ᠰᠢᠨ᠎ᠡ ᠬᠡᠯᠪᠡᠷᠢ ᠶ᠋ᠢᠨ ᠲᠢᠲᠢᠮᠯᠢᠭ᠌ ᠠᠭᠤᠰᠭᠢᠨ ᠦᠷᠪᠢᠰᠦᠯ ᠦ᠋ᠨ ᠬᠢᠵᠢᠭ᠌ ᠦ᠋ᠨ ᠪᠠᠢᠳᠠᠯ ᠢ᠋ ᠪᠦᠲᠦᠮᠵᠢᠲᠡᠢ ᠰᠡᠷᠭᠡᠢᠯᠡᠨ ᠬᠢᠵᠠᠭᠠᠷᠯᠠᠵᠤ ᠂ ᠬᠥᠮᠦᠰ ᠦ᠋ᠨ ᠡᠷᠭᠢᠯᠲᠡ ᠶ᠋ᠢ ᠬᠠᠮᠤᠭ ᠤ᠋ᠨ ᠶᠡᠬᠡ ᠬᠡᠮᠵᠢᠶ᠎ᠡ ᠪᠡᠷ ᠪᠠᠭᠠᠰᠬᠠᠨ ᠂ ᠬᠢᠵᠢᠭ᠌ ᠦ᠋ᠨ ᠥᠷᠭᠡᠳᠬᠦ ᠶ᠋ᠢ ᠰᠡᠷᠭᠡᠢᠯᠡᠵᠦ ᠂ ᠵᠠᠷᠭᠤ ᠳ᠋ᠤ᠌ ᠣᠷᠣᠯᠴᠠᠭᠰᠠᠳ ᠂ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠦ᠌ ᠠᠮᠢ ᠨᠠᠰᠤᠨ ᠤ᠋ ᠠᠮᠤᠷ ᠲᠦᠪᠰᠢᠨ ᠪᠠ ᠪᠡᠶ᠎ᠡ ᠮᠠᠬᠠᠪᠣᠳ ᠤ᠋ᠨ ᠡᠷᠡᠭᠦᠯ ᠴᠢᠭᠢᠷᠠᠭ ᠢ᠋ ᠨᠡᠩ ᠰᠠᠢᠨ ᠪᠠᠲᠤᠯᠠᠬᠤ ᠶ᠋ᠢᠨ ᠲᠥᠯᠥᠭᠡ ᠂ ᠣᠳᠣ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠣᠢᠷ᠎ᠠ ᠶ᠋ᠢᠨ ᠬᠤᠭᠤᠴᠠᠭᠠᠨ ᠤ᠋ ᠬᠡᠷᠡᠭ ᠪᠣᠯᠭᠠᠨ ᠳᠠᠩᠰᠠᠯᠠᠬᠤ ᠂ ᠰᠢᠭᠦᠨ ᠲᠠᠰᠤᠯᠬᠤ ᠂ ᠭᠦᠢᠴᠡᠳᠭᠡᠬᠦ ᠂ ᠵᠠᠬᠢᠳᠠᠯ ᠰᠤᠷᠪᠤᠯᠵᠢᠯᠠᠭ᠎ᠠ ᠵᠡᠷᠭᠡ ᠵᠠᠭᠠᠯᠳᠤᠯᠭ᠎ᠠ ᠶ᠋ᠢᠨ ᠠᠵᠢᠯᠯᠠᠭ᠎ᠠ ᠶ᠋ᠢᠨ ᠲᠤᠬᠠᠢ ᠲᠣᠬᠢᠷᠠᠭᠤᠯᠤᠯᠲᠠ ᠬᠢᠭᠰᠡᠨ ᠪᠠᠢᠳᠠᠯ ᠄
ᠨᠢᠭᠡ ᠂ ᠲᠥᠷᠥ ᠶ᠋ᠢᠨ ᠶᠠᠪᠤᠳᠠᠯ ᠤ᠋ᠨ ᠬᠣᠷᠢᠶ᠎ᠠ ᠠ᠋ᠴᠠ ᠴᠠᠭᠠᠨ ᠰᠠᠷ᠎ᠠ ᠶ᠋ᠢᠨ ᠠᠮᠠᠷᠠᠯᠲᠠ ᠶ᠋ᠢᠨ ᠬᠤᠭᠤᠴᠠᠭᠠᠨ ᠳ᠋ᠤ᠌ ᠲᠣᠬᠢᠷᠠᠭᠤᠯᠤᠯᠲᠠ ᠬᠢᠭᠰᠡᠨ ᠪᠠᠢᠳᠠᠯ ᠢ᠋ ᠦᠨᠳᠦᠰᠦᠯᠡᠨ ᠂ ᠴᠠᠭᠠᠨ ᠰᠠᠷ᠎ᠠ ᠠ᠋ᠴᠠ ᠡᠮᠦᠨ᠎ᠡ ᠨᠢᠭᠡᠨᠲᠡ ᠲᠣᠬᠢᠷᠠᠭᠤᠯᠤᠭᠰᠠᠨ ᠪᠥᠭᠡᠳ ᠮᠡᠳᠡᠭᠳᠡᠭᠰᠡᠨ ᠲᠤᠬᠠᠢ ᠢ᠋ᠢᠨ ᠬᠥᠮᠦᠨ ᠂ ᠣᠷᠣᠯᠠᠭᠴᠢ 1 ᠰᠠᠷ᠎ᠠ ᠶ᠋ᠢᠨ 31 ᠦ᠌ ᠡᠳᠦᠷ ᠂ 2 ᠰᠠᠷ᠎ᠠ ᠶ᠋ᠢᠨ 1 ᠦ᠌ ᠡᠳᠦᠷ ᠲᠢᠩᠬᠢᠮ ᠨᠡᠭᠡᠭᠡᠬᠦ ᠂ ᠯᠠᠪᠯᠠᠨ ᠠᠰᠠᠭᠤᠬᠤ ᠂ ᠭᠡᠷᠡᠴᠢᠯᠡᠭᠡ ᠰᠣᠨᠣᠰᠬᠤ ᠵᠡᠷᠭᠡ ᠶᠠᠪᠤᠳᠠᠯ ᠳ᠋ᠤ᠌ ᠣᠷᠣᠯᠴᠠᠭᠰᠠᠨ ᠪᠠᠢᠪᠠᠯ ᠴᠥᠮ ᠬᠤᠭᠤᠴᠠᠭ᠎ᠠ ᠶ᠋ᠢ ᠨᠢ ᠤᠷᠲᠤᠳᠭᠠᠵᠤ ᠂ ᠪᠣᠳᠠᠲᠠᠢ ᠲᠢᠩᠬᠢᠮ ᠨᠡᠭᠡᠭᠡᠬᠦ ᠂ ᠯᠠᠪᠯᠠᠨ ᠠᠰᠠᠭᠤᠬᠤ ᠂ ᠭᠡᠷᠡᠴᠢᠯᠡᠭᠡ ᠰᠣᠨᠣᠰᠬᠤ ᠡᠳᠦᠷ ᠬᠤᠭᠤᠴᠠᠭ᠎ᠠ ᠶ᠋ᠢ ᠨᠢ ᠠᠰᠲᠠᠭᠠᠨ ᠮᠡᠳᠡᠭᠳᠡᠨ᠎ᠡ ᠃
ᠬᠣᠶᠠᠷ ᠂ ᠴᠠᠭᠠᠨ ᠰᠠᠷ᠎ᠠ ᠠ᠋ᠴᠠ ᠡᠮᠦᠨ᠎ᠡ ᠨᠢᠭᠡᠨᠲᠡ ᠲᠣᠬᠢᠷᠠᠭᠤᠯᠤᠭᠰᠠᠨ ᠪᠥᠭᠡᠳ ᠮᠡᠳᠡᠭᠳᠡᠭᠰᠡᠨ ᠲᠤᠬᠠᠢ ᠶ᠋ᠢᠨ ᠬᠥᠮᠦᠨ ᠂ ᠣᠷᠣᠯᠠᠭᠴᠢ ᠳ᠋ᠤ᠌ 2 ᠰᠠᠷ᠎ᠠ ᠶ᠋ᠢᠨ 3 ᠤ᠋ ᠡᠳᠦᠷ ᠡᠴᠡ ᠬᠣᠢᠰᠢ ᠲᠢᠩᠬᠢᠮ ᠨᠡᠭᠡᠭᠡᠬᠦ ᠂ ᠯᠠᠪᠯᠠᠨ ᠠᠰᠠᠭᠤᠬᠤ ᠂ ᠭᠡᠷᠡᠴᠢᠯᠡᠭᠡ ᠰᠣᠨᠣᠰᠬᠤ ᠵᠡᠷᠭᠡ ᠵᠠᠷᠭᠤ ᠶ᠋ᠢᠨ ᠠᠵᠢᠯᠯᠠᠭ᠎ᠠ ᠳ᠋ᠤ᠌ ᠣᠷᠣᠯᠴᠠᠵᠤ ᠪᠣᠯᠤᠨ᠎ᠠ ᠂ ᠬᠡᠷᠪᠡ ᠲᠤᠬᠠᠢ ᠶ᠋ᠢᠨ ᠬᠥᠮᠦᠨ ᠂ ᠵᠠᠷᠭᠤ ᠶ᠋ᠢᠨ ᠣᠷᠣᠯᠠᠭᠴᠢ ᠨᠢ ᠰᠢᠨ᠎ᠡ ᠬᠡᠯᠪᠡᠷᠢ ᠶ᠋ᠢᠨ ᠲᠢᠲᠢᠮᠯᠢᠭ᠌ ᠠᠭᠤᠰᠭᠢᠨ ᠦᠷᠪᠢᠰᠦᠯ ᠤ᠋ᠨ ᠬᠠᠯᠳᠠᠪᠤᠷᠢᠯᠠᠯ ᠠ᠋ᠴᠠ ᠪᠣᠯᠵᠤ ᠡᠮᠴᠢᠯᠡᠨ ᠵᠠᠰᠠᠵᠤ ᠂ ᠲᠤᠰᠠᠭᠠᠷᠯᠠᠬᠤ ᠬᠤᠭᠤᠴᠠᠭᠠᠨ ᠳ᠋ᠤ᠌ ᠣᠷᠣᠬᠤ ᠪᠤᠶᠤ ᠬᠤᠪᠧᠢ ᠵᠢᠴᠢ ᠬᠢᠵᠢᠭ᠌ ᠡᠪᠡᠳᠴᠢᠨ ᠦ᠌ ᠨᠥᠯᠥᠭᠡ ᠶ᠋ᠢ ᠬᠦᠷᠲᠡᠵᠦ ᠵᠠᠮ ᠬᠠᠷᠢᠯᠴᠠᠭ᠎ᠠ ᠶ᠋ᠢ ᠵᠣᠭᠰᠣᠭᠠᠬᠤ ᠪᠤᠰᠤᠳ ᠭᠠᠵᠠᠷ ᠣᠷᠣᠨ ᠳ᠋ᠤ᠌ ᠰᠢᠭᠦᠨ ᠲᠠᠰᠤᠯᠤᠯᠲᠠ ᠬᠢᠬᠦ ᠠᠷᠭ᠎ᠠ ᠦᠭᠡᠢ ᠪᠣᠯ ᠬᠠᠦᠯᠢ ᠶᠣᠰᠣᠭᠠᠷ ᠰᠢᠭᠦᠨ ᠲᠠᠰᠤᠯᠠᠬᠤ ᠴᠠᠭ ᠢ᠋ ᠤᠷᠲᠤᠳᠭᠠᠨᠠ᠃
ᠭᠤᠷᠪᠠ ᠂ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠬᠤᠭᠤᠴᠠᠭᠠᠨ ᠳ᠋ᠤ᠌ ᠲᠢᠩᠬᠢᠮ ᠨᠡᠭᠡᠭᠡᠵᠦ ᠰᠢᠭᠦᠬᠦ ᠪᠤᠶᠤ ᠯᠠᠪᠯᠠᠨ ᠠᠰᠠᠭᠤᠬᠤ ᠂ ᠭᠡᠷᠡᠴᠢᠯᠡᠭᠡ ᠰᠣᠨᠣᠰᠬᠤ ᠴᠢᠬᠤᠯᠠᠲᠠᠢ ᠬᠡᠷᠡᠭ ᠢ᠋ ᠪᠣᠯ ᠂ ᠲᠤᠬᠠᠢ ᠶ᠋ᠢᠨ ᠬᠥᠮᠦᠨ ᠪᠠ ᠵᠠᠷᠭᠤ ᠳ᠋ᠤ᠌ ᠣᠷᠣᠯᠴᠠᠭᠰᠠᠳ ᠲᠤᠰ ᠪᠡᠶ᠎ᠡ ᠶ᠋ᠢᠨ ᠰᠡᠷᠭᠡᠢᠯᠡᠨ ᠬᠠᠮᠠᠭᠠᠯᠠᠬᠤ ᠠᠵᠢᠯ ᠢ᠋ᠶ᠋ᠠᠨ ᠰᠠᠢᠲᠤᠷ ᠬᠢᠬᠦ ᠶ᠋ᠢᠨ ᠬᠠᠮᠲᠤ ᠰᠢᠭᠦᠬᠦ ᠬᠣᠷᠢᠶᠠᠨ ᠤ᠋ ᠠᠵᠢᠯᠲᠠᠨ ᠲᠠᠢ ᠰᠠᠨᠠᠭᠠᠴᠢᠯᠠᠭ᠎ᠠ ᠲᠠᠢ ᠪᠠᠷ ᠬᠠᠮᠵᠢᠯᠴᠠᠵᠤ ᠪᠡᠶ᠎ᠡ ᠶ᠋ᠢᠨ ᠳᠤᠯᠠᠭᠠᠨ ᠢ᠋ ᠪᠠᠢᠴᠠᠭᠠᠨ ᠬᠡᠮᠵᠢᠬᠦ ᠂ ᠠᠶᠤᠯ ᠥᠬᠡᠢ ᠶ᠋ᠢᠨ ᠪᠠᠢᠴᠠᠭᠠᠯᠲᠠ ᠬᠢᠬᠦ ᠂ ᠠᠵᠢᠯᠲᠠᠨ ᠤ᠋ ᠮᠡᠳᠡᠭᠡ ᠵᠠᠩᠭᠢ ᠶ᠋ᠢ ᠳᠠᠩᠰᠠᠯᠠᠬᠤ ᠵᠡᠷᠭᠡ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠢ᠋ ᠰᠠᠢᠲᠤᠷ ᠬᠢᠬᠦ ᠬᠡᠷᠡᠭᠲᠡᠢ ᠃
ᠳᠥᠷᠪᠡ ᠂ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠬᠤᠭᠤᠴᠠᠭᠠᠨ ᠳ᠋ᠤ᠌ ᠂ ᠵᠢᠭᠤᠷᠠᠯᠳᠤᠭᠠᠨ ᠢ᠋ᠶ᠋ᠠᠷ ᠳᠠᠮᠵᠢᠨ ᠵᠢᠭᠤᠷᠠᠯᠳᠤᠭᠠᠨ ᠢ᠋ᠶ᠋ᠠᠨ ᠰᠢᠢᠳᠪᠦᠷᠢᠯᠡᠬᠦ ᠴᠢᠬᠤᠯᠠᠲᠠᠢ ᠪᠠᠢᠪᠠᠯ ᠂ 《 ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠲᠣᠣᠷ 》 ( http : / / e e d s . n m g f y .gov .cn ) ᠪᠠ 《 ᠥᠪᠥᠷ ᠮᠣᠩᠭᠣᠯ ᠤ᠋ᠨ ᠰᠢᠯᠵᠢᠮᠡᠯ ᠪᠢᠴᠢᠯ ᠰᠢᠭᠦᠬᠦ ᠬᠣᠷᠢᠶ᠎ᠠ 》 ( ᠸᠢᠴᠠᠲ ᠬᠡᠷᠡᠭᠯᠡᠭᠴᠢ ᠶ᠋ᠢᠨ ᠪᠤᠯᠤᠩ ᠢ᠋ᠶ᠋ᠡᠷ ᠳᠠᠮᠵᠢᠭᠤᠯᠤᠨ 《 ᠥᠪᠥᠷ ᠮᠣᠩᠭᠣᠯ ᠤ᠋ᠨ ᠰᠢᠯᠵᠢᠮᠡᠯ ᠪᠢᠴᠢᠯ ᠰᠢᠭᠦᠬᠦ ᠬᠣᠷᠢᠶ᠎ᠠ 》) ᠳ᠋ᠤ ᠰᠢᠢᠳᠪᠦᠷᠢᠯᠡᠵᠦ ᠪᠣᠯᠤᠨ᠎ᠠ᠂ ᠬᠡᠷᠪᠡ ᠬᠠᠮᠢᠶ᠎ᠠ ᠪᠦᠬᠦᠢ ᠵᠠᠭᠤᠷᠠᠯᠳᠤᠭᠠᠨ ᠤ᠋ ᠮᠠᠲ᠋ᠧᠷᠢᠶᠠᠯ ᠲᠤᠰᠢᠶᠠᠬᠤ ᠴᠢᠬᠤᠯᠠ ᠲᠠᠢ ᠪᠣᠯ ᠰᠢᠦᠳᠠᠨ ᠢ᠋ᠢᠠᠷ ᠢᠯᠡᠭᠡᠬᠦ ᠶ᠋ᠢ ᠰᠠᠨᠠᠭᠠᠴᠢᠯᠠᠵᠤ᠂ ᠨᠢᠭᠤᠷᠳᠠᠨ ᠲᠤᠰᠢᠶᠠᠬᠤ ᠠ᠋ᠴᠠ ᠰᠡᠷᠭᠡᠢᠯᠡᠨ᠎ᠡ ᠃
ᠲᠠᠪᠤ ᠂ ᠬᠡᠷᠡᠭ ᠨᠢ ᠰᠦᠯᠵᠢᠶᠡᠨ ᠳᠡᠭᠡᠷᠡᠬᠢ ᠳᠦᠷᠰᠦ ᠰᠢᠩᠭᠡᠭᠡᠯᠲᠡ ᠶ᠋ᠢᠨ ᠠᠷᠭ᠎ᠠ ᠮᠠᠶᠢᠭ ᠤ᠋ᠨ ᠡᠶᠡᠳᠡᠭᠦᠯᠬᠦ ᠨᠥᠬᠥᠴᠡᠯ ᠢ᠋ ᠪᠦᠷᠢᠯᠳᠦᠭᠦᠯᠦᠭᠰᠡᠨ ᠪᠠᠢᠪᠠᠯ ᠂ ᠲᠤᠬᠠᠢ ᠶ᠋ᠢᠨ ᠬᠥᠮᠦᠨ ᠂ ᠵᠠᠷᠭᠤ ᠶ᠋ᠢᠨ ᠣᠷᠣᠯᠠᠭᠴᠢ ᠨᠢ ᠰᠦᠯᠵᠢᠶᠡᠨ ᠳᠡᠭᠡᠷ᠎ᠡ ᠡᠶᠡᠳᠡᠭᠦᠯᠬᠦ ᠪᠡᠷ ᠭᠤᠶᠤᠴᠢᠯᠠᠵᠤ ᠪᠣᠯᠤᠨ᠎ᠠ ᠂ 《 ᠠᠷᠠᠳ ᠤ᠋ᠨ ᠰᠢᠭᠦᠬᠦ ᠬᠣᠷᠢᠶᠠᠨ ᠤ᠋ ᠡᠶᠡᠳᠡᠭᠦᠯᠬᠦ ᠲᠠᠪᠴᠠᠩ 》 ᠪᠤᠶᠤ ᠭᠠᠷ ᠤᠲᠠᠰᠤᠨ ᠤ᠋ ᠪᠢᠴᠢᠯ ᠮᠡᠳᠡᠭᠡ ᠶ᠋ᠢᠨ ᠵᠢᠵᠢᠭ᠌ ᠪᠤᠯᠤᠩ《 ᠥᠪᠥᠷ ᠮᠣᠩᠭᠣᠯ ᠤ᠋ᠨ ᠰᠢᠯᠵᠢᠮᠡᠯ ᠪᠢᠴᠢᠯ ᠰᠢᠭᠦᠬᠦ ᠬᠣᠷᠢᠶ᠎ᠠ 》 ᠳ᠋ᠤ᠌ ᠭᠠᠷᠴᠤ ᠂ ᠵᠢᠵᠢᠭ᠌ ᠪᠤᠯᠤᠩ ᠤ᠋ᠨ ᠭᠣᠣᠯ ᠨᠢᠭᠤᠷ ᠲᠤ᠌ ᠣᠷᠣᠵᠤ ᠂ 《 ᠵᠠᠷᠭᠤᠯᠳᠤᠬᠤ ᠠ᠋ᠴᠠ ᠡᠮᠦᠨ᠎ᠡ ᠡᠶᠡᠳᠡᠭᠦᠯᠬᠦ 》 ᠶ᠋ᠢ ᠰᠣᠩᠭᠣᠪᠠᠯ ᠪᠣᠯᠴᠢᠬᠠᠨ᠎ᠠ ᠃
ᠵᠢᠷᠭᠤᠭ᠎ᠠ ᠂ ᠰᠦᠯᠵᠢᠶᠡᠨ ᠳᠡᠭᠡᠷᠡᠬᠢ ᠳᠦᠷᠰᠦ ᠰᠢᠩᠭᠡᠭᠡᠯᠲᠡ ᠶ᠋ᠢᠨ ᠠᠷᠭ᠎ᠠ ᠮᠠᠶᠢᠭ ᠢ᠋ᠶ᠋ᠠᠷ ᠲᠢᠩᠬᠢᠮ ᠨᠡᠭᠡᠭᠡᠬᠦ ᠨᠥᠬᠥᠴᠡᠯ ᠢ᠋ ᠪᠦᠷᠢᠯᠳᠦᠭᠦᠯᠦᠭᠰᠡᠨ ᠰᠢᠭᠦᠬᠦ ᠬᠣᠷᠢᠶ᠎ᠠ ᠂ ᠲᠤᠬᠠᠢ ᠶ᠋ᠢᠨ ᠬᠥᠮᠦᠨ ᠂ ᠵᠠᠷᠭᠤ ᠶ᠋ᠢᠨ ᠣᠷᠣᠯᠠᠭᠴᠢ ᠨᠢ ᠰᠦᠯᠵᠢᠶᠡᠨ ᠳᠡᠭᠡᠷ᠎ᠡ ᠰᠢᠭᠦᠯᠲᠡ ᠬᠢᠬᠦ ᠪᠡᠷ ᠰᠢᠭᠦᠬᠦ ᠬᠣᠷᠢᠶᠠᠨ ᠳ᠋ᠤ᠌ ᠭᠤᠶᠤᠴᠢᠯᠠᠵᠤ ᠪᠣᠯᠤᠨ᠎ᠠ ᠃ 《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠢᠷᠭᠡᠨ ᠦ᠌ ᠵᠠᠷᠭᠤ ᠶ᠋ᠢᠨ ᠬᠠᠤᠯᠢ》 ᠶ᠋ᠢᠨ ᠵᠠᠭᠤ ᠵᠢᠷᠠ ᠶᠢᠰᠦᠳᠦᠭᠡᠷ ᠵᠦᠢᠯ ᠦ᠋ᠨ ᠲᠣᠭᠲᠠᠭᠠᠯ ᠳ᠋ᠤ᠌ ᠨᠡᠢᠴᠡᠬᠦ ᠲᠢᠩᠬᠢᠮ ᠨᠡᠭᠡᠭᠡᠬᠦ ᠦᠭᠡᠢ ᠪᠡᠷ ᠰᠢᠭᠦᠵᠦ ᠪᠣᠯᠬᠤ ᠬᠣᠶᠠᠳᠤᠭᠠᠷ ᠰᠢᠭᠦᠯᠲᠡ ᠶ᠋ᠢᠨ ᠬᠡᠷᠡᠭ ᠢ᠋ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠠᠤᠯᠢ ᠶᠣᠰᠣᠭᠠᠷ ᠲᠢᠩᠬᠢᠮ ᠨᠡᠭᠡᠭᠡᠬᠦ ᠦᠭᠡᠢ ᠪᠡᠷ ᠰᠢᠭᠦᠨ᠎ᠡ ᠃
ᠳᠣᠯᠣᠭ᠎ᠠ ᠂ ᠲᠤᠬᠠᠢ ᠶ᠋ᠢᠨ ᠬᠥᠮᠦᠨ ᠂ ᠵᠠᠷᠭᠤ ᠶ᠋ᠢᠨ ᠣᠷᠣᠯᠠᠭᠴᠢ ᠨᠢ ᠡᠯᠧᠺᠲ᠋ᠷᠣᠨ ᠢ᠋ᠢᠠᠷ ᠬᠦᠷᠭᠡᠬᠦ ᠬᠠᠶᠢᠭ ᠢ᠋ ᠬᠠᠩᠭᠠᠭᠰᠠᠨ ᠪᠤᠶᠤ ᠨᠤᠲᠠᠯᠠᠵᠤ ᠥᠩᠭᠡᠷᠡᠭᠰᠡᠨ ᠪᠠᠢᠪᠠᠯ ᠂ ᠣᠬᠣᠷ ᠴᠢᠮᠡᠭᠡ ᠂ ᠢᠮᠸᠯ ᠂ ᠰᠢᠦᠳᠠᠨ ᠂ ᠳᠠᠷᠤᠢ ᠴᠢᠮᠡᠭᠡ ᠨᠡᠪᠲᠡᠷᠡᠯᠭᠡ ᠶ᠋ᠢᠨ ᠳᠠᠩᠰᠠᠨ ᠤ᠋ ᠳ᠋ᠤᠭᠠᠷ ᠂ ᠳᠦᠷᠰᠦᠲᠦ ᠴᠠᠬᠢᠯᠭᠠᠨ ᠵᠡᠷᠭᠡ ᠡᠯᠧᠺᠲ᠋ᠷᠣᠨ ᠠᠷᠭ᠎ᠠ ᠬᠡᠯᠪᠡᠷᠢ ᠪᠡᠷ ᠳᠠᠮᠵᠢᠭᠤᠯᠤᠨ ᠳᠠᠭᠤᠳᠠᠬᠤ ᠪᠢᠴᠢᠭ᠌ ᠵᠡᠷᠭᠡ ᠵᠠᠷᠭᠤ ᠶ᠋ᠢᠨ ᠪᠢᠴᠢᠭ᠌ ᠪᠠ ᠭᠡᠷᠡᠴᠢ ᠮᠠᠲ᠋ᠸᠷᠢᠶᠠᠯ ᠢ᠋ ᠬᠦᠷᠭᠡᠬᠦ ᠶ᠋ᠢ ᠤᠷᠢᠳᠠᠪᠡᠷ ᠰᠣᠩᠭᠣᠨ᠎ᠠ ᠃ ᠡᠰᠡᠬᠦᠯ᠎ᠡ ᠲᠤᠬᠠᠢ ᠶ᠋ᠢᠨ ᠬᠥᠮᠦᠨ ᠂ ᠵᠠᠷᠭᠤ ᠶ᠋ᠢᠨ ᠣᠷᠣᠯᠠᠭᠴᠢ ᠪᠠᠷ ᠵᠥᠪᠰᠢᠶᠡᠷᠡᠭᠦᠯᠦᠭᠡᠳ ᠬᠡᠷᠡᠭ ᠦ᠋ᠨ ᠪᠠᠢᠳᠠᠯ ᠢ᠋ ᠦᠨᠳᠦᠰᠦᠯᠡᠨ ᠲᠠᠰᠤᠯᠤᠯᠲᠠ ᠶ᠋ᠢᠨ ᠪᠢᠴᠢᠭ᠌ ᠂ ᠲᠣᠭᠲᠠᠭᠠᠯᠲᠠ ᠶ᠋ᠢᠨ ᠪᠢᠴᠢᠭ᠌ ᠂ ᠡᠶᠡᠳᠡᠭᠦᠯᠭᠡ ᠶ᠋ᠢᠨ ᠪᠢᠴᠢᠭ᠌ ᠵᠡᠷᠭᠡ ᠲᠠᠰᠤᠯᠤᠨ ᠲᠣᠭᠲᠠᠭᠠᠯᠲᠠ ᠶ᠋ᠢᠨ ᠪᠢᠴᠢᠭ᠌ ᠬᠠᠷ᠎ᠠ ᠶ᠋ᠢ ᠡᠯᠧᠺᠲ᠋ᠷᠣᠨ ᠠᠷᠭ᠎ᠠ ᠬᠡᠯᠪᠡᠷᠢ ᠪᠡᠷ ᠬᠦᠷᠭᠡᠵᠦ ᠴᠦ᠍ ᠪᠣᠯᠤᠨ᠎ᠠ ᠃
ᠨᠠᠢ᠍ᠮᠠ ᠂ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠬᠤᠭᠤᠴᠠᠭᠠᠨ ᠳ᠋ᠤ᠌ ᠦᠨᠡᠬᠡᠷ ᠪᠠᠴᠢᠮ ᠪᠠᠢᠳᠠᠯ ᠪᠤᠶᠤ ᠣᠨᠴᠠᠭᠠᠢ ᠰᠢᠯᠲᠠᠭᠠᠨ ᠠ᠋ᠴᠠ ᠪᠣᠯᠵᠤ ᠂ ᠡᠷᠬᠡᠪᠰᠢ ᠲᠤᠬᠠᠢ ᠶ᠋ᠢᠨ ᠲᠠᠯᠠᠪᠤᠷ ᠲᠤ᠌ ᠬᠦᠷᠴᠦ ᠬᠡᠷᠡᠭ ᠪᠣᠯᠭᠠᠨ ᠳᠠᠩᠰᠠᠯᠠᠬᠤ ᠂ ᠵᠠᠷᠭᠤ ᠬᠢᠬᠦ ᠂ ᠭᠦᠢᠴᠡᠳᠭᠡᠬᠦ ᠪᠡᠷ ᠭᠤᠶᠤᠴᠢᠯᠠᠬᠤ ᠵᠡᠷᠭᠡ ᠳ᠋ᠦ᠍ ᠣᠷᠣᠯᠴᠠᠵᠤ ᠂ ᠵᠠᠪᠠᠯ ᠪᠦᠬᠦ ᠶᠠᠪᠤᠴᠠ ᠳ᠋ᠤ᠌ ᠠᠮᠠᠪᠴᠢ ᠵᠡᠭᠦᠵᠦ ᠂ ᠰᠢᠭᠦᠬᠦ ᠬᠣᠷᠢᠶ᠎ᠠ ᠲᠠᠢ ᠬᠠᠮᠵᠢᠯᠴᠠᠨ ᠪᠡᠶ᠎ᠡ ᠶ᠋ᠢᠨ ᠳᠤᠯᠠᠭᠠᠨ ᠢ᠋ ᠪᠠᠢᠴᠠᠭᠠᠨ ᠬᠡᠮᠵᠢᠬᠦ ᠬᠡᠷᠡᠭᠲᠡᠢ ᠃ ᠬᠡᠷᠪᠡ ᠬᠠᠯᠠᠭᠤᠷᠠᠬᠤ ᠵᠡᠷᠭᠡ ᠢᠯᠡᠷᠡᠯ ᠲᠡᠢ ᠪᠣᠯ ᠰᠢᠭᠦᠬᠦ ᠬᠣᠷᠢᠶ᠎ᠠ ᠳᠠᠩᠰᠠᠯᠠᠨ ᠲᠡᠮᠳᠡᠭᠯᠡᠬᠦ ᠂ ᠢᠳᠭᠠᠨ ᠪᠤᠴᠠᠭᠠᠬᠤ ᠠᠵᠢᠯ ᠢ᠋ ᠰᠠᠢᠲᠤᠷ ᠬᠢᠵᠦ ᠂ ᠲᠡᠷᠡ ᠳᠠᠷᠤᠢ ᠳ᠋ᠤᠨᠢ ᠣᠷᠳᠣᠰ ᠬᠣᠲᠠ ᠶ᠋ᠢᠨ ᠰᠢᠨ᠎ᠡ ᠬᠡᠯᠪᠡᠷᠢ ᠶ᠋ᠢᠨ ᠲᠢᠲᠢᠮᠯᠢᠭ᠌ ᠠᠭᠤᠰᠭᠢᠨ ᠦᠷᠪᠢᠰᠦᠯ ᠤ᠋ᠨ ᠬᠠᠯᠳᠠᠪᠤᠷᠢᠯᠠᠬᠤ ᠶ᠋ᠢ ᠰᠡᠷᠭᠡᠢᠯᠡᠨ ᠡᠵᠡᠮᠳᠡᠬᠦ ᠠᠵᠢᠯ ᠤ᠋ᠨ ᠵᠢᠯᠣᠭᠣᠳᠬᠤ ᠭᠠᠵᠠᠷ ᠲᠤ᠌ ᠮᠡᠳᠡᠭᠦᠯᠬᠦ ᠬᠡᠷᠡᠭᠲᠡᠢ ᠪᠥᠭᠡᠳ ᠲᠣᠭᠲᠠᠭᠰᠠᠨ ᠴᠡᠭ ᠲᠦ᠍ ᠡᠪᠡᠳᠴᠢᠨ ᠦᠵᠡᠭᠦᠯᠬᠦ ᠡᠮᠨᠡᠯᠭᠡ ᠶ᠋ᠢᠨ ᠬᠣᠷᠢᠶ᠎ᠠ ᠵᠢᠴᠢ ᠲᠡᠭᠦᠨ ᠦ᠌ ᠪᠠᠢᠭ᠎ᠠ ᠨᠡᠢᠭᠡᠮ ᠲᠣᠭᠣᠷᠢᠭ ᠲᠤ ᠮᠡᠳᠡᠭᠳᠡᠬᠦ ᠶ᠋ᠢᠨ ᠬᠠᠮᠲᠤ ᠳᠠᠭᠠᠭᠠᠨ ᠡᠷᠬᠢᠯᠡᠬᠦ ᠰᠢᠭᠦᠬᠦ ᠳ᠋ᠦ᠍ ᠬᠠᠤᠯᠢ ᠴᠠᠭᠠᠵᠠ ᠶ᠋ᠢᠨ ᠲᠣᠭᠲᠠᠭᠠᠯ ᠶᠣᠰᠣᠭᠠᠷ ᠬᠤᠭᠤᠴᠠᠭ᠎ᠠ ᠶ᠋ᠢ ᠨᠢ ᠤᠷᠲᠤᠳᠭᠠᠬᠤ ᠵᠡᠷᠭᠡ ᠬᠣᠯᠪᠣᠭᠳᠠᠯ ᠪᠦᠬᠦᠢ ᠭᠠᠷ ᠭᠦᠢᠴᠡᠳᠭᠡᠯ ᠢ᠋ ᠬᠢᠯᠭᠡᠬᠦ ᠬᠡᠷᠡᠭᠲᠡᠢ ᠭᠡᠵᠦ ᠮᠡᠳᠡᠭᠳᠡᠬᠦ ᠬᠡᠷᠡᠭᠲᠡᠢ ᠃
ᠶᠢᠰᠦ ᠂ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠬᠤᠭᠤᠴᠠᠭᠠᠨ ᠳ᠋ᠤ᠌ ᠂ ᠮᠠᠨ ᠤ᠋ ᠬᠣᠷᠢᠶ᠎ᠠ ᠬᠡᠷᠡᠭ ᠢ᠋ ᠰᠢᠭᠦᠨ ᠰᠢᠢᠳᠪᠦᠷᠢᠯᠡᠬᠦ ᠂ ᠭᠦᠢᠴᠡᠳᠭᠡᠬᠦ ᠂ ᠵᠠᠬᠢᠳᠠᠯ ᠰᠤᠷᠪᠤᠯᠵᠢᠯᠠᠯ ᠤ᠋ᠨ ᠠᠵᠢᠯ ᠢ᠋ ᠬᠠᠤᠯᠢ ᠶᠣᠰᠣᠭᠠᠷ ᠪᠦᠬᠦ ᠬᠦᠴᠦᠨ ᠢ᠋ᠶ᠋ᠡᠷ ᠢ᠋ᠶ᠋ᠡᠨ ᠲᠦᠯᠬᠢᠨ ᠠᠬᠢᠭᠤᠯᠵᠤ ᠂ ᠬᠡᠰᠡᠭ ᠲᠠᠯ᠎ᠠ ᠪᠠᠷ ᠭᠦᠢᠴᠡᠳᠭᠡᠬᠦ ᠂ ᠬᠠᠮᠠᠭᠠᠯᠠᠨ ᠬᠠᠳᠠᠭᠠᠯᠠᠬᠤ ᠬᠡᠷᠡᠭ ᠢ᠋ ᠰᠦᠯᠵᠢᠶᠡᠨ ᠦ᠌ ᠭᠠᠳᠠᠨᠠᠬᠢ ᠡᠳ᠋ ᠬᠥᠷᠥᠩᠭᠡ ᠶ᠋ᠢ ᠪᠠᠢᠴᠠᠭᠠᠨ ᠬᠢᠵᠠᠭᠠᠷᠯᠠᠬᠤ ᠂ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠡ ᠨᠢ ᠵᠠᠮ ᠬᠠᠷᠢᠯᠴᠠᠭ᠎ᠠ ᠬᠠᠭᠠᠵᠤ ᠵᠣᠭᠰᠣᠬᠤ ᠵᠡᠷᠭᠡ ᠬᠢᠵᠢᠭ᠌ ᠢ᠋ ᠰᠡᠷᠭᠡᠢᠯᠡᠨ ᠬᠢᠵᠠᠭᠠᠷᠯᠠᠬᠤ ᠠᠷᠭ᠎ᠠ ᠪᠠᠷᠢᠯ ᠤ᠋ᠨ ᠨᠥᠯᠥᠭᠡ ᠶ᠋ᠢ ᠬᠦᠷᠲᠡᠬᠦ ᠲᠤᠯᠠ ᠂ ᠠᠭᠤᠴᠢᠯᠠᠭᠠᠷᠠᠢ ᠃
ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠢ᠋ᠢᠨ ᠬᠠᠷᠢᠯᠴᠠᠬᠤ ᠤᠲᠠᠰᠤ
0 47 7 — 8 160 20 2 ( ᠵᠠᠷᠭᠤ ᠶ᠋ᠢᠨ ᠦᠢᠯᠡᠴᠢᠯᠡᠭᠡᠨ ᠦ᠌ ᠲᠥᠪ )
0 47 7 - 8 160 26 1 ( ᠵᠠᠬᠢᠳᠠᠯ ᠰᠤᠷᠪᠤᠯᠵᠢᠯᠠᠭ᠎ᠠ )
0 47 7 - 83 78 23 7 ( ᠭᠦᠢᠴᠡᠳᠭᠡᠬᠦ ᠬᠡᠷᠡᠭ ᠪᠣᠯᠭᠠᠬᠤ ᠴᠣᠩᠬᠣ )
0 47 7 - 8 37 98 9 ( ᠭᠦᠢᠴᠡᠳᠭᠡᠬᠦ ᠵᠢᠯᠣᠭᠣᠳᠬᠤ ᠲᠥᠪ )
ᠣᠷᠳᠣᠰ ᠬᠣᠲᠠ ᠶ᠋ᠢᠨ ᠠᠷᠠᠳ ᠶ᠋ᠢᠨ ᠳᠤᠮᠳᠠ ᠵᠡᠷᠭᠡ ᠢ᠋ᠢᠨ ᠰᠢᠭᠦᠬᠦ ᠬᠣᠷᠢᠶ᠎ᠠ
2020 ᠣᠨ ᠤ᠋ 1 ᠰᠠᠷ᠎ᠠ ᠶ᠋ᠢᠨ 30 ᠤ᠋ ᠡᠳᠦᠷ
ᠦᠨᠡᠯᠡᠬᠦ 0ᠦᠨᠡᠯᠡᠯᠲᠡ ᠲᠠᠢ