ᠪᠦᠬᠦ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ᠋ ᠰᠢᠨ᠎ᠡ ᠬᠡᠯᠪᠡᠷᠢ ᠶ᠋ᠢᠨ ᠲᠢᠲᠢᠮᠯᠢᠭ᠌ ᠠᠭᠤᠰᠭᠢᠨ ᠦᠷᠪᠢᠰᠦᠯ ᠦ᠋ᠨ ᠬᠢᠵᠢᠭ᠌ ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠶᠡᠷᠦᠩᠬᠡᠢ ᠪᠠᠢᠷᠢᠯᠠᠭᠤᠯᠤᠯᠲᠠ ᠶ᠋ᠢ ᠦᠨᠳᠦᠰᠦᠯᠡᠪᠡᠯ ᠂ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠱᠠᠭᠠᠷᠳᠠᠯᠭ᠎ᠠ ᠶᠣᠰᠣᠭᠠᠷ ᠂ ᠬᠥᠮᠦᠨ ᠲᠥᠪᠯᠡᠷᠡᠨ ᠰᠢᠯᠵᠢᠬᠦ ᠶ᠋ᠢ ᠬᠠᠮᠤᠭ ᠤ᠋ᠨ ᠶᠡᠬᠡ ᠬᠡᠮᠵᠢᠶ᠎ᠡ ᠪᠡᠷ ᠪᠠᠭᠠᠰᠬᠠᠬᠤ ᠶ᠋ᠢᠨ ᠲᠥᠯᠥᠭᠡ ᠂ ᠵᠠᠷᠭᠤ ᠶ᠋ᠢᠨ ᠣᠯᠠᠨ ᠲᠦᠮᠡᠨ ᠦ᠌ ᠠᠮᠢ ᠨᠠᠰᠤᠨ ᠤ᠋ ᠠᠮᠤᠷ ᠲᠦᠪᠰᠢᠨ ᠪᠠ ᠪᠡᠶ᠎ᠡ ᠮᠠᠬᠠᠪᠣᠳ ᠤ᠋ᠨ ᠡᠷᠡᠭᠦᠯ ᠴᠢᠭᠢᠷᠠᠭ ᠢ᠋ ᠦᠨᠡᠨᠬᠦ ᠪᠠᠲᠤᠯᠠᠵᠤ ᠂ ᠠᠷᠠᠳ ᠣᠯᠠᠨ ᠤ᠋ ᠵᠠᠷᠭᠤ ᠶ᠋ᠢᠨ ᠡᠷᠬᠡ ᠠᠰᠢᠭ ᠢ᠋ ᠬᠠᠮᠠᠭᠠᠯᠠᠵᠤ ᠂ ᠡᠳᠦᠭᠡ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠬᠤᠭᠤᠴᠠᠭᠠᠨ ᠳ᠋ᠤ᠌ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠬᠡᠷᠡᠭ ᠳᠠᠩᠰᠠᠯᠠᠬᠤ ᠂ ᠵᠠᠷᠭᠤ ᠶ᠋ᠢᠨ ᠦᠢᠯᠡᠴᠢᠯᠡᠭᠡ ᠪᠠ ᠭᠣᠮᠣᠳᠠᠯ ᠲᠣᠭᠠᠴᠢᠬᠤ ᠵᠠᠬᠢᠳᠠᠯ ᠰᠤᠷᠪᠤᠯᠵᠢᠯᠠᠭ᠎ᠠ ᠶ᠋ᠢ ᠬᠦᠯᠢᠶᠡᠨ ᠠᠪᠬᠤ ᠠᠵᠢᠯ ᠤ᠋ᠨ ᠠᠷᠭ᠎ᠠ ᠮᠠᠶᠢᠭ ᠲᠤ᠌ ᠬᠣᠯᠪᠣᠭᠳᠠᠬᠤ ᠤᠴᠢᠷ ᠲᠤ ᠬᠢᠭᠰᠡᠨ ᠲᠣᠬᠢᠷᠠᠭᠤᠯᠤᠯᠲᠠ ᠳᠣᠣᠷᠠᠬᠢ ᠮᠡᠲᠦ ᠶ᠋ᠢ ᠮᠡᠳᠡᠭᠳᠡᠶ᠎ᠡ
ᠨᠢᠭᠡ ᠂ ᠡᠨᠡ ᠡᠳᠦᠷ ᠡᠴᠡ ᠡᠬᠢᠯᠡᠨ ᠂ ᠮᠠᠨ ᠤ᠋ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠬᠡᠷᠡᠭ ᠳᠠᠩᠰᠠᠯᠠᠬᠤ ᠂ ᠵᠠᠷᠭᠤ ᠶ᠋ᠢᠨ ᠦᠢᠯᠡᠴᠢᠯᠡᠭᠡ ᠂ ᠵᠠᠬᠢᠳᠠᠯ ᠰᠤᠷᠪᠤᠯᠵᠢᠯᠠᠭ᠎ᠠ ᠶ᠋ᠢ ᠬᠦᠯᠢᠶᠡᠨ ᠠᠪᠬᠤ ᠲᠠᠯᠠᠪᠤᠷ ᠢ᠋ ᠲᠦᠷ ᠬᠠᠭᠠᠵᠤ ᠂ ᠲᠦᠷ ᠲᠤᠬᠠᠢ ᠶ᠋ᠢᠨ ᠲᠠᠯᠠᠪᠤᠷ ᠲᠤᠨᠢ ᠬᠡᠷᠡᠭ ᠳᠠᠩᠰᠠᠯᠠᠬᠤ ᠂ ᠭᠣᠮᠣᠳᠠᠯ ᠲᠣᠭᠠᠴᠢᠭᠰᠠᠨ ᠵᠠᠬᠢᠳᠠᠯ ᠰᠤᠷᠪᠤᠯᠵᠢᠯᠠᠭ᠎ᠠ ᠵᠡᠷᠭᠡ ᠤᠴᠢᠷ ᠢ᠋ ᠬᠦᠯᠢᠶᠡᠨ ᠠᠪᠬᠤ ᠂ ᠣᠯᠠᠨ ᠲᠦᠮᠡᠨ ᠦ᠌ ᠰᠤᠷᠪᠤᠯᠵᠢᠯᠠᠭ᠎ᠠ ᠶ᠋ᠢ ᠬᠦᠯᠢᠶᠡᠨ ᠠᠪᠬᠤ ᠪᠠᠨ ᠵᠣᠭᠰᠣᠵᠤ ᠂ ᠬᠦᠯᠢᠶᠡᠨ ᠠᠪᠬᠤ ᠴᠠᠭ ᠢ᠋ ᠰᠡᠷᠭᠦᠭᠡᠬᠦ ᠶ᠋ᠢ ᠬᠢᠵᠢᠭ᠌ ᠦ᠋ᠨ ᠪᠠᠢᠳᠠᠯ ᠤ᠋ᠨ ᠬᠤᠪᠢᠷᠠᠯᠲᠠ ᠶ᠋ᠢ ᠦᠵᠡᠵᠦ ᠠᠰᠲᠠᠭᠠᠨ ᠮᠡᠳᠡᠭᠳᠡᠨ᠎ᠡ ᠃ ᠡᠭᠦᠨ ᠡᠴᠡ ᠭᠠᠳᠠᠨ᠎ᠠ ᠂ ᠡᠠᠷᠠᠣᠠ ᠶ᠋ᠢᠨ ᠳᠡᠭᠡᠳᠦ ᠰᠢᠭᠦᠬᠦ ᠬᠣᠷᠢᠢ᠎ᠠ ᠂ ᠥᠪᠦᠷ ᠮᠣᠩᠭᠣᠯ ᠤ᠋ᠨ ᠥᠪᠡᠷᠲᠡᠭᠡᠨ ᠵᠠᠰᠠᠬᠤ ᠡᠣᠷᠣᠠ ᠤ᠋ ᠡᠠᠷᠠᠣᠠ ᠶ᠋ᠢᠨ ᠥᠨᠳᠦᠷ ᠵᠡᠷᠭᠡ ᠶ᠋ᠢᠨ ᠰᠢᠭᠦᠬᠦ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠲᠥᠪ ᠴᠥᠮ ᠡᠣᠯᠠᠠ ᠲᠦᠮᠡᠨ ᠢ᠋ ᠰᠤᠷᠪᠤᠯᠵᠢᠯᠠᠷ᠎ᠠ ᠢᠷᠡᠭᠰᠡᠳ ᠢ᠋ ᠬᠦᠯᠢᠶᠡᠨ ᠠᠪᠬᠤ ᠲᠠᠯᠠᠪᠤᠷ ᠢ᠋ ᠲᠦᠷ ᠬᠠᠭᠠᠵᠤ ᠂ ᠥᠷᠭᠡᠨ ᠡᠣᠯᠠᠠ ᠲᠦᠮᠡᠨ ᠶ᠋ᠢ ᠭᠦᠢᠴᠡᠳ ᠮᠡᠳᠡᠭᠦᠯᠬᠦ ᠪᠤᠯᠪᠠ᠃
ᠬᠣᠶᠠᠷ ᠂ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠬᠤᠭᠤᠴᠠᠭᠠᠨ ᠳ᠋ᠤ᠌ ᠂ ᠰᠢᠭᠦᠬᠦ ᠬᠣᠷᠢᠶᠠᠨ ᠳ᠋ᠤ᠌ ᠬᠦᠷᠴᠦ ᠬᠡᠷᠡᠭ ᠳᠠᠩᠰᠠᠯᠠᠬᠤ ᠂ ᠵᠠᠷᠭᠤ ᠶ᠋ᠢᠨ ᠮᠠᠲ᠋ᠧᠷᠢᠶᠠᠯ ᠂ ᠭᠣᠮᠣᠳᠠᠯ ᠲᠣᠭᠠᠴᠢᠭᠰᠠᠨ ᠵᠠᠬᠢᠳᠠᠯ ᠰᠤᠷᠪᠤᠯᠵᠢᠯᠠᠭ᠎ᠠ ᠂ ᠪᠠᠢᠴᠠᠭᠠᠨ ᠯᠠᠪᠯᠠᠬᠤ ᠵᠡᠷᠭᠡ ᠤᠴᠢᠷ ᠶᠠᠪᠤᠳᠠᠯ ᠢ᠋ ᠭᠦᠢᠴᠡᠳᠭᠡᠬᠦ ᠪᠡᠷ ᠪᠡᠯᠡᠳᠭᠡᠵᠦ ᠂ 《 ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶ᠋ᠢᠨ ᠵᠠᠷᠭᠤ ᠶ᠋ᠢᠨ ᠦᠢᠯᠡᠴᠢᠯᠡᠭᠡᠨ ᠦ᠌ ᠲᠣᠣᠷ 》 ( http : / / / e e d s . n m g f y .gov .cn ) ᠪᠣᠯᠤᠨ 《 ᠥᠪᠥᠷ ᠮᠣᠩᠭᠣᠯ ᠤ᠋ᠨ ᠰᠢᠯᠵᠢᠮᠡᠯ ᠪᠢᠴᠢᠯ ᠰᠢᠭᠦᠬᠦ ᠬᠣᠷᠢᠶ᠎ᠠ 》 ( ᠪᠢᠴᠢᠯ ᠮᠡᠳᠡᠭᠡᠨ ᠦ᠌ ᠬᠡᠷᠡᠭᠯᠡᠭᠴᠢ ᠢ᠋ᠢᠨ ᠲᠠᠪᠴᠠᠩ ᠳ᠋ᠦ᠍ ) ᠶ᠋ᠢ ᠤᠷᠢᠳᠠᠪᠡᠷ ᠰᠣᠩᠭᠣᠨ᠎ᠠ ᠃ ᠬᠡᠷᠪᠡ ᠳᠡᠭᠡᠭᠰᠢ ᠵᠠᠭᠠᠯᠳᠤᠬᠤ ᠂ ᠵᠠᠷᠭᠤ ᠶ᠋ᠢᠨ ᠬᠦᠴᠦᠨ ᠲᠡᠢ ᠬᠤᠭᠤᠴᠠᠭ᠎ᠠ ᠂ ᠭᠦᠢᠴᠡᠳᠭᠡᠬᠦ ᠬᠤᠭᠤᠴᠠᠭ᠎ᠠ ᠳᠠᠭᠤᠰᠬᠤ ᠵᠡᠷᠭᠡ ᠰᠢᠯᠲᠠᠭᠠᠨ ᠠ᠋ᠴᠠ ᠪᠣᠯᠵᠤ ᠴᠠᠭ ᠲᠤᠬᠠᠢ ᠳ᠋ᠤᠨᠢ ᠬᠡᠷᠡᠭ ᠳᠠᠩᠰᠠᠯᠠᠬᠤ ᠴᠢᠬᠤᠯᠠᠲᠠᠢ ᠪᠠᠢᠪᠠᠯ ᠂ ᠬᠤᠭᠤᠴᠠᠭ᠎ᠠ ᠳᠠᠭᠤᠰᠬᠤ ᠠ᠋ᠴᠠ ᠡᠮᠦᠨ᠎ᠡ ᠰᠦᠯᠵᠢᠶᠡᠨ ᠳᠡᠭᠡᠷ᠎ᠡ ᠬᠡᠷᠡᠭ ᠳᠠᠩᠰᠠᠯᠠᠬᠤ ᠂ ᠣᠷᠣᠨ ᠠᠯᠤᠰᠯᠠᠨ ᠬᠡᠷᠡᠭ ᠳᠠᠩᠰᠠᠯᠠᠬᠤ ᠪᠤᠶᠤ ᠬᠠᠮᠢᠶ᠎ᠠ ᠪᠦᠬᠦᠢ ᠮᠠᠲ᠋ᠧᠷᠢᠶᠠᠯ ᠢ᠋ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠲᠥᠪ ( ᠭᠤᠶᠤᠴᠢᠯᠠᠯ ᠭᠠᠷᠭᠠᠭᠰᠠᠨ ᠴᠠᠭ ᠬᠤᠭᠤᠴᠠᠭ᠎ᠠ ᠪᠠᠷ ᠪᠠᠷᠢᠮᠵᠢᠶ᠎ᠠ ᠪᠣᠯᠭᠠᠵᠤ ᠪᠣᠯᠤᠨ᠎ᠠ ᠂ ᠲᠤᠬᠠᠢ ᠶ᠋ᠢᠨ ᠬᠥᠮᠦᠨ ᠦ᠌ ᠲᠣᠭᠲᠠᠭᠰᠠᠨ ᠨᠢᠭᠲᠠ ᠬᠣᠯᠪᠣᠭ᠎ᠠ ᠶ᠋ᠢ ᠵᠠᠪᠠᠯ ᠲᠣᠳᠣᠷᠬᠠᠢᠯᠠᠬᠤ ᠬᠡᠷᠡᠭᠲᠡᠢ )᠂ ᠰᠦᠯᠵᠢᠶᠡᠨ ᠳᠣᠣᠷ᠎ᠠ ᠬᠠᠮᠢᠶ᠎ᠠ ᠪᠦᠬᠦᠢ ᠤᠴᠢᠷ ᠶᠠᠪᠤᠳᠠᠯ ᠢ᠋ ᠰᠢᠢᠳᠪᠦᠷᠢᠯᠡᠬᠦ ᠴᠢᠬᠤᠯᠠᠲᠠᠢ ᠪᠣᠯ ᠰᠢᠯᠵᠢᠮᠡᠯ ᠪᠢᠴᠢᠯ ᠰᠢᠭᠦᠬᠦ ᠬᠣᠷᠢᠶ᠎ᠠ ᠂ 12368 ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠬᠠᠯᠠᠮᠰᠢᠯ ᠤᠲᠠᠰᠤ ᠂ ᠤᠲᠠᠰᠤ ᠵᠡᠷᠭᠡ ᠠᠷᠭ᠎ᠠ ᠮᠠᠶᠢᠭ ᠢ᠋ᠶ᠋ᠠᠷ ᠤᠷᠢᠳᠴᠢᠯᠠᠨ ᠪᠣᠯᠵᠣᠵᠤ ᠪᠣᠯᠤᠨ᠎ᠠ ᠃ ᠬᠠᠤᠯᠢ ᠳ᠋ᠤ᠌ ᠲᠣᠭᠲᠠᠭᠰᠠᠨ ᠴᠠᠭ ᠬᠤᠭᠤᠴᠠᠭᠠᠨ ᠠ᠋ᠴᠠ ᠬᠡᠲᠦᠷᠡᠭᠦᠯᠬᠦ ᠦᠭᠡᠢ ᠤᠷᠢᠳᠠᠯ ᠳᠣᠣᠷ᠎ᠠ ᠂ ᠳᠠᠬᠢᠨ ᠰᠢᠭᠦᠯᠭᠡᠬᠦ ᠭᠤᠶᠤᠴᠢᠯᠠᠯ ( ᠭᠣᠮᠣᠳᠠᠯ ᠲᠣᠭᠠᠴᠢᠬᠤ ) ᠪᠠ ᠲᠤᠬᠠᠢ ᠶ᠋ᠢᠨ ᠲᠠᠯᠠᠪᠠᠢ ᠶ᠋ᠢ ᠬᠠᠢᠨ ᠰᠢᠯᠭᠠᠬᠤ ᠂ ᠭᠡᠷᠡᠴᠢ ᠪᠠᠷᠢᠮᠲᠠ ᠰᠢᠯᠵᠢᠭᠦᠯᠦᠨ ᠠᠪᠬᠤ ᠵᠢᠴᠢ ᠡᠪᠬᠡᠮᠡᠯ ᠳᠠᠷᠤᠮᠠᠯᠯᠠᠬᠤ ᠵᠡᠷᠭᠡ ᠵᠠᠷᠭᠤ ᠶ᠋ᠢᠨ ᠶᠠᠪᠤᠳᠠᠯ ᠢ᠋ ᠲᠦᠷ ᠬᠣᠢᠰᠢᠯᠠᠭᠤᠯᠬᠤ ᠶ᠋ᠢ ᠰᠠᠨᠠᠭᠤᠯᠤᠶ᠎ᠠ ᠃ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠭᠤᠶᠤᠴᠢᠯᠠᠯ ᠢ᠋ ᠵᠠᠬᠢᠳᠠᠯ ᠴᠢᠮᠡᠭᠡ ᠪᠠ ᠵᠠᠬᠢᠳᠠᠯ ᠰᠤᠷᠪᠤᠯᠵᠢᠯᠠᠭ᠎ᠠ ᠶ᠋ᠢᠨ ᠵᠢᠵᠢᠭᠦᠷ ᠦ᠋ᠨ ᠳ᠋ᠢᠶᠠᠩᠬᠤᠸᠠ ᠵᠢᠴᠢ ᠰᠦᠯᠵᠢᠶᠡᠨ ᠳᠡᠭᠡᠷᠡᠬᠢ ᠵᠠᠷᠭᠤ ᠶ᠋ᠢᠨ ᠦᠢᠯᠡᠴᠢᠯᠡᠭᠡᠨ ᠦ᠌ ᠲᠠᠪᠴᠠᠩ ᠂ ᠸᠢᠴᠠᠲ ᠤ᠋ᠨ ᠣᠯᠠᠨ ᠨᠡᠢᠲᠡ ᠶ᠋ᠢᠨ ᠨᠣᠮᠧᠷ ᠦᠯᠡᠳᠡᠭᠡᠭᠰᠡᠨ ᠦᠭᠡ ᠵᠡᠷᠭᠡ ᠬᠡᠯᠪᠡᠷᠢ ᠪᠡᠷ ᠳᠤᠷᠠᠳᠴᠤ ᠪᠣᠯᠤᠨ᠎ᠠ ᠃
ᠭᠤᠷᠪᠠ ᠂ ᠠᠷᠠᠳ ᠣᠯᠠᠨ ᠬᠡᠷᠪᠡ ᠶᠠᠮᠠᠷᠪᠠ ᠵᠠᠷᠭᠤ ᠶ᠋ᠢᠨ ᠦᠢᠯᠡᠴᠢᠯᠡᠭᠡᠨ ᠦ᠌ ᠬᠡᠷᠡᠭᠴᠡᠭᠡ ᠲᠡᠢ ᠪᠠᠢᠪᠠᠯ ᠂ ᠴᠥᠮ ᠵᠠᠷᠭᠤ ᠶ᠋ᠢᠨ ᠦᠢᠯᠡᠴᠢᠯᠡᠭᠡᠨ ᠦ᠌ ᠤᠲᠠᠰᠤ ᠶ᠋ᠢ ᠤᠲᠠᠰᠤᠳᠠᠵᠤ ᠠᠰᠠᠭᠤᠨ ᠯᠠᠪᠯᠠᠵᠤ ᠪᠣᠯᠤᠨ᠎ᠠ ᠂ ᠪᠢᠳᠡ ᠬᠦᠯᠢᠶᠡᠨ ᠠᠪᠬᠤ ᠂ ᠳᠠᠮᠵᠢᠭᠤᠯᠤᠨ ᠵᠠᠯᠭᠠᠬᠤ ᠂ ᠬᠠᠷᠢᠭᠤᠯᠲᠠ ᠥᠭᠬᠦ ᠵᠡᠷᠭᠡ ᠠᠵᠢᠯ ᠢ᠋ ᠪᠦᠬᠦ ᠬᠦᠴᠦᠨ ᠢ᠋ᠶ᠋ᠡᠷ ᠢ᠋ᠶ᠋ᠡᠨ ᠰᠠᠢᠲᠤᠷ ᠬᠢᠬᠦ ᠪᠣᠯᠤᠨ᠎ᠠ ᠃
ᠬᠢᠵᠢᠭ᠌ ᠢ᠋ ᠰᠡᠷᠭᠡᠢᠯᠡᠨ ᠬᠢᠵᠠᠭᠠᠷᠯᠠᠬᠤ ᠬᠤᠭᠤᠴᠠᠭᠠᠨ ᠳ᠋ᠠᠬᠢ ᠬᠠᠮᠢᠶ᠎ᠠ ᠪᠦᠬᠦᠢ ᠠᠷᠭ᠎ᠠ ᠬᠡᠮᠵᠢᠶ᠎ᠡ ᠶ᠋ᠢᠨ ᠠᠪᠴᠢᠷᠠᠭᠰᠠᠨ ᠳᠥᠭᠥᠮ ᠦᠭᠡᠢ ᠪᠠᠢᠳᠠᠯ ᠢ᠋ ᠣᠯᠠᠨ ᠢ᠋ᠶ᠋ᠠᠷ ᠢ᠋ᠶ᠋ᠠᠨ ᠣᠢᠯᠠᠭᠠᠵᠤ ᠳᠡᠮᠵᠢᠬᠦ ᠶ᠋ᠢ ᠬᠦᠰᠡᠵᠦ ᠪᠠᠢᠨ᠎ᠠ ︕
ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠠᠷᠢᠯᠴᠠᠬᠤ ᠤᠲᠠᠰᠤ
ᠵᠠᠷᠭᠤ ᠶ᠋ᠢᠨ ᠦᠢᠯᠡᠴᠢᠯᠡᠭᠡᠨ ᠦ᠌ ᠲᠥᠪ ᠄ 0 47 7 — 8 16 0 23 3 / 8 160 23 4
ᠵᠠᠬᠢᠳᠠᠯ ᠰᠤᠷᠪᠤᠯᠵᠢᠯᠠᠭ᠎ᠠ ᠶ᠋ᠢ ᠬᠦᠯᠢᠶᠡᠨ ᠠᠪᠬᠤ ᠠᠯᠪᠠᠨ ᠭᠡᠷ ᠄ 0 47 7 — 8 160 26 1
ᠰᠢᠦᠳᠠᠨ ᠢ᠋ᠶ᠋ᠠᠷ ᠢᠯᠡᠭᠡᠬᠦ ᠭᠠᠵᠠᠷ ᠄ ᠣᠷᠳᠣᠰ ᠬᠣᠲᠠ ᠶ᠋ᠢᠨ ᠬᠢᠶ᠎ᠡ ᠪᠠᠭᠰᠢ ᠲᠣᠭᠣᠷᠢᠭ ᠤ᠋ᠨ ᠳᠥᠷᠪᠡᠳᠦᠭᠡᠷ ᠬᠥᠭᠥᠷᠭᠡ ᠶ᠋ᠢᠨ ᠨᠠᠨ ᠶᠠᠩ ᠭᠤᠸᠠᠩ ᠲᠣᠮᠣ ᠠᠰᠠᠷ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶ᠎ᠠ ᠶ᠋ᠢᠨ ᠵᠠᠷᠭᠤ ᠶ᠋ᠢᠨ ᠦᠢᠯᠡᠴᠢᠯᠡᠭᠡᠨ ᠦ᠌ ᠲᠥᠪ
ᠣᠷᠳᠣᠰ ᠬᠣᠲᠠ ᠶ᠋ᠢᠨ ᠠᠷᠠᠳ ᠶ᠋ᠢᠨ ᠳᠤᠮᠳᠠ ᠵᠡᠷᠭᠡ ᠢ᠋ᠢᠨ ᠰᠢᠭᠦᠬᠦ ᠬᠣᠷᠢᠶ᠎ᠠ
2020 ᠣᠨ ᠤ᠋ 2 ᠰᠠᠷ᠎ᠠ ᠶ᠋ᠢᠨ 2 ᠤ᠋ ᠡᠳᠦᠷ
ᠦᠨᠡᠯᠡᠬᠦ 0ᠦᠨᠡᠯᠡᠯᠲᠡ ᠲᠠᠢ