ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ  ᠰᠢᠨ᠎ᠡ ᠲᠢᠲᠢᠮᠯᠢᠭ᠌ ᠠᠭᠤᠰᠭᠢᠨ ᠦᠷᠪᠢᠰᠦᠯ ᠦ᠋ᠨ  ᠬᠢᠵᠢᠭ᠌  ᠢ᠋ ᠰᠡᠷᠭᠡᠢᠯᠡᠨ ᠡᠵᠡᠮᠳᠡᠬᠦ ᠠᠵᠢᠯ ᠤ᠋ᠨ ᠤᠳᠤᠷᠢᠳᠬᠤ ᠳᠤᠭᠤᠢᠯᠠᠩ ᠤ᠋ᠨ ᠬᠤᠷᠠᠯ ᠬᠤᠷᠠᠯᠳᠤᠭᠤᠯᠪᠠ
2020.03.11 ᠲᠣᠰ ᠥᠷᠲᠡᠭᠡᠨ ᠦ ᠨᠠᠢᠷᠠᠭᠤᠯᠤᠭᠴᠢ

      ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ  ᠰᠢᠭᠦᠬᠦ ᠬᠣᠷᠢᠶᠠᠨ ᠤ᠋ ᠬᠠᠤᠯᠢ ᠶᠣᠰᠣᠭᠠᠷ ᠰᠡᠷᠭᠡᠢᠯᠡᠨ ᠡᠵᠡᠮᠳᠡᠬᠦ ᠴᠢᠳᠠᠪᠤᠷᠢ ᠶ᠋ᠢ ᠪᠥᠬᠥ ᠲᠠᠯ᠎ᠠ ᠪᠠᠷ  ᠳᠡᠭᠡᠭᠰᠢᠯᠡᠭᠦᠯᠵᠦ ᠂  ᠰᠢᠨ᠎ᠡ  ᠪᠡᠷ ᠪᠠᠢᠭᠤᠯᠤᠭᠰᠠᠨ ᠠᠭᠤᠰᠭᠢᠨ ᠦᠷᠪᠢᠰᠦᠯ ᠦ᠋ᠨ  ᠬᠢᠵᠢᠭ᠌  ᠢ᠋ ᠰᠡᠷᠭᠡᠢᠯᠡᠨ ᠡᠵᠡᠮᠳᠡᠬᠦ ᠠᠵᠢᠯ ᠪᠠ  ᠰᠢᠭᠦᠨ ᠲᠠᠰᠤᠯᠬᠤ ᠭᠦᠢᠴᠡᠳᠭᠡᠬᠦ ᠠᠵᠢᠯ ᠤ᠋ᠨ ᠣᠷᠭᠠᠨᠢᠭ ᠨᠢᠭᠡᠳᠦᠯ ᠢ᠋ ᠠᠬᠢᠭᠤᠯᠬᠤ ᠶ᠋ᠢᠨ ᠲᠥᠯᠥᠭᠡ ᠂ 2 ᠰᠠᠷ᠎ᠠ ᠶ᠋ᠢᠨ 12  ᠤ᠋ ᠡᠳᠦᠷ ᠂ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ  ᠰᠢᠨ᠎ᠡ ᠲᠢᠲᠢᠮᠯᠢᠭ᠌ ᠠᠭᠤᠰᠭᠢᠨ ᠦᠷᠪᠢᠰᠦᠯ ᠦ᠋ᠨ  ᠬᠢᠵᠢᠭ᠌  ᠢ᠋ ᠰᠡᠷᠭᠡᠢᠯᠡᠨ ᠡᠵᠡᠮᠳᠡᠬᠦ ᠠᠵᠢᠯ ᠤ᠋ᠨ ᠤᠳᠤᠷᠢᠳᠬᠤ ᠳᠤᠭᠤᠢᠯᠠᠩ ᠤ᠋ᠨ ᠬᠤᠷᠠᠯ ᠬᠤᠷᠠᠯᠳᠤᠭᠤᠯᠵᠤ ᠂ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠣᠷᠣᠯᠠᠭᠴᠢ ᠳᠠᠷᠤᠭ᠎ᠠ ᠰᠦ᠍ ᠯᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ ᠃

  

      ᠬᠤᠷᠠᠯ ᠳᠡᠭᠡᠷ᠎ᠡ ᠂  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠤᠳᠤᠷᠢᠳᠬᠤ ᠳᠤᠭᠤᠢᠯᠠᠩ ᠠ᠋ᠴᠠ ᠡᠯ᠎ᠡ ᠳᠤᠭᠤᠢᠯᠠᠩ ᠤ᠋ᠨ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠢ᠋ ᠨᠠᠢᠳᠠᠪᠤᠷᠢᠵᠢᠭᠤᠯᠤᠭᠰᠠᠨ ᠪᠠᠢᠳᠠᠯ ᠤ᠋ᠨ ᠲᠤᠬᠠᠢ ᠬᠠᠷᠢᠭᠤ ᠮᠡᠳᠡᠭᠦᠯᠦᠯᠲᠡ ᠶ᠋ᠢ ᠰᠣᠨᠣᠰᠪᠠ ᠃ ᠮᠡᠳᠡᠭᠦᠯᠦᠯᠲᠡ ᠶ᠋ᠢ ᠰᠣᠨᠣᠰᠤᠭᠰᠠᠨ ᠤ᠋ ᠳᠠᠷᠠᠭ᠎ᠠ ᠂ ᠰᠦ᠍ ᠯᠢ ᠵᠢᠶᠦ᠋ᠨ ᠢᠯᠡᠷᠬᠡᠢᠯᠡᠬᠦ ᠳ᠋ᠡᠭᠡᠨ ᠂ ᠬᠢᠵᠢᠭ᠌  ᠡᠭᠦᠰᠦᠭᠰᠡᠨ ᠡᠴᠡ  ᠨᠠᠰᠢ ᠂ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠦᠳᠲᠡᠷ ᠲᠦᠷᠭᠡᠨ ᠬᠥᠳᠡᠯᠦᠯᠴᠡᠵᠦ ᠂ ᠤᠳᠤᠷᠢᠳᠬᠤ ᠪᠠᠭ ᠲᠦᠷᠦᠭᠦᠯᠡᠨ ᠨᠠᠢᠳᠠᠪᠤᠷᠢᠵᠢᠭᠤᠯᠬᠤ ᠶ᠋ᠢ ᠪᠠᠷᠢᠮᠲᠠᠯᠠᠵᠤ ᠂ ᠡᠯ᠎ᠡ ᠰᠠᠯᠠᠭ᠎ᠠ ᠮᠥᠴᠢᠷ ᠬᠠᠮᠲᠤᠷᠠᠨ ᠬᠠᠮᠵᠢᠯᠴᠠᠵᠤ ᠂ ᠲᠤᠰ ᠲᠤᠰ ᠤ᠋ᠨ ᠡᠭᠦᠷᠭᠡ  ᠲᠤᠰᠢᠶᠠᠯ  ᠢ᠋ᠶ᠋ᠠᠨ ᠭᠦᠢᠴᠡᠳᠭᠡᠨ ᠂  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠰᠠᠢᠨ ᠦᠷ᠎ᠡ ᠪᠦᠲᠦᠮᠵᠢ ᠣᠯᠪᠠ ᠭᠡᠵᠡᠢ ᠃ ᠭᠡᠪᠡᠴᠦ ᠣᠳᠣᠬᠠᠨ ᠳ᠋ᠤ᠌  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠪᠠᠢᠳᠠᠯ ᠮᠥᠨ ᠯᠡ ᠬᠦᠨᠳᠦ ᠨᠣᠴᠢᠲᠠᠢ ᠪᠠᠢᠭ᠎ᠠ ᠪᠣᠯᠬᠣᠷ ᠤᠯᠤᠰ ᠲᠥᠷᠥ ᠶ᠋ᠢᠨ ᠵᠣᠭᠰᠣᠴᠠ ᠪᠠᠨ ᠦᠷᠭᠦᠯᠵᠢᠯᠡᠨ  ᠳᠡᠭᠡᠭᠰᠢᠯᠡᠭᠦᠯᠵᠦ ᠂  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠡᠯ᠎ᠡ ᠵᠦᠢᠯ ᠦ᠋ᠨ ᠠᠷᠭ᠎ᠠ ᠬᠡᠮᠵᠢᠶ᠎ᠡ ᠶ᠋ᠢ ᠢᠮᠠᠭᠲᠠ ᠪᠣᠳᠠᠲᠠᠢ ᠭᠠᠵᠠᠷ ᠲᠤᠨᠢ ᠨᠠᠢᠳᠠᠪᠤᠷᠢᠵᠢᠭᠤᠯᠬᠤ ᠬᠡᠷᠡᠭᠲᠡᠢ ᠃

 

      ᠰᠦ᠍ ᠯᠢ ᠵᠢᠶᠦ᠋ᠨ ᠡᠴᠡ ᠨᠢᠭᠡ ᠳ᠋ᠦ᠍ ᠠᠵᠢᠯ ᠤ᠋ᠨ ᠬᠠᠷᠢᠭᠤᠴᠠᠯᠭ᠎ᠠ ᠶ᠋ᠢ ᠪᠣᠳᠠᠲᠠᠢᠵᠢᠭᠤᠯᠵᠤ ᠂ ᠠᠵᠢᠯ ᠤ᠋ᠨ ᠬᠤᠪᠢᠶᠠᠷᠢ ᠲᠣᠳᠣᠷᠬᠠᠢ ᠂ ᠡᠭᠦᠷᠭᠡ ᠬᠠᠷᠢᠭᠤᠴᠠᠯᠭ᠎ᠠ ᠲᠣᠳᠣᠷᠬᠠᠢ ᠂ ᠠᠷᠭ᠎ᠠ ᠬᠡᠮᠵᠢᠶ᠎ᠡ ᠪᠣᠳᠠᠲᠠᠢᠵᠢᠭᠤᠯᠬᠤ ᠬᠡᠷᠡᠭᠲᠡᠢ ᠭᠡᠵᠦ ᠱᠠᠭᠠᠷᠳᠠᠵᠠᠢ ᠃

      ᠳᠠᠷᠠᠭ᠎ᠠ ᠠᠯᠬᠤᠮ ᠳ᠋ᠤ᠌ ᠂  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠳ᠋ᠤ᠌ ᠬᠠᠷᠢᠭᠤᠴᠠᠯᠭ᠎ᠠ ᠶ᠋ᠢ ᠪᠣᠳᠠᠲᠠᠢ ᠬᠥᠮᠦᠨ ᠳ᠋ᠦ᠍ ᠬᠦᠷᠲᠡᠯ᠎ᠡ ᠬᠢᠵᠦ ᠂ ᠡᠯ᠎ᠡ ᠵᠦᠢᠯ ᠦ᠋ᠨ ᠠᠵᠢᠯ ᠤ᠋ᠨ ᠭᠣᠭᠴᠣᠭ᠎ᠠ ᠨᠢᠭᠡᠪᠦᠷᠢ ᠶ᠋ᠢ ᠴᠥᠮ ᠪᠣᠳᠠᠲᠠᠢ ᠪᠠᠷ ᠨᠠᠷᠢᠯᠢᠭ ᠪᠥᠭᠡᠳ ᠴᠢᠩᠭ᠎ᠠ ᠬᠢᠬᠦ ᠬᠡᠷᠡᠭᠲᠡᠢ ; ᠠᠵᠢᠯ ᠤ᠋ᠨ ᠰᠠᠬᠢᠯᠭ᠎ᠠ ᠪᠠᠲᠤ ᠶ᠋ᠢ ᠴᠢᠩᠭ᠎ᠠ ᠰᠠᠬᠢᠵᠤ ᠂ ᠡᠨᠡ ᠤᠳᠠᠭᠠᠨ ᠤ᠋  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠣᠷᠢᠭᠯᠠᠬᠤ ᠪᠠ ᠬᠣᠷᠢᠭᠯᠠᠨ ᠴᠣᠬᠢᠬᠤ ᠪᠠᠢᠯᠳᠤᠭᠠᠨ ᠤ᠋ ᠳᠤᠮᠳᠠ ᠬᠣᠯᠪᠣᠭᠳᠠᠯ ᠪᠦᠬᠦᠢ ᠲᠣᠭᠲᠠᠭᠠᠯ ᠠ᠋ᠴᠠ ᠵᠥᠷᠢᠴᠡᠭᠰᠡᠨ ᠂ ᠬᠤᠳᠠᠯ ᠢ᠋ᠶ᠋ᠠᠷ ᠮᠡᠳᠡᠭᠦᠯᠬᠦ ᠥᠬᠡᠢ ᠂ ᠰᠤᠷᠲᠠᠯ  ᠬᠥᠪᠬᠦ ᠵᠡᠷᠭᠡ ᠪᠠᠢᠳᠠᠯ ᠠ᠋ᠴᠠ ᠪᠣᠯᠵᠤ ᠂ ᠮᠠᠭᠤ ᠦᠷ᠎ᠡ  ᠤᠷᠰᠢᠭ ᠭᠠᠷᠭᠠᠭᠰᠠᠨ ᠪᠣᠯ ᠴᠢᠩᠭ᠎ᠠ  ᠰᠢᠢᠳᠪᠦᠷᠢᠯᠡᠬᠦ ᠬᠡᠷᠡᠭᠲᠡᠢ ; ᠡᠯ᠎ᠡ ᠰᠠᠯᠠᠭ᠎ᠠ ᠮᠥᠴᠢᠷ ᠦ᠋ᠳ ᠨᠠᠮ ᠤ᠋ᠨ ᠤᠳᠤᠷᠢᠳᠬᠤ ᠳᠤᠭᠤᠢᠯᠠᠩ ᠤ᠋ᠨ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ ᠂ ᠰᠠᠨᠠᠭᠠᠴᠢᠯᠠᠭ᠎ᠠ ᠠ᠋ᠴᠠ ᠪᠠᠨ ᠠᠷᠭ᠎ᠠ ᠬᠡᠮᠵᠢᠶ᠎ᠡ ᠠᠪᠴᠤ ᠂ ᠨᠠᠷᠢᠯᠢᠭ ᠣᠨᠣᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠦᠨ ᠂ ᠴᠠᠭ ᠲᠤᠬᠠᠢ ᠳ᠋ᠤᠨᠢ  ᠰᠢᠮᠳᠠᠭᠤᠯᠵᠤ᠂ ᠡᠯ᠎ᠡ ᠵᠦᠢᠯ ᠦ᠋ᠨ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠶ᠋ᠢ ᠨᠠᠢᠳᠠᠪᠤᠷᠢᠵᠢᠭᠤᠯᠤᠨ ᠪᠣᠳᠠᠲᠠᠢᠵᠢᠭᠤᠯᠬᠤ ᠶ᠋ᠢ ᠦᠨᠡᠨᠬᠦ ᠪᠠᠲᠤᠯᠠᠬᠤ ᠬᠡᠷᠡᠭᠲᠡᠢ ᠃

      ᠬᠣᠶᠠᠷ ᠲᠤ᠌ ᠂ ᠨᠠᠷᠢᠨ ᠬᠢᠨᠠᠮᠠᠭᠠᠢ ᠲᠥᠰᠥᠪᠯᠡᠨ ᠂ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠂ ᠡᠯ᠎ᠡ ᠵᠦᠢᠯ ᠦ᠋ᠨ ᠠᠵᠢᠯ ᠢ᠋ ᠨᠢᠭᠡᠳᠦᠯᠲᠡᠢ ᠲᠥᠯᠥᠪᠯᠡᠨ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠃

      ᠪᠦᠬᠦ ᠵᠢᠯ ᠦ᠋ᠨ ᠠᠵᠢᠯ ᠠ᠋ᠴᠠ ᠠᠪᠴᠤ ᠦᠵᠡᠪᠡᠯ᠂ ᠡᠯ᠎ᠡ ᠰᠠᠯᠠᠭ᠎ᠠ ᠮᠥᠴᠢᠷ ᠦ᠋ᠳ  ᠣᠷᠤᠰᠢᠵᠤ ᠪᠠᠢᠭ᠎ᠠ ᠠᠰᠠᠭᠤᠳᠠᠯ ᠳ᠋ᠤ᠌ ᠴᠢᠭᠯᠡᠭᠦᠯᠦᠨ᠂ ᠠᠵᠢᠯ ᠤ᠋ᠨ ᠲᠥᠯᠥᠪᠯᠡᠭᠡ ᠲᠣᠭᠲᠠᠭᠠᠵᠤ᠂ ᠠᠷᠭ᠎ᠠ ᠬᠡᠮᠵᠢᠶ᠎ᠡ ᠪᠡᠨ ᠨᠠᠷᠢᠯᠢᠭᠵᠢᠭᠤᠯᠵᠤ᠂ ᠬᠥᠮᠦᠨ ᠳ᠋ᠦ᠍ ᠬᠦᠷᠲᠡᠯ᠎ᠡ ᠵᠠᠳᠠᠷᠠᠭᠤᠯᠬᠤ ᠬᠡᠷᠡᠭᠲᠡᠢ᠃ ᠣᠳᠣᠬᠠᠨ ᠤ᠋ ᠠᠵᠢᠯ ᠠ᠋ᠴᠠ ᠠᠪᠴᠤ ᠦᠵᠡᠪᠡᠯ᠂  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠪᠠ  ᠰᠢᠭᠦᠨ ᠭᠦᠢᠴᠡᠳᠭᠡᠬᠦ ᠠᠵᠢᠯ ᠢ᠋ ᠶᠠᠭᠠᠬᠢᠭᠰᠠᠨ ᠴᠤ᠌ ᠰᠠᠭᠠᠲᠠᠭᠠᠬᠤ ᠬᠡᠷᠡᠭᠲᠡᠢ᠃ ᠪᠦᠬᠦ  ᠺᠠᠲᠷ  ᠴᠠᠭᠳᠠᠭ᠎ᠠ ᠨᠠᠷ ᠳᠡᠭᠡᠳᠦ  ᠵᠡᠷᠭᠡ ᠢ᠋ᠢᠨ ᠰᠢᠭᠦᠬᠦ  ᠬᠣᠷᠢᠶ᠎ᠠ  ᠂ ᠳᠡᠭᠡᠳᠦ  ᠵᠡᠷᠭᠡ ᠢ᠋ᠢᠨ ᠰᠢᠭᠦᠬᠦ  ᠬᠣᠷᠢᠶ᠎ᠠ  ᠶ᠋ᠢᠨ ᠪᠠᠭᠤᠯᠭᠠᠭᠰᠠᠨ  ᠪᠢᠴᠢᠭ᠌ ᠮᠠᠲ᠋ᠸᠷᠢᠶᠠᠯ ᠤ᠋ᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠰᠤᠷᠤᠯᠴᠠᠨ ᠰᠤᠳᠤᠯᠵᠤ ᠂  ᠰᠢᠯᠢᠳᠡᠭ  ᠰᠢᠭᠦᠬᠦ ᠬᠣᠷᠢᠶᠠᠨ ᠤ᠋ ᠠᠵᠢᠯ ᠤ᠋ᠨ  ᠲᠤᠷᠰᠢᠯᠭ᠎ᠠ  ᠪᠠᠷ ᠲᠣᠯᠢ ᠪᠣᠯᠭᠠᠵᠤ ᠂ ᠠᠵᠢᠯ ᠤ᠋ᠨ ᠪᠣᠳᠠᠲᠤ ᠪᠠᠢᠳᠠᠯ ᠢ᠋ ᠦᠨᠳᠦᠰᠦᠯᠡᠨ ᠬᠠᠨᠳᠤᠯᠭᠠᠲᠤ ᠴᠢᠨᠠᠷ ᠲᠠᠢ ᠨᠡᠢᠲᠡᠯᠡᠨ ᠨᠠᠢᠳᠠᠪᠤᠷᠢᠵᠢᠭᠤᠯᠬᠤ ᠲᠥᠰᠦᠯ ᠢ᠋ ᠬᠡᠷᠡᠭᠵᠢᠭᠦᠯᠬᠦ ᠬᠡᠷᠡᠭᠲᠡᠢ ᠃  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠣᠨᠴᠠᠭᠠᠢ ᠴᠠᠭ ᠦᠶ᠎ᠡ ᠳ᠋ᠦ᠍ ᠂ ᠰᠦᠯᠵᠢᠶᠡᠨ ᠳᠡᠭᠡᠷ᠎ᠡ ᠲᠢᠩᠬᠢᠮ ᠨᠡᠭᠡᠭᠡᠬᠦ ᠶ᠋ᠢ ᠶᠡᠬᠡᠪᠡᠷ ᠳᠡᠯᠭᠡᠷᠡᠭᠦᠯᠵᠦ ᠂ ᠡᠯ᠎ᠡ ᠲᠥᠷᠥᠯ ᠦ᠋ᠨ ᠰᠦᠯᠵᠢᠶᠡᠨ ᠳᠡᠭᠡᠷᠡᠬᠢ ᠵᠠᠷᠭᠤ ᠂ ᠦᠢᠯᠡᠴᠢᠯᠡᠭᠡᠨ ᠦ᠌ ᠲᠠᠪᠴᠠᠩ ᠤ᠋ᠨ ᠪᠠᠢᠭᠤᠯᠤᠯᠲᠠ ᠶ᠋ᠢ ᠨᠡᠮᠡᠭᠳᠡᠭᠦᠯᠵᠦ ᠂ ᠣᠶᠤᠨᠴᠢ  ᠰᠢᠭᠦᠬᠦ ᠬᠣᠷᠢᠶᠠᠨ ᠤ᠋ ᠳᠠᠪᠠᠭᠤᠯᠢᠭ ᠢ᠋ ᠭᠦᠢᠴᠡᠳ  ᠠᠰᠢᠭᠯᠠᠨ ᠂ ᠰᠦᠯᠵᠢᠶᠡᠨ ᠳᠡᠭᠡᠷᠡᠬᠢ ᠵᠠᠭᠠᠯᠳᠤᠯᠭ᠎ᠠ ᠪᠤᠶᠤ ᠰᠦᠯᠵᠢᠶᠡᠨ ᠳᠡᠭᠡᠷᠡᠬᠢ ᠬᠠᠤᠯᠢ ᠴᠠᠭᠠᠵᠠ ᠶ᠋ᠢᠨ ᠦᠢᠯᠡᠴᠢᠯᠡᠭᠡ ᠪᠡᠷ ᠳᠠᠮᠵᠢᠨ ᠠᠵᠢᠯ ᠢ᠋ᠶ᠋ᠠᠨ ᠠᠬᠢᠭᠤᠯᠬᠤ ᠬᠡᠷᠡᠭᠲᠡᠢ ᠃ᠳᠣᠷᠤᠭᠰᠢ ᠬᠢ ᠶ᠋ᠢ ᠵᠢᠯᠣᠭᠣᠳᠬᠤ ᠡᠷᠴᠢᠮ ᠢ᠋ᠶ᠋ᠡᠨ ᠴᠢᠩᠭᠠᠷᠠᠭᠤᠯᠵᠤ ᠂ ᠰᠦᠯᠵᠢᠶᠡᠨ ᠳᠡᠭᠡᠷ᠎ᠡ ᠵᠢᠯᠣᠭᠣᠳᠬᠤ ᠠᠷᠭ᠎ᠠ ᠮᠠᠶᠢᠭ ᠢ᠋ ᠬᠠᠢᠨ ᠰᠦᠪᠡᠭᠴᠢᠯᠡᠵᠦ ᠰᠤᠳᠤᠯᠤᠨ ᠂ ᠦᠨᠳᠦᠰᠦᠨ ᠱᠠᠲᠤᠨ ᠤ᠋  ᠰᠢᠭᠦᠬᠦ ᠬᠣᠷᠢᠶ᠎ᠠ ᠶ᠋ᠢᠨ  ᠰᠢᠭᠦᠨ  ᠰᠢᠢᠳᠪᠦᠷᠢᠯᠡᠬᠦ  ᠠᠵᠢᠯ ᠤ᠋ᠨ ᠴᠢᠨᠠᠷ ᠪᠦᠲᠦᠮᠵᠢ ᠶ᠋ᠢ ᠦᠨᠡᠨᠬᠦ  ᠳᠡᠭᠡᠭᠰᠢᠯᠡᠭᠦᠯᠬᠦ ᠬᠡᠷᠡᠭᠲᠡᠢ ᠃

      ᠭᠤᠷᠪᠠ ᠳ᠋ᠤ᠌ ᠶᠠᠷᠢᠶ᠎ᠠ ᠬᠡᠯᠡᠯᠴᠡᠭᠡᠨ ᠦ᠌ ᠪᠠᠢᠳᠠᠯ ᠢ᠋ ᠬᠥᠲᠥᠯᠦᠨ ᠵᠢᠯᠣᠭᠣᠳᠬᠤ ᠠᠵᠢᠯ ᠢ᠋ ᠰᠠᠢᠲᠤᠷ ᠬᠢᠵᠦ ᠂ ᠬᠠᠤᠯᠢ ᠴᠠᠭᠠᠵᠠ ᠶ᠋ᠢᠨ ᠵᠢᠩᠬᠢᠨᠢ ᠴᠢᠳᠠᠪᠤᠷᠢ ᠶ᠋ᠢ ᠪᠠᠳᠠᠷᠠᠭᠤᠯᠤᠨ᠎ᠠ ᠃

      ᠶᠠᠷᠢᠶ᠎ᠠ ᠬᠡᠯᠡᠯᠴᠡᠭᠡᠨ ᠦ᠌ ᠪᠠᠢᠳᠠᠯ ᠢ᠋ ᠬᠥᠲᠥᠯᠦᠨ ᠵᠢᠯᠣᠭᠣᠳᠬᠤ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠂ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶᠠᠨ ᠤ᠋ ᠴᠢᠬᠤᠯᠠ  ᠪᠢᠴᠢᠭ᠌  ᠮᠠᠲ᠋ᠧᠷᠢᠶᠠᠯ ᠤ᠋ᠨ ᠵᠣᠷᠢᠭ ᠰᠠᠨᠠᠭ᠎ᠠ ᠵᠢᠴᠢ ᠬᠠᠮᠤᠭ ᠤ᠋ᠨ  ᠰᠢᠨ᠎ᠡ ᠲᠥᠷᠥ ᠶ᠋ᠢᠨ ᠪᠣᠳᠣᠯᠭ᠎ᠠ ᠶ᠋ᠢ ᠴᠠᠭ ᠲᠤᠬᠠᠢ ᠳ᠋ᠤᠨᠢ  ᠡᠵᠡᠮᠰᠢᠵᠦ᠂ ᠳᠡᠭᠡᠳᠦ  ᠵᠡᠷᠭᠡ ᠢ᠋ᠢᠨ ᠰᠢᠭᠦᠬᠦ  ᠬᠣᠷᠢᠶ᠎ᠠ  ᠂ ᠳᠡᠭᠡᠳᠦ ᠵᠡᠷᠭᠡ ᠢ᠋ᠢᠨ ᠰᠢᠭᠦᠬᠦ  ᠬᠣᠷᠢᠶ᠎ᠠ  ᠶ᠋ᠢᠨ ᠵᠢᠯᠣᠭᠣᠳᠬᠤ ᠰᠠᠨᠠᠯ ᠢ᠋ ᠤᠬᠠᠭᠤᠯᠬᠤ ᠡᠷᠴᠢᠮ ᠢ᠋ᠶ᠋ᠡᠨ ᠴᠢᠩᠭᠠᠷᠠᠭᠤᠯᠵᠤ ᠂ ᠠᠯᠪᠠᠨ ᠤ᠋ ᠲᠠᠯ᠎ᠠ ᠶ᠋ᠢᠨ ᠡᠷᠬᠡ ᠰᠦᠷᠲᠦ ᠮᠡᠳᠡᠯᠭᠡ ᠶ᠋ᠢ ᠨᠡᠢᠲᠡᠯᠡᠨ ᠂ ᠠᠷᠠᠳ ᠣᠯᠠᠨ ᠳ᠋ᠤ᠌ ᠬᠠᠮᠤᠭ ᠤ᠋ᠨ  ᠰᠢᠨ᠎ᠡ ᠮᠡᠳᠡᠭᠡ ᠵᠠᠩᠭᠢ ᠶ᠋ᠢ ᠴᠠᠭ ᠲᠤᠬᠠᠢ ᠳ᠋ᠤᠨᠢ ᠣᠢᠯᠠᠭᠠᠭᠤᠯᠬᠤ ᠬᠡᠷᠡᠭᠲᠡᠢ ᠃ ᠡᠭᠦᠨ ᠦ᠌ ᠬᠠᠮᠲᠤ ᠬᠣᠯᠪᠣᠭᠳᠠᠯ  ᠪᠦᠬᠦᠢ ᠢᠷᠭᠡᠨ ᠤ᠋ ᠬᠤᠳᠠᠯᠳᠤᠭᠠᠨ ᠤ᠋ ᠶᠠᠪᠤᠳᠠᠯ ᠂ ᠡᠷᠡᠭᠦᠦ ᠶ᠋ᠢᠨ ᠬᠡᠷᠡᠭ ᠂ ᠭᠦᠢᠴᠡᠳᠭᠡᠬᠦ ᠵᠠᠷᠬᠡ᠎  ᠬᠢᠵᠢᠭ᠌  ᠦ᠋ᠨ ᠪᠠᠢᠳᠠᠯ ᠳ᠋ᠤ᠌ ᠬᠣᠯᠪᠣᠭᠳᠠᠬᠤ ᠬᠠᠤᠯᠢ ᠴᠠᠭᠠᠵᠠ ᠶ᠋ᠢᠨ ᠮᠡᠳᠡᠯᠭᠡ ᠶ᠋ᠢᠨ ᠲᠤᠬᠠᠢ ᠤᠬᠠᠭᠤᠯᠭ᠎ᠠ ᠪᠠᠨ ᠴᠢᠩᠭᠠᠳᠭᠠᠨ ᠂  ᠥᠷᠭᠡᠨ ᠡᠣᠯᠠᠠ  ᠢ᠋ ᠬᠥᠲᠥᠯᠦᠨ ᠵᠢᠯᠣᠭᠣᠳᠴᠤ ᠬᠠᠤᠯᠢ ᠴᠠᠭᠠᠵᠠ ᠶ᠋ᠢᠨ ᠤᠬᠠᠮᠰᠠᠷ ᠢ᠋ ᠨᠢ  ᠳᠡᠭᠡᠭᠰᠢᠯᠡᠭᠦᠯᠬᠦ ᠬᠡᠷᠡᠭᠲᠡᠢ ᠃ ᠨᠢᠭᠡᠳᠦᠭᠡᠷ ᠹᠷᠣᠨᠲ ᠤ᠋ᠨ  ᠬᠢᠵᠢᠭ᠌  ᠰᠡᠷᠭᠡᠢᠯᠡᠬᠦ  ᠺᠠᠲᠷ ᠴᠠᠭᠳᠠᠭ᠎ᠠ ᠶ᠋ᠢᠨ ᠮᠡᠳᠡᠭᠡᠯᠡᠯ ᠢ᠋ ᠴᠢᠩᠭᠠᠳᠭᠠᠵᠤ ᠂ ᠬᠤᠷᠢᠶᠠᠩᠭᠤᠢᠯᠠᠨ ᠵᠦᠢᠴᠢᠯᠡᠵᠦ ᠰᠡᠳᠭᠢᠯ ᠬᠥᠳᠡᠯᠭᠡᠮ᠎ᠡ ᠦᠢᠯᠡ ᠠᠵᠢᠯᠯᠠᠭ᠎ᠠ ᠶ᠋ᠢ ᠪᠣᠯᠪᠠᠰᠤᠷᠠᠭᠤᠯᠤᠨ ᠂  ᠰᠢᠭᠦᠬᠦ ᠬᠣᠷᠢᠶᠠᠨ ᠤ᠋ ᠬᠥᠮᠦᠨ ᠦ᠌ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠬᠢᠬᠦ ᠵᠣᠷᠢᠭ ᠰᠠᠨᠠᠭ᠎ᠠ ᠶ᠋ᠢ ᠶᠡᠬᠡ ᠪᠡᠷ ᠤᠬᠠᠭᠤᠯᠵᠤ ᠂  ᠰᠢᠨ᠎ᠡ ᠴᠠᠭ ᠦᠶ᠎ᠡ ᠶ᠋ᠢᠨ  ᠰᠢᠭᠦᠬᠦ ᠬᠣᠷᠢᠶᠠᠨ ᠤ᠋ ᠠᠵᠢᠯᠲᠠᠨ ᠤ᠋ ᠳᠦᠷᠰᠦ ᠪᠠᠢᠳᠠᠯ ᠢ᠋ ᠢᠯᠡᠷᠡᠭᠦᠯᠬᠦ ᠬᠡᠷᠡᠭᠲᠡᠢ ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )