ᠠᠵᠤ ᠠᠬᠤᠢᠯᠠᠯ ᠰᠢᠨ᠎ᠡ ᠲᠢᠲᠢᠮᠯᠢᠭ᠌ ᠠᠭᠤᠰᠭᠢᠨ ᠦᠷᠪᠢᠰᠦᠯ ᠦ᠋ᠨ  ᠬᠢᠵᠢᠭ᠌ ᠦ᠋ᠨ ᠪᠠᠢᠳᠠᠯ ᠢ᠋ ᠠᠷᠭᠠᠴᠠᠵᠤ ᠠᠵᠤ ᠠᠬᠤᠢᠯᠠᠯ ᠤ᠋ᠨ ᠡᠷᠡᠭᠦᠯ ᠢ᠋ᠶ᠋ᠡᠷ ᠬᠥᠭᠵᠢᠬᠦ ᠶ᠋ᠢ ᠪᠠᠲᠤᠯᠠᠬᠤ ᠲᠤᠬᠠᠢ
2020.03.12 ᠲᠣᠰ ᠥᠷᠲᠡᠭᠡᠨ᠎ᠦ ᠨᠠᠢᠷᠠᠭᠤᠯᠤᠭᠴᠢ

      ᠰᠢ ᠵᠢᠨ ᠫᠢᠩ ᠶᠡᠷᠦᠩᠬᠡᠢ ᠱᠦᠵᠢ ᠶ᠋ᠢᠨ  ᠰᠢᠨ᠎ᠡ ᠲᠢᠲᠢᠮᠯᠢᠭ᠌ ᠠᠭᠤᠰᠭᠢᠨ ᠦᠷᠪᠢᠰᠦᠯ ᠦ᠋ᠨ  ᠬᠢᠵᠢᠭ᠌  ᠢ᠋ ᠰᠡᠷᠭᠡᠢᠯᠡᠨ ᠬᠣᠷᠢᠭᠯᠠᠬᠤ ᠪᠠᠢᠯᠳᠤᠭᠠᠨ ᠢ᠋ ᠡᠷᠡᠰ ᠢᠯᠠᠬᠤ ᠲᠤᠬᠠᠢ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠲᠤᠤᠱᠯᠠᠭᠤᠯᠵᠤ ᠂ ᠠᠷᠠᠳ ᠤ᠋ᠨ ᠳᠡᠭᠡᠳᠦ  ᠵᠡᠷᠭᠡ  ᠢ᠋ᠢᠨ  ᠰᠢᠭᠦᠬᠦ ᠬᠣᠷᠢᠶ᠎ᠠ ᠶ᠋ᠢᠨ  ᠰᠢᠨ᠎ᠡ ᠲᠢᠲᠢᠮᠯᠢᠭ᠌ ᠠᠭᠤᠰᠭᠢᠨ ᠤ᠋ ᠦᠷᠪᠢᠰᠦᠯ ᠦ᠋ᠨ ᠬᠢᠵᠢᠭ᠌  ᠢ᠋ ᠬᠠᠤᠯᠢ ᠶᠣᠰᠣᠭᠠᠷ ᠰᠡᠷᠭᠡᠢᠯᠡᠨ ᠬᠢᠵᠠᠭᠠᠷᠯᠠᠬᠤ ᠳ᠋ᠤ᠌ ᠬᠦᠴᠦᠲᠡᠢ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ  ᠲᠠᠢ ᠠᠵᠢᠯ ᠤ᠋ᠨ ᠱᠠᠭᠠᠷᠳᠠᠯᠭ᠎ᠠ ᠶ᠋ᠢ ᠬᠠᠩᠭᠠᠵᠤ ᠂ ᠬᠠᠤᠯᠢ ᠪᠠᠷ ᠵᠠᠰᠠᠬᠤ ᠪᠠᠲᠤᠯᠠᠭ᠎ᠠ ᠶ᠋ᠢᠨ ᠳᠦᠷᠢᠮ ᠦ᠋ᠨ ᠬᠦᠴᠦᠨ ᠴᠢᠳᠠᠪᠤᠷᠢ ᠶ᠋ᠢ ᠭᠦᠢᠴᠡᠳ ᠪᠠᠳᠠᠷᠠᠭᠤᠯᠵᠤ ᠂  ᠬᠢᠵᠢᠭ᠌  ᠦ᠋ᠨ ᠪᠠᠢᠳᠠᠯ ᠤ᠋ᠨ ᠨᠥᠯᠥᠭᠡ ᠡᠴᠡ ᠪᠣᠯᠵᠤ ᠡᠵᠡᠩᠨᠡᠯᠲᠡ ᠬᠢᠬᠦ ᠳ᠋ᠦ᠍ ᠬᠦᠴᠦ ᠪᠡᠨ ᠨᠡᠮᠡᠷᠢᠯᠡᠬᠦ ᠪᠡᠷ ᠬᠦᠴᠦᠯᠡᠨ ᠴᠢᠷᠮᠠᠢᠨ᠎ᠠ ᠃

      ᠨᠢᠭᠡ ᠂ ᠬᠠᠤᠯᠢ ᠴᠠᠭᠠᠵᠠ ᠶ᠋ᠢᠨ 《 ᠰᠠᠭᠠᠳ ᠦᠭᠡᠢ ᠨᠡᠪᠲᠡᠷᠡᠬᠦ ᠵᠠᠮ 》 ᠢ᠋ ᠨᠡᠭᠡᠭᠡᠵᠦ ᠂ ᠵᠠᠷᠭᠤ ᠶ᠋ᠢᠨ ᠦᠢᠯᠡᠴᠢᠯᠡᠭᠡ ᠶ᠋ᠢ  ᠰᠢᠯᠢᠳᠡᠭᠵᠢᠭᠦᠯᠵᠦ᠂ ᠠᠵᠤ ᠠᠬᠤᠢᠯᠠᠯ ᠤ᠋ᠨ ᠵᠠᠷᠭᠤ ᠶ᠋ᠢᠨ ᠶᠠᠳᠠᠷᠠᠭ᠎ᠠ ᠶ᠋ᠢ ᠬᠥᠩᠭᠡᠯᠡᠪᠡ᠃

      1. ᠪᠥᠬᠥ ᠬᠣᠲᠠ ᠶ᠋ᠢᠨ ᠬᠣᠶᠠᠷ ᠱᠠᠲᠤᠨ ᠤ᠋  ᠰᠢᠭᠦᠬᠦ ᠬᠣᠷᠢᠶ᠎ᠠ ᠲᠤᠰᠭᠠᠢ 《 ᠰᠠᠭᠠᠳ ᠦᠭᠡᠢ ᠨᠡᠪᠲᠡᠷᠡᠬᠦ ᠵᠠᠮ 》 ᠨᠡᠭᠡᠭᠡᠵᠦ ᠂  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠳ᠋ᠦ᠍ ᠬᠡᠷᠡᠭᠰᠡᠬᠦ ᠡᠳ᠋ ᠪᠣᠳᠠᠰ ᠢ᠋ ᠦᠢᠯᠡᠳᠪᠦᠷᠢᠯᠡᠬᠦ ᠂ ᠪᠣᠷᠣᠯᠠᠭᠤᠯᠬᠤ ᠠᠵᠤ ᠠᠬᠤᠢᠯᠠᠯ ᠳ᠋ᠤ᠌ ᠬᠣᠯᠪᠣᠭᠳᠠᠬᠤ ᠬᠡᠷᠡᠭ ᠢ᠋ ᠤᠷᠢᠳᠠᠪᠡᠷ ᠳᠠᠩᠰᠠᠯᠠᠵᠤ ᠂ ᠤᠷᠢᠳᠠᠪᠡᠷ  ᠰᠢᠭᠦᠨ  ᠰᠢᠢᠳᠪᠦᠷᠢᠯᠡᠵᠦ ᠂ ᠤᠷᠢᠳᠠᠪᠡᠷ ᠬᠡᠷᠡᠭᠵᠢᠭᠦᠯᠦᠨ᠎ᠡ ᠃ ᠲᠤᠬᠠᠢ ᠶ᠋ᠢᠨ ᠬᠥᠮᠦᠨ ᠨᠢ  ᠬᠢᠵᠢᠭ᠌  ᠦ᠋ᠨ ᠨᠥᠯᠥᠭᠡ ᠡᠴᠡ ᠪᠣᠯᠵᠤ ᠢᠷᠭᠡᠨ ᠦ᠌ ᠬᠡᠷᠡᠭ ᠦ᠋ᠨ ᠭᠤᠶᠤᠴᠢᠯᠠᠬᠤ ᠡᠷᠬᠡ ᠪᠡᠨ ᠴᠠᠭ ᠲᠤᠬᠠᠢ ᠳ᠋ᠤᠨᠢ ᠬᠡᠷᠡᠭᠵᠢᠭᠦᠯᠵᠦ ᠳᠡᠢᠯᠬᠦ ᠦᠭᠡᠢ ᠪᠠᠢᠪᠠᠯ ᠂ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠢᠷᠭᠡᠨ ᠦ᠌ ᠬᠠᠤᠯᠢ ᠶ᠋ᠢᠨ ᠶᠡᠷᠦᠩᠬᠡᠢ ᠳᠦᠷᠢᠮ 》  ᠦ᠋ᠨ ᠵᠠᠭᠤ ᠶᠡᠷᠡᠨ ᠳᠥᠷᠪᠡᠳᠦᠭᠡᠷ ᠵᠦᠢᠯ ᠦ᠋ᠨ ᠵᠠᠷᠭᠤ ᠶ᠋ᠢᠨ ᠬᠦᠴᠦᠨ ᠲᠡᠢ ᠬᠤᠭᠤᠴᠠᠭ᠎ᠠ ᠶ᠋ᠢ ᠵᠣᠭᠰᠣᠭᠠᠬᠤ ᠲᠤᠬᠠᠢ ᠲᠣᠭᠲᠠᠭᠠᠯ ᠢ᠋ ᠬᠠᠤᠯᠢ ᠶᠣᠰᠣᠭᠠᠷ ᠬᠡᠷᠡᠭᠯᠡᠨ᠎ᠡ ; ᠲᠤᠬᠠᠢ ᠶ᠋ᠢᠨ ᠬᠥᠮᠦᠨ  ᠬᠢᠵᠢᠭ᠌ ᠦ᠋ᠨ ᠨᠥᠯᠥᠭᠡ ᠡᠴᠡ ᠪᠣᠯᠵᠤ ᠵᠠᠷᠭᠤ ᠶ᠋ᠢᠨ ᠰᠦᠢᠳᠭᠡᠯ ᠦ᠋ᠨ ᠡᠭᠦᠷᠭᠡ ᠪᠡᠨ ᠴᠠᠭ ᠲᠤᠬᠠᠢ ᠳ᠋ᠤᠨᠢ  ᠲᠤᠰᠢᠶᠠᠵᠤ ᠳᠡᠢᠯᠬᠦ ᠦᠭᠡᠢ ᠂  ᠳᠡᠭᠡᠭᠰᠢ ᠵᠠᠭᠠᠯᠳᠤᠬᠤ  ᠪᠢᠴᠢᠭ᠌ ᠪᠠ ᠳᠠᠬᠢᠨ  ᠰᠢᠭᠦᠯᠭᠡᠬᠦ ᠭᠤᠶᠤᠴᠢᠯᠠᠯ ᠢ᠋  ᠲᠤᠰᠢᠶᠠᠭᠰᠠᠨ ᠦᠭᠡᠢ ᠪᠠᠢᠪᠠᠯ ᠂ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠢᠷᠭᠡᠨ ᠦ᠌ ᠵᠠᠷᠭᠤ ᠶ᠋ᠢᠨ ᠬᠠᠤᠯᠢ 》  ᠶ᠋ᠢᠨ ᠨᠠᠶᠠᠨ ᠭᠤᠷᠪᠠᠳᠤᠭᠠᠷ ᠵᠦᠢᠯ ᠳ᠋ᠡᠬᠢ ᠰᠠᠭᠠᠳᠤᠭᠰᠠᠨ ᠪᠠ  ᠤᠳᠠᠭᠠᠰᠢᠷᠠᠭᠤᠯᠤᠭᠰᠠᠨ ᠲᠤᠬᠠᠢ ᠲᠣᠭᠲᠠᠭᠠᠯ ᠢ᠋ ᠬᠠᠤᠯᠢ ᠶᠣᠰᠣᠭᠠᠷ ᠬᠡᠷᠡᠭᠯᠡᠨ᠎ᠡ

      2. ᠰᠦᠯᠵᠢᠶᠡᠨ ᠳᠡᠭᠡᠷᠡᠬᠢ ᠵᠠᠷᠭᠤ ᠶ᠋ᠢᠨ ᠦᠢᠯᠡᠴᠢᠯᠡᠭᠡᠨ ᠦ᠌ ᠴᠢᠳᠠᠪᠬᠢ ᠶ᠋ᠢ  ᠰᠢᠯᠢᠳᠡᠭᠵᠢᠭᠦᠯᠵᠦ ᠂  ᠰᠢᠯᠵᠢᠮᠡᠯ ᠪᠢᠴᠢᠯ  ᠰᠢᠭᠦᠬᠦ ᠬᠣᠷᠢᠶ᠎ᠠ ᠂ ᠵᠠᠷᠭᠤ ᠶ᠋ᠢᠨ ᠦᠢᠯᠡᠴᠢᠯᠡᠭᠡᠨ ᠦ᠌ ᠲᠣᠣᠷ ᠂ ᠡᠭᠦᠯᠡᠨ ᠵᠠᠪᠰᠠᠷ  ᠲᠠᠬᠢ ᠰᠦᠯᠵᠢᠶᠡᠨ ᠳᠡᠭᠡᠷᠡᠬᠢ ᠬᠠᠷᠠᠭᠠᠨ ᠳᠠᠪᠲᠠᠮᠵᠢ ᠶ᠋ᠢᠨ ᠲᠢᠩᠬᠢᠮ ᠦ᠋ᠨ  ᠰᠢᠭᠦᠯᠲᠡ ᠶ᠋ᠢᠨ  ᠰᠢᠰᠲ᠋ᠧᠮ ᠂ e ᠡᠶᠡᠳᠡᠭᠦᠯᠬᠦ ᠂ ᠣᠶᠤᠨᠴᠢ ᠪᠠᠷ ᠬᠦᠷᠭᠡᠬᠦ ᠵᠡᠷᠭᠡ ᠲᠠᠪᠴᠠᠩ ᠢ᠋ ᠶᠡᠷᠦᠩᠬᠡᠢᠯᠡᠨ ᠬᠡᠷᠡᠭᠯᠡᠵᠦ ᠂ ᠵᠠᠷᠭᠤ ᠶ᠋ᠢᠨ ᠵᠦᠢᠯᠡᠰ ᠢ᠋ ᠠᠯᠤᠰ ᠠ᠋ᠴᠠ ᠭᠦᠢᠴᠡᠳᠭᠡᠬᠦ ᠂ ᠰᠦᠯᠵᠢᠶᠡᠨ ᠳᠡᠭᠡᠷ᠎ᠡ ᠭᠦᠢᠴᠡᠳᠭᠡᠬᠦ ᠶ᠋ᠢ ᠠᠬᠢᠭᠤᠯᠵᠤ ᠂  ᠬᠢᠵᠢᠭ᠌  ᠦ᠋ᠨ ᠪᠠᠢᠳᠠᠯ ᠤ᠋ᠨ ᠨᠥᠯᠥᠭᠡ ᠶ᠋ᠢ ᠬᠦᠷᠲᠡᠭᠰᠡᠨ ᠡᠴᠡ ᠪᠣᠯᠵᠤ ᠵᠠᠷᠭᠤ ᠳ᠋ᠤ᠌ ᠬᠡᠪ ᠦ᠋ᠨ ᠶᠣᠰᠣᠭᠠᠷ ᠣᠷᠣᠯᠴᠠᠵᠤ ᠴᠢᠳᠠᠬᠤ ᠦᠭᠡᠢ ᠠᠵᠤ ᠠᠬᠤᠢᠯᠠᠯ ᠳ᠋ᠤ᠌ ᠥᠨᠳᠥᠷ ᠪᠦᠲᠦᠮᠵᠢᠲᠡᠢ ᠳᠥᠭᠥᠮ ᠲᠦᠳᠡ ᠵᠠᠷᠭᠤ ᠶ᠋ᠢᠨ ᠦᠢᠯᠡᠴᠢᠯᠡᠭᠡ ᠬᠠᠩᠭᠠᠨ᠎ᠠ ᠃ ᠬᠠᠤᠯᠢ ᠴᠠᠭᠠᠵᠠ ᠶ᠋ᠢᠨ ᠴᠢᠳᠠᠮᠠᠭᠠᠢ ᠴᠢᠨᠠᠷ ᠢ᠋ ᠭᠦᠢᠴᠡᠳ ᠪᠠᠳᠠᠷᠠᠭᠤᠯᠵᠤ ᠂  ᠰᠢᠭᠦᠬᠦ ᠬᠣᠷᠢᠶᠠᠨ ᠤ᠋ ᠣᠯᠠᠨ ᠨᠡᠢᠲᠡ ᠶ᠋ᠢᠨ ᠨᠣᠮᠧᠷ ᠂ ᠠᠯᠪᠠᠨ ᠤ᠋ ᠰᠦᠯᠵᠢᠶ᠎ᠡ ᠵᠢᠴᠢ 12368 ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌  ᠬᠠᠯᠠᠮᠰᠢᠯ ᠤᠲᠠᠰᠤᠨ ᠳ᠋ᠤ᠌ ᠴᠠᠭ ᠲᠤᠬᠠᠢ ᠳ᠋ᠤᠨᠢ ᠳᠠᠮᠵᠢᠭᠤᠯᠵᠤ ᠂  ᠬᠢᠵᠢᠭ᠌  ᠦ᠋ᠨ ᠪᠠᠢᠳᠠᠯ ᠠ᠋ᠴᠠ ᠪᠣᠯᠵᠤ ᠮᠡᠳᠡᠬᠦ ᠡᠯ᠎ᠡ ᠲᠥᠷᠥᠯ ᠦ᠋ᠨ ᠡᠵᠡᠩᠨᠡᠯᠲᠡ ᠶ᠋ᠢᠨ  ᠲᠦᠭᠰᠢᠭᠦᠷᠢ  ᠶ᠋ᠢᠨ ᠬᠠᠮᠢᠶ᠎ᠠ ᠪᠥᠬᠥᠢ ᠬᠠᠤᠯᠢ ᠴᠠᠭᠠᠵᠠ ᠶ᠋ᠢᠨ ᠲᠥᠷᠥ ᠶ᠋ᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ᠋ ᠠᠬᠢᠭᠤᠯᠤᠨ ᠬᠠᠷᠢᠭᠤᠯᠵᠤ ᠂ ᠠᠵᠤ ᠠᠬᠤᠢᠯᠠᠯ ᠢ᠋ ᠬᠠᠪᠰᠤᠷᠴᠤ  ᠬᠢᠵᠢᠭ᠌  ᠦ᠋ᠨ ᠪᠠᠢᠳᠠᠯ ᠢ᠋ ᠪᠦᠲᠦᠮᠵᠢᠲᠡᠢ ᠠᠷᠭᠠᠴᠠᠵᠤ ᠂ ᠢᠲᠡᠭᠡᠯ ᠵᠣᠷᠢᠭ ᠢ᠋ ᠨᠢ  ᠳᠡᠭᠡᠭᠰᠢᠯᠡᠭᠦᠯᠦᠨ᠎ᠡ᠃

      3. ᠬᠢᠵᠢᠭ᠌ ᠦ᠋ᠨ ᠨᠥᠯᠥᠭᠡ ᠡᠴᠡ ᠪᠣᠯᠵᠤ ᠵᠠᠷᠭᠤ ᠳ᠋ᠤ᠌ ᠬᠣᠯᠪᠣᠭᠳᠠᠭᠰᠠᠨ ᠠᠵᠤ ᠠᠬᠤᠢᠯᠠᠯ ᠳ᠋ᠤ᠌ ᠪᠡᠯᠡ ᠮᠥᠩᠭᠥ ᠦᠨᠡᠬᠡᠷ ᠬᠦᠴᠢᠷᠳᠡᠯ ᠲᠡᠢ ᠪᠠᠢᠪᠠᠯ ᠂ ᠵᠠᠷᠭᠤ ᠶ᠋ᠢᠨ ᠵᠠᠷᠤᠳᠠᠯ ᠢ᠋  ᠬᠣᠢᠰᠢᠯᠠᠭᠤᠯᠬᠤ᠂ ᠬᠠᠰᠤᠬᠤ ᠂ ᠬᠡᠯᠲᠦᠷᠢᠭᠦᠯᠬᠦ ᠳᠡᠮᠵᠢᠯᠭᠡ ᠶ᠋ᠢᠨ ᠡᠷᠴᠢᠮ ᠢ᠋ᠶ᠋ᠡᠨ ᠴᠢᠩᠭᠠᠷᠠᠭᠤᠯᠵᠤ ᠂ ᠵᠠᠷᠭᠤ ᠳ᠋ᠤ᠌ ᠬᠣᠯᠪᠣᠭᠳᠠᠭᠰᠠᠨ ᠠᠵᠤ ᠠᠬᠤᠢᠯᠠᠯ ᠤ᠋ᠨ ᠵᠠᠷᠭᠤ ᠬᠢᠵᠦ ᠳᠡᠢᠯᠬᠦ ᠪᠠᠢᠳᠠᠯ ᠢ᠋ ᠦᠨᠡᠨ ᠬᠦ᠌ ᠪᠠᠲᠤᠯᠠᠨ᠎ᠠ ᠃ ᠵᠠᠷᠭᠤ ᠳ᠋ᠤ᠌ ᠬᠣᠯᠪᠣᠭᠳᠠᠭᠰᠠᠨ ᠠᠵᠤ ᠠᠬᠤᠢᠯᠠᠯ ᠤ᠋ᠨ ᠡᠳ᠋ ᠬᠥᠷᠦᠩᠭᠡ ᠬᠠᠮᠠᠭᠠᠯᠠᠨ ᠬᠠᠳᠠᠭᠠᠯᠠᠬᠤ ᠳ᠋ᠤ᠌ ᠳᠠᠭᠠᠭᠠᠯᠲᠠ ᠬᠠᠩᠭᠠᠬᠤ᠂  ᠰᠢᠯᠭᠠᠨ ᠪᠠᠲᠤᠯᠠᠬᠤ ᠴᠢᠬᠤᠯᠠ ᠴᠢᠨᠠᠷ ᠤ᠋ᠨ ᠰᠠᠭᠤᠷᠢᠨ ᠳᠡᠭᠡᠷ᠎ᠡ ᠪᠠᠢᠳᠠᠯ ᠢ᠋ ᠦᠵᠡᠵᠦ ᠪᠠᠢᠭᠠᠳ ᠬᠢᠨᠠᠨ ᠪᠠᠢᠴᠠᠭᠠᠬᠤ ᠨᠥᠬᠥᠴᠡᠯ ᠢ᠋ ᠠᠭᠤᠵᠢᠭᠤ ᠲᠠᠯᠪᠢᠬᠤ ᠪᠤᠶᠤ ᠠᠵᠤ ᠠᠬᠤᠢᠯᠠᠯ ᠢ᠋ ᠬᠥᠲᠥᠯᠦᠨ ᠵᠢᠯᠣᠭᠣᠳᠴᠤ ᠪᠠᠢᠭᠠᠳ ᠳᠠᠭᠠᠳᠭᠠᠯ ᠤ᠋ᠨ ᠳᠠᠭᠠᠭᠠᠯᠲᠠ ᠬᠠᠩᠭᠠᠯᠭᠠᠬᠤ ᠬᠡᠷᠡᠭᠲᠡᠢ᠃

      4 ᠂ ᠠᠯᠪᠠᠳᠠᠯᠭ᠎ᠠ ᠶ᠋ᠢᠨ ᠠᠷᠭ᠎ᠠ ᠬᠡᠮᠵᠢᠶ᠎ᠡ ᠠᠪᠬᠤ ᠳ᠋ᠠᠭᠠᠨ ᠪᠣᠯᠭᠣᠮᠵᠢᠲᠠᠢ ᠪᠠᠢᠬᠤ ᠬᠡᠷᠡᠭᠲᠡᠢ ᠃ ᠠᠵᠤ ᠠᠬᠤᠢᠯᠠᠯ ᠤ᠋ᠨ ᠪᠠᠩᠬᠢ ᠶ᠋ᠢᠨ ᠦᠨᠳᠦᠰᠦᠨ ᠳᠠᠩᠰᠠ ᠡᠷᠦᠬᠡ ᠶ᠋ᠢ ᠬᠢᠨᠠᠮᠠᠭᠠᠢ ᠪᠣᠯᠭᠣᠮᠵᠢᠲᠠᠢ ᠵᠣᠭᠰᠣᠭᠠᠵᠤ ᠂ ᠵᠠᠷᠴᠢᠮ ᠳᠡᠭᠡᠷ᠎ᠡ ᠪᠡᠨ ᠦᠢᠯᠡᠳᠪᠦᠷᠢᠯᠡᠯ ᠢ᠋ᠶ᠋ᠡᠨ ᠰᠡᠷᠭᠦᠭᠡᠬᠦ ᠂ ᠴᠠᠯᠢᠩ ᠲᠠᠯᠪᠢᠬᠤ ᠳ᠋ᠤ᠌ ᠬᠡᠷᠡᠭᠯᠡᠬᠦ ᠪᠡᠯᠡ ᠮᠥᠩᠭᠥ ᠶ᠋ᠢ ᠦᠯᠦ  ᠬᠥᠯᠳᠡᠭᠡᠨ᠎ᠡ︔ ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠳ᠋ᠤ᠌ ᠲᠤᠰᠭᠠᠢᠯᠠᠨ ᠬᠡᠷᠡᠭᠯᠡᠬᠦ ᠪᠡᠯᠡ ᠮᠥᠩᠭᠥ ᠪᠠ ᠡᠳ᠋ ᠪᠣᠳᠠᠰ ᠢ᠋ ᠪᠠᠢᠴᠠᠭᠠᠨ ᠪᠢᠲᠡᠭᠦᠮᠵᠢᠯᠡᠬᠦ ᠂ ᠳᠠᠷᠤᠵᠤ ᠠᠪᠬᠤ ᠂ ᠬᠥᠯᠳᠡᠭᠡᠬᠦ ᠂ ᠰᠠᠯᠭᠠᠨ ᠥᠭᠬᠦ ᠶ᠋ᠢ ᠴᠢᠩᠭ᠎ᠠ ᠴᠠᠭᠠᠵᠠᠯᠠᠨ᠎ᠠ ;  ᠬᠢᠵᠢᠭ᠌  ᠦ᠋ᠨ ᠨᠥᠯᠥᠭᠡ ᠡᠴᠡ ᠪᠣᠯᠵᠤ ᠦᠢᠯᠡᠳᠪᠦᠷᠢᠯᠡᠯ ᠡᠵᠡᠩᠨᠡᠯᠲᠡ ᠨᠢ ᠬᠦᠴᠢᠷᠲᠡᠢ ᠪᠣᠯ ᠲᠡᠷᠡ ᠳᠠᠷᠤᠢ ᠳ᠋ᠤᠨᠢ ᠥᠷᠢ ᠪᠡᠨ ᠭᠦᠢᠴᠡᠳᠭᠡᠵᠦ ᠳᠡᠢᠯᠬᠦ ᠦᠭᠡᠢ᠂ ᠬᠥᠭᠵᠢᠯᠲᠡ ᠶ᠋ᠢᠨ ᠢᠷᠡᠭᠡᠳᠦᠢ ᠲᠡᠢ ᠠᠵᠤ ᠠᠬᠤᠢᠯᠠᠯ ᠪᠣᠯ ᠠᠶᠤᠯ  ᠲᠦᠭᠰᠢᠭᠦᠷᠢ ᠶ᠋ᠢ ᠦᠨᠡᠯᠡᠬᠦ ᠠᠵᠢᠯ ᠢ᠋ ᠰᠠᠢᠲᠤᠷ ᠬᠢᠵᠦ᠂ ᠠᠯᠪᠠᠳᠠᠵᠤ ᠪᠠᠢᠭᠠᠳ ᠬᠠᠮᠠᠭᠠᠯᠠᠨ ᠬᠠᠳᠠᠭᠠᠯᠠᠬᠤ ᠠᠷᠭ᠎ᠠ ᠬᠡᠮᠵᠢᠶ᠎ᠡ ᠶ᠋ᠢ ᠪᠣᠯᠭᠣᠮᠵᠢᠲᠠᠢ ᠬᠡᠷᠡᠭᠯᠡᠵᠦ᠂ 《 ᠠᠮᠢᠳᠤ ᠪᠠᠷ ᠨᠢ ᠬᠥᠮᠥᠷᠢᠬᠦ》 《 ᠠᠮᠢᠳᠤᠯᠢᠭ ᠢ᠋ᠶ᠋ᠠᠷ ᠬᠥᠮᠥᠷᠭᠡᠯᠡᠵᠦ ᠪᠠᠷᠢᠬᠤ 》 ᠠᠷᠭ᠎ᠠ  ᠶ᠋ᠢ ᠠᠪᠴᠤ  ᠴᠢᠳᠠᠬᠤ ᠶ᠋ᠢᠨ ᠳᠣᠲᠣᠷ᠎ᠠ 《 ᠦᠬᠦᠮᠡᠯ ᠪᠢᠲᠡᠭᠦᠮᠵᠢᠯᠡᠭᠰᠡᠨ 》  ᠪᠢᠰᠢ ᠂ ᠠᠵᠤ ᠠᠬᠤᠢᠯᠠᠯ ᠤ᠋ᠨ ᠬᠡᠪ ᠦ᠋ᠨ ᠡᠵᠡᠩᠨᠡᠯᠲᠡ ᠪᠠ  ᠬᠢᠵᠢᠭ᠌  ᠢ᠋ ᠰᠡᠷᠭᠡᠢᠯᠡᠬᠦ ᠠᠵᠢᠯ ᠤ᠋ᠨ ᠨᠠᠵᠠᠭᠠᠢ  ᠨᠥᠯᠦᠭᠡ  ᠶ᠋ᠢ ᠬᠠᠮᠤᠭ ᠶᠡᠬᠡ ᠬᠡᠮᠵᠢᠶ᠎ᠡ ᠪᠡᠷ ᠪᠠᠭᠠᠰᠬᠠᠬᠤ ᠬᠡᠷᠡᠭᠲᠡᠢ᠃

      ᠬᠣᠶᠠᠷ ᠂ ᠬᠢᠨᠠᠨ ᠭᠦᠢᠴᠡᠳᠭᠡᠬᠦ ᠠᠵᠢᠯ ᠤ᠋ᠨ ᠭᠠᠷᠳᠠᠨ ᠬᠢᠬᠦ  ᠴᠡᠭ ᠢ᠋ ᠣᠨᠣᠪᠴᠢᠲᠠᠢ ᠡᠷᠢᠵᠦ ᠂ ᠬᠠᠤᠯᠢ ᠶᠣᠰᠣᠭᠠᠷ ᠲᠥᠪ ᠭᠣᠣᠯᠴᠢ ᠥᠨᠳᠥᠷ ᠪᠦᠲᠦᠮᠵᠢᠲᠡᠢ ᠬᠠᠤᠯᠢ ᠬᠡᠷᠡᠭᠵᠢᠭᠦᠯᠵᠦ ᠂ ᠵᠠᠬ᠎ᠠ ᠳᠡᠯᠭᠡᠭᠦᠷ ᠦ᠋ᠨ ᠢᠲᠡᠭᠡᠯ ᠵᠣᠷᠢᠭ ᠢ᠋  ᠳᠡᠭᠡᠭᠰᠢᠯᠡᠭᠦᠯᠦᠨ᠎ᠡ᠃

      5.  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠬᠤᠭᠤᠴᠠᠭᠠᠨ ᠳ᠋ᠠᠬᠢ ᠨᠡᠢᠭᠡᠮ ᠦ᠋ᠨ ᠲᠣᠭᠲᠠᠭᠤᠨ ᠪᠠᠢᠳᠠᠯ ᠢ᠋ ᠬᠠᠤᠯᠢ ᠶᠣᠰᠣᠭᠠᠷ ᠬᠠᠮᠠᠭᠠᠯᠠᠵᠤ ᠂ ᠡᠷᠡᠭᠦᠦ ᠶ᠋ᠢᠨ ᠬᠠᠤᠯᠢ ᠂ ᠡᠷᠡᠭᠦᠦ ᠶ᠋ᠢᠨ ᠵᠠᠷᠭᠤ ᠶ᠋ᠢᠨ ᠬᠠᠤᠯᠢ ᠪᠠ 《 ᠠᠷᠠᠳ ᠤ᠋ᠨ ᠳᠡᠭᠡᠳᠦ  ᠰᠢᠭᠦᠬᠦ ᠬᠣᠷᠢᠶ᠎ᠠ ᠂ ᠠᠷᠠᠳ ᠤ᠋ᠨ ᠳᠡᠭᠡᠳᠦ ᠪᠠᠢᠴᠠᠭᠠᠬᠤ ᠬᠣᠷᠢᠶᠠᠨ ᠤ᠋ ᠬᠤᠳᠠᠯ ᠬᠠᠭᠤᠷᠮᠠᠭ ᠰᠡᠷᠭᠡᠢᠯᠡᠯᠲᠡ ᠪᠠ ᠭᠡᠨᠡᠳᠲᠡ ᠶ᠋ᠢᠨ ᠬᠠᠯᠳᠠᠪᠤᠷᠢᠲᠤ ᠡᠪᠡᠳᠴᠢᠨ ᠦ᠌  ᠬᠢᠵᠢᠭ᠌  ᠦ᠋ᠨ ᠪᠠᠢᠳᠠᠯ ᠢ᠋ ᠬᠢᠵᠠᠭᠠᠷᠯᠠᠬᠤ ᠵᠡᠷᠭᠡ ᠭᠠᠢ  ᠭᠠᠮᠰᠢᠭ  ᠢ᠋  ᠰᠢᠢᠳᠪᠦᠷᠢᠯᠡᠬᠦ ᠲᠤᠬᠠᠢ ᠡᠷᠡᠭᠦᠦ ᠶ᠋ᠢᠨ ᠬᠡᠷᠡᠭ ᠦ᠋ᠨ ᠪᠣᠳᠠᠲᠠᠢ ᠬᠡᠷᠡᠭᠯᠡᠬᠦ ᠬᠠᠤᠯᠢ ᠴᠠᠭᠠᠵᠠ ᠶ᠋ᠢᠨ ᠬᠡᠳᠦᠨ ᠠᠰᠠᠭᠤᠳᠠᠯ ᠤ᠋ᠨ ᠲᠤᠬᠠᠢ ᠲᠠᠢᠯᠪᠤᠷᠢᠯᠠᠯᠲᠠ 》  ᠶ᠋ᠢᠨ ᠲᠣᠭᠲᠠᠭᠠᠯ ᠶᠣᠰᠣᠭᠠᠷ ᠂ ᠵᠣᠷᠢᠭᠤᠳᠠ ᠬᠠᠯᠳᠠᠪᠤᠷᠢᠯᠠᠬᠤ ᠶ᠋ᠢ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠂ ᠰᠡᠷᠭᠡᠢᠯᠡᠨ ᠡᠵᠡᠮᠳᠡᠬᠦ ᠡᠳ᠋ ᠪᠠᠷᠠᠭ᠎ᠠ ᠦᠢᠯᠡᠳᠪᠦᠷᠢᠯᠡᠬᠦ ᠠᠵᠤ ᠠᠬᠤᠢᠯᠠᠯ ᠂ ᠠᠷᠠᠯᠵᠢᠶ᠎ᠠ ᠬᠤᠳᠠᠯᠳᠤᠭᠠᠨ ᠤ᠋ ᠠᠵᠤ ᠠᠬᠤᠢᠯᠠᠯ ᠵᠡᠷᠭᠡ ᠶ᠋ᠢᠨ ᠬᠢᠵᠢᠭ᠌  ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠪᠠ ᠠᠷᠠᠳ ᠤ᠋ᠨ ᠠᠮᠢᠳᠤᠷᠠᠯ ᠳ᠋ᠤ᠌ ᠴᠢᠬᠤᠯᠠ ᠦᠢᠯᠡᠳᠦᠯ ᠦᠵᠡᠭᠦᠯᠵᠦ ᠪᠠᠢᠭ᠎ᠠ ᠠᠵᠤ ᠠᠬᠤᠢᠯᠠᠯ ᠤ᠋ᠨ ᠡᠳ᠋ ᠬᠥᠷᠥᠩᠭᠡ ᠳ᠋ᠦ᠍ ᠬᠠᠯᠳᠠᠭᠰᠠᠨ ᠂  ᠱᠠᠮᠰᠢᠵᠤ ᠨᠡᠭᠦᠯᠭᠡᠨ ᠬᠡᠷᠡᠭᠯᠡᠭᠰᠡᠨ ᠂ ᠬᠠᠷᠢᠭᠤᠴᠠᠯᠭ᠎ᠠ ᠠᠯᠳᠠᠵᠤ  ᠲᠤᠰᠢᠶᠠᠯ  ᠢ᠋ᠶ᠋ᠠᠨ ᠭᠤᠲᠤᠭᠠᠭᠰᠠᠨ ᠵᠡᠷᠭᠡ ᠶᠠᠯᠠᠲᠤ ᠠᠵᠢᠯᠯᠠᠭ᠎ᠠ ᠶ᠋ᠢ ᠬᠠᠤᠯᠢ ᠶᠣᠰᠣᠭᠠᠷ ᠴᠢᠩᠭ᠎ᠠ  ᠰᠢᠢᠳᠭᠡᠵᠦ ᠂ ᠠᠵᠤ ᠠᠬᠤᠢᠯᠠᠯ ᠤ᠋ᠨ ᠡᠵᠡᠩᠨᠡᠯᠲᠡ ᠳ᠋ᠦ᠍ ᠠᠮᠤᠷ  ᠲᠦᠪᠰᠢᠨ ᠲᠣᠭᠲᠠᠭᠤᠨ ᠨᠡᠢᠭᠡᠮ ᠦ᠋ᠨ ᠣᠷᠴᠢᠨ ᠲᠣᠭᠣᠷᠢᠨ ᠢ᠋ ᠪᠣᠢ ᠪᠣᠯᠭᠠᠨ᠎ᠠ ᠃

      6.  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠤ ᠠᠬᠤᠢᠯᠠᠯ ᠪᠠ ᠠᠵᠤ ᠠᠬᠤᠢᠯᠠᠯᠲᠠᠨ  ᠤ᠋ ᠡᠷᠡᠭᠦᠦ ᠶ᠋ᠢᠨ ᠬᠡᠷᠡᠭ ᠢ᠋ ᠬᠢᠨᠠᠭᠤᠷ ᠪᠣᠯᠭᠣᠮᠵᠢᠲᠠᠢ  ᠰᠢᠢᠳᠪᠦᠷᠢᠯᠡᠵᠦ ᠂  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠪᠠ ᠠᠷᠠᠳ ᠤ᠋ᠨ ᠠᠮᠢᠳᠤᠷᠠᠯ ᠳ᠋ᠤ᠌ ᠴᠢᠬᠤᠯᠠ ᠦᠢᠯᠡᠳᠦᠯ ᠦᠵᠡᠭᠦᠯᠬᠦ ᠶ᠋ᠢ ᠪᠠᠲᠤᠯᠠᠬᠤ ᠠᠵᠤ ᠠᠬᠤᠢᠯᠠᠯ ᠤ᠋ᠨ ᠬᠠᠷᠢᠭᠤᠴᠠᠯᠭᠠᠲᠠᠨ ᠤ᠋ ᠶᠠᠯ᠎ᠠ ᠬᠢᠭᠰᠡᠨ ᠦᠢᠯᠡ ᠪᠠᠢᠳᠠᠯ ᠨᠢ ᠨᠡᠯᠢᠶᠡᠳ ᠬᠥᠩᠭᠡᠨ ᠂ ᠨᠡᠢᠭᠡᠮ ᠦ᠋ᠨ ᠬᠣᠣᠷ ᠬᠥᠨᠥᠭᠡᠯᠲᠦ ᠴᠢᠨᠠᠷ ᠢ᠋ᠶ᠋ᠠᠷ ᠨᠡᠯᠢᠶᠡᠳ ᠪᠠᠭ᠎ᠠ ᠪᠤᠶᠤ ᠬᠥᠩᠭᠡᠨ ᠢ᠋ᠶ᠋ᠡᠷ  ᠰᠢᠢᠳᠭᠡᠬᠦ᠂ ᠠᠭᠤᠴᠢᠯᠠᠨ  ᠰᠢᠢᠳᠭᠡᠬᠦ  ᠦᠷ᠎ᠡ ᠪᠦᠲᠦᠮᠵᠢ ᠪᠡᠷ ᠨᠡᠯᠢᠶᠡᠳ ᠰᠠᠢᠨ ᠪᠠᠢᠪᠠᠯ ᠂ ᠶᠠᠯ᠎ᠠ ᠲᠣᠭᠲᠠᠭᠠᠵᠤ ᠬᠥᠩᠭᠡᠨ ᠢ᠋ᠢᠠᠷ  ᠰᠢᠢᠳᠭᠡᠬᠦ ᠳᠦᠷᠢᠮ ᠢ᠋ ᠢᠳᠡᠪᠬᠢᠲᠡᠢ ᠬᠡᠷᠡᠭᠯᠡᠵᠦ ᠂ ᠬᠠᠤᠯᠢ ᠶᠣᠰᠣᠭᠠᠷ ᠡᠷᠡᠭᠦᠦ  ᠰᠢᠢᠳᠭᠡᠯ  ᠢ᠋ ᠨᠢ ᠠᠭᠤᠵᠢᠭᠤ ᠪᠣᠯᠭᠠᠨ᠎ᠠ ᠂  ᠬᠣᠯᠪᠤᠭᠳᠠᠯ  ᠪᠦᠬᠦᠢ  ᠠᠵᠤ  ᠠᠬᠤᠢᠯᠠᠯ  ᠤ᠋ᠨ  ᠬᠡᠪ ᠤ᠋ᠨ ᠶᠣᠰᠣᠭᠠᠷ  ᠡᠵᠡᠩᠨᠡᠯᠲᠡ ᠬᠢᠬᠦ  ᠶ᠋ᠢ  ᠬᠠᠮᠤᠭ  ᠬᠦᠴᠦᠨ ᠢ᠋ᠢᠠᠷ  ᠳᠡᠮᠵᠢᠨ᠎ᠡ ᠃

      7 ᠂  ᠬᠢᠵᠢᠭ᠌  ᠦ᠋ᠨ ᠨᠥᠯᠥᠭᠡ ᠡᠴᠡ ᠪᠣᠯᠤᠭᠰᠠᠨ ᠢᠳᠡᠭᠡᠨ ᠤᠮᠳᠠᠭᠠᠨ ᠂ ᠵᠢᠭᠤᠯᠴᠢᠯᠠᠯ ᠂ ᠡᠳ᠋ ᠪᠠᠷᠠᠭᠠᠨ ᠤ᠋ ᠭᠦᠢᠯᠭᠡᠭᠡ ᠵᠡᠷᠭᠡ ᠦᠢᠯᠡᠴᠢᠯᠡᠭᠡᠨ ᠦ᠌ ᠭᠡᠷ᠎ᠡ ᠶ᠋ᠢᠨ ᠵᠢᠭᠤᠷᠠᠯᠳᠤᠭᠠᠨ ᠤ᠋ ᠬᠡᠷᠡᠭ ᠢ᠋ ᠵᠣᠬᠢᠰᠲᠠᠢ  ᠰᠢᠭᠦᠨ  ᠰᠢᠢᠳᠪᠦᠷᠢᠯᠡᠵᠦ ᠂ ᠠᠵᠢᠯ ᠲᠥᠷᠥᠯ ᠦ᠋ᠨ ᠡᠶᠡᠳᠡᠭᠦᠯᠭᠡ ᠂ ᠲᠤᠰᠭᠠᠢ ᠮᠡᠷᠭᠡᠵᠢᠯ ᠦ᠋ᠨ ᠡᠶᠡᠳᠡᠭᠦᠯᠭᠡ ᠂ ᠬᠠᠤᠯᠢᠴᠢ ᠶ᠋ᠢᠨ ᠡᠶᠡᠳᠡᠭᠦᠯᠦᠯᠲᠡ ᠲᠡᠢ ᠡᠶᠡᠳᠡᠭᠦᠯᠬᠦ ᠠᠵᠢᠯ ᠢ᠋ ᠴᠢᠩᠭᠠᠳᠭᠠᠵᠤ ᠂ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠵᠢᠭᠰᠠᠭᠠᠯ ᠤ᠋ᠨ ᠭᠠᠵᠠᠷ ᠢ᠋ ᠤᠷᠢᠳᠴᠢᠯᠠᠭᠤᠯᠤᠨ  ᠳᠣᠷᠤᠭᠰᠢ ᠪᠠᠭᠤᠯᠭᠠᠵᠤ ᠂ ᠡᠯ᠎ᠡ ᠲᠠᠯ᠎ᠠ ᠶ᠋ᠢᠨ  ᠠᠰᠢᠭ ᠲᠤᠰᠠ ᠶ᠋ᠢ ᠲᠡᠩᠴᠡᠭᠦᠷᠢᠲᠡᠢ ᠪᠣᠯᠭᠠᠬᠤ ᠤᠷᠢᠳᠠᠯ ᠳᠣᠣᠷ᠎ᠠ ᠮᠥᠨ ᠴᠢᠨᠠᠷ ᠤ᠋ᠨ ᠴᠢᠨᠠᠷᠲᠠᠢ ᠵᠢᠭᠤᠷᠠᠯᠳᠤᠭᠠᠨ ᠢ᠋ ᠠᠷᠢᠯᠭᠠᠵᠤ ᠂ ᠠᠵᠤ ᠠᠬᠤᠢᠯᠠᠯ ᠤ᠋ᠨ ᠵᠠᠷᠭᠤ ᠶ᠋ᠢᠨ ᠳᠠᠷᠤᠭᠠᠰᠤ ᠶ᠋ᠢ ᠪᠠᠭᠤᠷᠠᠭᠤᠯᠬᠤ ᠪᠠᠷ ᠴᠢᠷᠮᠠᠢᠨ᠎ᠠ ᠃  ᠬᠢᠵᠢᠭ᠌  ᠦ᠋ᠨ ᠨᠥᠯᠥᠭᠡ ᠡᠴᠡ ᠪᠣᠯᠵᠤ ᠦᠢᠯᠡᠴᠢᠯᠡᠭᠡᠨ ᠦ᠌ ᠭᠡᠷ᠎ᠡ ᠶ᠋ᠢ ᠭᠦᠢᠴᠡᠳᠭᠡᠵᠦ ᠳᠡᠢᠯᠬᠦ ᠦᠭᠡᠢ ᠪᠠᠢᠳᠠᠯ ᠳ᠋ᠤ᠌ ᠬᠠᠤᠯᠢ ᠴᠠᠭᠠᠵᠠ ᠶ᠋ᠢᠨ ᠲᠠᠰᠤᠯᠤᠨ ᠲᠣᠭᠲᠠᠭᠠᠯᠲᠠ ᠨᠢ ᠡᠵᠡᠩᠨᠡᠭᠴᠢ ᠪᠠ ᠬᠡᠷᠡᠭᠯᠡᠭᠴᠢᠳ ᠦ᠋ᠨ ᠬᠣᠭᠣᠷᠣᠨᠳᠣ ᠢ᠋ᠢᠨ  ᠲᠦᠭᠰᠢᠭᠦᠷᠢ  ᠶ᠋ᠢ ᠬᠠᠤᠯᠢ ᠶᠣᠰᠣᠭᠠᠷ ᠵᠣᠬᠢᠰᠲᠠᠢ ᠬᠤᠪᠢᠶᠠᠷᠢᠯᠠᠵᠤ ᠂ ᠬᠡᠷᠡᠭᠯᠡᠭᠴᠢᠳ ᠦ᠋ᠨ ᠬᠠᠤᠯᠢ ᠶᠣᠰᠣᠨ ᠤ᠋ ᠡᠷᠬᠡ  ᠠᠰᠢᠭ  ᠢ᠋ ᠬᠠᠮᠠᠭᠠᠯᠠᠬᠤ ᠶ᠋ᠢᠨ ᠬᠠᠮᠲᠤ ᠪᠣᠳᠠᠲᠤ ᠪᠠᠢᠳᠠᠯ ᠢ᠋ ᠪᠣᠳᠣᠯᠬᠢᠯᠠᠵᠤ ᠂ ᠡᠵᠡᠩᠨᠡᠭᠴᠢᠳ ᠲᠦ᠍ ᠬᠣᠶᠠᠳᠠᠬᠢ ᠤᠳᠠᠭ᠎ᠠ  ᠰᠢᠷᠬ᠎ᠠ  ᠰᠣᠷᠪᠢ  ᠪᠣᠯᠬᠤ ᠠ᠋ᠴᠠ ᠵᠠᠢᠯᠠᠰᠬᠢᠬᠦ ᠬᠡᠷᠡᠭᠲᠡᠢ ᠃

      8 ᠂  ᠬᠢᠵᠢᠭ᠌  ᠦ᠋ᠨ ᠨᠥᠯᠥᠭᠡ ᠡᠴᠡ ᠪᠣᠯᠵᠤ ᠭᠡᠷ᠎ᠡ ᠶ᠋ᠢ ᠬᠡᠪ ᠦ᠋ᠨ ᠪᠠᠢᠳᠠᠯ ᠢ᠋ᠶ᠋ᠠᠷ ᠭᠦᠢᠴᠡᠳᠭᠡᠵᠦ ᠳᠡᠢᠯᠬᠦ ᠦᠭᠡᠢ ᠪᠦᠲᠦᠭᠡᠨ ᠪᠠᠢᠭᠤᠯᠤᠯᠲᠠ ᠶ᠋ᠢᠨ ᠪᠠᠷᠢᠯᠭ᠎ᠠ ᠪᠠᠷᠢᠬᠤ ᠭᠡᠷ᠎ᠡ ᠂ ᠲᠦᠷᠢᠶᠡᠰᠦᠯᠡᠬᠦ ᠭᠡᠷ᠎ᠡ ᠂ ᠬᠤᠳᠠᠯᠳᠤᠭᠠᠨ ᠤ᠋ ᠭᠡᠷ᠎ᠡ ᠵᠡᠷᠭᠡ ᠢᠷᠭᠡᠨ ᠦ᠌ ᠪᠠ ᠬᠤᠳᠠᠯᠳᠤᠭᠠᠨ ᠤ᠋ ᠬᠡᠷᠡᠭ ᠦ᠋ᠨ ᠵᠢᠭᠤᠷᠠᠯᠳᠤᠭᠠᠨ ᠢ᠋ ᠵᠣᠬᠢᠰᠲᠠᠢ  ᠰᠢᠭᠦᠨ  ᠰᠢᠢᠳᠪᠦᠷᠢᠯᠡᠵᠦ ᠂ ᠪᠣᠳᠠᠲᠠᠢ ᠬᠡᠷᠡᠭ ᠢ᠋  ᠰᠢᠭᠦᠬᠦ ᠶᠠᠪᠤᠴᠠ ᠳ᠋ᠤ᠌  ᠬᠢᠵᠢᠭ᠌  ᠦ᠋ᠨ ᠪᠠᠢᠳᠠᠯ ᠢ᠋ ᠨᠥᠯᠥᠭᠡᠯᠡᠬᠦ ᠭᠡᠷ᠎ᠡ ᠶ᠋ᠢᠨ ᠡᠭᠦᠷᠭᠡ ᠪᠡᠨ ᠭᠦᠢᠴᠡᠳᠭᠡᠭᠰᠡᠨ ᠴᠠᠭ ᠂ ᠠᠷᠭ᠎ᠠ ᠮᠠᠶᠢᠭ ᠂ ᠬᠡᠮᠵᠢᠶ᠎ᠡ ᠵᠡᠷᠭᠡ ᠬᠦᠴᠦᠨ ᠵᠦᠢᠯ ᠢ᠋ ᠶᠡᠷᠦᠩᠬᠡᠢᠯᠡᠨ  ᠰᠢᠯᠭᠠᠵᠤ ᠂ ᠬᠣᠷᠢᠭᠯᠠᠵᠤ  ᠴᠢᠳᠠᠰᠢ ᠦᠭᠡᠢ ᠬᠦᠴᠦᠨ ᠦ᠌ ᠬᠠᠤᠯᠢ ᠳ᠋ᠤ᠌ ᠲᠣᠭᠲᠠᠭᠠᠭᠰᠠᠨ ᠪᠠᠢᠳᠠᠯ ᠳ᠋ᠤ᠌ ᠨᠡᠢᠴᠡᠵᠦ ᠪᠠᠢᠪᠠᠯ ᠂ ᠬᠠᠤᠯᠢ ᠶᠣᠰᠣᠭᠠᠷ ᠮᠠᠭᠠᠳᠯᠠᠨ ᠲᠣᠭᠲᠠᠭᠠᠨ᠎ᠠ ᠃ ᠤᠤᠯ ᠤ᠋ᠨ ᠭᠡᠷ᠎ᠡ ᠶ᠋ᠢᠨ ᠶᠣᠰᠣᠭᠠᠷ ᠦᠷᠭᠦᠯᠵᠢᠯᠡᠨ ᠭᠦᠢᠴᠡᠳᠭᠡᠬᠦ ᠨᠢ ᠲᠤᠬᠠᠢ ᠶ᠋ᠢᠨ ᠬᠥᠮᠦᠨ ᠦ᠌ ᠡᠷᠬᠡ ᠡᠭᠦᠷᠭᠡ ᠳ᠋ᠦ᠍ ᠴᠢᠬᠤᠯᠠ ᠶᠡᠬᠡ ᠨᠥᠯᠥᠭᠡ ᠦᠵᠡᠭᠦᠯᠳᠡᠭ ᠪᠠᠢᠪᠠᠯ ᠂ ᠲᠤᠬᠠᠢ ᠶ᠋ᠢᠨ ᠬᠥᠮᠦᠨ ᠢ᠋ ᠢᠳᠡᠪᠬᠢᠲᠡᠢ ᠬᠥᠲᠥᠯᠦᠨ ᠵᠢᠯᠣᠭᠣᠳᠴᠤ ᠳᠠᠬᠢᠨ  ᠰᠢᠨ᠎ᠡ  ᠪᠡᠷ ᠵᠥᠪᠳᠡᠯᠴᠡᠨ  ᠰᠢᠨ᠎ᠡ ᠬᠡᠯᠡᠯᠴᠡᠭᠡᠷ ᠲᠣᠭᠲᠠᠵᠤ ᠂ ᠭᠡᠷ᠎ᠡ ᠶ᠋ᠢᠨ ᠦᠷᠭᠦᠯᠵᠢᠯᠡᠨ ᠪᠦᠲᠦᠮᠵᠢᠲᠡᠢ ᠭᠦᠢᠴᠡᠳᠭᠡᠬᠦ ᠶ᠋ᠢ ᠠᠬᠢᠭᠤᠯᠵᠤ ᠂ ᠦᠨᠡᠬᠡᠷ  ᠰᠢᠨ᠎ᠡ ᠬᠡᠯᠡᠯᠴᠡᠭᠡᠷ ᠲᠣᠭᠲᠠᠵᠤ ᠴᠢᠳᠠᠬᠤ ᠦᠭᠡᠢ ᠪᠣᠯ ᠂ ᠵᠦᠢ ᠵᠣᠬᠢᠰᠲᠠᠢ ᠪᠠᠷ ᠭᠡᠷ᠎ᠡ ᠶ᠋ᠢ ᠴᠤᠴᠠᠯᠵᠤ ᠂ ᠬᠣᠬᠢᠷᠠᠯ ᠢ᠋ ᠤᠯᠠᠮ ᠨᠢᠭᠡ ᠠᠯᠬᠤᠮ ᠥᠷᠭᠡᠳᠭᠡᠬᠦ ᠡᠴᠡ ᠵᠠᠢᠯᠠᠰᠬᠢᠪᠡᠯ ᠵᠣᠬᠢᠨ᠎ᠠ ᠃

      9. ᠮᠥᠩᠭᠥᠨ ᠭᠦᠢᠯᠭᠡᠭᠡᠨ ᠦ᠌ ᠪᠠᠢᠭᠤᠯᠤᠮᠵᠢ ᠶ᠋ᠢᠨ  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠳ᠋ᠤ᠌ ᠠᠪᠤᠭᠰᠠᠨ ᠡᠯ᠎ᠡ ᠵᠦᠢᠯ ᠦ᠋ᠨ ᠮᠥᠩᠭᠥᠨ ᠭᠦᠢᠯᠭᠡᠭᠡᠨ ᠦ᠌ ᠠᠷᠭ᠎ᠠ ᠬᠡᠮᠵᠢᠶ᠎ᠡ ᠶ᠋ᠢ ᠬᠠᠤᠯᠢ ᠶᠣᠰᠣᠭᠠᠷ ᠳᠡᠮᠵᠢᠨ᠎ᠡ ᠃ ᠮᠥᠩᠭᠥᠨ ᠭᠦᠢᠯᠭᠡᠭᠡᠨ ᠦ᠌ ᠪᠠᠢᠭᠤᠯᠤᠮᠵᠢ ᠶ᠋ᠢᠨ ᠢᠲᠡᠭᠡᠮᠵᠢᠲᠦ ᠵᠢᠭᠡᠯᠡᠯᠭᠡ ᠶ᠋ᠢᠨ ᠳᠡᠮᠵᠢᠯᠭᠡ ᠶ᠋ᠢ ᠨᠡᠮᠡᠭᠳᠡᠭᠦᠯᠬᠦ ᠂ ᠵᠦᠷᠢᠴᠢᠯᠡᠭᠰᠡᠨ ᠮᠥᠩᠭᠥᠨ ᠭᠦᠢᠯᠭᠡᠭᠡᠨ ᠦ᠌ ᠦᠢᠯᠡᠴᠢᠯᠡᠭᠡᠨ ᠢ᠋ ᠬᠡᠷᠡᠭᠵᠢᠭᠦᠯᠬᠦ ᠂ ᠪᠡᠯᠡ ᠲᠣᠬᠢᠷᠠᠭᠤᠯᠭ᠎ᠠ ᠶ᠋ᠢᠨ ᠴᠢᠨᠠᠷᠲᠠᠢ ᠳᠠᠭᠠᠳᠭᠠᠯ ᠢ᠋ ᠥᠷᠨᠢᠭᠦᠯᠬᠦ ᠵᠡᠷᠭᠡ  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠶ᠋ᠢ ᠳᠡᠮᠵᠢᠬᠦ ᠡᠯ᠎ᠡ ᠵᠦᠢᠯ ᠦ᠋ᠨ ᠲᠥᠷᠥ ᠶ᠋ᠢᠨ ᠪᠣᠳᠣᠯᠭ᠎ᠠ ᠶ᠋ᠢᠨ ᠠᠷᠭ᠎ᠠ ᠬᠡᠮᠵᠢᠶ᠎ᠡ ᠳ᠋ᠦ᠍ ᠬᠠᠤᠯᠢ ᠶᠣᠰᠣᠭᠠᠷ ᠳᠡᠮᠵᠢᠯᠭᠡ ᠦᠵᠡᠭᠦᠯᠬᠦ ᠬᠡᠷᠡᠭᠲᠡᠢ ᠃  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠳ᠋ᠤ᠌ ᠥᠷᠨᠢᠭᠦᠯᠦᠭᠰᠡᠨ ᠮᠥᠩᠭᠥᠨ ᠭᠦᠢᠯᠭᠡᠭᠡᠨ ᠦ᠌  ᠰᠢᠨ᠎ᠡ ᠶ᠋ᠢ ᠡᠭᠦᠳᠬᠦ ᠦᠢᠯᠡ ᠠᠵᠢᠯᠯᠠᠭ᠎ᠠ ᠳ᠋ᠤ᠌ 《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠭᠡᠷ᠎ᠡ ᠶ᠋ᠢᠨ ᠬᠠᠤᠯᠢ 》  ᠶ᠋ᠢᠨ ᠲᠠᠪᠢᠨ ᠬᠣᠶᠠᠳᠤᠭᠠᠷ ᠵᠦᠢᠯ ᠳ᠋ᠦ᠍ ᠲᠣᠭᠲᠠᠭᠠᠭᠰᠠᠨ ᠭᠡᠷ᠎ᠡ ᠶ᠋ᠢᠨ ᠬᠦᠴᠦᠨ ᠦᠭᠡᠢ ᠪᠣᠯᠬᠤ ᠪᠠᠢᠳᠠᠯ ᠳ᠋ᠤ᠌ ᠨᠡᠢᠴᠡᠬᠦ ᠶ᠋ᠢ ᠭᠠᠷᠭᠠᠪᠠᠯ ᠂ ᠲᠡᠭᠦᠨ ᠦ᠌ ᠬᠠᠤᠯᠢ ᠴᠠᠭᠠᠵᠠ ᠶ᠋ᠢᠨ ᠬᠦᠴᠦᠨ ᠢ᠋ ᠬᠠᠤᠯᠢ ᠶᠣᠰᠣᠭᠠᠷ ᠨᠤᠲᠠᠯᠠᠬᠤ ᠬᠡᠷᠡᠭᠲᠡᠢ ᠃  ᠰᠢᠨ᠎ᠡ  ᠬᠡᠯᠪᠡᠷᠢ ᠶ᠋ᠢᠨ ᠳᠠᠭᠠᠭᠠᠯᠲᠠ ᠬᠢᠬᠦ ᠭᠡᠷ᠎ᠡ ᠶ᠋ᠢᠨ ᠬᠠᠤᠯᠢ ᠴᠠᠭᠠᠵᠠ ᠶ᠋ᠢᠨ ᠬᠦᠴᠦᠨ ᠢ᠋ ᠵᠥᠪ ᠣᠨᠣᠪᠴᠢᠲᠠᠢ ᠮᠠᠭᠠᠳᠯᠠᠨ ᠲᠣᠭᠲᠠᠭᠠᠵᠤ ᠂ ᠪᠦᠲᠦᠮᠵᠢᠲᠡᠢ ᠳᠠᠭᠠᠭᠠᠯᠲᠠ ᠬᠢᠬᠦ ᠬᠡᠪᠴᠢᠶ᠎ᠡ ᠶ᠋ᠢ ᠥᠷᠭᠡᠳᠭᠡᠨ ᠂ ᠠᠵᠤ ᠠᠬᠤᠢᠯᠠᠯ ᠤ᠋ᠨ  ᠰᠢᠨ᠎ᠡ ᠬᠡᠯᠪᠡᠷᠢ ᠶ᠋ᠢᠨ ᠳᠠᠭᠠᠭᠠᠯᠲᠠ ᠬᠢᠬᠦ ᠠᠷᠭ᠎ᠠ ᠮᠠᠶᠢᠭ ᠢ᠋ᠶ᠋ᠠᠷ ᠪᠡᠯᠡ ᠲᠣᠬᠢᠷᠠᠭᠤᠯᠬᠤ ᠠᠷᠭ᠎ᠠ ᠵᠠᠮ ᠢ᠋ᠶ᠋ᠠᠨ ᠥᠷᠭᠡᠳᠭᠡᠬᠦ ᠶ᠋ᠢ ᠳᠡᠮᠵᠢᠨ᠎ᠡ ᠃

      10 ᠂ ᠡᠣᠢᠯᠠᠣᠠᠪᠤᠷᠢᠯᠠᠯ ᠡᠵᠡᠩᠨᠡᠯᠲᠡ  ᠬᠢᠵᠢᠭ᠌  ᠦ᠋ᠨ ᠨᠥᠯᠦᠭᠡ ᠡᠴᠡ ᠪᠣᠯᠵᠤ  ᠬᠦᠨᠳᠦ ᠨᠣᠴᠢᠲᠠᠢ ᠪᠣᠯᠵᠤ ᠂ ᠬᠤᠭᠤᠴᠠᠭ᠎ᠠ ᠨᠢ ᠲᠤᠯᠪᠠᠯ ᠵᠢᠭᠡᠯᠡᠯᠭᠡ  ᠪᠡᠨ  ᠪᠤᠴᠠᠭᠠᠵᠤ  ᠴᠢᠳᠠᠬᠤ  ᠦᠭᠡᠢ ᠡᠠᠵᠣ ᠡᠠᠬᠣᠢᠯᠠᠯ ᠤ᠋ᠨ ᠮᠥᠩᠭᠦᠨ ᠭᠦᠢᠯᠭᠡᠭᠡᠨ ᠦ᠌ ᠵᠢᠬᠡᠯᠠᠯᠬᠡ᠎ ᠶ᠋ᠢᠨ ᠵᠢᠭᠤᠷᠠᠯᠳᠤᠭᠠᠨ ᠳ᠋ᠤ᠌ ᠲᠤᠰᠭᠠᠢᠵᠢᠭᠰᠠᠨ  ᠰᠢᠭᠦᠨ ᠲᠠᠰᠤᠯᠤᠯᠲᠠ ᠶ᠋ᠢᠨ ᠳᠠᠪᠠᠭᠤᠯᠢᠭ ᠢ᠋ᠶ᠋ᠠᠨ ᠭᠦᠢᠴᠡᠳ ᠪᠠᠳᠠᠷᠠᠭᠤᠯᠵᠤ ᠂ ᠬᠠᠤᠯᠢ ᠶᠣᠰᠣᠭᠠᠷ ᠡᠶᠡᠳᠡᠭᠦᠯᠬᠦ ᠡᠷᠴᠢᠮ ᠢ᠋ᠶ᠋ᠡᠨ ᠴᠢᠩᠭᠠᠷᠠᠭᠤᠯᠤᠨ ᠂  ᠮᠥᠩᠭᠦᠨ ᠭᠦᠢᠯᠭᠡᠭᠡᠨ ᠦ᠌ ᠪᠠᠢᠭᠤᠯᠤᠮᠵᠢ ᠠ᠋ᠴᠠ ᠦᠵᠡᠭᠦᠯᠭᠡ  ᠢ᠋ᠢᠨ ᠬᠤᠭᠤᠴᠠᠭ᠎ᠠ ᠪᠤᠶᠤ  ᠦᠷᠭᠦᠯᠵᠢᠯᠡᠨ ᠵᠢᠭᠡᠯᠡᠯᠭᠡ ᠣᠯᠭᠣᠬᠤ ᠶ᠋ᠢ ᠵᠣᠷᠢᠭᠵᠢᠭᠤᠯᠬᠤ ᠪᠠ᠎ ᠬᠥᠲᠥᠯᠦᠨ ᠵᠢᠯᠣᠭᠣᠳᠴᠤ ᠂  ᠮᠥᠩᠭᠦᠨ  ᠭᠦᠢᠯᠭᠡᠭᠡᠨ ᠦ᠌ ᠵᠢᠬᠡᠯᠠᠯᠬᠡ᠎ ᠶ᠋ᠢᠨ ᠡᠷᠬᠡ᠎ ᠶ᠋ᠢ ᠪᠠᠲᠤᠯᠠᠬᠤ ᠶ᠋ᠢᠨ ᠬᠠᠮᠲᠤ ᠡᠠᠵᠣ ᠡᠠᠬᠣᠢᠯᠠᠯ ᠤ᠋ᠨ  ᠣᠷᠤᠰᠢᠨ ᠲᠣᠭᠲᠠᠨᠢᠬᠤ ᠡᠷᠬᠡ᠎ ᠡᠠᠰᠢᠬ  ᠢ᠋ ᠪᠣᠳᠣᠯᠬᠢᠯᠠᠬᠤ  ᠬᠡᠷᠡᠭᠲᠡᠢ ᠃

      11 ᠂  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠬᠤᠭᠤᠴᠠᠭᠠᠨ ᠤ᠋ ᠬᠠᠤᠯᠢ ᠲᠣᠭᠲᠠᠭᠠᠯ ᠠ᠋ᠴᠠ ᠵᠥᠷᠢᠴᠡᠨ ᠠᠷᠠᠳ ᠤ᠋ᠨ ᠵᠢᠭᠡᠯᠡᠯᠭᠡ ᠲᠠᠯᠪᠢᠬᠤ ᠦᠢᠯᠡ ᠠᠵᠢᠯᠯᠠᠭ᠎ᠠ ᠳ᠋ᠤ᠌ ᠴᠢᠩᠭ᠎ᠠ ᠴᠣᠬᠢᠯᠲᠠ ᠥᠭᠴᠦ ᠂ 《 ᠠᠵᠢᠯ ᠮᠡᠷᠭᠡᠵᠢᠯ ᠦ᠋ᠨ ᠵᠢᠭᠡᠯᠡᠯᠭᠡ ᠲᠠᠯᠪᠢᠭᠴᠢ 》  ᠶ᠋ᠢᠨ ᠣᠨᠴᠠᠯᠢᠭ ᠲᠤ᠌ ᠨᠡᠢᠴᠡᠭᠰᠡᠨ ᠬᠠᠮᠢᠶ᠎ᠠ ᠪᠦᠬᠦᠢ ᠭᠣᠣᠯ ᠴᠣᠭᠴᠠ ᠶ᠋ᠢᠨ ᠲᠣᠬᠢᠶᠠᠯ ᠢ᠋ ᠵᠠᠪᠳᠤᠨ ᠥᠨᠳᠥᠷ ᠬᠦᠦ ᠲᠡᠢ ᠵᠢᠭᠡᠯᠡᠯᠭᠡ ᠂ 《 ᠵᠠᠮ ᠤ᠋ᠨ ᠥᠪᠴᠢ ᠵᠢᠭᠡᠯᠡᠯᠭᠡ 》 ᠂ ᠬᠤᠳᠠᠯ ᠬᠠᠭᠤᠷᠮᠠᠭ ᠵᠠᠷᠭᠤ ᠬᠢᠬᠦ ᠵᠡᠷᠭᠡ ᠦᠢᠯᠡ ᠠᠵᠢᠯᠯᠠᠭ᠎ᠠ ᠶ᠋ᠢ ᠴᠢᠩᠭ᠎ᠠ ᠰᠡᠷᠭᠡᠢᠯᠡᠨ᠎ᠡ ᠃ ᠵᠢᠭᠡᠯᠡᠭᠦᠯᠦᠭᠴᠢ ᠶ᠋ᠢᠨ ᠨᠡᠷ᠎ᠡ ᠶ᠋ᠢ ᠲᠡᠮᠳᠡᠭᠯᠡᠬᠦ ᠦᠭᠡᠢ ᠪᠡᠷ ᠵᠢᠭᠡᠯᠡᠭᠰᠡᠨ ᠵᠠᠭᠠᠯᠳᠤᠯᠭ᠎ᠠ ᠪᠤᠶᠤ ᠠᠪᠴᠠᠭᠠᠨ ᠤ᠋ ᠡᠷᠬᠡ ᠶ᠋ᠢ  ᠰᠢᠯᠵᠢᠭᠦᠯᠦᠨ ᠠᠪᠤᠭᠴᠢ ᠶ᠋ᠢᠨ ᠵᠠᠭᠠᠯᠳᠤᠭᠰᠠᠨ ᠠᠷᠠᠳ ᠤ᠋ᠨ ᠵᠢᠭᠡᠯᠡᠯᠭᠡ ᠶ᠋ᠢᠨ ᠬᠡᠷᠡᠭ ᠦ᠋ᠨ ᠪᠡᠯᠡ ᠮᠥᠩᠭᠥ ᠶ᠋ᠢᠨ ᠭᠦᠢᠯᠭᠡᠭᠡᠨ ᠦ᠌  ᠬᠠᠨᠳᠤᠰᠢ  ᠶ᠋ᠢ ᠴᠢᠩᠭ᠎ᠠ ᠬᠢᠨᠠᠨ ᠪᠠᠢᠴᠠᠭᠠᠵᠤ ᠂ ᠵᠢᠭᠡᠯᠡᠯᠭᠡ ᠲᠠᠯᠪᠢᠭᠴᠢ ᠠ᠋ᠴᠠ ᠬᠠᠤᠯᠢ ᠴᠠᠭᠠᠵᠠ ᠳᠦᠷᠢᠮ ᠲᠣᠭᠲᠠᠭᠠᠯ ᠠ᠋ᠴᠠ ᠵᠠᠢᠯᠠᠬᠤ ᠶ᠋ᠢ ᠰᠡᠷᠭᠡᠢᠯᠡᠬᠦ ᠬᠡᠷᠡᠭᠲᠡᠢ ᠃ ᠶᠠᠯ᠎ᠠ ᠪᠣᠯᠵᠤ ᠪᠦᠷᠢᠯᠳᠦᠭᠰᠡᠨ ᠪᠠᠢᠪᠠᠯ ᠂ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠳ᠋ᠤ᠌ ᠴᠠᠭ ᠲᠤᠬᠠᠢ ᠳ᠋ᠤᠨᠢ  ᠰᠢᠯᠵᠢᠭᠦᠯᠦᠨ ᠬᠦᠷᠭᠡᠨ᠎ᠡ ᠃

      12. ᠳᠠᠮᠫᠤᠷᠠᠯ ᠤ᠋ᠨ ᠳᠦᠷᠢᠮ ᠦ᠋ᠨ ᠠᠪᠤᠷᠠᠬᠤ ᠪᠠ ᠡᠯᠧᠮᠧᠨ᠋ᠲ ᠦ᠋ᠨ ᠲᠣᠬᠢᠷᠠᠭᠤᠯᠬᠤ ᠴᠢᠳᠠᠮᠵᠢ ᠶ᠋ᠢ ᠴᠢᠩᠭᠠᠷᠠᠭᠤᠯᠵᠤ ᠂ ᠭᠣᠣᠯ ᠡᠵᠡᠩᠨᠡᠯᠲᠡ ᠶ᠋ᠢᠨ ᠲᠤᠬᠠᠢᠯᠠᠭᠰᠠᠨ ᠠᠵᠢᠯ ᠨᠢ ᠰᠠᠢᠨ ᠪᠣᠯᠪᠠᠴᠤ  ᠬᠢᠵᠢᠭ᠌  ᠦ᠋ᠨ ᠨᠥᠯᠥᠭᠡ ᠡᠴᠡ ᠪᠣᠯᠵᠤ ᠬᠤᠭᠤᠴᠠᠭ᠎ᠠ ᠨᠢ ᠲᠤᠯᠤᠭᠰᠠᠨ ᠥᠭᠴᠡᠭᠡ ᠪᠡᠨ ᠲᠦᠷ ᠲᠥᠯᠥᠵᠦ ᠳᠡᠢᠯᠬᠦ ᠦᠭᠡᠢ ᠠᠵᠤ ᠠᠬᠤᠢᠯᠠᠯ ᠳ᠋ᠤ᠌ ᠠᠪᠴᠠᠭᠠᠲᠠᠨ ᠨᠢ ᠳᠠᠮᠫᠤᠷᠠᠭᠤᠯᠬᠤ ᠪᠠᠷ ᠭᠤᠶᠤᠴᠢᠯᠠᠭᠰᠠᠨ ᠪᠠᠢᠪᠠᠯ ᠂ ᠬᠡᠷᠡᠭ ᠪᠣᠯᠭᠠᠬᠤ ᠪᠣᠭᠣᠮᠲᠠ ᠶ᠋ᠢ ᠴᠢᠩᠭ᠎ᠠ ᠠᠳᠭᠤᠨ᠎ᠠ ᠃  ᠬᠢᠵᠢᠭ᠌  ᠢ᠋ ᠰᠡᠷᠭᠡᠢᠯᠡᠬᠦ ᠡᠳ᠋ ᠪᠣᠳᠠᠰ ᠦᠢᠯᠡᠳᠪᠦᠷᠢᠯᠡᠬᠦ ᠴᠢᠳᠠᠪᠤᠷᠢ ᠲᠠᠢ ᠳᠠᠮᠫᠤᠷᠠᠭᠰᠠᠨ ᠠᠵᠤ ᠠᠬᠤᠢᠯᠠᠯ ᠨᠢ ᠳᠠᠮᠫᠤᠷᠠᠬᠤ ᠬᠠᠮᠢᠶᠠᠷᠤᠯᠲᠠ ᠶ᠋ᠢᠨ ᠬᠥᠮᠦᠨ ᠪᠣᠯᠤᠨ ᠵᠠᠰᠠᠭ ᠤ᠋ᠨ ᠣᠷᠳᠣᠨ ᠤ᠋  ᠬᠢᠵᠢᠭ᠌  ᠰᠡᠷᠭᠡᠢᠯᠡᠬᠦ ᠰᠠᠯᠠᠭ᠎ᠠ ᠮᠥᠴᠢᠷ ᠲᠡᠢ ᠨᠡᠪᠲᠡᠷᠡᠯᠴᠡᠨ ᠵᠣᠬᠢᠴᠠᠭᠤᠯᠵᠤ ᠂ ᠦᠢᠯᠡᠳᠪᠦᠷᠢᠯᠡᠬᠦ ᠨᠥᠬᠥᠴᠡᠯ ᠳ᠋ᠦ᠍ ᠨᠡᠢᠴᠡᠬᠦ ᠠᠵᠤ ᠠᠬᠤᠢᠯᠠᠯ ᠤ᠋ᠨ ᠦᠢᠯᠡᠳᠪᠦᠷᠢᠯᠡᠯ ᠢ᠋ᠶ᠋ᠡᠨ ᠰᠡᠷᠭᠦᠭᠡᠬᠦ ᠶ᠋ᠢ ᠳᠡᠮᠵᠢᠵᠦ ᠂  ᠬᠢᠵᠢᠭ᠌  ᠰᠡᠷᠭᠡᠢᠯᠡᠬᠦ ᠡᠳ᠋ ᠪᠣᠳᠠᠰ ᠤ᠋ᠨ ᠬᠠᠩᠭᠠᠯᠭ᠎ᠠ ᠶ᠋ᠢ ᠪᠠᠲᠤᠯᠠᠬᠤ ᠬᠡᠷᠡᠭᠲᠡᠢ ᠃  ᠬᠢᠵᠢᠭ᠌  ᠦ᠋ᠨ ᠨᠥᠯᠥᠭᠡ ᠡᠴᠡ ᠪᠣᠯᠵᠤ ᠂ ᠠᠵᠤ ᠠᠬᠤᠢᠯᠠᠯ ᠤ᠋ᠨ ᠳᠠᠮᠫᠤᠷᠠᠯ ᠢ᠋ ᠳᠠᠬᠢᠨ ᠴᠡᠭᠴᠡᠯᠡᠬᠦ ᠬᠤᠭᠤᠴᠠᠭᠠᠨ ᠳ᠋ᠤ᠌ ᠪᠡᠯᠡ ᠣᠷᠣᠭᠤᠯᠤᠭᠴᠢ ᠡᠯᠰᠡᠨ ᠬᠦᠴᠢᠷᠳᠡᠯ ᠪᠤᠶᠤ ᠳᠠᠬᠢᠨ ᠴᠡᠭᠴᠡᠯᠡᠬᠦ ᠲᠥᠯᠥᠪᠯᠡᠭᠡ ᠶ᠋ᠢᠨ ᠲᠥᠰᠦᠯ ᠢ᠋ ᠲᠣᠭᠲᠠᠭᠠᠬᠤ ᠶ᠋ᠢᠨ ᠠᠷᠭ᠎ᠠ ᠦᠭᠡᠢ ᠪᠠᠢᠪᠠᠯ ᠂ ᠳᠠᠬᠢᠨ ᠴᠡᠭᠴᠡᠯᠡᠬᠦ ᠴᠠᠭ ᠢ᠋ ᠵᠣᠬᠢᠰᠲᠠᠢ ᠪᠠᠷ ᠤᠷᠲᠤᠳᠭᠠᠵᠤ ᠪᠣᠯᠤᠨ᠎ᠠ ᠃

      13 ᠂ ᠬᠥᠳᠡᠯᠮᠦᠷᠢᠴᠢᠨ ᠦ᠌  ᠬᠢᠵᠢᠭ᠌  ᠦ᠋ᠨ ᠪᠠᠢᠳᠠᠯ ᠢ᠋ ᠡᠮᠨᠡᠨ ᠵᠠᠰᠠᠬᠤ ᠂ ᠲᠤᠰᠠᠭᠠᠷᠯᠠᠬᠤ ᠵᠢᠴᠢ ᠠᠵᠤ ᠠᠬᠤᠢᠯᠠᠯ ᠨᠢ  ᠬᠢᠵᠢᠭ᠌  ᠦ᠋ᠨ ᠪᠠᠢᠳᠠᠯ ᠠ᠋ᠴᠠ ᠪᠣᠯᠵᠤ ᠠᠵᠢᠯ ᠢ᠋ᠶ᠋ᠠᠨ ᠵᠣᠭᠰᠣᠭᠠᠭᠰᠠᠨ ᠠ᠋ᠴᠠ ᠪᠣᠯᠤᠭᠰᠠᠨ ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠢ᠋ ᠲᠣᠬᠢᠲᠠᠢ  ᠰᠢᠭᠦᠨ  ᠰᠢᠢᠳᠪᠦᠷᠢᠯᠡᠵᠦ  ᠂ ᠬᠥᠮᠦᠨ ᠦ᠌ ᠬᠦᠴᠦᠨ ᠦ᠌ ᠡᠬᠢ ᠪᠠᠶᠠᠯᠢᠭ ᠪᠠ ᠨᠡᠢᠭᠡᠮ ᠦ᠋ᠨ ᠪᠠᠲᠤᠯᠠᠭ᠎ᠠ ᠶ᠋ᠢᠨ ᠰᠠᠯᠠᠭ᠎ᠠ ᠮᠥᠴᠢᠷ ᠂ ᠬᠥᠳᠡᠯᠮᠦᠷᠢ ᠶ᠋ᠢᠨ ᠬᠥᠨᠳᠡᠯᠡᠨ ᠡᠴᠡ ᠲᠠᠰᠤᠯᠬᠤ ᠺᠣᠮᠢᠰ ᠵᠡᠷᠭᠡ ᠰᠠᠯᠠᠭ᠎ᠠ ᠮᠥᠴᠢᠷ ᠲᠡᠢ ᠬᠠᠮᠲᠤᠷᠠᠨ ᠬᠥᠳᠡᠯᠦᠯᠴᠡᠬᠦ ᠶ᠋ᠢ ᠴᠢᠩᠭᠠᠳᠭᠠᠨ ᠂  ᠠᠰᠢᠭ ᠲᠤᠰᠠ ᠶ᠋ᠢ ᠲᠡᠩᠴᠡᠭᠦᠷᠢᠲᠡᠢ ᠪᠠᠢᠯᠭᠠᠬᠤ ᠣᠨᠣᠯᠵᠢᠬᠤᠨ ᠢ᠋ ᠪᠣᠢ ᠪᠣᠯᠭᠠᠵᠤ ᠂ ᠬᠥᠳᠡᠯᠮᠦᠷᠢᠴᠢᠳ ᠢ᠋ ᠬᠥᠲᠥᠯᠦᠨ ᠵᠢᠯᠣᠭᠣᠳᠴᠤ ᠪᠠᠢᠭᠠᠳ ᠬᠥᠮᠦᠨ ᠬᠡᠷᠡᠭᠯᠡᠬᠦ ᠨᠢᠭᠡᠴᠡ ᠲᠡᠢ ᠬᠠᠮᠲᠤᠪᠠᠷ ᠬᠠᠷᠢᠭᠤᠴᠠᠯᠭ᠎ᠠ ᠡᠭᠦᠷᠭᠡᠯᠡᠭᠦᠯᠵᠦ ᠂ ᠬᠠᠮᠲᠤ ᠪᠠᠷ ᠪᠡᠷᠬᠡ ᠪᠣᠭᠣᠮᠲᠠ ᠶ᠋ᠢ ᠲᠤᠭᠤᠯᠤᠨ᠎ᠠ ᠃ ᠬᠥᠳᠡᠯᠮᠦᠷᠢᠴᠢᠨ ᠵᠠᠰᠠᠭ ᠤ᠋ᠨ ᠣᠷᠳᠣᠨ ᠤ᠋ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠶ᠋ᠢ ᠵᠢᠷᠤᠮᠯᠠᠬᠤ ᠦᠭᠡᠢ ᠡᠴᠡ ᠪᠣᠯᠵᠤ ᠂ ᠲᠤᠰᠠᠭᠠᠷᠯᠠᠨ ᠡᠮᠨᠡᠨ ᠵᠠᠰᠠᠭᠤᠯᠬᠤ ᠪᠤᠶᠤ ᠠᠨᠠᠭᠠᠬᠤ ᠤᠬᠠᠭᠠᠨ ᠤ᠋ ᠠᠵᠢᠭᠯᠠᠯᠲᠠ ᠬᠦᠯᠢᠶᠡᠭᠰᠡᠨ ᠡᠴᠡ ᠪᠣᠯᠵᠤ ᠬᠥᠳᠡᠯᠮᠦᠷᠢᠴᠢᠨ ᠲᠤᠰ ᠬᠤᠭᠤᠴᠠᠭᠠᠨ ᠤ᠋ ᠬᠥᠳᠡᠯᠮᠦᠷᠢ ᠶ᠋ᠢᠨ ᠬᠥᠯᠥᠰᠥ ᠣᠯᠭᠣᠮᠵᠢ ᠶ᠋ᠢ ᠵᠣᠷᠢᠳᠠᠭ ᠪᠠᠢᠪᠠᠯ ᠂ ᠶᠡᠷᠦ ᠳ᠋ᠡᠭᠡᠨ ᠳᠡᠮᠵᠢᠬᠦ ᠦᠭᠡᠢ ᠪᠠᠢᠳᠠᠭ ᠃ ᠬᠥᠮᠦᠨ ᠬᠡᠷᠡᠭᠯᠡᠬᠦ ᠨᠢᠭᠡᠴᠢ ᠬᠢᠵᠢᠭ᠌ ᠦ᠋ᠨ ᠪᠠᠢᠳᠠᠯ ᠠ᠋ᠴᠠ ᠪᠣᠯᠵᠤ ᠦᠢᠯᠡᠳᠪᠦᠷᠢᠯᠡᠯ ᠵᠣᠭᠰᠣᠭᠰᠠᠨ ᠂ ᠲᠦᠷ ᠴᠠᠭ ᠤ᠋ᠨ ᠴᠢᠨᠠᠷᠲᠠᠢ ᠡᠵᠡᠩᠨᠡᠯᠲᠡ ᠨᠢ ᠬᠦᠴᠢᠷᠳᠡᠯ ᠲᠡᠢ ᠤᠴᠢᠷ ᠠ᠋ᠴᠠ ᠬᠥᠳᠡᠯᠮᠦᠷᠢ ᠶ᠋ᠢᠨ ᠬᠥᠯᠥᠰᠥ ᠣᠯᠭᠣᠮᠵᠢ ᠶ᠋ᠢ ᠴᠠᠭ ᠲᠤᠬᠠᠢ ᠳ᠋ᠤᠨᠢ ᠭᠦᠢᠴᠡᠳ ᠲᠣᠭ᠎ᠠ ᠪᠠᠷ ᠦᠯᠦ ᠦᠭᠭᠦᠭᠰᠡᠨ ᠪᠠᠢᠪᠠᠯ ᠂ ᠬᠥᠳᠡᠯᠮᠦᠷᠢᠴᠢᠨ ᠬᠥᠳᠡᠯᠮᠦᠷᠢ ᠶ᠋ᠢᠨ ᠬᠠᠷᠢᠴᠠᠭ᠎ᠠ ᠶ᠋ᠢ ᠲᠠᠰᠤᠯᠬᠤ ᠪᠠᠷ ᠱᠠᠭᠠᠷᠳᠠᠪᠠᠯ ᠂ ᠠᠵᠤ ᠠᠬᠤᠢ ᠶ᠋ᠢᠨ ᠨᠥᠬᠥᠪᠥᠷᠢ ᠮᠥᠩᠭᠥ ᠶ᠋ᠢᠨ ᠲᠣᠭᠲᠠᠭᠠᠯ ᠢ᠋ ᠪᠣᠯᠭᠣᠮᠵᠢᠲᠠᠢ ᠬᠡᠷᠡᠭᠯᠡᠬᠦ ᠬᠡᠷᠡᠭᠲᠡᠢ ᠃

      14 ᠂ ᠵᠠᠰᠠᠭ ᠤ᠋ᠨ ᠣᠷᠳᠣᠨ ᠤ᠋  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠬᠠᠮᠢᠶ᠎ᠠ ᠪᠦᠬᠦᠢ ᠲᠥᠷᠥ ᠶ᠋ᠢᠨ ᠪᠣᠳᠣᠯᠭ᠎ᠠ ᠶ᠋ᠢ ᠬᠡᠷᠡᠭᠵᠢᠭᠦᠯᠬᠦ ᠵᠢᠴᠢ ᠪᠠᠴᠢᠮ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ ᠶ᠋ᠢ ᠬᠠᠤᠯᠢ ᠶᠣᠰᠣᠭᠠᠷ ᠳᠡᠮᠵᠢᠵᠦ ᠂ ᠬᠣᠷᠢᠭᠯᠠᠨ  ᠬᠠᠷᠰᠢᠯᠡᠬᠤ ᠪᠠ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠡᠴᠡ ᠵᠥᠷᠢᠴᠡᠭᠰᠡᠨ ᠂ ᠦᠨᠡᠨ ᠪᠣᠳᠠᠲᠠᠢ ᠪᠤᠰᠤ ᠮᠡᠳᠡᠭᠡ ᠲᠠᠷᠬᠠᠭᠠᠬᠤ ᠂ ᠠᠵᠢᠯ ᠡᠬᠢᠯᠡᠬᠦ ( ᠰᠡᠷᠭᠦᠭᠡᠬᠦ ) ᠲᠣᠭᠲᠠᠭᠠᠯ ᠠ᠋ᠴᠠ ᠵᠥᠷᠢᠴᠡᠭᠰᠡᠨ ᠵᠢᠴᠢ  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠬᠤᠭᠤᠴᠠᠭᠠᠨ ᠳ᠋ᠤ᠌ ᠪᠠᠷᠠᠭᠠᠨ ᠤ᠋ ᠦᠨ᠎ᠡ ᠶ᠋ᠢ ᠲᠦᠷᠬᠢᠯᠳᠦᠨ ᠥᠰᠭᠡᠬᠦ ᠵᠡᠷᠭᠡ ᠵᠠᠰᠠᠭ ᠵᠠᠬᠢᠷᠭᠠᠨ ᠤ᠋  ᠰᠢᠢᠳᠭᠡᠯ ᠲᠣᠷᠭᠠᠭᠤᠯᠢ ᠶ᠋ᠢᠨ ᠬᠡᠷᠡᠭ ᠢ᠋ ᠲᠣᠬᠢᠲᠠᠢ  ᠰᠢᠭᠦᠨ  ᠰᠢᠢᠳᠪᠦᠷᠢᠯᠡᠵᠦ ᠂ ᠵᠠᠬ᠎ᠠ ᠳᠡᠯᠭᠡᠭᠦᠷ ᠦ᠋ᠨ ᠬᠡᠪ ᠦ᠋ᠨ ᠡᠮᠬᠢ  ᠲᠢᠭ᠍ᠯᠢᠮ ᠪᠠ ᠨᠡᠢᠭᠡᠮ ᠦ᠋ᠨ ᠡᠮᠬᠢ  ᠲᠢᠭ᠍ᠯᠢᠮ  ᠢ᠋ ᠬᠠᠮᠠᠭᠠᠯᠠᠬᠤ ᠬᠡᠷᠡᠭᠲᠡᠢ ᠃ ᠵᠠᠰᠠᠭ ᠤ᠋ᠨ ᠣᠷᠳᠣᠨ ᠤ᠋ ᠠᠵᠤ ᠠᠬᠤᠢᠯᠠᠯ ᠤ᠋ᠨ ᠳᠠᠷᠤᠭᠠᠰᠤ ᠶ᠋ᠢ ᠬᠥᠩᠭᠡᠷᠡᠭᠦᠯᠬᠦ ᠬᠣᠯᠪᠣᠭᠳᠠᠯ ᠪᠦᠬᠦᠢ ᠲᠥᠷᠥ ᠶ᠋ᠢᠨ ᠪᠣᠳᠣᠯᠭ᠎ᠠ ᠶ᠋ᠢ ᠬᠡᠷᠡᠭᠵᠢᠭᠦᠯᠬᠦ ᠶ᠋ᠢ ᠬᠠᠤᠯᠢ ᠶᠣᠰᠣᠭᠠᠷ ᠳᠡᠮᠵᠢᠵᠦ ᠂ ᠨᠠᠰᠤᠵᠢᠯ ᠤ᠋ᠨ ᠳᠠᠭᠠᠳᠭᠠᠯ ᠂ ᠠᠵᠢᠯ ᠠᠯᠳᠠᠯᠲᠠ ᠶ᠋ᠢᠨ ᠳᠠᠭᠠᠳᠭᠠᠯ ᠪᠣᠯᠤᠨ ᠠᠵᠢᠯ ᠠ᠋ᠴᠠ ᠪᠣᠯᠤᠭᠰᠠᠨ ᠭᠡᠮᠲᠦᠯ ᠦ᠋ᠨ ᠳᠠᠭᠠᠳᠭᠠᠯ ᠵᠡᠷᠭᠡ ᠵᠠᠰᠠᠭ ᠵᠠᠬᠢᠷᠭᠠᠨ ᠤ᠋ ᠬᠡᠷᠡᠭ ᠢ᠋ ᠲᠣᠬᠢᠲᠠᠢ  ᠰᠢᠭᠦᠨ  ᠰᠢᠢᠳᠪᠦᠷᠢᠯᠡᠵᠦ ᠂ ᠠᠵᠢᠯ ᠤ᠋ᠨ ᠪᠠᠢᠷᠢ ᠳ᠋ᠤ᠌ ᠪᠤᠴᠠᠵᠤ ᠠᠵᠢᠯ ᠳ᠋ᠠᠭᠠᠨ ᠪᠤᠴᠠᠬᠤ ᠪᠣᠳᠠᠲᠤ ᠪᠠᠢᠳᠠᠯ ᠢ᠋ ᠭᠦᠢᠴᠡᠳ ᠪᠣᠳᠣᠯᠬᠢᠯᠠᠵᠤ ᠂ ᠠᠵᠤ ᠠᠬᠤᠢᠯᠠᠯ ᠪᠣᠯᠤᠨ ᠠᠵᠢᠯᠲᠠᠨ ᠠᠵᠢᠯᠴᠢᠨ ᠤ᠋ ᠬᠠᠤᠯᠢ ᠶᠣᠰᠣᠨ ᠤ᠋ ᠡᠷᠬᠡ  ᠠᠰᠢᠭ  ᠢ᠋ ᠡᠷᠬᠡ  ᠲᠡᠭᠰᠢ  ᠪᠡᠷ ᠪᠠᠲᠤᠯᠠᠨ᠎ᠠ ᠃

      15 ᠂ ᠡᠣᠢᠯᠠᠣᠠᠪᠤᠷᠢᠯᠠᠯ ᠡᠵᠡᠩᠨᠡᠯᠲᠡ ᠶ᠋ᠢᠨ  ᠬᠢᠵᠢᠭ᠌  ᠦ᠋ᠨ ᠨᠥᠯᠦᠭᠡ ᠎ ᠲᠠᠢ ᠡᠠᠵᠣ ᠡᠠᠬᠣᠢᠯᠠᠯ ᠨᠢ ᠭᠦᠢᠴᠡᠳᠭᠡᠬᠦ ᠪᠡᠷ ᠭᠤᠶᠤᠴᠢᠯᠠᠭᠴᠢ ᠪᠣᠯᠤᠭᠰᠠᠨ ᠤ᠋ ᠬᠤᠪᠢ ᠳ᠋ᠤ᠌ ᠂ ᠭᠦᠢᠴᠡᠳᠭᠡᠬᠦ ᠶ᠋ᠢ ᠡᠰᠡᠷᠭᠦᠴᠡᠨ ᠬᠣᠷᠢᠭᠯᠠᠬᠤ ᠠᠵᠢᠯᠯᠠᠭ᠎ᠠ ᠳ᠋ᠤ᠌ ᠴᠣᠬᠢᠯᠲᠠ ᠥᠭᠬᠦ ᠡᠷᠴᠢᠮ ᠢ᠋ᠶ᠋ᠡᠨ  ᠨᠡᠮᠡᠭᠳᠡᠭᠦᠯᠵᠦ ᠂ ᠡᠠᠵᠣ ᠡᠠᠬᠣᠢᠯᠠᠯ ᠢ᠋ ᠬᠠᠪᠰᠤᠷᠤᠨ ᠪᠡᠯᠡ ᠮᠥᠩᠭᠦ ᠶ᠋ᠢ ᠴᠠᠭ ᠲᠤᠬᠠᠢ ᠳ᠋ᠤᠨᠢ ᠡᠭᠡᠭᠦᠯᠦᠨ ᠠᠪᠴᠠᠢ ᠃ ᠭᠦᠢᠴᠡᠳᠭᠡᠬᠦ ᠬᠥᠮᠦᠨ ᠪᠣᠯᠤᠭᠰᠠᠨ ᠠᠵᠤ ᠠᠬᠤᠢᠯᠠᠯ ᠨᠢ ᠰᠠᠢᠨ ᠰᠠᠨᠠᠭ᠎ᠠ ᠪᠠᠷ ᠭᠦᠢᠴᠡᠳᠭᠡᠬᠦ ᠶ᠋ᠢ ᠴᠢᠩᠭᠠᠳᠭᠠᠨ ᠂ ᠲᠤᠬᠠᠢ ᠶ᠋ᠢᠨ ᠬᠥᠮᠦᠨ ᠦ᠌ ᠭᠦᠢᠴᠡᠳᠭᠡᠬᠦ ᠡᠶᠡᠳᠡᠬᠦ ᠪᠤᠶᠤ ᠰᠠᠨᠠᠭᠠᠴᠢᠯᠠᠭ᠎ᠠ ᠠ᠋ᠴᠠ ᠪᠠᠨ ᠭᠦᠢᠴᠡᠳᠭᠡᠬᠦ ᠶ᠋ᠢ ᠢᠳᠡᠪᠬᠢᠲᠡᠢ ᠠᠬᠢᠭᠤᠯᠤᠨ᠎ᠠ ᠃ ᠢᠲᠡᠭᠡᠯ ᠢ᠋ᠶ᠋ᠡᠨ ᠠᠯᠳᠠᠭᠰᠠᠨ ᠨᠡᠷᠡᠰ ᠲᠦ᠍ ᠵᠢᠭᠰᠠᠭᠠᠭᠳᠠᠭᠰᠠᠨ ᠂ ᠥᠨᠳᠥᠷ ᠬᠡᠷᠡᠭᠯᠡᠭᠡ ᠶ᠋ᠢ ᠬᠢᠵᠠᠭᠠᠷᠯᠠᠭᠰᠠᠨ  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠡᠳ᠋ ᠪᠣᠳᠠᠰ ᠢ᠋ ᠦᠢᠯᠡᠳᠪᠦᠷᠢᠯᠡᠨ ᠡᠵᠡᠩᠨᠡᠵᠦ ᠪᠠᠢᠭ᠎ᠠ ᠠᠵᠤ ᠠᠬᠤᠢᠯᠠᠯ ᠵᠢᠴᠢ ᠲᠡᠭᠦᠨ ᠦ᠌ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠂ ᠪᠣᠳᠠᠲᠠᠢ ᠡᠵᠡᠮᠳᠡᠭᠴᠢ ᠶ᠋ᠢ ᠪᠣᠳᠠᠲᠠᠢ ᠪᠠᠢᠳᠠᠯ ᠢ᠋ ᠨᠢ ᠦᠨᠳᠦᠰᠦᠯᠡᠵᠦ ᠂ ᠬᠢᠨᠠᠨ ᠪᠠᠢᠴᠠᠭᠠᠭᠠᠳ ᠨᠥᠬᠥᠴᠡᠯ ᠳ᠋ᠦ᠍ ᠨᠡᠢᠴᠡᠵᠦ ᠪᠠᠢᠪᠠᠯ ᠂ ᠢᠲᠡᠭᠡᠮᠵᠢ ᠶ᠋ᠢ ᠨᠢ ᠰᠡᠷᠭᠦᠭᠡᠬᠦ ᠂ ᠢᠲᠡᠭᠡᠯ ᠢ᠋ᠶ᠋ᠡᠨ ᠠᠯᠳᠠᠭᠰᠠᠨ ᠲᠡᠮᠳᠡᠭᠯᠡᠯ ᠢ᠋ ᠨᠢ ᠲᠦᠷ ᠴᠠᠭ ᠬᠠᠯᠠᠭᠤᠯᠬᠤ ᠂ ᠥᠨᠳᠥᠷ ᠬᠡᠷᠡᠭᠯᠡᠭᠡᠨ ᠦ᠌ ᠬᠢᠵᠠᠭᠠᠷᠯᠠᠯ ᠢ᠋ ᠨᠢ ᠬᠦᠴᠦᠨ ᠥᠬᠡᠢ ᠪᠣᠯᠭᠠᠵᠤ ᠂ ᠲᠡᠭᠦᠨ ᠦ᠌ ᠬᠡᠪ ᠦ᠋ᠨ ᠦᠢᠯᠡᠳᠪᠦᠷᠢᠯᠡᠯ ᠪᠠ ᠡᠵᠡᠩᠨᠡᠯᠲᠡ ᠶ᠋ᠢ ᠦᠨᠡᠨᠬᠦ ᠪᠠᠲᠤᠯᠠᠬᠤ ᠬᠡᠷᠡᠭᠲᠡᠢ ᠃

      ᠭᠤᠷᠪᠠ ᠂  ᠰᠢᠨ᠎ᠡ ᠪᠠᠢᠳᠠᠯ  ᠰᠢᠨ᠎ᠡ ᠠᠰᠠᠭᠤᠳᠠᠯ ᠢ᠋ ᠢᠳᠡᠪᠬᠢᠲᠡᠢ ᠰᠤᠳᠤᠯᠤᠨ ᠮᠠᠭᠠᠳᠯᠠᠵᠤ ᠂ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠡᠭᠦᠷᠭᠡ ᠴᠢᠳᠠᠪᠤᠷᠢ ᠪᠠᠨ ᠥᠷᠭᠡᠳᠭᠡᠵᠦ ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋  ᠰᠢᠯᠢᠳᠡᠭᠵᠢᠭᠦᠯᠦᠨ᠎ᠡ ᠃

      16 ᠂  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠳ᠋ᠤ᠌ ᠬᠣᠯᠪᠣᠭᠳᠠᠭᠰᠠᠨ ᠬᠡᠷᠡᠭ ᠢ᠋  ᠰᠢᠢᠳᠪᠦᠷᠢᠯᠡᠬᠦ  ᠳ᠋ᠦ᠍ ᠴᠢᠭᠯᠡᠭᠦᠯᠦᠨ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠬᠢᠵᠦ ᠂  ᠬᠢᠵᠢᠭ᠌  ᠦ᠋ᠨ ᠪᠠᠢᠳᠠᠯ ᠤ᠋ᠨ ᠨᠥᠯᠥᠭᠡ ᠬᠦᠷᠲᠡᠵᠦ ᠮᠡᠳᠡᠬᠦ ᠬᠡᠷᠡᠭ ᠦ᠋ᠨ ᠲᠠᠰᠤᠯᠤᠨ ᠲᠣᠭᠲᠠᠭᠠᠯᠲᠠ ᠶ᠋ᠢᠨ ᠭᠡᠮ ᠨᠢ ᠨᠢᠭᠡᠳᠦᠯ ᠦᠭᠡᠢ ᠠᠰᠠᠭᠤᠳᠠᠯ ᠢ᠋ ᠭᠦᠨᠵᠡᠭᠡᠢ ᠰᠤᠳᠤᠯᠤᠨ ᠮᠠᠭᠠᠳᠯᠠᠵᠤ ᠂  ᠳᠣᠷᠤᠭᠰᠢ ᠵᠢᠯᠣᠭᠣᠳᠤᠯᠭ᠎ᠠ ᠪᠠᠨ ᠴᠢᠩᠭᠠᠳᠭᠠᠵᠤ ᠂ ᠲᠠᠰᠤᠯᠤᠨ ᠲᠣᠭᠲᠠᠭᠠᠬᠤ ᠣᠢᠯᠠᠭᠠᠭᠳᠠᠬᠤᠨ ᠢ᠋ᠶ᠋ᠠᠨ ᠨᠢᠭᠡᠳᠭᠡᠵᠦ ᠂ ᠲᠠᠰᠤᠯᠤᠨ ᠲᠣᠭᠲᠠᠭᠠᠬᠤ ᠬᠡᠮᠵᠢᠭᠦᠷ  ᠢ᠋ᠶ᠋ᠡᠨ ᠲᠣᠳᠣᠷᠬᠠᠢᠯᠠᠨ᠎ᠠ ᠃

      17 ᠂  ᠬᠡᠷᠡᠭ  ᠰᠢᠭᠦᠨ  ᠰᠢᠢᠳᠪᠦᠷᠢᠯᠡᠬᠦ ᠶᠠᠪᠤᠴᠠ ᠳ᠋ᠤ᠌ ᠂ ᠡᠠᠵᠣ ᠡᠠᠬᠣᠢᠯᠠᠯ ᠨᠢ  ᠬᠢᠵᠢᠭ᠌  ᠦ᠋ᠨ ᠪᠠᠢᠳᠠᠯ ᠤ᠋ᠨ ᠨᠥᠯᠦᠭᠡ ᠠ᠋ᠴᠠ ᠪᠣᠯᠵᠤ ᠂ ᠡᠣᠢᠯᠠᠣᠠᠪᠤᠷᠢᠯᠠᠯ ᠡᠵᠡᠩᠨᠡᠯᠲᠡ ᠵᠢᠴᠢ ᠬᠠᠮᠢᠶᠠᠷᠤᠯᠲᠠ ᠶ᠋ᠢᠨ ᠲᠠᠯ᠎ᠠ ᠪᠠᠷ ᠬᠦᠴᠢᠷᠳᠡᠯ ᠪᠤᠶᠤ ᠡᠠᠰᠠᠭᠣᠳᠠᠯ ᠪᠠᠢᠬᠤ ᠶ᠋ᠢ ᠡᠣᠯᠵᠣ  ᠮᠡᠳᠡᠭᠰᠡᠨ ᠪᠠᠢᠪᠠᠯ ᠂ ᠬᠣᠯᠪᠣᠭᠳᠠᠬᠤ ᠵᠠᠰᠠᠭ ᠤ᠋ᠨ ᠡᠣᠷᠳᠣᠠ ᠶ᠋ᠢᠨ ᠰᠠᠯᠠᠭ᠎ᠠ  ᠮᠥᠴᠢᠷ ᠂ ᠡᠠᠵᠢᠯ  ᠲᠥᠷᠦᠯ ᠤ᠋ᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ   ᠭᠡᠷ᠎ᠡ ᠶ᠋ᠢᠨ ᠬᠣᠯᠪᠣᠭᠳᠠᠬᠤ ᠡᠠᠵᠣ ᠡᠠᠬᠣᠢᠯᠠᠯ ᠳ᠋ᠤ᠌ ᠬᠠᠤᠯᠢ ᠴᠠᠭᠠᠵᠠ ᠶ᠋ᠢᠨ ᠰᠠᠨᠠᠭᠤᠯᠭ᠎ᠠ ᠶ᠋ᠢ ᠴᠠᠭ ᠲᠤᠬᠠᠢ ᠳ᠋ᠤᠨᠢ ᠳᠤᠷᠠᠳᠴᠤ ᠂ ᠬᠣᠯᠪᠣᠭᠳᠠᠯ  ᠪᠦᠬᠦᠢ  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠡᠠᠷᠭ᠎ᠠ ᠬᠡᠮᠵᠢᠢ᠎ᠠ ᠶ᠋ᠢ ᠠᠬᠢᠭᠤᠯᠤᠨ ᠲᠡᠭᠦᠯᠳᠡᠷᠵᠢᠭᠦᠯᠵᠦ ᠂ ᠡᠠᠵᠣ ᠡᠠᠬᠣᠢᠯᠠᠯ ᠤ᠋ᠨ ᠬᠡᠪ ᠦ᠋ᠨ ᠡᠣᠢᠯᠠᠣᠠᠪᠤᠷᠢᠯᠠᠯ ᠡᠵᠡᠩᠨᠡᠯᠲᠡ ᠶ᠋ᠢ ᠪᠠᠲᠤᠯᠠᠪᠠ ᠃

      18 . ᠦᠢᠯᠡᠳᠪᠦᠷᠢ ᠬᠤᠳᠠᠯᠳᠤᠭᠠᠨ ᠤ᠋ ᠬᠣᠯᠪᠤᠭ᠎ᠠ ᠯᠤᠭ᠎ᠠ ᠶ᠋ᠢᠨ ᠣᠢᠯᠠᠭᠠᠯᠴᠠᠨ ᠬᠠᠮᠲᠤᠷᠠᠨ ᠬᠥᠳᠡᠯᠦᠯᠴᠡᠬᠦ ᠶ᠋ᠢ ᠴᠢᠩᠭᠠᠳᠭᠠᠵᠤ ᠂ ᠪᠥᠬᠥ ᠬᠣᠲᠠ ᠶ᠋ᠢᠨ  ᠰᠢᠭᠦᠬᠦ ᠬᠣᠷᠢᠶ᠎ᠠ ᠳ᠋ᠤ᠌ ᠲᠣᠭᠲᠠᠮᠠᠯ ᠬᠤᠭᠤᠴᠠᠭ᠎ᠠ ᠲᠠᠢ ᠪᠠᠷ ᠠᠷᠠᠯᠵᠢᠶ᠎ᠠ ᠬᠤᠳᠠᠯᠳᠤᠭᠠᠨ ᠤ᠋ ᠣᠷᠴᠢᠨ ᠲᠣᠭᠣᠷᠢᠨ ᠢ᠋  ᠰᠢᠯᠢᠳᠡᠭᠵᠢᠭᠦᠯᠬᠦ ᠠᠷᠭ᠎ᠠ ᠪᠠᠷᠢᠯ ᠢ᠋  ᠰᠢᠯᠢᠳᠡᠭᠵᠢᠭᠦᠯᠬᠦ ᠂ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠢᠯᠠᠯ ᠤ᠋ᠨ ᠨᠡᠢᠲᠡᠯᠢᠭ ᠬᠡᠷᠡᠭ ᠦ᠋ᠨ ᠵᠢᠱ᠌ᠢᠶ᠎ᠡ ᠶ᠋ᠢ ᠮᠡᠳᠡᠭᠳᠡᠵᠦ ᠂ ᠠᠵᠤ ᠠᠬᠤᠢᠯᠠᠯ ᠤ᠋ᠨ ᠬᠠᠤᠯᠢ ᠳ᠋ᠤ᠌ ᠬᠣᠯᠪᠣᠭᠳᠠᠭᠰᠠᠨ ᠭᠣᠮᠣᠳᠠᠯ ᠭᠤᠶᠤᠴᠢᠯᠠᠯ ᠢ᠋ ᠴᠠᠭ ᠲᠤᠬᠠᠢ ᠳ᠋ᠤᠨᠢ  ᠡᠵᠡᠮᠰᠢᠨ ᠂ ᠲᠦᠷᠭᠡᠨ  ᠲᠤᠰᠢᠶᠠᠨ  ᠰᠢᠪᠠᠳᠠᠨ  ᠰᠢᠢᠳᠪᠦᠷᠢᠯᠡᠭᠦᠯᠵᠦ ᠂ ᠴᠠᠭ ᠲᠤᠬᠠᠢ ᠳ᠋ᠤᠨᠢ ᠬᠠᠷᠢᠭᠤ ᠲᠤᠰᠭᠠᠵᠤ ᠂ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠢᠯᠠᠯᠲᠠᠨ ᠤ᠋  ᠰᠢᠭᠦᠬᠦ ᠬᠣᠷᠢᠶᠠᠨ ᠤ᠋ ᠠᠵᠢᠯ ᠳ᠋ᠠᠬᠢ ᠣᠢᠯᠠᠭᠠᠯᠲᠠ ᠪᠠ ᠳᠡᠮᠵᠢᠯᠭᠡ ᠶ᠋ᠢ ᠦᠨᠡᠨᠬᠦ ᠣᠯᠪᠠ ᠃

      ᠲᠤᠰ ᠰᠠᠨᠠᠯ ᠢ᠋ ᠨᠡᠢᠲᠡᠯᠡᠭᠰᠡᠨ ᠡᠳᠦᠷ ᠡᠴᠡ ᠡᠬᠢᠯᠡᠵᠦ ᠬᠡᠷᠡᠭᠵᠢᠭᠦᠯᠦᠨ᠎ᠡ ᠃ ᠲᠤᠰ ᠰᠠᠨᠠᠯ ᠨᠢ ᠳᠡᠭᠡᠳᠦ ᠱᠠᠲᠤᠨ ᠤ᠋  ᠰᠢᠭᠦᠬᠦ ᠬᠣᠷᠢᠶ᠎ᠠ ᠶ᠋ᠢᠨ ᠭᠠᠷᠭᠠᠭᠰᠠᠨ ᠬᠠᠮᠢᠶ᠎ᠠ ᠪᠦᠬᠦᠢ ᠲᠥᠷᠥ ᠶ᠋ᠢᠨ ᠪᠣᠳᠣᠯᠭ᠎ᠠ ᠶ᠋ᠢᠨ  ᠪᠢᠴᠢᠭ᠌  ᠮᠠᠲ᠋ᠧᠷᠢᠶᠠᠯ ᠲᠠᠢ ᠨᠢᠭᠡᠳᠦᠯ ᠦᠭᠡᠢ ᠪᠠᠢᠪᠠᠯ ᠂ ᠳᠡᠭᠡᠳᠦ ᠱᠠᠲᠤᠨ ᠤ᠋  ᠰᠢᠭᠦᠬᠦ  ᠬᠣᠷᠢᠶ᠎ᠠ ᠶ᠋ᠢᠨ ᠬᠠᠮᠢᠶ᠎ᠠ ᠪᠦᠬᠦᠢ ᠲᠥᠷᠥ ᠶ᠋ᠢᠨ ᠪᠣᠳᠣᠯᠭ᠎ᠠ ᠶ᠋ᠢᠨ  ᠪᠢᠴᠢᠭ᠌  ᠮᠠᠲ᠋ᠧᠷᠢᠶᠠᠯ ᠢ᠋ ᠦᠨᠳᠦᠰᠦᠯᠡᠨ ᠬᠡᠷᠡᠭᠵᠢᠭᠦᠯᠬᠦ ᠬᠡᠷᠡᠭᠲᠡᠢ ᠃

          ᠣᠷᠳᠣᠰ ᠬᠣᠲᠠ ᠶ᠋ᠢᠨ ᠠᠷᠠᠳ ᠶ᠋ᠢᠨ ᠳᠤᠮᠳᠠ ᠵᠡᠷᠭᠡ  ᠢ᠋ᠢᠨ ᠰᠢᠭᠦᠬᠦ ᠬᠣᠷᠢᠶ᠎ᠠ

          2020 ᠣᠨ ᠤ᠋ 2 ᠰᠠᠷ᠎ᠠ ᠶ᠋ᠢᠨ 13 ᠤ᠋ ᠡᠳᠦᠷ

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )