ᠰᠦ᠍ ᠯᠢ ᠵᠢᠶᠦ᠋ᠨ ᠬᠢᠵᠢᠭ᠌  ᠦ᠋ᠨ ᠪᠠᠢᠳᠠᠯ ᠢ᠋ ᠰᠡᠷᠭᠡᠢᠯᠡᠵᠦ ᠡᠵᠡᠮᠳᠡᠬᠦ ᠨᠢᠭᠡᠳᠦᠭᠡᠷ ᠹᠷᠣᠨᠲ ᠤ᠋ᠨ ᠺᠠᠲᠷ ᠴᠠᠭᠳᠠᠭ᠎ᠠ  ᠨᠠᠷ ᠢ᠋  ᠲᠣᠬᠤᠨᠢᠭᠤᠯᠪᠠ
2020.03.13 ᠲᠣᠰ ᠥᠷᠲᠡᠭᠡᠨ ᠦ ᠨᠠᠢᠷᠠᠭᠤᠯᠤᠭᠴᠢ

      3 ᠰᠠᠷ᠎ᠠ ᠶ᠋ᠢᠨ 11  ᠦ᠌ ᠡᠳᠦᠷ ᠦ᠋ᠨ ᠦᠳᠡ ᠶ᠋ᠢᠨ ᠡᠮᠦᠨ᠎ᠡ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠳᠤᠭᠤᠢᠯᠠᠩ ᠢ᠋ ᠲᠥᠯᠥᠭᠡᠯᠡᠨ  ᠬᠢᠵᠢᠭ᠌  ᠢ᠋ ᠰᠡᠷᠭᠡᠢᠯᠡᠨ ᠡᠵᠡᠮᠳᠡᠬᠦ ᠡᠮᠦᠨ᠎ᠡ ᠹᠷᠣᠨᠲ ᠲᠤ᠌ ᠪᠠᠢᠭ᠎ᠠ ᠺᠠᠲᠷ ᠴᠠᠭᠳᠠᠭ᠎ᠠ ᠶ᠋ᠢ ᠪᠣᠯᠭᠣᠭᠠᠨ ᠲᠣᠬᠣᠨᠢᠭᠤᠯᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠬᠣᠷᠢᠶᠠᠨ ᠳᠡᠳ᠋ ᠳᠠᠷᠤᠭ᠎ᠠ ᠠᠢ ᠹᠧᠢ ᠵᠡᠷᠭᠡ ᠬᠥᠮᠦᠰ ᠪᠠᠷ᠎ᠠ ᠪᠣᠯᠵᠤ ᠪᠠᠢᠨ᠎ᠠ ᠃

      ᠰᠦ᠍ ᠯᠢ ᠵᠢᠶᠦ᠋ᠨ ᠤᠷᠢᠳ ᠬᠣᠵᠢᠳ ᠴᠧᠨ ᠵᠢᠶᠠ ᠴᠢᠦᠢ ᠨᠡᠢᠭᠡᠮ ᠲᠣᠭᠣᠷᠢᠭ ᠤ᠋ᠨ ᠷᠦᠩ ᠵᠢᠩ ᠶᠤᠸᠠᠨ ᠰᠠᠭᠤᠭᠠᠯᠢ ᠲᠣᠭᠣᠷᠢᠭ᠂ ᠲᠢᠶᠠᠨ ᠵᠢᠶᠣᠤ ᠬᠣᠢᠲᠤ ᠰᠠᠭᠤᠭᠠᠯᠢ ᠲᠣᠭᠣᠷᠢᠭ ᠤ᠋ᠨ ᠬᠠᠮᠢᠶᠠᠷᠤᠯᠲᠠ ᠶ᠋ᠢᠨ  ᠡᠵᠡᠮᠰᠢᠯ ᠴᠡᠭ ᠲᠦ᠍ ᠵᠢᠵᠢᠭᠦᠷᠯᠡᠵᠦ ᠪᠠᠢᠭ᠎ᠠ ᠳ᠋ᠠᠨ ᠱᠣᠣ ᠹᠧᠩ ᠂ ᠥᠯᠵᠡᠢ ᠪᠣᠯᠤᠨ ᠪᠠᠢ  ᠰᠢᠦᠸᠠᠨ ᠢᠦᠢ ᠺᠠᠲᠷ ᠴᠠᠭᠳᠠᠭ᠎ᠠ ᠶ᠋ᠢ ᠪᠣᠯᠭᠣᠭᠠᠨ ᠦᠵᠡᠵᠦ ᠂ ᠭᠠᠵᠠᠷ ᠪᠣᠯᠭᠠᠨ ᠳ᠋ᠤ᠌ ᠬᠦᠷᠬᠦ ᠪᠦᠷᠢ ᠂ ᠰᠦ᠍ ᠯᠢ ᠵᠢᠶᠦ᠋ᠨ ᠴᠥᠮ ᠺᠠᠲᠷ ᠴᠠᠭᠳᠠᠭ ᠎ᠠ ᠲᠠᠢ ᠪᠠᠨ ᠭᠦᠨᠵᠡᠭᠡᠢ ᠰᠣᠯᠢᠯᠴᠠᠵᠤ ᠂ ᠲᠡᠳᠡᠨ ᠦ᠌ ᠡᠳᠦᠷ ᠪᠦᠷᠢ ᠪᠡᠶ᠎ᠡ ᠶ᠋ᠢᠨ ᠳᠤᠯᠠᠭᠠᠨ ᠢ᠋ ᠬᠢᠨᠠᠨ ᠬᠡᠮᠵᠢᠬᠦ ᠂ ᠠᠵᠢᠯᠲᠠᠨ ᠢ᠋ ᠳᠠᠩᠰᠠᠯᠠᠬᠤ ᠵᠡᠷᠭᠡ ᠬᠠᠮᠢᠶ᠎ᠠ ᠪᠦᠬᠦᠢ ᠰᠡᠷᠭᠡᠢᠯᠡᠨ ᠡᠵᠡᠮᠳᠡᠬᠦ ᠠᠵᠢᠯ ᠤ᠋ᠨ ᠪᠠᠢᠳᠠᠯ ᠢ᠋ ᠨᠠᠷᠢᠨ  ᠣᠢᠯᠠᠭᠠᠨ ᠬᠠᠢᠷ᠎ᠠ  ᠬᠠᠯᠠᠮᠵᠢ  ᠢ᠋ᠢᠨ  ᠡᠳ᠋  ᠪᠠᠷᠠᠭ᠎ᠠ  ᠬᠦᠷᠭᠡᠪᠡ ᠃ ᠰᠦ᠍ ᠯᠢ ᠵᠢᠶᠦ᠋ᠨ ᠣᠯᠠᠨ ᠤ᠋ ᠰᠠᠢᠨ ᠲᠤᠷᠠᠴᠤᠳ ᠪᠣᠯᠵᠤ  ᠬᠢᠵᠢᠭ᠌  ᠢ᠋ ᠰᠡᠷᠭᠡᠢᠯᠡᠨ ᠬᠢᠵᠠᠭᠠᠷᠯᠠᠬᠤ ᠠᠵᠢᠯ ᠳ᠋ᠤ᠌ ᠣᠷᠣᠯᠴᠠᠨ ᠂  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠡᠮᠦᠨ᠎ᠡ ᠹᠷᠣᠨᠲ ᠲᠤ᠌ ᠡᠷᠡᠰ ᠡᠷᠡᠯᠬᠡᠭᠯᠡᠨ ᠪᠠᠢᠯᠳᠤᠵᠤ ᠂  ᠵᠢᠵᠢᠭ᠌  ᠭᠡᠷ ᠪᠦᠯᠢ ᠪᠡᠷ ᠢ᠋ᠶ᠋ᠡᠨ  ᠤᠯᠠᠨ ᠳ᠋ᠤ᠌ ᠵᠣᠷᠢᠭᠤᠯᠤᠭᠳᠠᠭᠰᠠᠨ ᠵᠣᠷᠢᠭ ᠰᠠᠨᠠᠭ᠎ᠠ ᠶ᠋ᠢ ᠨᠤᠲᠠᠯᠠᠪᠠ ᠃  ᠺᠠᠲᠷ ᠴᠠᠭᠳᠠᠭ᠎ᠠ ᠨᠠᠷ ᠠᠵᠢᠯ ᠤ᠋ᠨ ᠳᠤᠮᠳᠠ ᠪᠠᠨ ᠰᠡᠳᠭᠢᠯ ᠨᠢᠭᠡᠳᠦᠨ ᠬᠦᠴᠦ ᠪᠡᠨ ᠬᠠᠮᠲᠤᠳᠭᠠᠵᠤ᠂ ᠥᠪᠡᠷ ᠢ᠋ ᠪᠡᠨ ᠰᠠᠢᠲᠤᠷ ᠰᠡᠷᠭᠡᠢᠯᠡᠨ ᠬᠠᠮᠠᠭᠠᠯᠠᠬᠤ ᠤᠷᠢᠳᠠᠯ ᠳᠣᠣᠷ᠎ᠠ ᠬᠠᠮᠢᠶᠠᠷᠤᠨ ᠡᠵᠡᠮᠳᠡᠬᠦ ᠪᠡᠨ ᠦᠷᠭᠦᠯᠵᠢᠯᠡᠨ ᠴᠢᠩᠭᠠᠳᠭᠠᠵᠤ᠂ ᠡᠯ᠎ᠡ ᠵᠦᠢᠯ ᠦ᠋ᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶ᠋ᠢ ᠴᠢᠩᠭ᠎ᠠ ᠨᠠᠢᠳᠠᠪᠤᠷᠢᠵᠢᠭᠤᠯᠬᠤ ᠶ᠋ᠢ ᠬᠦᠰᠡᠵᠦ ᠪᠠᠢᠨ᠎ᠠ᠃ ᠭᠤᠷᠪᠠᠨ  ᠺᠠᠲᠷ ᠴᠠᠭᠳᠠᠭ᠎ᠠ ᠂ ᠬᠦᠨᠳᠦ ᠨᠠᠢᠳᠠᠯᠭ᠎ᠠ ᠶ᠋ᠢ ᠯᠠᠪᠲᠠᠢ ᠬᠥᠰᠡᠷᠳᠡᠭᠦᠯᠬᠦ ᠦᠭᠡᠢ ᠂ ᠡᠭᠦᠷᠭᠡ  ᠲᠤᠰᠢᠶᠠᠯ  ᠢ᠋ᠶ᠋ᠠᠨ ᠭᠤᠲᠤᠭᠠᠬᠤ ᠦᠭᠡᠢ ᠂ ᠨᠡᠢᠭᠡᠮ ᠲᠣᠭᠣᠷᠢᠭ ᠤ᠋ᠨ  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠱᠤᠭᠤᠮ ᠢ᠋ ᠡᠷᠡᠰ ᠰᠠᠬᠢᠵᠤ ᠂ ᠠᠷᠠᠳ ᠣᠯᠠᠨ ᠢ᠋ ᠰᠠᠨᠠᠭ᠎ᠠ ᠠᠮᠤᠷ  ᠪᠠᠢᠯᠭᠠᠨ᠎ᠠ ᠭᠡᠵᠦ ᠢᠯᠡᠷᠬᠡᠢᠯᠡᠪᠡ ᠃

      ᠰᠦ᠍ ᠯᠢ ᠵᠢᠶᠦ᠋ᠨ ᠵᠢᠭᠠᠵᠤ ᠭᠠᠷᠭᠠᠭᠰᠠᠨ ᠨᠢ ᠂ ᠰᠠᠭᠤᠭᠠᠯᠢ ᠲᠣᠭᠣᠷᠢᠭ ᠤ᠋ᠨ ᠰᠡᠷᠭᠡᠢᠯᠡᠨ ᠡᠵᠡᠮᠳᠡᠬᠦ ᠡᠮᠦᠨ᠎ᠡ ᠹᠷᠣᠨᠲ ᠤ᠋ᠨ ᠠᠵᠢᠯᠲᠠᠨ ᠤ᠋ ᠡᠳᠦᠷ ᠪᠦᠷᠢ ᠶ᠋ᠢᠨ ᠠᠵᠢᠯ ᠨᠢ ᠦᠵᠡᠬᠦ ᠳ᠋ᠦ᠍ ᠳᠥᠭᠥᠮ ᠶᠡᠷᠦᠮᠳᠡᠭ ᠪᠣᠯᠪᠠᠴᠤ ᠴᠢᠬᠤᠯᠠ ᠶᠡᠬᠡ ᠠᠴᠢ ᠬᠣᠯᠪᠣᠭᠳᠠᠯ ᠲᠠᠢ ᠶᠤᠮ ᠂ ᠡᠨᠡ ᠪᠣᠯ ᠠᠮᠤᠷ  ᠲᠦᠪᠰᠢᠨ  ᠦ᠌ ᠰᠡᠷᠭᠡᠢᠯᠡᠯᠲᠡ ᠶ᠋ᠢᠨ ᠱᠤᠭᠤᠮ ᠢ᠋ ᠪᠠᠢᠭᠤᠯᠬᠤ ᠶ᠋ᠢᠨ ᠴᠢᠬᠤᠯᠠ ᠵᠠᠩᠭᠢᠯᠠᠭ᠎ᠠ ᠪᠣᠯᠤᠨ᠎ᠠ ᠃ ᠵᠢᠵᠢᠭᠦᠷᠯᠡᠭᠴᠢ  ᠺᠠᠲᠷ ᠴᠠᠭᠳᠠᠭ᠎ᠠ ᠨᠢ ᠦᠷᠭᠦᠯᠵᠢᠯᠡᠨ ᠱᠠᠭᠠᠷᠳᠠᠯᠭ᠎ᠠ ᠶᠣᠰᠣᠭᠠᠷ ᠪᠠᠭ᠎ᠠ ᠲᠣᠭᠣᠷᠢᠭ ᠤ᠋ᠨ ᠣᠷᠣᠵᠤ ᠭᠠᠷᠬᠤ ᠬᠠᠮᠢᠶᠠᠷᠤᠯᠲᠠ ᠶ᠋ᠢᠨ ᠠᠵᠢᠯ ᠵᠢᠴᠢ  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠮᠡᠳᠡᠯᠭᠡ ᠶ᠋ᠢᠨ ᠤᠬᠠᠭᠤᠯᠭ᠎ᠠ ᠶ᠋ᠢ ᠰᠠᠢᠲᠤᠷ ᠬᠢᠵᠦ ᠂ ᠣᠯᠠᠨ ᠲᠦᠮᠡᠨ ᠢ᠋ ᠢᠳᠡᠪᠬᠢᠲᠡᠢ ᠪᠡᠷ ᠬᠥᠲᠥᠯᠦᠨ ᠵᠢᠯᠣᠭᠣᠳᠴᠤ ᠂ ᠣᠯᠠᠨ ᠲᠦᠮᠡᠨ ᠢ᠋ ᠳᠠᠢᠴᠢᠯᠠᠨ ᠬᠠᠷᠢᠯᠴᠠᠨ ᠬᠠᠮᠢᠶᠠᠷᠴᠤ ᠂ ᠬᠠᠷᠢᠯᠴᠠᠨ ᠰᠠᠨᠠᠭᠤᠯᠵᠤ ᠂ ᠴᠢᠩᠭ᠎ᠠ ᠰᠡᠷᠭᠡᠢᠯᠡᠵᠦ ᠭᠤᠢᠪᠢᠭᠤᠯᠬᠤ ᠦᠭᠡᠢ ᠪᠠᠢᠬᠤ ᠶ᠋ᠢ ᠪᠡᠶᠡᠯᠡᠭᠦᠯᠵᠦ ᠂  ᠬᠢᠵᠢᠭ᠌  ᠢ᠋ ᠰᠡᠷᠭᠡᠢᠯᠡᠨ ᠬᠣᠷᠢᠭᠯᠠᠬᠤ ᠬᠣᠷᠢᠭᠯᠠᠯᠲᠠ ᠳ᠋ᠤ᠌ ᠡᠷᠡᠰ ᠢᠯᠠᠯᠲᠠ ᠣᠯᠬᠤ ᠬᠡᠷᠡᠭᠲᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )