ᠪᠦᠬᠦ ᠣᠷᠣᠨ ᠤ᠋ ᠰᠢᠭᠦᠬᠦ ᠬᠣᠷᠢᠶᠠᠨ ᠤ᠋  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠳᠦᠷᠰᠦ ᠰᠢᠩᠭᠡᠭᠡᠯᠲᠡ ᠢ᠋ᠢᠨ ᠲᠣᠭᠣᠷᠢᠨ ᠪᠠᠢᠴᠠᠭᠠᠬᠤ ᠬᠤᠷᠠᠯ ᠤ᠋ᠨ ᠵᠣᠷᠢᠭ ᠰᠠᠨᠠᠭ᠎ᠠ 
2020.03.16 ᠲᠣᠰ ᠥᠷᠲᠡᠭᠡᠨ ᠦ ᠨᠠᠢᠷᠠᠭᠤᠯᠤᠭᠴᠢ

      ᠪᠦᠬᠦ ᠣᠷᠣᠨ ᠤ᠋  ᠰᠢᠭᠦᠬᠦ ᠬᠣᠷᠢᠶᠠᠨ ᠤ᠋  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠳᠦᠷᠰᠦ ᠰᠢᠩᠭᠡᠭᠡᠯᠲᠡ ᠶ᠋ᠢᠨ ᠲᠣᠭᠣᠷᠢᠨ ᠪᠠᠢᠴᠠᠭᠠᠬᠤ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢᠨ ᠲᠥᠯᠥᠭᠡ ᠂ 2 ᠰᠠᠷ᠎ᠠ ᠶ᠋ᠢᠨ 1  ᠦ᠌ ᠦᠳᠡ ᠶ᠋ᠢᠨ ᠬᠣᠢᠨ᠎ᠠ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ  ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋  ᠰᠢᠨ᠎ᠡ ᠬᠡᠯᠪᠡᠷᠢ ᠶ᠋ᠢᠨ  ᠲᠢᠲᠢᠮᠯᠢᠭ᠌  ᠸᠢᠷᠦ᠋ᠰ ᠠᠭᠤᠰᠭᠢᠨ ᠦᠷᠪᠢᠰᠦᠯ ᠦ᠋ᠨ  ᠬᠢᠵᠢᠭ᠌  ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠨᠠᠢᠳᠠᠪᠤᠷᠢᠵᠢᠭᠤᠯᠤᠯᠲᠠ ᠶ᠋ᠢᠨ ᠪᠠᠢᠳᠠᠯ ᠢ᠋ ᠲᠣᠭᠣᠷᠢᠨ ᠪᠠᠢᠴᠠᠭᠠᠬᠤ ᠬᠤᠷᠠᠯ ᠢ᠋ ᠵᠣᠬᠢᠶᠠᠨ ᠪᠠᠢᠭᠤᠯᠤᠨ ᠬᠤᠷᠠᠯᠳᠤᠭᠤᠯᠪᠠ ᠃ ᠬᠣᠲᠠ ᠶ᠋ᠢᠨ ᠳᠤᠮᠳᠠᠳᠤ ᠰᠤᠷᠭᠠᠭᠤᠯᠢ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠣᠷᠣᠯᠠᠭᠴᠢ ᠳᠠᠷᠤᠭ᠎ᠠ ᠰᠦ᠍ ᠯᠢ ᠵᠢᠶᠦ᠋ᠨ ᠵᠢᠴᠢ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋  ᠬᠢᠵᠢᠭ᠌  ᠢ᠋ ᠰᠡᠷᠭᠡᠢᠯᠡᠨ ᠡᠵᠡᠮᠳᠡᠬᠦ ᠠᠵᠢᠯ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠭᠣᠣᠯ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠤ ᠂ ᠡᠯ᠎ᠡ ᠦᠨᠳᠦᠰᠦᠨ ᠱᠠᠲᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠠᠯᠪᠠᠨ ᠭᠡᠷ ᠦ᠋ᠨ ᠡᠷᠬᠢᠯᠡᠭᠴᠢ ᠵᠢᠴᠢ ᠬᠠᠮᠢᠶ᠎ᠠ ᠪᠥᠬᠥᠢ ᠬᠥᠮᠦᠰ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠣᠷᠣᠯᠴᠠᠵᠠᠢ ᠃ ᠬᠤᠷᠠᠯ ᠢ᠋ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠳᠠᠷᠤᠭ᠎ᠠ ᠹᠠᠨ  ᠶᠧᠦ  ᠹᠠ ᠡᠷᠬᠢᠯᠡᠵᠡᠢ ᠃

      ᠬᠤᠷᠠᠯ ᠳᠡᠭᠡᠷ᠎ᠡ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠠᠢ ᠹᠧᠢ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠶᠠᠩ ᠽᠦᠩ  ᠿᠧᠨ ᠬᠣᠷᠢᠶᠠᠨ ᠳᠠᠷᠤᠭ᠎ᠠ ᠶ᠋ᠢᠨ ᠪᠦᠬᠦ ᠣᠷᠣᠨ ᠤ᠋ ᠰᠢᠭᠦᠬᠦ ᠬᠣᠷᠢᠶᠠᠨ ᠤ᠋  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠤ᠋ᠨ  ᠳᠦᠷᠰᠦ ᠰᠢᠩᠭᠡᠭᠡᠯᠲᠡ ᠶ᠋ᠢᠨ ᠲᠣᠭᠣᠷᠢᠨ ᠪᠠᠢᠴᠠᠭᠠᠬᠤ ᠬᠤᠷᠠᠯ ᠳᠡᠭᠡᠷ᠎ᠡ ᠬᠡᠯᠡᠭᠰᠡᠨ ᠦᠭᠡ ᠶ᠋ᠢᠨ ᠵᠣᠷᠢᠭ ᠰᠠᠨᠠᠭ᠎ᠠ ᠶ᠋ᠢ ᠤᠯᠠᠮᠵᠢᠯᠠᠵᠤ ᠂ ᠡᠯ᠎ᠡ ᠦᠨᠳᠦᠰᠦᠨ ᠱᠠᠲᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠬᠣᠷᠢᠶᠠᠨ ᠳᠠᠷᠤᠭ᠎ᠠ ᠨᠠᠷ ᠲᠤᠰ ᠲᠤᠰ ᠬᠣᠷᠢᠶᠠᠨ ᠤ᠋  ᠬᠢᠵᠢᠭ᠌ ᠢ᠋ ᠰᠡᠷᠭᠡᠢᠯᠡᠨ ᠡᠵᠡᠮᠳᠡᠬᠦ ᠠᠵᠢᠯ ᠢ᠋ ᠨᠠᠢᠳᠠᠪᠤᠷᠢᠵᠢᠭᠤᠯᠤᠭᠰᠠᠨ ᠪᠠᠢᠳᠠᠯ ᠤ᠋ᠨ ᠲᠤᠬᠠᠢ ᠬᠠᠷᠢᠭᠤ ᠮᠡᠳᠡᠭᠦᠯᠦᠯᠲᠡ ᠬᠢᠪᠡ ᠃

 

     ᠰᠦ᠍ ᠯᠢ ᠵᠢᠶᠦ᠋ᠨ ᠡᠯ᠎ᠡ ᠬᠣᠷᠢᠶᠠᠨ ᠤ᠋ ᠮᠡᠳᠡᠭᠦᠯᠦᠯᠲᠡ ᠶ᠋ᠢ ᠰᠣᠨᠣᠰᠤᠭᠰᠠᠨ ᠤ᠋ ᠳᠠᠷᠠᠭ᠎ᠠ ᠴᠢᠬᠤᠯᠠᠴᠢᠯᠠᠭᠰᠠᠨ ᠨᠢ ᠄

     ᠨᠢᠭᠡ ᠳ᠋ᠦ᠍ ᠪᠥᠬᠥ ᠬᠣᠲᠠ ᠶ᠋ᠢᠨ ᠰᠢᠭᠦᠬᠦ ᠬᠣᠷᠢᠶ᠎ᠠ ᠤᠯᠤᠰ ᠲᠥᠷᠥ ᠶ᠋ᠢᠨ ᠵᠣᠭᠰᠣᠴᠠ ᠪᠠᠨ ᠤᠯᠠᠮ ᠨᠢᠭᠡ ᠠᠯᠬᠤᠮ  ᠳᠡᠭᠡᠭᠰᠢᠯᠡᠭᠦᠯᠵᠦ᠂  ᠬᠢᠵᠢᠭ᠌  ᠢ᠋ ᠰᠡᠷᠭᠡᠢᠯᠡᠨ ᠬᠢᠵᠠᠭᠠᠷᠯᠠᠬᠤ ᠶᠠᠪᠤᠳᠠᠯ ᠢ᠋ ᠠᠷᠠᠳ ᠤ᠋ᠨ ᠰᠢᠭᠦᠬᠦ ᠬᠣᠷᠢᠶᠠᠨ ᠤ᠋ ᠣᠳᠣᠬᠠᠨ ᠤ᠋ ᠲᠡᠷᠢᠭᠦᠨ ᠴᠢᠬᠤᠯᠠ ᠤᠯᠤᠰ ᠲᠥᠷᠥ ᠶ᠋ᠢᠨ ᠡᠭᠦᠷᠭᠡ ᠪᠣᠯᠭᠠᠬᠤ ᠬᠡᠷᠡᠭᠲᠡᠢ ᠃ ᠡᠯ᠎ᠡ ᠦᠨᠳᠦᠰᠦᠨ ᠱᠠᠲᠤᠨ ᠤ᠋ ᠠᠷᠠᠳ ᠤ᠋ᠨ ᠰᠢᠭᠦᠬᠦ ᠬᠣᠷᠢᠶ᠎ᠠ ᠣᠳᠣᠬᠠᠨ ᠤ᠋  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠪᠠᠢᠳᠠᠯ ᠤ᠋ᠨ ᠬᠦᠨᠳᠦ ᠨᠣᠴᠢᠲᠠᠢ ᠴᠢᠨᠠᠷ ᠪᠠ ᠰᠡᠷᠭᠡᠢᠯᠡᠨ ᠬᠢᠵᠠᠭᠠᠷᠯᠠᠬᠤ ᠡᠭᠦᠷᠭᠡ ᠶ᠋ᠢᠨ ᠪᠡᠷᠬᠡ ᠬᠠᠲᠠᠭᠤᠵᠢᠯᠲᠤ ᠴᠢᠨᠠᠷ ᠢ᠋ ᠰᠡᠷᠭᠡᠭ ᠢ᠋ᠶ᠋ᠡᠷ ᠲᠠᠨᠢᠵᠤ ᠮᠡᠳᠡᠬᠦ ᠬᠡᠷᠡᠭᠲᠡᠢ ᠂  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠲᠠᠯ᠎ᠠ ᠪᠠᠷ ᠬᠢ ᠴᠢᠩᠭ᠎ᠠ ᠬᠦᠴᠦᠲᠡᠢ ᠤᠯᠤᠰ ᠲᠥᠷᠥ ᠶ᠋ᠢᠨ ᠡᠭᠦᠷᠭᠡᠯᠡᠯ ᠪᠠ ᠤᠯᠤᠰ ᠲᠥᠷᠥ ᠶ᠋ᠢᠨ ᠤᠬᠠᠮᠰᠠᠷ ᠢ᠋ᠶ᠋ᠠᠷ  ᠡᠷᠬᠡᠪᠰᠢ  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠡᠯ᠎ᠡ ᠵᠦᠢᠯ ᠦ᠋ᠨ ᠱᠠᠭᠠᠷᠳᠠᠯᠭ᠎ᠠ ᠠᠷᠭ᠎ᠠ ᠬᠡᠮᠵᠢᠶ᠎ᠡ ᠶ᠋ᠢ ᠲᠡᠷᠡ ᠶᠣᠰᠣᠭᠠᠷ ᠨᠢ ᠨᠠᠢᠳᠠᠪᠤᠷᠢᠵᠢᠭᠤᠯᠬᠤ ᠬᠡᠷᠡᠭᠲᠡᠢ ᠃

     ᠬᠣᠶᠠᠷ ᠲᠤ᠌  ᠰᠢᠭᠦᠨ ᠲᠠᠰᠤᠯᠬᠤ ᠡᠭᠦᠷᠭᠡ ᠴᠢᠳᠠᠪᠤᠷᠢ  ᠳ᠋ᠠᠭᠠᠨ ᠰᠠᠭᠤᠷᠢᠯᠠᠨ ᠂ ᠬᠠᠤᠯᠢ ᠴᠠᠭᠠᠵᠠ ᠶ᠋ᠢᠨ ᠦᠢᠯᠡᠴᠢᠯᠡᠭᠡ ᠪᠠ  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠶᠡᠬᠡ ᠲᠠᠯ᠎ᠠ ᠶ᠋ᠢ ᠰᠠᠢᠲᠤᠷ ᠪᠠᠲᠤᠯᠠᠬᠤ ᠬᠡᠷᠡᠭᠲᠡᠢ ᠃ ᠡᠷᠡᠭᠦᠦ ᠶ᠋ᠢᠨ ᠬᠠᠤᠯᠢ ᠂ ᠡᠷᠡᠭᠦᠦ ᠶ᠋ᠢᠨ ᠵᠠᠷᠭᠤ ᠶ᠋ᠢᠨ ᠬᠠᠤᠯᠢ ᠵᠢᠴᠢ ᠬᠠᠤᠯᠢ ᠴᠠᠭᠠᠵᠠ ᠶ᠋ᠢᠨ ᠲᠠᠢᠯᠪᠤᠷᠢᠯᠠᠯᠲᠠ ᠶ᠋ᠢᠨ ᠲᠣᠭᠲᠠᠭᠠᠯ ᠢ᠋ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ ᠂ ᠭᠡᠨᠡᠳᠲᠡ ᠡᠭᠦᠰᠦᠭᠰᠡᠨ ᠬᠠᠯᠳᠠᠪᠤᠷᠢᠲᠤ ᠡᠪᠡᠳᠴᠢᠨ ᠦ᠌  ᠬᠢᠵᠢᠭ᠌ ᠦ᠋ᠨ ᠪᠠᠢᠳᠠᠯ ᠢ᠋  ᠬᠠᠷᠰᠢᠯᠠᠭᠰᠠᠨ᠂  ᠬᠢᠵᠢᠭ᠌ ᠦ᠋ᠨ ᠪᠠᠢᠳᠠᠯ ᠢ᠋ ᠬᠢᠵᠠᠭᠠᠷᠯᠠᠭᠰᠠᠨ ᠂  ᠬᠢᠵᠢᠭ᠌ ᠦ᠋ᠨ ᠪᠠᠢᠳᠠᠯ ᠢ᠋  ᠠᠰᠢᠭᠯᠠᠵᠤ ᠣᠯᠠᠨ ᠨᠡᠢᠲᠡ ᠶ᠋ᠢᠨ ᠠᠮᠤᠷ  ᠲᠦᠪᠰᠢᠨ ᠪᠠ ᠵᠠᠬ᠎ᠠ ᠳᠡᠯᠭᠡᠭᠦᠷ ᠦ᠋ᠨ ᠡᠮᠬᠢ  ᠲᠢᠭ᠍ᠯᠢᠮ  ᠢ᠋ ᠬᠣᠬᠢᠷᠠᠭᠤᠯᠤᠭᠰᠠᠨ ᠶᠠᠯᠠᠲᠤ ᠠᠵᠢᠯᠯᠠᠭ᠎ᠠ ᠶ᠋ᠢ ᠬᠠᠤᠯᠢ ᠶᠣᠰᠣᠭᠠᠷ ᠴᠢᠩᠭ᠎ᠠ  ᠰᠢᠢᠳᠭᠡᠵᠦ ᠂ ᠬᠠᠭᠤᠷᠮᠠᠭ ᠮᠠᠭᠤ ᠡᠮ ᠦ᠋ᠨ ᠵᠦᠢᠯ ᠂ ᠡᠮᠴᠢᠯᠡᠭᠡᠨ ᠦ᠌ ᠪᠠᠭᠠᠵᠢ ᠬᠡᠷᠡᠭᠰᠡᠯ ᠢ᠋ ᠦᠢᠯᠡᠳᠴᠦ ᠪᠣᠷᠣᠯᠠᠭᠤᠯᠤᠭᠰᠠᠨ ᠪᠠ ᠬᠣᠪᠣᠷ ᠨᠠᠨᠳᠢᠨ ᠬᠡᠭᠡᠷ᠎ᠡ ᠶ᠋ᠢᠨ ᠠᠮᠢᠲᠠᠨ ᠢ᠋ ᠬᠠᠤᠯᠢ ᠪᠤᠰᠤ ᠪᠠᠷ ᠬᠤᠳᠠᠯᠳᠤᠨ ᠠᠪᠴᠤ ᠪᠣᠷᠣᠯᠠᠭᠤᠯᠤᠭᠰᠠᠨ ᠵᠡᠷᠭᠡ ᠶᠠᠯᠠᠲᠤ ᠠᠵᠢᠯᠯᠠᠭ᠎ᠠ ᠶ᠋ᠢ ᠴᠢᠩᠭ᠎ᠠ ᠵᠠᠯᠬᠠᠭᠠᠨ  ᠰᠢᠢᠳᠭᠡᠬᠦ ᠬᠡᠷᠡᠭᠲᠡᠢ ᠃  ᠬᠢᠵᠢᠭ᠌  ᠦ᠋ᠨ ᠪᠠᠢᠳᠠᠯ ᠳ᠋ᠤ᠌ ᠬᠣᠯᠪᠣᠭᠳᠠᠭᠰᠠᠨ ᠬᠠᠮᠢᠶ᠎ᠠ ᠪᠦᠬᠦᠢ ᠬᠡᠷᠡᠭ ᠢ᠋ ᠬᠠᠤᠯᠢ ᠶᠣᠰᠣᠭᠠᠷ ᠲᠣᠬᠢᠲᠠᠢ  ᠰᠢᠢᠳᠪᠦᠷᠢᠯᠡᠵᠦ ᠂ ᠠᠷᠠᠳ ᠣᠯᠠᠨ ᠤ᠋ ᠬᠠᠤᠯᠢ ᠶᠣᠰᠣᠨ ᠤ᠋ ᠡᠷᠬᠡ  ᠠᠰᠢᠭ ᠢ᠋ ᠪᠠᠲᠤᠯᠠᠬᠤ ᠬᠡᠷᠡᠭᠲᠡᠢ ᠃

     ᠭᠤᠷᠪᠠ ᠳ᠋ᠤ᠌ ᠂ ᠡᠯ᠎ᠡ ᠵᠦᠢᠯ ᠦ᠋ᠨ ᠠᠵᠢᠯ ᠢ᠋ᠶ᠋ᠠᠨ ᠪᠥᠬᠥ ᠲᠠᠯ᠎ᠠ ᠪᠠᠷ ᠨᠠᠷᠢᠨ ᠨᠢᠮᠪᠠᠢ ᠬᠢᠵᠦ ᠂ ᠪᠥᠬᠥ ᠬᠣᠲᠠ ᠶ᠋ᠢᠨ  ᠰᠢᠭᠦᠬᠦ ᠬᠣᠷᠢᠶᠠᠨ ᠤ᠋  ᠰᠢᠰᠲ᠋ᠧᠮ ᠦ᠋ᠨ  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠶ᠋ᠢ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ ᠬᠡᠷᠡᠭᠲᠡᠢ ᠃ ᠭᠠᠳᠠᠭᠠᠳᠤ ᠲᠠᠢ ᠬᠣᠯᠪᠣᠭᠳᠠᠬᠤ ᠣᠯᠠᠨ ᠨᠡᠢᠲᠡ ᠶ᠋ᠢᠨ ᠣᠷᠣᠨ ᠪᠦᠰᠡ ᠪᠣᠯᠤᠨ ᠰᠢᠭᠦᠬᠦ ᠬᠣᠷᠢᠶᠠᠨ ᠤ᠋ ᠪᠠᠢᠭᠤᠯᠭ᠎ᠠ ᠶ᠋ᠢᠨ ᠳᠣᠲᠣᠭᠠᠳᠤ ᠳ᠋ᠠᠭᠠᠨ ᠰᠡᠷᠭᠡᠢᠯᠡᠨ ᠬᠢᠵᠠᠭᠠᠷᠯᠠᠬᠤ ᠶ᠋ᠢ ᠴᠢᠩᠭᠠᠳᠭᠠᠵᠤ ᠂  ᠺᠠᠲᠷ ᠴᠠᠭᠳᠠᠭ᠎ᠠ ᠶ᠋ᠢᠨ ᠲᠤᠰ ᠪᠡᠶ᠎ᠡ ᠶ᠋ᠢᠨ ᠬᠠᠮᠠᠭᠠᠯᠠᠯᠲᠠ ᠶ᠋ᠢ ᠰᠠᠢᠲᠤᠷ ᠬᠢᠬᠦ ᠶ᠋ᠢᠨ ᠬᠠᠮᠲᠤ ᠬᠠᠷᠢᠮᠠᠬᠠᠢ ᠴᠢᠨᠠᠷᠲᠠᠢ ᠠᠵᠢᠯ ᠤ᠋ᠨ ᠳᠦᠷᠢᠮ ᠦ᠋ᠨ ᠮᠡᠳᠡᠭᠳᠡᠯ ᠦ᠋ᠨ ᠱᠠᠭᠠᠷᠳᠠᠯᠭ᠎ᠠ ᠶ᠋ᠢ ᠦᠨᠡᠨ ᠬᠦ᠌ ᠰᠠᠢᠲᠤᠷ ᠨᠠᠢᠳᠠᠪᠤᠷᠢᠵᠢᠭᠤᠯᠤᠨ᠎ᠠ ᠃

      ᠳᠥᠷᠪᠡ ᠳ᠋ᠦ᠍ 《 ᠵᠠᠩᠭᠢᠯᠠᠭ᠎ᠠ ᠶ᠋ᠢᠨ ᠴᠥᠭᠡᠨ ᠲᠣᠭᠠᠲᠤ 》  ᠶ᠋ᠢᠨ ᠦᠯᠢᠭᠡᠷ  ᠵᠢᠰᠢᠶ᠎ᠡ ᠪᠡᠷ ᠳᠠᠢᠴᠢᠯᠠᠨ ᠂ ᠡᠪ ᠬᠠᠮᠲᠤ ᠨᠠᠮ ᠤ᠋ᠨ ᠭᠡᠰᠢᠭᠦᠨ ᠦ᠌  ᠬᠣᠰᠢᠭᠤᠴᠢ  ᠵᠢᠰᠢᠶᠠᠴᠢ ᠢ᠋ᠢᠨ ᠦᠢᠯᠡᠳᠦᠯ ᠢ᠋ ᠰᠠᠢᠲᠤᠷ ᠪᠠᠳᠠᠷᠠᠭᠤᠯᠬᠤ ᠬᠡᠷᠡᠭᠲᠡᠢ ᠃ ᠭᠣᠣᠯ ᠬᠠᠷᠢᠭᠤᠴᠠᠵᠤ ᠪᠠᠢᠭ᠎ᠠ ᠨᠥᠬᠥᠳ  ᠡᠷᠬᠡᠪᠰᠢ ᠠᠵᠢᠯ ᠤ᠋ᠨ ᠪᠠᠢᠷᠢ ᠪᠠᠨ ᠪᠠᠲᠤ ᠰᠠᠬᠢᠵᠤ ᠂ ᠬᠤᠪᠢᠳᠠᠨ ᠬᠠᠮᠢᠶᠠᠷᠴᠤ ᠪᠠᠢᠭ᠎ᠠ ᠨᠥᠬᠥᠳ ᠬᠠᠷᠢᠭᠤᠴᠠᠵᠤ ᠪᠠᠢᠭ᠎ᠠ ᠬᠦᠷᠢᠶ᠎ᠡ ᠴᠠᠷᠠᠭ᠎ᠠ ᠂ ᠬᠤᠪᠢᠳᠠᠨ ᠬᠠᠮᠢᠶᠠᠷᠴᠤ ᠪᠠᠢᠭ᠎ᠠ ᠰᠠᠯᠠᠭ᠎ᠠ ᠮᠥᠴᠢᠷ ᠦ᠋ᠨ  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠢ᠋ ᠰᠠᠢᠲᠤᠷ ᠠᠳᠭᠤᠬᠤ ᠴᠢᠬᠤᠯᠠ ᠶᠡᠬᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠬᠦ ᠬᠡᠷᠡᠭᠲᠡᠢ ᠃ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠥᠷᠭᠡᠨ ᠣᠯᠠᠨ ᠨᠠᠮ ᠤ᠋ᠨ  ᠭᠡᠰᠢᠭᠦᠨ  ᠂ ᠺᠠᠲᠷᠴᠤᠳ ᠲᠡᠢᠨ ᠦ᠌ ᠪᠠᠢᠳᠠᠯ ᠢ᠋ ᠰᠡᠷᠭᠡᠢᠯᠡᠨ ᠡᠵᠡᠮᠳᠡᠬᠦ ᠨᠢᠭᠡᠳᠦᠭᠡᠷ ᠹᠷᠣᠨᠲ ᠢ᠋ᠶ᠋ᠠᠷ ᠠᠩᠬᠠᠨ ᠤ᠋ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠂ ᠬᠠᠷᠢᠭᠤᠴᠠᠯᠭ᠎ᠠ ᠶ᠋ᠢ ᠪᠡᠶᠡᠯᠡᠭᠦᠯᠬᠦ  ᠲᠤᠷᠰᠢᠯᠲᠠ  ᠶ᠋ᠢᠨ ᠴᠢᠯᠠᠭᠤ ᠪᠠ  ᠪᠢᠯᠠᠭᠤᠷᠲᠤ ᠴᠢᠯᠠᠭᠤ ᠪᠣᠯᠭᠠᠵᠤ ᠂  ᠬᠣᠰᠢᠭᠤᠴᠢ  ᠵᠢᠰᠢᠶᠡᠴᠢ ᠢ᠋ᠢᠨ ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠵᠤ ᠂ ᠠᠵᠢᠯ ᠤ᠋ᠨ ᠪᠠᠢᠷᠢ ᠶ᠋ᠢᠨ ᠡᠭᠦᠷᠭᠡ ᠬᠠᠷᠢᠭᠤᠴᠠᠯᠭ᠎ᠠ ᠪᠠᠨ ᠲᠦᠷᠦᠭᠦᠯᠡᠨ ᠭᠦᠢᠴᠡᠳᠭᠡᠵᠦ ᠂ ᠨᠡᠢᠭᠡᠮ ᠦ᠋ᠨ ᠬᠠᠷᠢᠭᠤᠴᠠᠯᠭ᠎ᠠ ᠪᠠᠨ ᠲᠦᠷᠦᠭᠦᠯᠡᠨ ᠨᠠᠢᠳᠠᠪᠤᠷᠢᠵᠢᠭᠤᠯᠵᠤ ᠂ ᠨᠡᠢᠭᠡᠮ ᠦ᠋ᠨ ᠲᠥᠪ ᠰᠤᠷᠲᠠᠯ ᠢ᠋ ᠪᠠᠳᠠᠷᠠᠭᠤᠯᠵᠤ ᠂ ᠰᠠᠢᠨ ᠰᠠᠢᠬᠠᠨ ᠠᠮᠢᠳᠤᠷᠠᠯ ᠤ᠋ᠨ ᠵᠠᠩ ᠳᠠᠳᠭᠠᠯ ᠢ᠋ ᠲᠦᠷᠦᠭᠦᠯᠡᠨ ᠪᠦᠷᠢᠯᠳᠦᠭᠦᠯᠵᠦ ᠂ ᠰᠠᠢᠨ ᠰᠠᠢᠬᠠᠨ ᠠᠮᠢᠳᠤᠷᠠᠯ ᠤ᠋ᠨ ᠳᠠᠳᠭᠠᠯ ᠢ᠋ ᠪᠣᠢ ᠪᠣᠯᠭᠠᠬᠤ ᠬᠡᠷᠡᠭᠲᠡᠢ ᠃

      ᠲᠠᠪᠤ ᠳ᠋ᠤ᠌ ᠮᠡᠳᠡᠭᠡ ᠵᠠᠩᠭᠢ ᠮᠡᠳᠡᠭᠦᠯᠦᠨ ᠬᠦᠷᠭᠡᠬᠦ ᠪᠠ ᠶᠠᠷᠢᠶ᠎ᠠ ᠬᠡᠯᠡᠯᠴᠡᠭᠡᠨ ᠦ᠌ ᠤᠬᠠᠭᠤᠯᠤᠨ ᠮᠡᠳᠡᠭᠡᠯᠡᠬᠦ ᠶ᠋ᠢ ᠴᠢᠩᠭᠠᠳᠭᠠᠵᠤ ᠂ ᠵᠥᠪ ᠡᠨᠧᠷᠭᠢ ᠶ᠋ᠢ ᠢᠳᠡᠪᠬᠢᠲᠡᠢ ᠳᠡᠯᠭᠡᠷᠡᠭᠦᠯᠬᠦ ᠬᠡᠷᠡᠭᠲᠡᠢ ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠶᠠᠷᠢᠶ᠎ᠠ ᠬᠡᠯᠡᠯᠴᠡᠭᠡᠨ ᠦ᠌ ᠤᠬᠠᠭᠤᠯᠭ᠎ᠠ ᠶ᠋ᠢᠨ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠂ ᠰᠢᠭᠦᠬᠦ ᠬᠣᠷᠢᠶᠠᠨ ᠤ᠋ ᠡᠭᠦᠳᠡ ᠡᠷᠦᠬᠡ ᠶ᠋ᠢᠨ ᠰᠦᠯᠵᠢᠶᠡᠨ ᠦ᠌ ᠥᠷᠲᠡᠭᠡ ᠂ ᠸᠢᠴᠠᠲ ᠣᠯᠠᠨ ᠨᠡᠢᠲᠡ ᠶ᠋ᠢᠨ ᠨᠣᠮᠧᠷ ᠂ ᠪᠢᠴᠢᠯ ᠪᠥᠷᠭᠡ ᠵᠡᠷᠭᠡ ᠲᠠᠪᠴᠠᠩ ᠵᠢᠴᠢ ᠲᠣᠮᠣ ᠳᠡᠯᠭᠡᠴᠡᠲᠦ ᠠᠯᠪᠠᠨ ᠵᠠᠷ ᠤ᠋ᠨ ᠪᠤᠯᠤᠩ ᠵᠡᠷᠭᠡ ᠠᠷᠭ᠎ᠠ ᠵᠠᠮ ᠢ᠋ᠶ᠋ᠠᠷ ᠳᠠᠮᠵᠢᠭᠤᠯᠤᠨ ᠂  ᠬᠢᠵᠢᠭ᠌ ᠢ᠋ ᠰᠡᠷᠭᠡᠢᠯᠡᠨ ᠬᠢᠵᠠᠭᠠᠷᠯᠠᠬᠤ ᠮᠡᠳᠡᠯᠭᠡ ᠶ᠋ᠢᠨ ᠲᠠᠨᠢᠯᠴᠠᠭᠤᠯᠭ᠎ᠠ ᠪᠠ ᠵᠥᠪ ᠲᠠᠯ᠎ᠠ ᠶ᠋ᠢᠨ ᠤᠬᠠᠭᠤᠯᠭ᠎ᠠ ᠮᠡᠳᠡᠭᠡᠯᠡᠯ ᠢ᠋ ᠢᠳᠡᠪᠬᠢᠲᠡᠢ ᠥᠷᠨᠢᠭᠦᠯᠵᠦ ᠂ ᠵᠥᠪ ᠡᠨᠧᠷᠭᠢ ᠶ᠋ᠢ ᠤᠯᠠᠮᠵᠢᠯᠠᠨ ᠳᠡᠯᠭᠡᠷᠡᠭᠦᠯᠬᠦ ᠶ᠋ᠢ ᠪᠠᠷᠢᠮᠲᠠᠯᠠᠬᠤ ᠬᠡᠷᠡᠭᠲᠡᠢ ᠃ ᠡᠯ᠎ᠡ ᠬᠦᠷᠢᠶᠡᠯᠡᠩ ᠬᠣᠷᠢᠶᠠᠨ ᠤ᠋  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠮᠡᠳᠡᠯᠭᠡ ᠶ᠋ᠢᠨ ᠠᠵᠢᠯ ᠤ᠋ᠨ ᠪᠦᠲᠦᠭᠡᠯᠴᠢ ᠴᠢᠨᠠᠷ ᠪᠣᠯᠤᠨ ᠴᠢᠳᠠᠮᠠᠭᠠᠢ ᠴᠢᠨᠠᠷ ᠢ᠋ ᠢᠳᠡᠪᠬᠢᠲᠡᠢ ᠪᠡᠷ ᠪᠠᠳᠠᠷᠠᠭᠤᠯᠵᠤ ᠂ ᠱᠣᠭ ᠵᠢᠷᠤᠭ ᠂ ᠣᠬᠣᠷ  ᠳᠦᠷᠰᠦ ᠰᠢᠩᠭᠡᠭᠡᠯᠲᠡ ᠵᠡᠷᠭᠡ ᠣᠯᠠᠨ ᠵᠦᠢᠯ ᠦ᠋ᠨ ᠬᠡᠯᠪᠡᠷᠢ ᠮᠠᠶᠢᠭ ᠢ᠋ ᠰᠦᠪᠡᠭᠴᠢᠯᠡᠨ ᠠᠰᠢᠭᠯᠠᠵᠤ᠂ ᠣᠯᠠᠨ ᠲᠦᠮᠡᠨ ᠦ᠌  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠮᠡᠳᠡᠯᠭᠡ ᠶ᠋ᠢ ᠬᠦᠯᠢᠶᠡᠨ ᠠᠪᠬᠤ ᠬᠡᠮᠵᠢᠶ᠎ᠡ ᠶ᠋ᠢ  ᠳᠡᠭᠡᠭᠰᠢᠯᠡᠭᠦᠯᠵᠦ ᠂  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠳ᠋ᠤ᠌ ᠵᠥᠪ ᠲᠠᠯ᠎ᠠ ᠠ᠋ᠴᠠ ᠴᠢᠷᠮᠠᠢᠨ ᠲᠤᠰᠠᠯᠠᠬᠤ ᠬᠡᠷᠡᠭᠲᠡᠢ ᠃

      ᠰᠦ᠍ ᠯᠢ ᠵᠢᠶᠦ᠋ᠨ ᠡᠴᠡ ᠱᠠᠭᠠᠷᠳᠠᠭᠰᠠᠨ ᠨᠢ ᠂ ᠣᠳᠣᠬᠠᠨ ᠤ᠋  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠵᠠᠩᠭᠢᠯᠠᠭ᠎ᠠ ᠶ᠋ᠢᠨ ᠴᠠᠭ ᠦᠶ᠎ᠡ ᠳ᠋ᠦ᠍ ᠂ ᠪᠦᠬᠦ ᠬᠣᠲᠠ ᠶ᠋ᠢᠨ ᠰᠢᠭᠦᠬᠦ ᠬᠣᠷᠢᠶ᠎ᠠ 《 ᠠᠷᠪᠠᠨ ᠬᠤᠷᠤᠭᠤ ᠲᠡᠭᠦᠯᠳᠡᠷ ᠬᠤᠭᠤᠷ ᠳᠠᠷᠤᠬᠤ 》 ᠠᠵᠢᠯ ᠤ᠋ᠨ ᠠᠷᠭ᠎ᠠ ᠶ᠋ᠢ ᠰᠤᠷᠴᠤ ᠂  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠣᠷᠢᠭᠯᠠᠬᠤ ᠪᠠ ᠬᠣᠷᠢᠭᠯᠠᠨ ᠴᠣᠬᠢᠬᠤ ᠪᠠᠢᠯᠳᠤᠭᠠᠨ ᠢ᠋ ᠰᠢᠭᠦᠬᠦ ᠬᠣᠷᠢᠶᠠᠨ ᠤ᠋ ᠡᠯ᠎ᠡ ᠵᠦᠢᠯ ᠦ᠋ᠨ ᠬᠢᠨᠠᠨ ᠭᠦᠢᠴᠡᠳᠭᠡᠬᠦ ᠠᠵᠢᠯ  ᠯᠤᠭ᠎ᠠ ᠤᠶᠠᠯᠳᠤᠭᠤᠯᠵᠤ ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠂ ᠪᠦᠬᠦ ᠲᠠᠯ᠎ᠠ ᠪᠠᠷ ᠠᠬᠢᠭᠤᠯᠵᠤ ᠂ 《 ᠬᠣᠶᠠᠷ ᠲᠠᠯ᠎ᠠ ᠪᠠᠷ ᠠᠳᠭᠤᠬᠤ 》 《 ᠬᠣᠶᠠᠷ ᠲᠠᠯ᠎ᠠ ᠪᠠᠷ ᠦᠯᠦ ᠣᠰᠣᠯᠳᠠᠬᠤ 》 《 ᠬᠣᠶᠠᠷ ᠲᠠᠯ᠎ᠠ ᠪᠠᠷ ᠠᠬᠢᠭᠤᠯᠬᠤ 》 ᠂ ᠮᠠᠨ ᠤ᠋ ᠬᠣᠲᠠ ᠢ᠋ᠢᠨ ᠠᠵᠤ ᠠᠬᠤᠢ  ᠨᠡᠢᠭᠡᠮ  ᠤ᠋ᠨ  ᠡᠷᠡᠭᠦᠯ  ᠬᠥᠭᠵᠢᠯᠲᠡ ᠳ᠋ᠤ᠌ ᠨᠡᠩ ᠰᠠᠢᠨ  ᠬᠠᠦᠯᠢ  ᠴᠠᠭᠠᠵᠠ  ᠢ᠋ᠢᠨ  ᠪᠠᠲᠤᠯᠠᠭ᠎ᠠ  ᠬᠠᠩᠭᠠᠬᠤ ᠬᠡᠷᠡᠭᠲᠡᠢ ᠃

      ᠬᠠᠮᠤᠭ ᠰᠡᠭᠦᠯ ᠳ᠋ᠦ᠍ ᠨᠢ ᠂ ᠹᠠᠨ ᠶᠧᠦ ᠹᠠ ᠴᠢᠬᠤᠯᠠᠴᠢᠯᠠᠭᠰᠠᠨ ᠨᠢ ᠂ ᠡᠯ᠎ᠡ ᠦᠨᠳᠦᠰᠦᠨ ᠱᠠᠲᠤᠨ ᠤ᠋ ᠠᠷᠠᠳ ᠤ᠋ᠨ ᠰᠢᠭᠦᠬᠦ ᠬᠣᠷᠢᠶ᠎ᠠ ᠨᠢ ᠳᠡᠭᠡᠳᠦ ᠱᠠᠲᠤᠨ ᠤ᠋ ᠰᠢᠭᠦᠬᠦ ᠬᠣᠷᠢᠶ᠎ᠠ ᠵᠢᠴᠢ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠢᠵᠢᠭ᠌  ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠤ᠋ᠨ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠶ᠋ᠢ ᠨᠠᠷᠢᠨ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠭᠣᠣᠯ ᠤᠳᠤᠷᠢᠳᠤᠯᠭ᠎ᠠ ᠨᠢ ᠠᠵᠢᠯ ᠤ᠋ᠨ ᠪᠠᠢᠷᠢ ᠪᠠᠨ ᠪᠠᠲᠤ ᠰᠠᠬᠢᠵᠤ ᠂ ᠤᠷᠢᠳᠴᠢᠯᠠᠨ ᠵᠢᠭᠠᠨ ᠵᠢᠯᠣᠭᠣᠳᠴᠤ ᠂ ᠪᠠᠴᠢᠮ ᠪᠠᠢᠳᠠᠯ ᠢ᠋ ᠠᠷᠭᠠᠴᠠᠬᠤ ᠬᠦᠴᠦᠨ ᠪᠠ ᠠᠵᠢᠯ ᠤ᠋ᠨ ᠪᠠᠢᠷᠢᠨ ᠳ᠋ᠤ᠌ ᠪᠠᠢᠬᠤ ᠠᠵᠢᠯ ᠤ᠋ᠨ ᠬᠦᠴᠦᠨ ᠢ᠋ᠶ᠋ᠡᠨ ᠴᠢᠩᠭᠠᠳᠭᠠᠵᠤ ᠂  ᠬᠢᠵᠢᠭ᠌ ᠢ᠋ ᠰᠡᠷᠭᠡᠢᠯᠡᠨ ᠡᠵᠡᠮᠳᠡᠬᠦ ᠬᠠᠷᠢᠭᠤᠴᠠᠯᠭ᠎ᠠ ᠪᠠᠨ ᠦᠨᠡᠨ ᠬᠦ᠌ ᠰᠠᠢᠲᠤᠷ ᠭᠦᠢᠴᠡᠳᠭᠡᠵᠦ ᠂ ᠨᠤᠲᠤᠭ ᠳᠡᠪᠢᠰᠬᠡᠷ ᠢ᠋ᠶ᠋ᠡᠨ ᠰᠠᠬᠢᠨ ᠬᠠᠮᠠᠭᠠᠯᠠᠬᠤ ᠬᠠᠷᠢᠭᠤᠴᠠᠯᠭ᠎ᠠ ᠲᠠᠢ ᠂ ᠨᠤᠲᠤᠭ ᠳᠡᠪᠢᠰᠬᠡᠷ ᠢ᠋ᠶ᠋ᠡᠨ ᠬᠠᠮᠠᠭᠠᠯᠠᠬᠤ ᠬᠠᠷᠢᠭᠤᠴᠠᠯᠭ᠎ᠠ ᠪᠠᠨ ᠡᠷᠡᠰ  ᠭᠦᠢᠴᠡᠳᠭᠡᠨ ᠂ ᠬᠢᠵᠢᠭ᠌ ᠤ᠋ᠨ  ᠪᠠᠢᠳᠠᠯ  ᠲᠠᠷᠬᠠᠨ ᠳᠡᠯᠭᠡᠷᠡᠬᠦ  ᠶ᠋ᠢ  ᠡᠷᠡᠰ  ᠲᠡᠪᠴᠢᠨ ᠂  ᠪᠦᠬᠦ  ᠬᠦᠴᠦᠨ  ᠢ᠋ᠢᠠᠷ ᠢ᠋ᠢᠠᠨ  ᠠᠷᠠᠳ  ᠲᠦᠮᠡᠨ  ᠤ᠋  ᠠᠮᠢ  ᠨᠠᠰᠤᠨ  ᠤ᠋  ᠠᠮᠤᠷ  ᠲᠦᠪᠰᠢᠨ  ᠢ᠋  ᠬᠠᠮᠠᠭᠠᠯᠠᠨ᠂  ᠬᠢᠵᠢᠭ᠌  ᠢ᠋  ᠰᠡᠷᠭᠡᠢᠯᠡᠨ ᠡᠵᠡᠮᠳᠡᠬᠦ  ᠠᠵᠢᠯ  ᠢ᠋  ᠢᠯᠠᠬᠤ ᠬᠡᠷᠡᠭᠲᠡᠢ ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )