ᠰᠦ᠍ ᠯᠢ ᠵᠢᠶᠦ᠋ᠨ ᠡᠯ᠎ᠡ ᠬᠣᠰᠢᠭᠤ  ᠲᠣᠭᠣᠷᠢᠭ ᠤ᠋ᠨ  ᠰᠢᠭᠦᠬᠦ ᠬᠣᠷᠢᠶ᠎ᠠ ᠶ᠋ᠢᠨ   ᠰᠢᠨ᠎ᠡ ᠬᠡᠯᠪᠡᠷᠢ ᠶ᠋ᠢᠨ  ᠲᠢᠲᠢᠮᠯᠢᠭ᠌  ᠡᠪᠡᠳᠴᠢᠨ ᠦ᠌ ᠸᠢᠷᠦ᠋ᠰ ᠲᠦ᠍  ᠬᠠᠯᠳᠠᠪᠤᠷᠢᠯᠠᠭᠰᠠᠨ ᠠᠭᠤᠰᠭᠢᠨ ᠦᠷᠪᠢᠰᠦᠯ ᠦ᠋ᠨ  ᠬᠢᠵᠢᠭ᠌  ᠢ᠋ ᠰᠡᠷᠭᠡᠢᠯᠡᠨ ᠡᠵᠡᠮᠳᠡᠬᠦ ᠠᠵᠢᠯ ᠢ᠋ ᠪᠠᠢᠴᠠᠭᠠᠨ ᠵᠢᠯᠣᠭᠣᠳᠪᠠ
2020.03.13 ᠲᠣᠰ ᠥᠷᠲᠡᠭᠡᠨ ᠦ ᠨᠠᠢᠷᠠᠭᠤᠯᠤᠭᠴᠢ

      2 ᠰᠠᠷ᠎ᠠ ᠶ᠋ᠢᠨ 2  ᠤ᠋ ᠡᠳᠦᠷ ᠡᠴᠡ 2 ᠰᠠᠷ᠎ᠠ ᠶ᠋ᠢᠨ 4  ᠦ᠌ ᠡᠳᠦᠷ ᠪᠣᠯᠲᠠᠯ᠎ᠠ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠣᠷᠣᠯᠠᠭᠴᠢ ᠳᠠᠷᠤᠭ᠎ᠠ ᠰᠦ᠍ ᠯᠢ ᠵᠢᠶᠦ᠋ᠨ ᠡᠯ᠎ᠡ  ᠬᠣᠰᠢᠭᠤ ᠲᠣᠭᠣᠷᠢᠭ ᠤ᠋ᠨ ᠰᠢᠭᠦᠬᠦ ᠬᠣᠷᠢᠶᠠᠨ ᠳ᠋ᠤ᠌ ᠬᠦᠷᠴᠦ  ᠰᠢᠨ᠎ᠡ ᠬᠡᠯᠪᠡᠷᠢ ᠶ᠋ᠢᠨ ᠲᠢᠲᠢᠮᠯᠢᠭ᠌ ᠸᠢᠷᠦ᠋ᠰ ᠲᠦ᠍ ᠬᠠᠯᠳᠠᠪᠤᠷᠢᠯᠠᠭᠰᠠᠨ ᠠᠭᠤᠰᠭᠢᠨ ᠦᠷᠪᠢᠰᠦᠯ ᠦ᠋ᠨ  ᠬᠢᠵᠢᠭ᠌  ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠨᠠᠢᠳᠠᠪᠤᠷᠢᠵᠢᠭᠤᠯᠤᠭᠰᠠᠨ ᠪᠠᠢᠳᠠᠯ ᠢ᠋ ᠪᠠᠢᠴᠠᠭᠠᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠫᠠᠨ ᠶᠧᠦ ᠹᠠ ᠂ ᠠᠯᠪᠠᠨ ᠭᠡᠷ ᠦ᠋ᠨ ᠡᠷᠬᠢᠯᠡᠭᠴᠢ ᠲᠤᠶᠠᠭ᠎ᠠ ᠪᠠᠷ᠎ᠠ ᠪᠣᠯᠵᠤ ᠪᠠᠢᠴᠠᠭᠠᠯᠲᠠ ᠬᠢᠪᠡ ᠃

      ᠰᠦ᠍ ᠯᠢ ᠵᠢᠶᠦ᠋ᠨ ᠡᠯ᠎ᠡ ᠰᠢᠭᠦᠬᠦ ᠬᠣᠷᠢᠶᠠᠨ ᠤ᠋  ᠰᠢᠭᠦᠨ ᠲᠠᠰᠤᠯᠬᠤ ᠲᠣᠭᠣᠷᠢᠭ ᠂ ᠵᠠᠰᠠᠭ ᠵᠠᠬᠢᠷᠭᠠᠨ ᠤ᠋ ᠠᠯᠪᠠᠯᠠᠬᠤ ᠲᠣᠭᠣᠷᠢᠭ ᠵᠢᠴᠢ ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠬᠣᠭᠣᠯᠠᠨ ᠲᠢᠩᠬᠢᠮ ᠵᠡᠷᠭᠡ ᠬᠥᠮᠦᠨ ᠬᠢᠯᠪᠠᠷᠬᠠᠨ ᠬᠤᠷᠠᠵᠤ ᠴᠤᠭᠯᠠᠷᠠᠬᠤ ᠭᠠᠵᠠᠷ ᠢ᠋ ᠲᠤᠬᠠᠢ ᠶ᠋ᠢᠨ ᠭᠠᠵᠠᠷ ᠲᠤᠨᠢ ᠪᠠᠢᠴᠠᠭᠠᠨ ᠦᠵᠡᠭᠰᠡᠨ ᠪᠥᠭᠡᠳ ᠬᠡᠰᠡᠭ  ᠬᠣᠰᠢᠭᠤ ᠲᠣᠭᠣᠷᠢᠭ ᠤ᠋ᠨ ᠰᠢᠭᠦᠬᠦ ᠬᠣᠷᠢᠶ᠎ᠠ ᠬᠠᠮᠲᠤᠷᠠᠨ ᠰᠡᠷᠭᠡᠢᠯᠡᠵᠦ ᠬᠠᠮᠲᠤᠷᠠᠨ ᠡᠵᠡᠮᠳᠡᠬᠦ ᠨᠡᠢᠭᠡᠮ ᠲᠣᠭᠣᠷᠢᠭ ᠢ᠋ ᠵᠢᠭᠰᠠᠭᠠᠨ ᠪᠠᠢᠴᠠᠭᠠᠬᠤ ᠂ ᠲᠦᠷᠭᠡᠨ ᠵᠠᠮ ᠤ᠋ᠨ ᠣᠷᠣᠵᠤ ᠭᠠᠷᠬᠤ ᠭᠠᠵᠠᠷ ᠤ᠋ᠨ  ᠺᠠᠲᠷ ᠴᠠᠭᠳᠠᠭ᠎ᠠ ᠶ᠋ᠢ ᠲᠣᠭᠣᠷᠢᠨ ᠲᠣᠬᠣᠨᠢᠭᠤᠯᠪᠠ ᠃

      《 ᠣᠳᠣᠬᠠᠨ ᠳ᠋ᠤ᠌ ᠨᠢᠭᠡᠨᠲᠡ ᠬᠡᠳᠦᠢ ᠠᠮᠠᠪᠴᠢ ᠬᠤᠳᠠᠯᠳᠤᠨ ᠠᠪᠤᠭᠰᠠᠨ ᠪᠣᠢ ? 》

     《  ᠺᠠᠲᠷ ᠴᠠᠭᠳᠠᠭ᠎ᠠ ᠨᠠᠷ  ᠢ᠋ ᠣᠨᠳᠣᠣ ᠭᠠᠵᠠᠷ  ᠲᠤᠰᠭᠠᠷᠯᠠᠭᠰᠠᠨ  ᠤ᠋ᠤ? 》

     《 ᠲᠤᠬᠠᠢ ᠶ᠋ᠢᠨ ᠬᠥᠮᠦᠨ ᠵᠠᠪᠠᠯ  ᠰᠢᠭᠦᠭᠴᠢ ᠲᠠᠢ ᠠᠭᠤᠯᠵᠠᠬᠤ  ᠭᠡᠪᠡᠯ ᠬᠡᠷᠬᠢᠨ ᠬᠦᠯᠢᠶᠡᠨ ᠠᠪᠬᠤ  ᠪᠤᠢ?  》

     《 ᠰᠢᠭᠦᠬᠦ ᠬᠣᠷᠢᠶᠠᠨ ᠤ᠋ ᠣᠯᠠᠨ ᠨᠡᠢᠲᠡ ᠶ᠋ᠢᠨ ᠬᠡᠪᠴᠢᠶ᠎ᠡ ᠶ᠋ᠢ ᠠᠷᠢᠭᠤᠳᠭᠠᠭᠰᠠᠨ  ᠤ᠋ᠤ ? 》

     ᠁

     ᠪᠠᠢᠴᠠᠭᠠᠬᠤ  ᠴᠡᠭ ᠪᠣᠯᠭᠠᠨ ᠳ᠋ᠤ  ᠰᠦ᠍ ᠯᠢ ᠵᠢᠶᠦ᠋ᠨ   ᠬᠢᠵᠢᠭ᠌  ᠦ᠋ᠨ ᠪᠠᠢᠳᠠᠯ ᠡᠭᠦᠰᠦᠭᠰᠡᠨ ᠡᠴᠡ  ᠨᠠᠰᠢ ᠡᠯ᠎ᠡ  ᠬᠣᠰᠢᠭᠤ ᠲᠣᠭᠣᠷᠢᠭ ᠤ᠋ᠨ  ᠰᠢᠭᠦᠬᠦ ᠬᠣᠷᠢᠶᠠᠨ ᠤ᠋  ᠬᠢᠵᠢᠭ᠌  ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠪᠠᠢᠳᠠᠯ ᠤ᠋ᠨ ᠲᠠᠨᠢᠯᠴᠠᠭᠤᠯᠭ᠎ᠠ ᠪᠣᠯᠤᠨ ᠪᠣᠳᠠᠲᠠᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠶ᠋ᠢᠨ ᠨᠠᠢᠳᠠᠪᠤᠷᠢᠵᠢᠭᠤᠯᠤᠯᠲᠠ ᠶ᠋ᠢ ᠬᠢᠨᠠᠮᠠᠭᠠᠢ ᠰᠣᠨᠣᠰᠪᠠ ᠃

      ᠬᠠᠩᠭᠢᠨ  ᠬᠣᠰᠢᠭᠤᠨ  ᠤ᠋  ᠰᠢᠭᠦᠬᠦ ᠬᠣᠷᠢᠶᠠᠨ ᠳ᠋ᠤ᠌ ᠬᠣᠯᠪᠣᠭ᠎ᠠ ᠪᠠᠷᠢᠵᠤ ᠪᠠᠢᠭ᠎ᠠ ᠨᠡᠢᠭᠡᠮ ᠲᠣᠭᠣᠷᠢᠭ ᠲᠤ᠌ ᠰᠦ᠍ ᠯᠢ ᠵᠢᠶᠦ᠋ᠨ  ᠬᠢᠵᠢᠭ᠌  ᠢ᠋ ᠰᠡᠷᠭᠡᠢᠯᠡᠨ ᠬᠢᠵᠠᠭᠠᠷᠯᠠᠬᠤ ᠡᠮᠦᠨ᠎ᠡ ᠹᠷᠣᠨᠲ ᠲᠤ᠌ ᠪᠠᠲᠤ ᠰᠠᠬᠢᠵᠤ ᠪᠠᠢᠭ᠎ᠠ ᠬᠠᠩᠭᠢᠨ  ᠬᠣᠰᠢᠭᠤᠨ  ᠤ᠋ ᠰᠢᠭᠦᠬᠦ ᠬᠣᠷᠢᠶ᠎ᠠ ᠶ᠋ᠢᠨ ᠵᠢᠵᠢᠭᠦᠷᠯᠡᠭᠴᠢ  ᠺᠠᠲᠷ  ᠴᠠᠭᠳᠠᠭ ᠎ᠠ ᠯᠤᠭ᠎ᠠ ᠳᠣᠲᠣᠨᠣ ᠶᠠᠷᠢᠯᠴᠠᠵᠤ ᠂ ᠣᠯᠠᠨ ᠤ᠋ ᠬᠠᠬᠢᠷ ᠬᠦᠢᠲᠡᠨ ᠢ᠋ ᠬᠠᠢᠬᠤᠷᠤᠯ ᠦᠭᠡᠢ ᠨᠠᠮ ᠤ᠋ᠨ ᠬᠣᠷᠢᠶ᠎ᠠ ᠂ ᠵᠠᠰᠠᠭ ᠤ᠋ᠨ ᠣᠷᠳᠣᠨ ᠤ᠋ ᠨᠡᠢᠭᠡᠮ ᠲᠣᠭᠣᠷᠢᠭ ᠤ᠋ᠨ ᠬᠢᠵᠢᠭ᠌ ᠢ᠋ ᠰᠡᠷᠭᠡᠢᠯᠡᠨ ᠬᠢᠵᠠᠭᠠᠷᠯᠠᠬᠤ ᠠᠵᠢᠯ ᠳ᠋ᠤ᠌ ᠢᠳᠡᠪᠬᠢᠲᠡᠢ ᠣᠷᠣᠯᠴᠠᠬᠤ ᠵᠣᠷᠢᠭ ᠰᠠᠨᠠᠭ᠎ᠠ ᠶ᠋ᠢ ᠮᠠᠭᠲᠠᠨ  ᠰᠠᠢᠰᠢᠶᠠᠭᠰᠠᠨ  ᠪᠥᠭᠡᠳ  ᠺᠠᠲᠷ ᠴᠠᠭᠳᠠᠭ᠎ᠠ ᠨᠠᠷ ᠥᠪᠡᠷ ᠢ᠋ ᠪᠡᠨ ᠰᠠᠢᠲᠤᠷ ᠬᠠᠮᠠᠭᠠᠯᠠᠵᠤ ᠂ ᠥᠪᠡᠷ ᠢ᠋ ᠪᠡᠨ ᠰᠠᠢᠲᠤᠷ ᠰᠡᠷᠭᠡᠢᠯᠡᠨ ᠡᠵᠡᠮᠳᠡᠬᠦ ᠬᠡᠷᠡᠭᠲᠡᠢ ᠭᠡᠵᠦ ᠵᠠᠬᠢᠪᠠ ᠃

      ᠳᠠᠯᠠᠳ  ᠬᠣᠰᠢᠭᠤᠨ  ᠤ᠋ ᠭᠠᠵᠠᠷ ᠣᠷᠣᠨ ᠤ᠋  ᠬᠢᠵᠢᠭ᠌  ᠦ᠋ᠨ ᠪᠠᠢᠳᠠᠯ ᠬᠠᠷᠢᠴᠠᠩᠭᠤᠢ ᠬᠦᠨᠳᠦ ᠨᠣᠴᠢᠲᠠᠢ ᠪᠠᠢᠬᠤ ᠪᠣᠯᠬᠣᠷ ᠰᠦ᠍ ᠯᠢ ᠵᠢᠶᠦ᠋ᠨ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠤᠳᠤᠷᠢᠳᠬᠤ ᠳᠤᠭᠤᠢᠯᠠᠩ ᠢ᠋ ᠪᠠᠴᠢᠮ ᠲᠣᠬᠢᠷᠠᠭᠤᠯᠤᠨ ᠳᠠᠯᠠᠳ  ᠬᠣᠰᠢᠭᠤᠨ  ᠤ᠋ ᠰᠢᠭᠦᠬᠦ ᠬᠣᠷᠢᠶ᠎ᠠ ᠢ᠋ᠢᠨ ᠰᠡᠷᠭᠡᠢᠯᠡᠨ ᠡᠵᠡᠮᠳᠡᠬᠦ ᠡᠮᠦᠨ᠎ᠡ ᠹᠷᠣᠨᠲ ᠳᠠᠬᠢ  ᠺᠠᠲᠷ ᠴᠠᠭᠳᠠᠭ᠎ᠠ ᠳ᠋ᠤ᠌ N 95 ᠠᠮᠠᠪᠴᠢ 100  ᠪᠣᠳᠢ ᠬᠠᠨᠳᠢᠪᠯᠠᠪᠠ ᠃

      ᠳ᠋ᠦᠩᠱᠧᠩ ᠲᠣᠭᠣᠷᠢᠭ ᠤ᠋ᠨ ᠰᠢᠭᠦᠬᠦ ᠬᠣᠷᠢᠶ᠎ᠠ

      ᠵᠡᠭᠦᠭᠠᠷ  ᠬᠣᠰᠢᠭᠤᠨ  ᠤ᠋ ᠰᠢᠭᠦᠬᠦ ᠬᠣᠷᠢᠶ᠎ᠠ

       ᠡᠵᠡᠨ ᠬᠣᠷᠣᠭ᠎ᠠ  ᠬᠣᠰᠢᠭᠤᠨ  ᠤ᠋ ᠰᠢᠭᠦᠬᠦ ᠬᠣᠷᠢᠶ᠎ᠠ

       ᠦᠦᠰᠢᠨ  ᠬᠣᠰᠢᠭᠤᠨ  ᠤ᠋ ᠰᠢᠭᠦᠬᠦ ᠬᠣᠷᠢᠶ᠎ᠠ

      ᠬᠠᠩᠭᠢᠨ  ᠬᠣᠰᠢᠭᠤᠨ  ᠤ᠋ ᠰᠢᠭᠦᠬᠦ ᠬᠣᠷᠢᠶ᠎ᠠ

      ᠣᠲᠣᠭ  ᠬᠣᠰᠢᠭᠤᠨ ᠤ᠋ ᠰᠢᠭᠦᠬᠦ ᠬᠣᠷᠢᠶ᠎ᠠ

      ᠣᠲᠣᠭ ᠤ᠋ᠨ ᠡᠮᠦᠨᠡᠲᠦ  ᠬᠣᠰᠢᠭᠤᠨ ᠤ᠋ ᠰᠢᠭᠦᠬᠦ ᠬᠣᠷᠢᠶ᠎ᠠ

     ᠰᠦ᠍ ᠯᠢ ᠵᠢᠶᠦ᠋ᠨ ᠵᠢᠭᠠᠵᠤ ᠭᠠᠷᠭᠠᠭᠰᠠᠨ ᠨᠢ ᠂  ᠬᠢᠵᠢᠭ᠌  ᠦ᠋ᠨ ᠪᠠᠢᠳᠠᠯ ᠪᠣᠯ ᠳᠠᠷᠤᠢ ᠲᠡᠢᠨ ᠦ᠌ ᠲᠠᠯᠠᠪᠤᠷ ᠮᠥᠨ ᠂ ᠬᠣᠶᠠᠷ ᠱᠠᠲᠤᠨ ᠤ᠋ ᠠᠷᠠᠳ ᠤ᠋ᠨ ᠰᠢᠭᠦᠬᠦ ᠬᠣᠷᠢᠶ᠎ᠠ ᠣᠳᠣᠬᠠᠨ ᠳ᠋ᠤ᠌  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠢ᠋ ᠰᠠᠢᠲᠤᠷ ᠬᠢᠬᠦ ᠬᠡᠷᠡᠭᠲᠡᠢ ᠮᠥᠷᠲᠡᠭᠡᠨ ᠪᠠᠰᠠ ᠳᠡᠭᠡᠳᠦ ᠵᠡᠷᠭᠡ ᠶ᠋ᠢᠨ ᠰᠢᠭᠦᠬᠦ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠣᠨᠴᠠᠭᠠᠢ ᠴᠠᠭ ᠦᠶ᠎ᠡ ᠶ᠋ᠢᠨ ᠬᠡᠷᠡᠭ ᠢ᠋ ᠰᠠᠢᠲᠤᠷ  ᠰᠢᠭᠦᠨ   ᠰᠢᠢᠳᠪᠦᠷᠢᠯᠡᠵᠦ ᠂ ᠲᠤᠬᠠᠢ ᠶ᠋ᠢᠨ ᠬᠥᠮᠦᠨ ᠦ᠌ ᠬᠡᠷᠡᠭ  ᠳᠠᠩᠰᠠᠯᠠᠬᠤ ᠂ ᠵᠠᠷᠭᠤ ᠶ᠋ᠢᠨ ᠮᠠᠲ᠋ᠧᠷᠢᠶᠠᠯ  ᠲᠤᠰᠢᠶᠠᠬᠤ ᠂ ᠭᠣᠮᠣᠳᠠᠯ ᠲᠣᠭᠠᠴᠢᠬᠤ ᠵᠠᠬᠢᠳᠠᠯ ᠰᠤᠷᠪᠤᠯᠵᠢᠯᠠᠭ᠎ᠠ ᠂ ᠪᠠᠢᠴᠠᠭᠠᠨ ᠠᠰᠠᠭᠤᠬᠤ ᠵᠡᠷᠭᠡ ᠬᠡᠷᠡᠭ ᠶᠠᠪᠤᠳᠠᠯ ᠢ᠋ ᠭᠦᠢᠴᠡᠳᠭᠡᠬᠦ ᠦᠶ᠎ᠡ ᠳ᠋ᠦ᠍ ᠰᠦᠯᠵᠢᠶᠡᠨ ᠳ᠋ᠡᠬᠢ ᠠᠷᠭ᠎ᠠ ᠪᠠᠷᠢᠯ ᠠᠪᠬᠤ ᠶ᠋ᠢ ᠶᠡᠬᠡᠪᠡᠷ ᠰᠠᠨᠠᠭᠠᠴᠢᠯᠠᠬᠤ ᠬᠡᠷᠡᠭᠲᠡᠢ ᠃ ᠰᠦ᠍ ᠯᠢ ᠵᠢᠶᠦ᠋ᠨ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋  ᠺᠠᠲᠷ ᠴᠠᠭᠳᠠᠭ᠎ᠠ ᠶ᠋ᠢ  ᠪᠡᠶ᠎ᠡ ᠵᠣᠪᠠᠬᠤ ᠠ᠋ᠴᠠ ᠠᠶᠤᠬᠤ ᠦᠭᠡᠢ ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ ᠂ ᠣᠷᠣᠨ ᠨᠤᠲᠤᠭ ᠤ᠋ᠨ ᠨᠠᠮ ᠤ᠋ᠨ ᠬᠣᠷᠢᠶ᠎ᠠ ᠂ ᠵᠠᠰᠠᠭ ᠤ᠋ᠨ ᠣᠷᠳᠣᠨ ᠲᠠᠢ ᠬᠠᠮᠵᠢᠯᠴᠠᠨ  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠣᠷᠢᠭᠯᠠᠬᠤ ᠠᠵᠢᠯ ᠢ᠋ ᠰᠠᠢᠲᠤᠷ ᠬᠢᠵᠦ ᠂ ᠰᠢᠭᠦᠬᠦ ᠬᠣᠷᠢᠶᠠᠨ ᠤ᠋ ᠬᠥᠮᠦᠨ ᠦ᠌ ᠡᠷᠡᠰ ᠬᠠᠲᠠᠭᠤ ᠂ ᠯᠠᠪᠳᠠᠭᠤᠨ ᠲᠣᠭᠲᠠᠭᠤᠨ ᠂ ᠡᠷᠡᠯᠬᠡᠭ ᠪᠠᠭᠠᠲᠤᠷᠯᠢᠭ ᠢ᠋ᠶ᠋ᠠᠷ  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠣᠷᠢᠭᠯᠠᠬᠤ  ᠪᠠᠢᠯᠳᠤᠭᠠᠨ ᠳ᠋ᠤ᠌ ᠦᠵᠡᠭᠦᠯᠪᠡᠰᠦ ᠵᠣᠬᠢᠬᠤ ᠬᠤᠪᠢ ᠨᠡᠮᠡᠷᠢ ᠪᠡᠨ ᠦᠵᠡᠭᠦᠯᠬᠦ ᠶ᠋ᠢ ᠵᠣᠷᠢᠭᠵᠢᠭᠤᠯᠪᠠ ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )