ᠰᠦ᠍ ᠯᠢ ᠵᠢᠶᠦ᠋ᠨ ᠨᠡᠢᠭᠡᠮ ᠲᠣᠭᠣᠷᠢᠭ ᠲᠠᠢ ᠬᠠᠷᠢᠯᠴᠠᠵᠤ ᠨᠡᠢᠭᠡᠮ ᠲᠣᠭᠣᠷᠢᠭ ᠢ᠋ ᠬᠠᠪᠰᠤᠷᠤᠨ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠢ᠋ ᠰᠠᠢᠲᠤᠷ ᠬᠢᠭᠰᠡᠨ
2020.03.11 ᠲᠣᠰ ᠥᠷᠲᠡᠭᠡᠨ ᠦ ᠨᠠᠢᠷᠠᠭᠤᠯᠤᠭᠴᠢ

      2020 ᠣᠨ ᠤ᠋ 2  ᠳ᠋ᠤᠭᠠᠷ ᠰᠠᠷ᠎ᠠ ᠶ᠋ᠢᠨ 13  ᠤ᠋ ᠡᠳᠦᠷ ᠦ᠋ᠨ ᠦᠳᠡ ᠶ᠋ᠢᠨ ᠡᠮᠦᠨ᠎ᠡ ᠂ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠣᠷᠣᠯᠠᠭᠴᠢ ᠳᠠᠷᠤᠭ᠎ᠠ ᠰᠦ᠍ ᠯᠢ ᠵᠢᠶᠦ᠋ᠨ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠠᠢ ᠹᠧᠢ ᠂ ᠠᠯᠪᠠᠨ ᠭᠡᠷ ᠦ᠋ᠨ ᠡᠷᠬᠢᠯᠡᠭᠴᠢ ᠲᠤᠶᠠᠭ᠎ᠠ ᠵᠡᠷᠭᠡ 4 ᠬᠥᠮᠦᠨ ᠳ᠋ᠦᠩᠱᠧᠩ ᠲᠣᠭᠣᠷᠢᠭ ᠤ᠋ᠨ ᠦᠨᠳᠦᠰᠦᠲᠡᠨ ᠵᠡᠭᠡᠯᠢ ᠭᠤᠳᠤᠮᠵᠢ ᠶ᠋ᠢᠨ ᠬᠡᠷᠡᠭ ᠡᠷᠬᠢᠯᠡᠬᠦ ᠭᠠᠵᠠᠷ ᠤ᠋ᠨ ᠴᠧᠨ ᠵᠢᠶᠠ ᠴᠢᠦᠢ ᠨᠡᠢᠭᠡᠮ ᠲᠣᠭᠣᠷᠢᠭ ᠲᠤ᠌ ᠬᠦᠷᠴᠦ ᠂   ᠬᠢᠵᠢᠭ᠌  ᠢ᠋ ᠰᠡᠷᠭᠡᠢᠯᠡᠨ ᠬᠢᠵᠠᠭᠠᠷᠯᠠᠬᠤ ᠠᠵᠢᠯ ᠢ᠋ ᠬᠠᠮᠵᠢᠨ ᠥᠷᠨᠢᠭᠦᠯᠪᠡ ᠃

      ᠰᠦ᠍ ᠯᠢ ᠵᠢᠶᠦ᠋ᠨ ᠴᠧᠨ ᠵᠢᠶᠠ ᠴᠢᠦᠢ ᠨᠡᠢᠭᠡᠮ ᠲᠣᠭᠣᠷᠢᠭ ᠤ᠋ᠨ  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠢ᠋ ᠥᠷᠨᠢᠭᠦᠯᠦᠭᠰᠡᠨ ᠪᠠᠢᠳᠠᠯ ᠵᠢᠴᠢ  ᠣᠷᠤᠰᠢᠵᠤ ᠪᠠᠢᠭ᠎ᠠ ᠬᠦᠴᠢᠷᠳᠡᠯ ᠢ᠋ ᠨᠠᠷᠢᠨ ᠣᠢᠯᠠᠭᠠᠵᠤ ᠂ ᠨᠡᠢᠭᠡᠮ ᠲᠣᠭᠣᠷᠢᠭ ᠠ᠋ᠴᠠ ᠬᠤᠪᠧᠢ ᠵᠡᠷᠭᠡ 14 ᠭᠣᠣᠯᠳᠠᠯᠭ᠎ᠠ ᠲᠠᠢ ᠬᠢᠵᠢᠭᠲᠦ ᠣᠷᠣᠨ ᠠ᠋ᠴᠠ ᠨᠤᠲᠤᠭ ᠲᠠᠭᠠᠨ ᠪᠤᠴᠠᠭᠰᠠᠨ ᠬᠥᠮᠦᠰ ᠦ᠋ᠨ ᠪᠠᠢᠳᠠᠯ ᠢ᠋ ᠣᠢᠯᠠᠭᠠᠵᠤ ᠪᠠᠢᠴᠠᠭᠠᠬᠤ ᠪᠠ ᠪᠦᠷᠢᠳᠭᠡᠬᠦ ᠂ ᠬᠢᠨᠠᠨ ᠬᠡᠮᠵᠢᠬᠦ ᠂ ᠣᠷᠣᠵᠤ ᠭᠠᠷᠬᠤ ᠶ᠋ᠢ ᠬᠠᠮᠢᠶᠠᠷᠬᠤ ᠵᠡᠷᠭᠡ ᠪᠠᠢᠳᠠᠯ ᠢ᠋ ᠨᠠᠷᠢᠨ ᠠᠰᠠᠭᠤᠨ ᠯᠠᠪᠯᠠᠬᠤ  ᠶ᠋ᠢᠨ ᠬᠠᠮᠲᠤ ᠬᠠᠮᠠᠭᠠᠯᠠᠯᠲᠠ ᠶ᠋ᠢᠨ ᠠᠮᠠᠪᠴᠢ ᠂ ᠨᠢᠳᠦᠨ  ᠰᠢᠯ ᠂ ᠬᠠᠮᠠᠭᠠᠯᠠᠯᠲᠠ ᠶ᠋ᠢᠨ ᠪᠡᠭᠡᠯᠡᠢ ᠂ ᠠᠷᠢᠭᠤᠳᠭᠠᠬᠤ  ᠰᠢᠩᠭᠡᠨ ᠵᠡᠷᠭᠡ ᠰᠡᠷᠭᠡᠢᠯᠡᠨ ᠬᠠᠮᠠᠭᠠᠯᠠᠬᠤ ᠡᠳ᠋ ᠪᠣᠳᠠᠰ ᠬᠦᠷᠭᠡᠵᠡᠢ ᠃

  

      ᠰᠦ᠍ ᠯᠢ ᠵᠢᠶᠦ᠋ᠨ ᠵᠢᠭᠠᠵᠤ ᠭᠠᠷᠭᠠᠭᠰᠠᠨ ᠨᠢ ᠂ ᠨᠡᠢᠭᠡᠮ ᠲᠣᠭᠣᠷᠢᠭ ᠤ᠋ᠨ ᠰᠡᠷᠭᠡᠢᠯᠡᠨ ᠡᠵᠡᠮᠳᠡᠬᠦ ᠪᠣᠯ  ᠬᠢᠵᠢᠭ᠌  ᠢ᠋ ᠰᠡᠷᠭᠡᠢᠯᠡᠨ ᠡᠵᠡᠮᠳᠡᠬᠦ ᠰᠠᠭᠤᠷᠢ ᠭᠣᠭᠴᠣᠭ᠎ᠠ ᠪᠠᠢᠵᠤ ᠂ ᠨᠡᠢᠭᠡᠮ ᠲᠣᠭᠣᠷᠢᠭ ᠤ᠋ᠨ ᠬᠥᠮᠦᠰ ᠨᠡᠯᠢᠶᠡᠳ ᠲᠥᠪᠯᠡᠷᠡᠭᠰᠡᠨ ᠂  ᠰᠢᠯᠵᠢᠬᠦ ᠨᠢ ᠨᠡᠯᠢᠶᠡᠳ ᠣᠯᠠᠨ ᠪᠠᠢᠵᠤ ᠂ ᠨᠡᠢᠭᠡᠮ ᠲᠣᠭᠣᠷᠢᠭ ᠤ᠋ᠨ ᠰᠡᠷᠭᠡᠢᠯᠡᠨ ᠡᠵᠡᠮᠳᠡᠬᠦ ᠨᠢ  ᠬᠢᠵᠢᠭ᠌  ᠦ᠋ᠨ ᠳᠠᠷᠬᠠᠨ ᠳᠡᠯᠭᠡᠷᠡᠬᠦ ᠶ᠋ᠢ ᠪᠦᠲᠦᠮᠵᠢᠲᠡᠢ ᠪᠡᠷ ᠬᠢᠵᠠᠭᠠᠷᠯᠠᠬᠤ ᠳ᠋ᠤ᠌ ᠲᠤᠢᠯ ᠤ᠋ᠨ ᠴᠢᠬᠤᠯᠠ ᠪᠠᠢᠳᠠᠭ ᠃ ᠡᠭᠦᠨ ᠦ᠌ ᠬᠠᠮᠲᠤ ᠨᠡᠢᠭᠡᠮ ᠲᠣᠭᠣᠷᠢᠭ ᠨᠢ ᠪᠠᠰᠠ  ᠰᠢᠨ᠎ᠡ ᠲᠢᠲᠢᠮᠯᠢᠭ᠌ ᠠᠭᠤᠰᠭᠢᠨ ᠦᠷᠪᠢᠰᠦᠯ ᠦ᠋ᠨ  ᠬᠢᠵᠢᠭ᠌  ᠢ᠋ ᠰᠡᠷᠭᠡᠢᠯᠡᠨ ᠵᠠᠰᠠᠬᠤ ᠮᠡᠳᠡᠯᠭᠡ ᠶ᠋ᠢ ᠲᠦᠭᠡᠮᠡᠯᠵᠢᠭᠦᠯᠬᠦ ᠡᠭᠦᠷᠭᠡ ᠴᠢᠳᠠᠪᠤᠷᠢ ᠶ᠋ᠢ ᠡᠭᠦᠷᠭᠡᠯᠡᠵᠦ ᠂ ᠰᠠᠭᠤᠭᠠᠯᠢ ᠣᠯᠠᠨ ᠲᠦᠮᠡᠨ ᠳ᠋ᠦ᠍  ᠰᠢᠨ᠎ᠡ ᠲᠢᠲᠢᠮᠯᠢᠭ᠌ ᠡᠪᠡᠳᠴᠢᠨ ᠦ᠌ ᠬᠣᠣᠷ ᠢ᠋ ᠨᠡᠩ ᠰᠠᠢᠲᠤᠷ ᠣᠢᠯᠠᠭᠠᠭᠤᠯᠵᠤ ᠂ ᠬᠡᠷᠡᠭ ᠦᠭᠡᠢ ᠭᠡᠯᠮᠡᠭᠳᠡᠯ ᠢ᠋ ᠠᠷᠢᠯᠭᠠᠨ ᠂ ᠪᠦᠬᠦ ᠠᠷᠠᠳ ᠢ᠋ ᠢᠳᠡᠪᠬᠢᠲᠡᠢ ᠪᠡᠷ ᠳᠠᠢᠴᠢᠯᠠᠨ ᠲᠤᠰ ᠤᠳᠠᠭᠠᠨ ᠤ᠋  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠳ᠋ᠤ᠌ ᠣᠷᠣᠯᠴᠠᠭᠤᠯᠬᠤ ᠬᠡᠷᠡᠭᠲᠡᠢ ᠃

      ᠰᠦ᠍ ᠯᠢ ᠵᠢᠶᠦ᠋ᠨ ᠢᠯᠡᠷᠬᠡᠢᠯᠡᠬᠦ ᠳ᠋ᠡᠭᠡᠨ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠨᠢ ᠪᠠᠢᠭᠤᠯᠭ᠎ᠠ ᠶ᠋ᠢᠨ ᠳᠣᠲᠣᠭᠠᠳᠤ ᠶ᠋ᠢᠨ ᠰᠡᠷᠭᠡᠢᠯᠡᠨ ᠡᠵᠡᠮᠳᠡᠯ ᠢ᠋ᠶ᠋ᠡᠨ ᠰᠠᠢᠲᠤᠷ ᠬᠢᠬᠦ ᠶ᠋ᠢᠨ ᠬᠠᠮᠲᠤ ᠂ ᠪᠦᠬᠦ ᠬᠦᠴᠦᠨ ᠢ᠋ᠶ᠋ᠡᠷ ᠢ᠋ᠶ᠋ᠡᠨ ᠬᠠᠮᠵᠢᠵᠤ ᠪᠠᠢᠭᠠᠳ ᠨᠡᠢᠭᠡᠮ ᠲᠣᠭᠣᠷᠢᠭ ᠲᠤ᠌  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠣᠷᠢᠭᠯᠠᠬᠤ ᠠᠵᠢᠯ ᠢ᠋ ᠰᠠᠢᠲᠤᠷ ᠬᠢᠵᠦ ᠂ ᠬᠠᠮᠵᠢᠯᠴᠠᠬᠤ ᠵᠣᠷᠢᠭ ᠰᠠᠨᠠᠭ᠎ᠠ ᠪᠠᠷ ᠰᠡᠷᠭᠡᠢᠯᠡᠯᠲᠡ ᠶ᠋ᠢᠨ ᠱᠤᠭᠤᠮ ᠢ᠋ ᠬᠠᠮᠲᠤ ᠪᠠᠷ ᠪᠠᠢᠭᠤᠯᠵᠤ ᠂ ᠣᠯᠠᠨ ᠢ᠋ᠶ᠋ᠠᠷ ᠢ᠋ᠶ᠋ᠠᠨ ᠵᠣᠷᠢᠭ ᠢ᠋ᠶ᠋ᠠᠨ ᠨᠢᠭᠡᠳᠭᠡᠨ ᠴᠠᠭ ᠤ᠋ᠨ ᠪᠡᠷᠬᠡ ᠶ᠋ᠢ ᠲᠤᠭᠤᠯᠵᠤ ᠂  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠣᠷᠢᠭᠯᠠᠬᠤ ᠪᠠᠢᠯᠳᠤᠭᠠᠨ ᠢ᠋ ᠡᠷᠡᠰ ᠢᠯᠠᠬᠤ ᠬᠡᠷᠡᠭᠲᠡᠢ ᠭᠡᠵᠡᠢ ᠃

      ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠥᠭᠡᠷ᠎ᠡ ᠨᠢᠭᠡ ᠳᠤᠭᠤᠢᠯᠠᠩ ᠤ᠋ᠨ ᠠᠵᠢᠯᠲᠠᠳ ᠬᠠᠮᠲᠤ ᠳᠠᠯᠠᠳ  ᠬᠣᠰᠢᠭᠤᠨ  ᠤ᠋ ᠪᠠᠷᠠᠭᠤᠨ ᠬᠦᠷᠢᠶᠡᠯᠡᠩ ᠵᠡᠭᠡᠯᠢ ᠢ᠋ᠢᠨ ᠶ᠋ᠢᠨ  ᠫᠧᠩ ᠨᠡᠢᠭᠡᠮ ᠲᠣᠭᠣᠷᠢᠭ ᠲᠠᠢ ᠬᠠᠷᠢᠯᠴᠠᠵᠤ  ᠬᠢᠵᠢᠭ᠌  ᠢ᠋ ᠰᠡᠷᠭᠡᠢᠯᠡᠬᠦ ᠠᠵᠢᠯ ᠢ᠋ ᠬᠠᠪᠰᠤᠷᠤᠨ ᠥᠷᠨᠢᠭᠦᠯᠵᠡᠢ ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )