1 ᠰᠠᠷ᠎ᠠ ᠶ᠋ᠢᠨ 31 ᠦ᠌ ᠦᠳᠡ ᠶ᠋ᠢᠨ ᠬᠣᠢᠨ᠎ᠠ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠣᠷᠣᠯᠠᠭᠴᠢ ᠳᠠᠷᠤᠭ᠎ᠠ ᠰᠦ᠍ ᠯᠢ ᠵᠢᠶᠦ᠋ᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠰᠢᠨ᠎ᠡ ᠬᠡᠯᠪᠡᠷᠢ ᠶ᠋ᠢᠨ ᠲᠢᠲᠢᠮᠯᠢᠭ᠌ ᠸᠢᠷᠦ᠋ᠰ ᠦ᠋ᠨ ᠬᠠᠯᠳᠠᠪᠤᠷᠢᠯᠠᠯ ᠲᠠᠢ ᠠᠭᠤᠰᠭᠢᠨ ᠦᠷᠪᠢᠰᠦᠯ ᠦ᠋ᠨ ᠬᠢᠵᠢᠭ᠌ ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠤᠳᠤᠷᠢᠳᠬᠤ ᠳᠤᠭᠤᠢᠯᠠᠩ ᠤ᠋ᠨ ᠬᠤᠷᠠᠯ ᠢ᠋ ᠡᠷᠬᠢᠯᠡᠨ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠶᠠᠩ ᠽᠦᠩ ᠿᠧᠨ ᠬᠣᠷᠢᠶᠠᠨ ᠳᠠᠷᠤᠭ᠎ᠠ ᠶ᠋ᠢᠨ ᠮᠠᠨ ᠤ᠋ ᠬᠣᠲᠠ ᠶ᠋ᠢᠨ ᠰᠢᠭᠦᠬᠦ ᠬᠣᠷᠢᠶᠠᠨ ᠤ᠋ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠤᠯᠠᠮᠵᠢᠯᠠᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠢᠵᠢᠭ᠌ ᠢ᠋ ᠰᠡᠷᠭᠡᠢᠯᠡᠨ ᠬᠢᠵᠠᠭᠠᠷᠯᠠᠬᠤ ᠠᠵᠢᠯ ᠢ᠋ ᠤᠯᠠᠮ ᠨᠢᠭᠡ ᠠᠯᠬᠤᠮ ᠪᠠᠢᠷᠢᠯᠠᠭᠤᠯᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠢᠵᠢᠭ᠌ ᠢ᠋ ᠰᠡᠷᠭᠡᠢᠯᠡᠬᠦ ᠠᠵᠢᠯ ᠤ᠋ᠨ ᠤᠳᠤᠷᠢᠳᠬᠤ ᠳᠤᠭᠤᠢᠯᠠᠩ ᠤ᠋ᠨ ᠳᠡᠳ᠋ ᠳᠠᠷᠤᠭ᠎ᠠ ᠂ ᠤᠳᠤᠷᠢᠳᠬᠤ ᠳᠤᠭᠤᠢᠯᠠᠩ ᠤ᠋ᠨ ᠠᠯᠪᠠᠨ ᠭᠡᠷ ᠦ᠋ᠨ ᠡᠷᠬᠢᠯᠡᠭᠴᠢ ᠂ ᠳᠡᠳ᠋ ᠡᠷᠬᠢᠯᠡᠭᠴᠢ ᠬᠤᠷᠠᠯ ᠳ᠋ᠤ᠌ ᠣᠷᠣᠯᠴᠠᠪᠠ ᠃
ᠬᠤᠷᠠᠯ ᠳᠡᠭᠡᠷ᠎ᠡ ᠂ ᠰᠦ᠍ ᠯᠢ ᠵᠢᠶᠦ᠋ᠨ ᠶᠠᠩ ᠽᠦᠩ ᠿᠧᠨ ᠬᠣᠷᠢᠶᠠᠨ ᠳᠠᠷᠤᠭ᠎ᠠ ᠶ᠋ᠢᠨ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠬᠤ ᠲᠤᠬᠠᠢ ᠤᠯᠠᠮ ᠨᠢᠭᠡ ᠠᠯᠬᠤᠮ ᠱᠠᠭᠠᠷᠳᠠᠯᠭ᠎ᠠ ᠳᠤᠷᠠᠳᠪᠠ ᠄
ᠨᠢᠭᠡ ᠳ᠋ᠦ᠍ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠵᠢᠭᠰᠠᠭᠠᠯ ᠤ᠋ᠨ ᠭᠠᠵᠠᠷ ᠤ᠋ᠨ ᠦᠵᠡᠯ ᠤᠬᠠᠮᠰᠠᠷ ᠢ᠋ ᠪᠠᠲᠤ ᠪᠡᠬᠢ ᠪᠣᠢ ᠪᠣᠯᠭᠠᠵᠤ ᠂ ᠬᠢᠵᠢᠭ᠌ ᠦ᠋ᠨ ᠬᠠᠯᠳᠠᠪᠤᠷᠢᠯᠠᠨ ᠳᠡᠯᠭᠡᠷᠡᠬᠦ ᠶ᠋ᠢ ᠬᠣᠷᠢᠭᠯᠠᠬᠤ ᠪᠠᠷ ᠴᠢᠬᠤᠯᠠ ᠶᠡᠬᠡ ᠤᠯᠤᠰ ᠲᠥᠷᠥ ᠶ᠋ᠢᠨ ᠡᠭᠦᠷᠭᠡ ᠪᠣᠯᠭᠠᠵᠤ ᠂ 《 ᠳᠥᠷᠪᠡᠨ ᠦᠵᠡᠯ ᠤᠬᠠᠮᠰᠠᠷ 》 ᠢ᠋ ᠪᠠᠲᠤ ᠪᠡᠬᠢ ᠂ 《 ᠳᠥᠷᠪᠡᠨ ᠢᠲᠡᠭᠡᠯ 》 ᠶ᠋ᠢ ᠪᠠᠲᠤᠳᠭᠠᠵᠤ ᠂ 《 ᠬᠣᠶᠠᠷ ᠬᠠᠮᠠᠭᠠᠯᠠᠬᠤ 》 ᠠᠮᠢᠳᠤᠯᠢᠭ ᠦᠢᠯᠡᠳᠦᠯᠭᠡ ᠬᠢᠵᠦ ᠂ ᠳᠣᠲᠣᠭᠠᠳᠤ ᠳ᠋ᠤ᠌ ᠪᠠᠨ ᠲᠠᠷᠬᠠᠵᠤ ᠂ ᠭᠠᠳᠠᠭᠠᠳᠤ ᠶ᠋ᠢᠨ ᠣᠷᠣᠭᠤᠯᠤᠯᠲᠠ ᠳ᠋ᠤ᠌ ᠰᠡᠷᠭᠡᠢᠯᠡᠯᠲᠡ ᠬᠢᠵᠦ ᠂ ᠰᠠᠬᠢᠨ ᠬᠠᠮᠠᠭᠠᠯᠠᠬᠤ ᠺᠠᠲᠷ ᠴᠠᠭᠳᠠᠭ᠎ᠠ ᠪᠣᠯᠤᠨ ᠠᠷᠠᠳ ᠲᠦᠮᠡᠨ ᠦ᠌ ᠠᠮᠢ ᠨᠠᠰᠤᠨ ᠤ᠋ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤ᠋ᠨ ᠡᠷᠡᠭᠦᠯ ᠮᠡᠨᠳᠦ ᠶ᠋ᠢᠨ ᠡᠭᠦᠷᠭᠡ ᠶ᠋ᠢ ᠡᠷᠡᠰ ᠡᠭᠦᠷᠭᠡᠯᠡᠬᠦ ᠬᠡᠷᠡᠭᠲᠡᠢ ᠃
ᠬᠣᠶᠠᠷ ᠲᠤ᠌ ᠰᠡᠷᠭᠡᠢᠯᠡᠨ ᠡᠵᠡᠮᠳᠡᠬᠦ ᠠᠵᠢᠯ ᠢ᠋ ᠦᠨᠡᠨᠬᠦ ᠰᠠᠢᠲᠤᠷ ᠬᠢᠬᠦ ᠶ᠋ᠢᠨ ᠬᠠᠮᠲᠤ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠤ᠋ᠨ ᠬᠡᠷᠡᠭᠵᠢᠭᠦᠯᠬᠦ ᠲᠥᠰᠦᠯ ᠢ᠋ ᠲᠣᠭᠲᠠᠭᠠᠨ ᠲᠡᠭᠦᠯᠳᠡᠷᠵᠢᠭᠦᠯᠵᠦ ᠂ ᠺᠠᠲᠷ ᠴᠠᠭᠳᠠᠭ᠎ᠠ ᠶ᠋ᠢᠨ ᠳᠣᠲᠣᠭᠠᠳᠤ ᠶ᠋ᠢᠨ ᠬᠠᠮᠠᠭᠠᠯᠠᠯᠲᠠ ᠶ᠋ᠢᠨ ᠠᠵᠢᠯ ᠢ᠋ ᠭᠦᠨᠵᠡᠭᠡᠢᠷᠡᠭᠦᠯᠦᠨ ᠂ ᠰᠡᠷᠭᠡᠢᠯᠡᠨ ᠬᠠᠮᠠᠭᠠᠯᠠᠬᠤ ᠲᠣᠨᠣᠭ ᠲᠥᠬᠥᠭᠡᠷᠦᠮᠵᠢ ᠶ᠋ᠢ ᠴᠠᠭ ᠲᠤᠬᠠᠢ ᠳ᠋ᠤᠨᠢ ᠣᠯᠭᠣᠬᠤ ᠬᠡᠷᠡᠭᠲᠡᠢ ᠃ ᠴᠠᠭᠠᠨ ᠰᠠᠷ᠎ᠠ ᠶ᠋ᠢᠨ ᠬᠤᠭᠤᠴᠠᠭᠠᠨ ᠳ᠋ᠤ᠌ ᠺᠠᠲᠷ ᠴᠠᠭᠳᠠᠭ᠎ᠠ ᠭᠠᠳᠠᠭᠰᠢ ᠭᠠᠷᠬᠤ ᠪᠠ ᠪᠤᠴᠠᠵᠤ ᠢᠷᠡᠬᠦ ᠡᠬᠡ ᠳᠠᠩᠰᠠ ᠶ᠋ᠢ ᠨᠠᠷᠢᠯᠢᠭᠵᠢᠭᠤᠯᠵᠤ ᠂ ᠭᠠᠳᠠᠭᠰᠢ ᠭᠠᠷᠤᠭᠰᠠᠨ ᠺᠠᠲᠷ ᠴᠠᠭᠳᠠᠭ᠎ᠠ ᠨᠢᠭᠡ ᠬᠥᠮᠦᠨ ᠨᠢᠭᠡ ᠳᠠᠩᠰᠠ ᠡᠪᠬᠡᠮᠡᠯ ᠢ᠋ ᠪᠠᠢᠭᠤᠯᠬᠤ ᠶ᠋ᠢᠨ ᠬᠠᠮᠲᠤ ᠠᠮᠠᠷᠠᠯᠲᠠ ᠶ᠋ᠢᠨ ᠬᠤᠭᠤᠴᠠᠭᠠᠨ ᠤ᠋ ᠠᠵᠢᠯᠯᠠᠭᠠᠨ ᠤ᠋ ᠤᠯᠠ ᠮᠥᠷ ᠵᠢᠴᠢ ᠣᠯᠠᠨ ᠨᠡᠢᠲᠡ ᠶ᠋ᠢᠨ ᠵᠠᠮ ᠬᠠᠷᠢᠯᠴᠠᠭᠠᠨ ᠤ᠋ ᠪᠠᠭᠠᠵᠢ ᠬᠡᠷᠡᠭᠰᠡᠯ ᠳ᠋ᠦ᠍ ᠰᠠᠭᠤᠬᠤ ᠵᠡᠷᠭᠡ ᠮᠡᠳᠡᠭᠡ ᠵᠠᠩᠭᠢ ᠶ᠋ᠢ ᠥᠪᠡᠰᠦᠪᠡᠨ ᠪᠢᠴᠢᠭ᠌ ᠢ᠋ᠶ᠋ᠡᠷ ᠮᠡᠳᠡᠭᠦᠯᠦᠨ᠎ᠡ ᠃
ᠭᠤᠷᠪᠠ ᠳ᠋ᠤ᠌ ᠵᠠᠷᠭᠤ ᠶ᠋ᠢ ᠬᠥᠲᠥᠯᠦᠨ ᠵᠢᠯᠣᠭᠣᠳᠬᠤ ᠠᠵᠢᠯ ᠢ᠋ ᠰᠠᠢᠲᠤᠷ ᠬᠢᠵᠦ ᠂ ᠣᠢᠷ᠎ᠠ ᠶ᠋ᠢᠨ ᠬᠤᠭᠤᠴᠠᠭᠠᠨ ᠳ᠋ᠤ᠌ ᠤᠳᠠᠯ ᠥᠬᠡᠢ ᠲᠢᠩᠬᠢᠮ ᠨᠡᠭᠡᠭᠡᠬᠦ ᠭᠡᠵᠦ ᠪᠠᠢᠭ᠎ᠠ ᠬᠡᠷᠡᠭ ᠢ᠋ ᠤᠷᠢᠳᠴᠢᠯᠠᠨ ᠰᠠᠢᠲᠤᠷ ᠪᠡᠯᠡᠳᠭᠡᠵᠦ ᠂ ᠲᠤᠬᠠᠢ ᠶ᠋ᠢᠨ ᠬᠥᠮᠦᠨ ᠦ᠌ ᠬᠢᠵᠢᠭ᠌ ᠦ᠋ᠨ ᠪᠠᠢᠳᠠᠯ ᠤ᠋ᠨ ᠣᠷᠭᠢᠯ ᠦᠶ᠎ᠡ ᠳ᠋ᠦ᠍ ᠴᠤᠭᠯᠠᠷᠠᠬᠤ ᠠ᠋ᠴᠠ ᠠᠯᠢ ᠴᠢᠳᠠᠬᠤ ᠪᠠᠷ ᠵᠠᠢᠯᠠᠰᠬᠢᠬᠦ ᠬᠡᠷᠡᠭᠲᠡᠢ ᠃ ᠲᠤᠬᠠᠢ ᠢ᠋ᠢᠨ ᠬᠥᠮᠦᠨ ᠢ᠋ ᠢᠳᠡᠪᠬᠢᠲᠡᠢ ᠪᠡᠷ ᠬᠥᠲᠥᠯᠦᠨ ᠵᠢᠯᠣᠭᠣᠳᠴᠤ ᠪᠠᠢᠭᠠᠳ ᠡᠯᠧᠺᠲ᠋ᠷᠣᠨ ᠵᠠᠷᠭᠤ ᠶ᠋ᠢᠨ ᠦᠢᠯᠡᠴᠢᠯᠡᠭᠡᠨ ᠦ᠌ ᠲᠠᠪᠴᠠᠩ ᠂ ᠸᠢᠴᠠᠲ ᠵᠢᠵᠢᠭ᠌ ᠬᠡᠷᠡᠭᠯᠡᠬᠦᠨ ᠵᠡᠷᠭᠡ ᠢᠨᠲ᠋ᠧᠷ ᠰᠦᠯᠵᠢᠶ᠎ᠡ ᠶ᠋ᠢᠨ ᠮᠡᠷᠭᠡᠵᠢᠯ ᠢ᠋ᠶ᠋ᠡᠷ ᠳᠠᠮᠵᠢᠭᠤᠯᠤᠨ ᠬᠠᠮᠢᠶ᠎ᠠ ᠪᠦᠬᠦᠢ ᠵᠠᠷᠭᠤ ᠶ᠋ᠢᠨ ᠵᠦᠢᠯᠡᠰ ᠢ᠋ ᠭᠦᠢᠴᠡᠳᠭᠡᠯᠭᠡᠬᠦ ᠬᠡᠷᠡᠭᠲᠡᠢ ᠃
ᠳᠥᠷᠪᠡ ᠳ᠋ᠦ᠍ ᠤᠬᠠᠭᠤᠯᠤᠨ ᠮᠡᠳᠡᠭᠡᠯᠡᠬᠦ ᠪᠡᠨ ᠦᠷᠭᠦᠯᠵᠢᠯᠡᠨ ᠴᠢᠩᠭᠠᠳᠭᠠᠵᠤ ᠂ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠬᠤᠭᠤᠴᠠᠭᠠᠨ ᠳ᠋ᠠᠬᠢ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠰᠢᠨ᠎ᠡ ᠠᠷᠭ᠎ᠠ ᠂ ᠰᠢᠨ᠎ᠡ ᠠᠷᠭ᠎ᠠ ᠬᠡᠮᠵᠢᠶ᠎ᠡ ᠵᠢᠴᠢ ᠴᠣᠯᠭᠣᠷᠠᠨ ᠭᠠᠷᠤᠭᠰᠠᠨ ᠲᠡᠷᠢᠭᠦᠨ ᠦ᠌ ᠦᠢᠯᠡ ᠠᠵᠢᠯᠯᠠᠭ᠎ᠠ ᠶ᠋ᠢᠨ ᠲᠤᠬᠠᠢ ᠤᠬᠠᠭᠤᠯᠭ᠎ᠠ ᠮᠡᠳᠡᠭᠡᠯᠡᠯ ᠢ᠋ᠶ᠋ᠡᠨ ᠴᠢᠩᠭᠠᠳᠭᠠᠵᠤ ᠂ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠬᠢᠵᠢᠭ᠌ ᠢ᠋ ᠰᠡᠷᠭᠡᠢᠯᠡᠨ ᠬᠢᠵᠠᠭᠠᠷᠯᠠᠬᠤ ᠠᠵᠢᠯ ᠢ᠋ ᠦᠷᠭᠦᠯᠵᠢᠯᠡᠨ ᠰᠠᠢᠨ ᠠᠳᠭᠤᠵᠤ ᠂ ᠬᠢᠵᠢᠭ᠌ ᠡᠪᠡᠳᠴᠢᠨ ᠢ᠋ ᠡᠰᠡᠷᠭᠦᠴᠡᠨ ᠲᠤᠯᠬᠤ ᠂ ᠢᠯᠠᠯᠲᠠ ᠶ᠋ᠢ ᠪᠥᠬᠥ ᠲᠠᠯ᠎ᠠ ᠪᠠᠷ ᠲᠡᠮᠡᠴᠡᠨ ᠣᠯᠬᠤ ᠢᠲᠡᠭᠡᠯ ᠢ᠋ ᠨᠡᠮᠡᠭᠳᠡᠭᠦᠯᠬᠦ ᠬᠡᠷᠡᠭᠲᠡᠢ ᠃
ᠰᠦ᠍ ᠯᠢ ᠵᠢᠶᠦ᠋ᠨ ᠴᠢᠬᠤᠯᠠᠴᠢᠯᠠᠭᠰᠠᠨ ᠨᠢ ᠂ ᠤᠳᠤᠷᠢᠳᠬᠤ ᠳᠤᠭᠤᠢᠯᠠᠩ ᠤ᠋ᠨ ᠡᠯ᠎ᠡ ᠪᠦᠷᠢᠯᠳᠦᠬᠦᠨ ᠨᠠᠷ ᠬᠠᠷᠢᠭᠤᠴᠠᠯᠭ᠎ᠠ ᠪᠠᠨ ᠦᠨᠡᠨ ᠬᠦ᠌ ᠡᠭᠦᠷᠭᠡᠯᠡᠵᠦ ᠂ ᠡᠯ᠎ᠡ ᠵᠦᠢᠯ ᠦ᠋ᠨ ᠡᠭᠦᠷᠭᠡ ᠶ᠋ᠢ ᠬᠠᠮᠤᠭ ᠲᠦᠷᠦᠭᠦᠨ ᠳ᠋ᠦ᠍ ᠴᠢᠩᠭ᠎ᠠ ᠠᠳᠭᠤᠵᠤ ᠂ ᠣᠢᠷ᠎ᠠ ᠶ᠋ᠢᠨ ᠡᠳᠦᠷ ᠪᠠᠢᠷᠢᠯᠠᠭᠤᠯᠤᠭᠰᠠᠨ ᠬᠢᠵᠢᠭ᠌ ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠤᠴᠢᠷ ᠶᠠᠪᠤᠳᠠᠯ ᠬᠠᠮᠢᠭ᠎ᠠ ᠨᠢ ᠪᠠᠭᠤᠬᠤ ᠂ ᠬᠡᠷᠡᠭ ᠤᠴᠢᠷ ᠪᠣᠯᠭᠠᠨ ᠳ᠋ᠤ᠌ ᠬᠠᠷᠢᠭᠤ ᠥᠭᠬᠦ ᠪᠠᠢᠳᠠᠯ ᠲᠠᠢ ᠪᠠᠢᠬᠤ ᠶ᠋ᠢ ᠪᠠᠲᠤᠯᠠᠵᠤ ᠂ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠣᠷᠢᠭᠯᠠᠬᠤ ᠪᠠ ᠬᠣᠷᠢᠭᠯᠠᠨ ᠴᠣᠬᠢᠬᠤ ᠪᠠᠢᠯᠳᠤᠭᠠᠨ ᠤ᠋ ᠪᠣᠳᠠᠲᠤ ᠠᠵᠢᠯᠯᠠᠭ᠎ᠠ ᠳ᠋ᠤ᠌ ᠢᠯᠠᠯᠲᠠ ᠣᠯᠬᠤ ᠪᠠᠷ ᠠᠩᠬᠠᠨ ᠤ᠋ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠵᠦ ᠂ ᠬᠠᠷᠢᠭᠤᠴᠠᠯᠭ᠎ᠠ ᠡᠭᠦᠷᠭᠡᠯᠡᠬᠦ ᠶ᠋ᠢ ᠬᠠᠷᠠᠭᠤᠯᠤᠨ᠎ᠠ ᠃
ᠦᠨᠡᠯᠡᠬᠦ 0ᠦᠨᠡᠯᠡᠯᠲᠡ ᠲᠠᠢ