠤᠯᠭ᠎ᠠ ᠬᠢᠪᠡ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠣᠷᠣᠯᠠᠭᠴᠢ ᠳᠠᠷᠤᠭ᠎ᠠ ᠰᠦ᠍ ᠯᠢ ᠵᠢᠶᠦ᠋ᠨ ᠪᠠᠷ᠎ᠠ ᠪᠣᠯᠵᠤ ᠪᠠᠢᠴᠠᠭᠠᠯᠲᠠ ᠬᠢᠪᠡ ᠃
ᠳᠡᠭᠡᠳᠦ ᠵᠡᠷᠭᠡ ᠶ᠋ᠢᠨ ᠰᠢᠭᠦᠬᠦ ᠬᠣᠷᠢᠶᠠᠨ ᠤ᠋ ᠪᠠᠢᠴᠠᠭᠠᠨ ᠵᠢᠯᠣᠭᠣᠳᠬᠤ ᠳᠤᠭᠤᠢᠯᠠᠩ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳᠣᠲᠣᠷ᠎ᠠ ᠭᠠᠳᠠᠨᠠᠬᠢ ᠰᠦᠯᠵᠢᠶᠡᠨ ᠦ᠌ ᠮᠠᠰᠢᠨ ᠤ᠋ ᠭᠡᠷ ᠵᠢᠴᠢ ᠲᠣᠣᠷ ᠰᠦᠯᠵᠢᠶ᠎ᠡ ᠂ ᠺᠣᠮᠫᠢᠦ᠋ᠲ᠋ᠧᠷ ᠦ᠋ᠨ ᠬᠠᠮᠢᠶᠠᠷᠤᠯᠲᠠ ᠶ᠋ᠢᠨ ᠡᠬᠡ ᠳᠠᠩᠰᠠ ᠶ᠋ᠢ ᠪᠠᠢᠴᠠᠭᠠᠨ ᠦᠵᠡᠵᠦ ᠂ ᠬᠢᠵᠢᠭ᠌ ᠢ᠋ ᠰᠡᠷᠭᠡᠢᠯᠡᠨ ᠬᠢᠵᠠᠭᠠᠷᠯᠠᠬᠤ ᠬᠤᠭᠤᠴᠠᠭᠠᠨ ᠳ᠋ᠠᠬᠢ ᠢᠨᠲ᠋ᠸᠷ ᠰᠦᠯᠵᠢᠶᠡᠨ ᠦ᠌ ᠰᠢᠭᠦᠯᠲᠡ ᠡᠬᠢᠯᠡᠬᠦ ᠂ ᠮᠡᠳᠡᠭᠡ ᠵᠠᠩᠭᠢᠵᠢᠯᠲᠠ ᠶ᠋ᠢᠨ ᠰᠢᠰᠲ᠋ᠧᠮ ᠢ᠋ ᠠᠰᠢᠭᠯᠠᠨ ᠠᠵᠢᠯᠯᠠᠭᠰᠠᠨ ᠵᠢᠴᠢ ᠰᠦᠯᠵᠢᠶᠡᠨ ᠦ᠌ ᠠᠮᠤᠷ ᠲᠦᠪᠰᠢᠨ ᠵᠡᠷᠭᠡ ᠪᠠᠢᠳᠠᠯ ᠢ᠋ ᠨᠠᠷᠢᠨ ᠲᠣᠳᠣᠷᠬᠠᠢ ᠠᠰᠠᠭᠤᠭᠰᠠᠨ ᠪᠥᠭᠡᠳ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠂ ᠳ᠋ᠦᠩᠱᠧᠩ ᠲᠣᠭᠣᠷᠢᠭ ᠤ᠋ᠨ ᠰᠢᠭᠦᠬᠦ ᠬᠣᠷᠢᠶ᠎ᠠ ᠂ ᠡᠵᠡᠨ ᠬᠣᠷᠣᠭ᠎ᠠ ᠬᠣᠰᠢᠭᠤᠨ ᠤ᠋ ᠰᠢᠭᠦᠬᠦ ᠬᠣᠷᠢᠶ᠎ᠠ ᠶ᠋ᠢᠨ ᠲᠣᠣᠷ ᠰᠦᠯᠵᠢᠶᠡᠨ ᠦ᠌ ᠠᠵᠢᠯᠯᠠᠭᠠᠨ ᠤ᠋ ᠪᠠᠢᠳᠠᠯ ᠂ ᠳᠣᠲᠣᠷ᠎ᠠ ᠭᠠᠳᠠᠨᠠᠬᠢ ᠰᠦᠯᠵᠢᠶᠡᠨ ᠦ᠌ ᠠᠮᠤᠷ ᠲᠦᠪᠰᠢᠨ ᠵᠡᠷᠭᠡ ᠪᠠᠢᠳᠠᠯ ᠢ᠋ ᠨᠠᠷᠢᠨ ᠲᠣᠳᠣᠷᠬᠠᠢ ᠯᠠᠪᠯᠠᠨ ᠠᠰᠠᠭᠤᠪᠠ ᠃ ᠪᠠᠢᠴᠠᠭᠠᠵᠤ ᠵᠢᠯᠣᠭᠣᠳᠬᠤ ᠳᠤᠭᠤᠢᠯᠠᠩ ᠨᠢ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠮᠡᠷᠭᠡᠵᠢᠯ ᠦ᠋ᠨ ᠭᠠᠵᠠᠷ ᠤ᠋ᠨ ᠡᠯ᠎ᠡ ᠵᠦᠢᠯ ᠦ᠋ᠨ ᠠᠵᠢᠯ ᠢ᠋ ᠨᠤᠲᠠᠯᠠᠵᠤ ᠂ ᠢᠯᠡᠷᠡᠭᠦᠯᠦᠭᠰᠡᠨ ᠠᠰᠠᠭᠤᠳᠠᠯ ᠳ᠋ᠤ᠌ ᠴᠡᠭᠴᠡᠯᠡᠨ ᠰᠠᠢᠵᠢᠷᠠᠭᠤᠯᠬᠤ ᠰᠠᠨᠠᠭᠤᠯᠭ᠎ᠠ ᠳᠤᠷᠠᠳᠴᠠᠢ ᠃
ᠬᠠᠮᠤᠭ ᠰᠡᠭᠦᠯ ᠳ᠋ᠦ᠍ ᠂ ᠪᠠᠢᠴᠠᠭᠠᠨ ᠵᠢᠯᠣᠭᠣᠳᠬᠤ ᠳᠤᠭᠤᠢᠯᠠᠩ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠲᠥᠪ ᠦ᠋ᠨ ᠰᠦᠯᠵᠢᠶᠡᠨ ᠳᠡᠭᠡᠷ᠎ᠡ ᠬᠡᠷᠡᠭ ᠳᠠᠩᠰᠠᠯᠠᠬᠤ ᠠᠵᠢᠯ ᠢ᠋ ᠬᠡᠷᠡᠭᠵᠢᠭᠦᠯᠦᠭᠰᠡᠨ ᠪᠠᠢᠳᠠᠯ ᠢ᠋ ᠲᠤᠬᠠᠢ ᠶ᠋ᠢᠨ ᠭᠠᠵᠠᠷ ᠲᠤ᠌ ᠨᠢ ᠪᠠᠢᠴᠠᠭᠠᠨ ᠦᠵᠡᠭᠰᠡᠨ ᠪᠥᠭᠡᠳ ᠵᠠᠷᠭᠤ ᠶ᠋ᠢᠨ ᠦᠢᠯᠡᠴᠢᠯᠡᠭᠡᠨ ᠦ᠌ ᠲᠥᠪ ᠦ᠋ᠨ ᠣᠯᠠᠨ ᠠᠷᠭ᠎ᠠ ᠵᠠᠮ ᠂ ᠣᠯᠠᠨ ᠬᠡᠯᠪᠡᠷᠢ ᠮᠠᠶᠢᠭ ᠢ᠋ᠶ᠋ᠠᠷ ᠲᠤᠬᠠᠢ ᠶ᠋ᠢᠨ ᠬᠥᠮᠦᠨ ᠢ᠋ ᠵᠢᠯᠣᠭᠣᠳᠤᠨ ᠰᠦᠯᠵᠢᠶᠡᠨ ᠳᠡᠭᠡᠷ᠎ᠡ ᠠᠵᠢᠯᠯᠠᠬᠤ ᠶᠠᠪᠤᠴᠠ ᠶ᠋ᠢ ᠬᠡᠷᠡᠭᠯᠡᠬᠦ ᠠᠷᠭ᠎ᠠ ᠪᠠ ᠠᠷᠭ᠎ᠠ ᠬᠡᠮᠵᠢᠶ᠎ᠡ ᠶ᠋ᠢ ᠭᠦᠢᠴᠡᠳ ᠨᠤᠲᠠᠯᠠᠪᠠ ᠃ ᠪᠠᠢᠴᠠᠭᠠᠨ ᠵᠢᠯᠣᠭᠣᠳᠬᠤ ᠳᠤᠭᠤᠢᠯᠠᠩ ᠨᠢ ᠪᠣᠳᠠᠲᠠᠢ ᠠᠵᠢᠯᠲᠠᠨ ᠤ᠋ ᠪᠣᠳᠠᠲᠠᠢ ᠠᠵᠢᠯᠯᠠᠬᠤ ᠶᠠᠪᠤᠴᠠ ᠳ᠋ᠤ᠌ ᠲᠣᠬᠢᠶᠠᠯᠳᠤᠭᠰᠠᠨ ᠮᠡᠷᠭᠡᠵᠢᠯ ᠦ᠋ᠨ ᠬᠦᠴᠢᠷ ᠠᠰᠠᠭᠤᠳᠠᠯ ᠢ᠋ ᠨᠠᠷᠢᠨ ᠨᠢᠭᠲᠠ ᠠᠰᠠᠭᠤᠨ ᠯᠠᠪᠯᠠᠭᠰᠠᠨ ᠤ᠋ ᠳᠠᠷᠠᠭ᠎ᠠ ᠂ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠮᠡᠷᠭᠡᠵᠢᠯ ᠦ᠋ᠨ ᠭᠠᠵᠠᠷ ᠪᠠ ᠲᠤᠬᠠᠢ ᠶ᠋ᠢᠨ ᠭᠠᠵᠠᠷ ᠲᠤ᠌ ᠰᠠᠭᠤᠭ᠎ᠠ ᠢᠨᠵᠸᠨ᠋ᠸᠷ ᠨᠢ ᠪᠦᠬᠦ ᠬᠦᠴᠦ ᠪᠡᠷ ᠢ᠋ᠶ᠋ᠡᠨ ᠬᠦᠴᠢᠷ ᠠᠰᠠᠭᠤᠳᠠᠯ ᠢ᠋ ᠰᠢᠢᠳᠪᠦᠷᠢᠯᠡᠵᠦ ᠂ ᠮᠠᠨ ᠤ᠋ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠳ᠋ᠤ᠌ ᠰᠦᠯᠵᠢᠶᠡᠨ ᠳᠡᠭᠡᠷ᠎ᠡ ᠬᠡᠷᠡᠭ ᠳᠠᠩᠰᠠᠯᠠᠬᠤ ᠶ᠋ᠢ ᠪᠥᠬᠥ ᠲᠠᠯ᠎ᠠ ᠪᠠᠷ ᠬᠡᠷᠡᠭᠵᠢᠭᠦᠯᠵᠦ ᠂ ᠰᠦᠯᠵᠢᠶᠡᠨ ᠳᠡᠭᠡᠷ᠎ᠡ ᠡᠶᠡᠳᠡᠭᠦᠯᠬᠦ ᠠᠵᠢᠯ ᠳ᠋ᠤ᠌ ᠮᠡᠷᠭᠡᠵᠢᠯ ᠦ᠋ᠨ ᠪᠠᠲᠤᠯᠠᠭ᠎ᠠ ᠬᠠᠩᠭᠠᠨ᠎ᠠ ᠭᠡᠵᠦ ᠵᠢᠭᠠᠵᠤ ᠭᠠᠷᠭᠠᠪᠠ ᠃
ᠦᠨᠡᠯᠡᠬᠦ 0ᠦᠨᠡᠯᠡᠯᠲᠡ ᠲᠠᠢ