ᠳᠠᠬᠢᠨ ᠨᠢᠭᠡ ᠠᠯᠬᠤᠮ ᠨᠠᠮ ᠤ᠋ᠨ ᠲᠥᠪ ᠬᠣᠷᠢᠶ᠎ᠠ ᠂ ᠲᠥᠷᠥ ᠶ᠋ᠢᠨ ᠶᠠᠪᠤᠳᠠᠯ ᠤ᠋ᠨ ᠬᠣᠷᠢᠶ᠎ᠠ ᠂ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠰᠢᠭᠦᠬᠦ ᠬᠡᠯᠪᠡᠷᠢ ᠶ᠋ᠢᠨ ᠲᠢᠲᠢᠮᠯᠢᠭ᠌ ᠡᠪᠡᠳᠴᠢᠨ ᠦ᠌ ᠸᠢᠷᠦ᠋ᠰ ᠲᠦ᠍ ᠬᠠᠯᠳᠠᠪᠤᠷᠢᠯᠠᠭᠳᠠᠭᠰᠠᠨ ᠠᠭᠤᠰᠭᠢᠨ ᠦᠷᠪᠢᠰᠦᠯ ᠦ᠋ᠨ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠶ᠋ᠢ ᠤᠯᠠᠮ ᠨᠢᠭᠡ ᠠᠯᠬᠤᠮ ᠨᠠᠢᠳᠠᠪᠤᠷᠢᠵᠢᠭᠤᠯᠬᠤ ᠶ᠋ᠢᠨ ᠲᠥᠯᠥᠭᠡ ᠂ 1 ᠰᠠᠷ᠎ᠠ ᠶ᠋ᠢᠨ 31 ᠦ᠌ ᠡᠳᠦᠷ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠶᠠᠩ ᠽᠦᠩ ᠿᠧᠨ ᠨᠢᠭᠡᠳᠦᠭᠡᠷ ᠹᠷᠣᠨᠲ ᠲᠤ᠌ ᠭᠦᠨᠵᠡᠭᠡᠢᠷᠡᠨ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠬᠦᠷᠴᠦ ᠰᠢᠨ᠎ᠡ ᠬᠡᠯᠪᠡᠷᠢ ᠶ᠋ᠢᠨ ᠲᠢᠲᠢᠮᠯᠢᠭ᠌ ᠸᠢᠷᠦ᠋ᠰ ᠲᠦ᠍ ᠬᠠᠯᠳᠠᠪᠤᠷᠢᠯᠠᠭᠳᠠᠭᠰᠠᠨ ᠠᠭᠤᠰᠭᠢᠨ ᠦᠷᠪᠢᠰᠦᠯ ᠤ᠋ᠨ ᠰᠡᠷᠭᠡᠢᠯᠡᠨ ᠡᠵᠡᠮᠳᠡᠬᠦ ᠠᠵᠢᠯ ᠢ᠋ ᠪᠠᠢᠴᠠᠭᠠᠨ ᠵᠢᠯᠤᠭᠤᠳᠴᠤ᠂ ᠴᠠᠭᠠᠨ ᠰᠠᠷ᠎ᠠ ᠢ᠋ᠢᠨ ᠬᠤᠭᠤᠴᠠᠭᠠᠨ ᠳ᠋ᠤ᠌ ᠠᠵᠢᠯ ᠤ᠋ᠨ ᠪᠠᠢᠷᠢᠨ ᠳ᠋ᠤ᠌ ᠪᠠᠨ ᠪᠠᠲᠤ ᠰᠠᠬᠢᠵᠤ ᠪᠠᠢᠭ᠎ᠠ ᠰᠢᠭᠦᠬᠦ ᠬᠣᠷᠢᠶᠠᠨ ᠤ᠋ ᠺᠠᠲᠷ ᠴᠠᠭᠳᠠᠭ᠎ᠠ ᠨᠠᠷ ᠢ᠋ ᠪᠣᠯᠭᠤᠭᠠᠨ ᠲᠤᠪᠬᠢᠨᠠᠭᠤᠯᠪᠠ ᠃ ᠰᠤᠳᠤᠯᠬᠤ ᠲᠠᠰᠤᠭ ᠤ᠋ᠨ ᠨᠢᠭᠡᠳᠦᠭᠡᠷ ᠳᠡᠰ ᠦ᠋ᠨ ᠰᠢᠭᠦᠭᠴᠢ ᠱᠢ ᠶᠠᠨ ᠯᠦᠩ ᠂ ᠪᠠᠢᠭᠤᠯᠤᠯᠭ᠎ᠠ ᠶ᠋ᠢᠨ ᠶᠠᠪᠤᠳᠠᠯ ᠤ᠋ᠨ ᠦᠢᠯᠡᠴᠢᠯᠡᠭᠡᠨ ᠦ᠌ ᠲᠥᠪ ᠦ᠋ᠨ ᠠᠯᠪᠠᠨ ᠭᠡᠷ ᠦ᠋ᠨ ᠡᠷᠬᠢᠯᠡᠭᠴᠢ ᠵᠠᠩ ᠫᠧᠩ ᠹᠧᠢ ᠂ ᠬᠢᠨᠠᠨ ᠬᠠᠮᠢᠶᠠᠷᠬᠤ ᠠᠯᠪᠠᠨ ᠭᠡᠷ ᠦ᠋ᠨ ᠳᠡᠳ᠋ ᠡᠷᠬᠢᠯᠡᠭᠴᠢ ᠳ᠋ᠤᠸᠠᠨ ᠶᠣᠣ ᠢᠦᠢ ᠪᠠᠢᠴᠠᠭᠠᠵᠤ ᠬᠢᠨᠠᠨ ᠵᠢᠯᠣᠭᠣᠳᠬᠤ ᠠᠵᠢᠯ ᠳ᠋ᠤ᠌ ᠣᠷᠣᠯᠴᠠᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠣᠷᠣᠯᠠᠭᠴᠢ ᠳᠠᠷᠤᠭ᠎ᠠ ᠰᠦ᠍ ᠯᠢ ᠵᠢᠶᠦ᠋ᠨ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠹᠠᠨ ᠶᠧᠦ ᠹᠠ ᠪᠠᠷ᠎ᠠ ᠪᠣᠯᠤᠭᠰᠠᠨ ᠪᠠᠢᠨ᠎ᠠ ᠃
ᠶᠠᠩ ᠽᠦᠩ ᠿᠧᠨ ᠬᠣᠷᠢᠶᠠᠨ ᠳᠠᠷᠤᠭ᠎ᠠ ᠤᠷᠢᠳ ᠬᠣᠵᠢᠳ ᠮᠠᠨ ᠤ᠋ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠬᠠᠤᠯᠢ ᠶ᠋ᠢᠨ ᠲᠤᠰᠢᠶᠠᠯᠲᠠᠨ ᠤ᠋ ᠨᠡᠪᠲᠡᠷᠡᠬᠦ ᠵᠠᠮ ᠂ ᠶᠡᠷᠦᠩᠬᠡᠢ ᠵᠢᠵᠢᠭᠦᠷᠯᠡᠬᠦ ᠲᠠᠰᠤᠭ ᠂ ᠠᠵᠢᠯᠲᠠᠨ ᠠᠵᠢᠯᠴᠢᠨ ᠤ᠋ ᠬᠣᠭᠣᠯᠠᠨ ᠲᠢᠩᠬᠢᠮ ᠵᠡᠷᠭᠡ ᠭᠠᠵᠠᠷ ᠲᠤ᠌ ᠬᠦᠷᠴᠦ ᠬᠢᠨᠠᠨ ᠵᠢᠯᠣᠭᠣᠳᠴᠤ ᠂ ᠵᠢᠭᠰᠠᠭᠠᠨ ᠪᠠᠢᠴᠠᠭᠠᠯᠲᠠ ᠂ ᠠᠷᠢᠭᠤᠳᠭᠠᠯ ᠂ ᠰᠡᠷᠭᠡᠢᠯᠡᠨ ᠬᠠᠮᠠᠭᠠᠯᠠᠯᠲᠠ ᠂ ᠤᠬᠠᠭᠤᠯᠭ᠎ᠠ ᠵᠢᠴᠢ ᠲᠤᠰ ᠭᠠᠵᠠᠷ ᠣᠷᠣᠨ ᠤ᠋ ᠬᠢᠵᠢᠭ᠌ ᠦ᠋ᠨ ᠪᠠᠢᠳᠠᠯ ᠤ᠋ᠨ ᠪᠠᠢᠳᠠᠯ ᠂ ᠪᠠᠴᠢᠮ ᠪᠠᠢᠳᠠᠯ ᠢ᠋ ᠠᠷᠭᠠᠴᠠᠬᠤ ᠪᠡᠯᠡᠳᠭᠡᠯ ᠲᠥᠰᠦᠯ ᠪᠠᠢᠬᠤ ᠡᠰᠡᠬᠦ ᠵᠡᠷᠭᠡ ᠰᠡᠷᠭᠡᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶ᠋ᠢ ᠨᠠᠢᠳᠠᠪᠤᠷᠢᠵᠢᠭᠤᠯᠤᠭᠰᠠᠨ ᠪᠠᠢᠳᠠᠯ ᠢ᠋ ᠨᠠᠷᠢᠨ ᠯᠠᠪᠯᠠᠨ ᠠᠰᠠᠭᠤᠵᠤ ᠂ ᠠᠵᠢᠯ ᠤ᠋ᠨ ᠪᠠᠢᠷᠢ ᠳ᠋ᠤ᠌ ᠪᠠᠢᠭ᠎ᠠ ᠺᠠᠲᠷ ᠴᠠᠭᠳᠠᠭ᠎ᠠ ᠳ᠋ᠤ᠌ ᠡᠯ᠎ᠡ ᠵᠦᠢᠯ ᠦ᠋ᠨ ᠤᠷᠢᠳᠴᠢᠯᠠᠨ ᠰᠡᠷᠭᠡᠢᠯᠡᠬᠦ ᠠᠷᠭ᠎ᠠ ᠬᠡᠮᠵᠢᠶ᠎ᠡ ᠶ᠋ᠢ ᠰᠠᠢᠲᠤᠷ ᠬᠢᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ ᠃
ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠮᠠᠨ ᠤ᠋ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠢ᠋ ᠨᠠᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶ᠋ᠢ ᠬᠠᠷᠢᠭᠤ ᠮᠡᠳᠡᠭᠦᠯᠦᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠮᠡᠳᠡᠭᠳᠡᠯ ᠦ᠋ᠨ ᠱᠠᠭᠠᠷᠳᠠᠯᠭ᠎ᠠ ᠶᠣᠰᠣᠭᠠᠷ ᠂ ᠬᠣᠷᠢᠶᠠᠨ ᠤ᠋ ᠤᠳᠤᠷᠢᠳᠬᠤ ᠪᠠᠭ ᠵᠢᠴᠢ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠨᠢᠭᠡᠨᠲᠡ ᠤᠷᠢᠳᠴᠢᠯᠠᠨ ᠠᠵᠢᠯ ᠤ᠋ᠨ ᠪᠠᠢᠷᠢ ᠳ᠋ᠠᠭᠠᠨ ᠪᠤᠴᠠᠵᠤ ᠂ ᠡᠯ᠎ᠡ ᠵᠦᠢᠯ ᠦ᠋ᠨ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠢ᠋ ᠪᠥᠬᠥ ᠬᠦᠴᠦᠨ ᠢ᠋ᠶ᠋ᠡᠷ ᠢ᠋ᠶ᠋ᠡᠨ ᠰᠠᠢᠲᠤᠷ ᠬᠢᠭᠰᠡᠨ ᠪᠠᠢᠨ᠎ᠠ ᠃
ᠶᠠᠩ ᠽᠦᠩ ᠿᠧᠨ ᠵᠢᠭᠠᠵᠤ ᠭᠠᠷᠭᠠᠭᠰᠠᠨ ᠨᠢ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠨᠢ ᠪᠦᠬᠦ ᠣᠷᠣᠨ ᠤ᠋ ᠰᠢᠭᠦᠬᠦ ᠬᠣᠷᠢᠶᠠᠨ ᠤ᠋ ᠰᠢᠰᠲ᠋ᠧᠮ ᠦ᠋ᠨ ᠬᠢᠨ ᠦ᠌ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠂ ᠪᠦᠬᠦ ᠺᠠᠲᠷ ᠴᠠᠭᠳᠠᠭ᠎ᠠ ᠡᠷᠬᠡᠪᠰᠢ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ᠂ ᠵᠢᠭᠰᠠᠭᠠᠯ ᠤ᠋ᠨ ᠭᠠᠵᠠᠷ ᠤ᠋ᠨ ᠦᠵᠡᠯ ᠤᠬᠠᠮᠰᠠᠷ ᠢ᠋ ᠪᠠᠲᠤ ᠪᠡᠬᠢ ᠪᠣᠢ ᠪᠣᠯᠭᠠᠵᠤ ᠂ ᠤᠯᠤᠰ ᠲᠥᠷᠥ ᠶ᠋ᠢᠨ ᠬᠠᠷᠢᠭᠤᠴᠠᠯᠭ᠎ᠠ ᠪᠣᠯᠤᠨ ᠬᠠᠷᠢᠶᠠᠲᠤ ᠭᠠᠵᠠᠷ ᠤ᠋ᠨ ᠬᠠᠷᠢᠭᠤᠴᠠᠯᠭ᠎ᠠ ᠶ᠋ᠢ ᠡᠭᠦᠷᠭᠡᠯᠡᠵᠦ ᠂ ᠬᠢᠵᠢᠭ᠌ ᠦ᠋ᠨ ᠬᠠᠯᠳᠠᠪᠤᠷᠢᠯᠠᠨ ᠳᠡᠯᠭᠡᠷᠡᠬᠦ ᠶ᠋ᠢ ᠬᠣᠷᠢᠭᠯᠠᠬᠤ ᠪᠠᠷ ᠴᠢᠬᠤᠯᠠ ᠶᠡᠬᠡ ᠡᠭᠦᠷᠭᠡ ᠪᠣᠯᠭᠠᠵᠤ ᠂ ᠳᠣᠲᠣᠭᠠᠳᠤ ᠶ᠋ᠢᠨ ᠰᠠᠷᠨᠢᠨ ᠲᠡᠯᠡᠬᠦ ᠶ᠋ᠢ ᠰᠡᠷᠭᠡᠢᠯᠡᠨ ᠬᠣᠷᠢᠭᠯᠠᠬᠤ ᠂ ᠭᠠᠳᠠᠨ᠎ᠠ ᠠ᠋ᠴᠠ ᠰᠡᠷᠭᠡᠢᠯᠡᠨ ᠬᠣᠷᠢᠭᠯᠠᠬᠤ ᠠᠵᠢᠯ ᠢ᠋ ᠨᠠᠷᠢᠨ ᠨᠢᠮᠪᠠᠢ ᠬᠢᠵᠦ ᠰᠠᠢᠲᠤᠷ ᠬᠢᠬᠦ ᠬᠡᠷᠡᠭᠲᠡᠢ ᠃
ᠶᠠᠩ ᠽᠦᠩ ᠿᠧᠨ ᠂ ᠪᠦᠬᠦ ᠺᠠᠲᠷ ᠴᠠᠭᠳᠠᠭ᠎ᠠ ᠠᠵᠢᠯ ᠤ᠋ᠨ ᠪᠠᠢᠷᠢ ᠳ᠋ᠠᠭᠠᠨ ᠪᠤᠴᠠᠬᠤ ᠠ᠋ᠴᠠ ᠡᠮᠦᠨ᠎ᠡ ᠵᠢᠭᠰᠠᠭᠠᠨ ᠪᠠᠢᠴᠠᠭᠠᠯᠲᠠ ᠬᠢᠬᠦ ᠪᠡᠨ ᠴᠢᠩᠭᠠᠳᠭᠠᠵᠤ ᠂ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠮᠡᠳᠡᠭᠦᠯᠦᠯᠲᠡ ᠶ᠋ᠢᠨ ᠳᠦᠷᠢᠮ ᠢ᠋ ᠴᠢᠩᠭ᠎ᠠ ᠨᠠᠢᠳᠠᠪᠤᠷᠢᠵᠢᠭᠤᠯᠵᠤ ᠂ ᠬᠢᠵᠢᠭ᠌ ᠦ᠋ᠨ ᠪᠠᠢᠳᠠᠯ ᠢ᠋ ᠡᠷᠲᠡ ᠡᠴᠡ ᠣᠯᠵᠤ ᠮᠡᠳᠡᠬᠦ ᠂ ᠡᠷᠲᠡ ᠡᠴᠡ ᠬᠢᠨᠠᠨ ᠬᠡᠮᠵᠢᠵᠦ ᠂ ᠡᠷᠲᠡ ᠡᠴᠡ ᠰᠡᠷᠭᠡᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠬᠤᠭᠤᠴᠠᠭᠠᠨ ᠳ᠋ᠤ᠌ ᠰᠢᠭᠦᠬᠦ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠪᠠᠲᠤᠯᠠᠭ᠎ᠠ ᠶ᠋ᠢᠨ ᠴᠢᠳᠠᠪᠤᠷᠢ ᠶ᠋ᠢ ᠴᠢᠩᠭᠠᠳᠭᠠᠵᠤ ᠂ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠂ ᠣᠷᠣᠨ ᠠᠯᠤᠰᠯᠠᠨ ᠬᠡᠷᠡᠭ ᠪᠣᠯᠭᠠᠨ ᠳᠠᠩᠰᠠᠯᠠᠬᠤ ᠂ ᠰᠢᠯᠵᠢᠮᠡᠯ ᠪᠢᠴᠢᠯ ᠰᠢᠭᠦᠬᠦ ᠬᠣᠷᠢᠶ᠎ᠠ ᠂ ᠰᠦᠯᠵᠢᠶᠡᠨ ᠳᠡᠭᠡᠷ᠎ᠡ ᠲᠢᠩᠬᠢᠮ ᠨᠡᠭᠡᠭᠡᠬᠦ ᠵᠡᠷᠭᠡ ᠠᠷᠭ᠎ᠠ ᠮᠠᠶᠢᠭ ᠢ᠋ ᠶᠡᠬᠡᠪᠡᠷ ᠳᠡᠯᠭᠡᠷᠡᠭᠦᠯᠵᠦ ᠂ ᠠᠷᠠᠳ ᠣᠯᠠᠨ ᠤ᠋ ᠭᠡᠷ ᠡᠴᠡ ᠭᠠᠷᠬᠤ ᠦᠭᠡᠢ ᠪᠣᠯ ᠵᠠᠷᠭᠤᠯᠳᠤᠬᠤ ᠬᠡᠷᠡᠭ ᠶᠠᠪᠤᠳᠠᠯ ᠢ᠋ ᠭᠦᠢᠴᠡᠳᠭᠡᠵᠦ ᠪᠣᠯᠤᠨ᠎ᠠ ᠃ ᠤᠬᠠᠭᠤᠯᠵᠤ ᠬᠥᠲᠥᠯᠦᠨ ᠵᠢᠯᠣᠭᠣᠳᠬᠤ ᠶ᠋ᠢ ᠴᠢᠩᠭᠠᠳᠭᠠᠵᠤ ᠂ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠳᠤᠮᠳᠠ ᠴᠣᠯᠭᠣᠷᠠᠨ ᠭᠠᠷᠤᠭᠰᠠᠨ ᠲᠡᠷᠢᠭᠦᠨ ᠦ᠌ ᠨᠡᠢᠲᠡᠯᠢᠭ ᠵᠢᠰᠢᠶ᠎ᠡ ᠪᠣᠯᠤᠨ ᠬᠥᠮᠦᠨ ᠢ᠋ ᠳᠣᠭᠳᠣᠯᠤᠭᠤᠯᠤᠮ᠎ᠠ ᠦᠢᠯᠡ ᠠᠵᠢᠯᠯᠠᠭ᠎ᠠ ᠶ᠋ᠢ ᠴᠠᠭ ᠲᠤᠬᠠᠢ ᠳ᠋ᠤᠨᠢ ᠤᠬᠠᠭᠤᠯᠤᠨ ᠮᠡᠳᠡᠭᠡᠯᠡᠵᠦ ᠂ ᠵᠥᠪ ᠡᠨᠧᠷᠭᠢ ᠶ᠋ᠢ ᠨᠢᠭᠲᠠᠷᠠᠭᠤᠯᠬᠤ ᠬᠡᠷᠡᠭᠲᠡᠢ ᠃ ᠰᠢᠨᠵᠢᠯᠡᠬᠦ ᠤᠬᠠᠭᠠᠨᠴᠢ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠦᠨᠳᠦᠰᠦᠨ ᠮᠡᠳᠡᠯᠭᠡ ᠶ᠋ᠢ ᠢᠳᠡᠪᠬᠢᠲᠡᠢ ᠤᠬᠠᠭᠤᠯᠵᠤ ᠂ ᠥᠷᠭᠡᠨ ᠣᠯᠠᠨ ᠺᠠᠲᠷ ᠣᠯᠠᠨ ᠲᠦᠮᠡᠨ ᠦ᠌ ᠥᠪᠡᠷ ᠢ᠋ ᠪᠡᠨ ᠬᠠᠮᠠᠭᠠᠯᠠᠬᠤ ᠦᠵᠡᠯ ᠤᠬᠠᠮᠰᠠᠷ ᠢ᠋ ᠨᠡᠮᠡᠭᠳᠡᠭᠦᠯᠦᠨ ᠂ ᠺᠠᠲᠷ ᠴᠠᠭᠳᠠᠭ᠎ᠠ ᠶ᠋ᠢᠨ ᠪᠡᠶ᠎ᠡ ᠮᠠᠬᠠᠪᠣᠳ ᠤ᠋ᠨ ᠡᠷᠡᠭᠦᠯ ᠴᠢᠭᠢᠷᠠᠭ ᠪᠣᠯᠤᠨ ᠠᠮᠢ ᠨᠠᠰᠤᠨ ᠤ᠋ ᠠᠮᠤᠷ ᠲᠦᠪᠰᠢᠨ ᠢ᠋ ᠬᠠᠯᠠᠮᠵᠢᠯᠠᠬᠤ ᠬᠡᠷᠡᠭᠲᠡᠢ ᠃ ᠰᠢᠭᠦᠨ ᠲᠠᠰᠤᠯᠬᠤ ᠰᠢᠭᠦᠬᠦ ᠲᠢᠩᠬᠢᠮ ᠂ ᠬᠤᠷᠠᠯ ᠤ᠋ᠨ ᠭᠡᠷ ᠂ ᠠᠯᠪᠠᠨ ᠭᠡᠷ ᠂ ᠠᠵᠢᠯᠲᠠᠨ ᠠᠵᠢᠯᠴᠢᠨ ᠤ᠋ ᠬᠣᠭᠣᠯᠠᠨ ᠭᠡᠷ ᠵᠡᠷᠭᠡ ᠣᠯᠠᠨ ᠨᠡᠢᠲᠡ ᠶ᠋ᠢᠨ ᠲᠠᠯᠠᠪᠤᠷ ᠭᠠᠵᠠᠷ ᠤ᠋ᠨ ᠸᠢᠷᠦ᠋ᠰ ᠢ᠋ ᠠᠷᠢᠯᠭᠠᠬᠤ ᠪᠠ ᠡᠮᠬᠢ ᠵᠢᠷᠤᠮ ᠢ᠋ ᠬᠠᠮᠠᠭᠠᠯᠠᠬᠤ ᠶ᠋ᠢ ᠴᠢᠩᠭᠠᠳᠭᠠᠵᠤ ᠂ ᠠᠵᠢᠯᠲᠠᠨ ᠪᠠ ᠲᠡᠷᠭᠡ ᠬᠥᠰᠭᠡ ᠶ᠋ᠢᠨ ᠬᠠᠮᠢᠶᠠᠷᠤᠯᠲᠠ ᠶ᠋ᠢ ᠴᠢᠩᠭᠠᠯᠠᠵᠤ᠂ ᠺᠠᠲᠷ ᠴᠠᠭᠳᠠᠭ᠎ᠠ ᠳ᠋ᠤ᠌ ᠡᠷᠡᠭᠦᠯ ᠬᠠᠮᠠᠭᠠᠯᠠᠯ ᠤ᠋ᠨ ᠰᠡᠷᠭᠡᠢᠯᠡᠨ ᠬᠠᠮᠠᠭᠠᠯᠠᠬᠤ ᠲᠣᠨᠣᠭ ᠲᠥᠬᠥᠭᠡᠷᠦᠮᠵᠢ ᠶ᠋ᠢ ᠪᠦᠷᠢᠨ ᠭᠦᠢᠴᠡᠳ ᠲᠣᠬᠢᠷᠠᠭᠤᠯᠬᠤ ᠬᠡᠷᠡᠭᠲᠡᠢ ᠃
ᠶᠠᠩ ᠽᠦᠩ ᠿᠧᠨ ᠱᠠᠭᠠᠷᠳᠠᠭᠰᠠᠨ ᠨᠢ ᠂ ᠰᠢᠨ᠎ᠡ ᠬᠡᠯᠪᠡᠷᠢ ᠶ᠋ᠢᠨ ᠲᠢᠲᠢᠮᠯᠢᠭ᠌ ᠸᠢᠷᠦ᠋ᠰ ᠲᠦ᠍ ᠬᠠᠯᠳᠠᠪᠤᠷᠢᠯᠠᠭᠳᠠᠭᠰᠠᠨ ᠠᠭᠤᠰᠭᠢᠨ ᠦᠷᠪᠢᠰᠦᠯ ᠦ᠋ᠨ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠨᠢ ᠠᠷᠠᠳ ᠣᠯᠠᠨ ᠤ᠋ ᠠᠮᠢ ᠨᠠᠰᠤᠨ ᠤ᠋ ᠡᠷᠡᠭᠦᠯ ᠮᠡᠨᠳᠦ ᠶ᠋ᠢᠨ ᠠᠮᠤᠷ ᠲᠦᠪᠰᠢᠨ ᠳ᠋ᠦ᠍ ᠬᠣᠯᠪᠣᠭᠳᠠᠵᠤ ᠂ ᠨᠡᠢᠭᠡᠮ ᠦ᠋ᠨ ᠶᠡᠬᠡ ᠪᠠᠢᠳᠠᠯ ᠲᠣᠭᠲᠠᠭᠤᠨ ᠪᠠᠢᠬᠤ ᠳ᠋ᠤ᠌ ᠬᠣᠯᠪᠣᠭᠳᠠᠵᠤ ᠂ ᠣᠳᠣᠬᠠᠨ ᠤ᠋ ᠬᠠᠮᠤᠭ ᠤ᠋ᠨ ᠶᠡᠬᠡ ᠤᠯᠤᠰ ᠲᠥᠷᠥ ᠶ᠋ᠢᠨ ᠡᠭᠦᠷᠭᠡ ᠪᠣᠯᠤᠨ᠎ᠠ ᠃ ᠪᠢᠳᠡ ᠨᠠᠮ ᠪᠣᠯᠤᠨ ᠣᠯᠠᠨ ᠲᠦᠮᠡᠨ ᠳ᠋ᠦ᠍ ᠳᠡᠭᠡᠳᠦ ᠬᠡᠮᠵᠢᠶ᠎ᠡ ᠪᠡᠷ ᠬᠠᠷᠢᠭᠤᠴᠠᠬᠤ ᠣᠪᠣᠷ ᠢ᠋ᠶ᠋ᠠᠷ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠦᠨ᠂ ᠲᠦᠭᠰᠢᠭᠦᠷᠢ ᠶ᠋ᠢᠨ ᠦᠵᠡᠯ ᠤᠬᠠᠮᠰᠠᠷ ᠢ᠋ᠶ᠋ᠠᠨ ᠨᠡᠮᠡᠭᠳᠡᠭᠦᠯᠵᠦ᠂ ᠬᠢᠵᠢᠭ᠌ ᠦ᠋ᠨ ᠬᠥᠭᠵᠢᠯᠲᠡ ᠶ᠋ᠢᠨ ᠬᠠᠨᠳᠤᠰᠢ ᠶ᠋ᠢ ᠨᠢᠭᠲᠠ ᠠᠩᠬᠠᠷᠴᠤ᠂ ᠲᠤᠬᠠᠢ ᠶ᠋ᠢᠨ ᠭᠠᠵᠠᠷ ᠤ᠋ᠨ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠲᠠᠢ ᠪᠦᠬᠦ ᠬᠦᠴᠦᠨ ᠢ᠋ᠶ᠋ᠡᠷ ᠢ᠋ᠶ᠋ᠡᠨ ᠬᠠᠮᠵᠢᠯᠴᠠᠵᠤ ᠪᠠᠢᠭᠠᠳ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠢ᠋ ᠥᠷᠨᠢᠭᠦᠯᠵᠦ᠂ ᠬᠦᠨᠳᠦ ᠨᠣᠴᠢᠲᠠᠢ ᠪᠠᠢᠳᠠᠯ ᠳ᠋ᠤ᠌ ᠴᠢᠭᠯᠡᠭᠦᠯᠦᠨ᠂ ᠰᠢᠭᠦᠬᠦ ᠬᠣᠷᠢᠶᠠᠨ ᠤ᠋ ᠰᠢᠰᠲ᠋ᠧᠮ ᠦ᠋ᠨ ᠪᠦᠬᠦ ᠺᠠᠲᠷ ᠴᠠᠭᠳᠠᠭ᠎ᠠ ᠬᠣᠰᠢᠭᠤᠴᠢ ᠵᠢᠰᠢᠶᠡᠴᠢ ᠢ᠋ᠢᠨ ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠵᠤ᠂ ᠨᠡᠢᠰᠯᠡᠯ ᠤ᠋ᠨ ᠤᠮᠠᠷᠠᠲᠤ ᠶ᠋ᠢᠨ ᠶᠡᠬᠡ ᠡᠭᠦᠳᠡ ᠶ᠋ᠢ ᠰᠠᠬᠢᠨ ᠬᠠᠮᠠᠭᠠᠯᠠᠵᠤ᠂ ᠠᠷᠠᠳ ᠲᠦᠮᠡᠨ ᠤ᠋ ᠠᠮᠢ ᠨᠠᠰᠤᠨ ᠤ᠋ ᠠᠮᠤᠷ ᠲᠦᠪᠰᠢᠨ ᠪᠡᠶ᠎ᠡ ᠮᠠᠬᠠᠪᠤᠳ ᠤ᠋ᠨ ᠡᠷᠡᠭᠦᠯ ᠴᠢᠭᠢᠷᠠᠭ ᠢ᠋ ᠰᠠᠬᠢᠨ ᠬᠠᠮᠠᠭᠠᠯᠠᠬᠤ ᠬᠡᠷᠡᠭᠲᠡᠢ᠃
ᠳᠠᠷᠠᠭ᠎ᠠ ᠨᠢ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠶᠠᠩ ᠽᠦᠩ ᠿᠧᠨ ᠳᠠᠷᠤᠭ᠎ᠠ ᠨᠠᠷ ᠬᠢᠶ᠎ᠡ ᠪᠠᠭᠰᠢ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶᠠᠨ ᠳ᠋ᠤ᠌ ᠬᠦᠷᠴᠦ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠢ᠋ ᠪᠠᠢᠴᠠᠭᠠᠨ ᠬᠢᠨᠠᠨ ᠵᠢᠯᠣᠭᠣᠳᠪᠠ ᠃
ᠦᠨᠡᠯᠡᠬᠦ 0ᠦᠨᠡᠯᠡᠯᠲᠡ ᠲᠠᠢ