ᠰᠢ ᠵᠢᠨ ᠫᠢᠩ ᠶᠡᠷᠦᠩᠬᠡᠢ ᠱᠦᠵᠢ ᠶ᠋ᠢᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠪᠠ ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠲᠣᠬᠢᠷᠠᠭᠤᠯᠤᠯᠲᠠ ᠪᠠᠢᠷᠢᠯᠠᠭᠤᠯᠤᠯᠲᠠ ᠶ᠋ᠢ ᠤᠯᠠᠮ ᠨᠢᠭᠡ ᠠᠯᠬᠤᠮ ᠲᠤᠤᠱᠯᠠᠭᠤᠯᠤᠨ ᠨᠠᠢᠳᠠᠪᠤᠷᠢᠵᠢᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠰᠢᠨ᠎ᠡ ᠬᠡᠯᠪᠡᠷᠢ ᠶ᠋ᠢᠨ ᠲᠢᠲᠢᠮᠯᠢᠭ᠌ ᠠᠭᠤᠰᠭᠢᠨ ᠦᠷᠪᠢᠰᠦᠯ ᠦ᠋ᠨ ᠬᠢᠵᠢᠭ᠌ ᠢ᠋ ᠰᠡᠷᠭᠡᠢᠯᠡᠨ ᠡᠵᠡᠮᠳᠡᠬᠦ ᠠᠵᠢᠯ ᠢ᠋ ᠨᠠᠷᠢᠨ ᠬᠢᠨᠠᠮᠠᠭᠠᠢ ᠰᠠᠢᠲᠤᠷ ᠬᠢᠬᠦ ᠶ᠋ᠢᠨ ᠲᠥᠯᠥᠭᠡ ᠂ 1 ᠰᠠᠷ᠎ᠠ ᠶ᠋ᠢᠨ 29 ᠦ᠌ ᠦᠳᠡ ᠶ᠋ᠢᠨ ᠡᠮᠦᠨ᠎ᠡ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠣᠷᠣᠯᠠᠭᠴᠢ ᠳᠠᠷᠤᠭ᠎ᠠ ᠰᠦ᠍ ᠯᠢ ᠵᠢᠶᠦ᠋ᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠬᠤᠷᠠᠯ ᠢ᠋ ᠡᠷᠬᠢᠯᠡᠨ ᠬᠤᠷᠠᠯᠳᠤᠭᠤᠯᠤᠨ ᠪᠦᠬᠦ ᠬᠣᠲᠠ ᠢ᠋ᠢᠨ ᠰᠢᠨ᠎ᠡ ᠬᠡᠯᠪᠡᠷᠢ ᠶ᠋ᠢᠨ ᠲᠢᠲᠢᠮᠯᠢᠭ᠌ ᠠᠭᠤᠰᠭᠢᠨ ᠦᠷᠪᠢᠰᠦᠯ ᠦ᠋ᠨ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠢ᠋ ᠳᠠᠬᠢᠨ ᠪᠠᠢᠷᠢᠯᠠᠭᠤᠯᠤᠭᠰᠠᠨ ᠪᠠᠢᠨ᠎ᠠ᠃
ᠬᠤᠷᠠᠯ ᠠ᠋ᠴᠠ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠣᠷᠢᠶ᠎ᠠ ᠶ᠋ᠢᠨ 1 ᠰᠠᠷ᠎ᠠ ᠶ᠋ᠢᠨ 28 ᠤ᠋ ᠡᠳᠦᠷ ᠳᠠᠷᠤᠮᠠᠯᠯᠠᠨ ᠲᠠᠷᠬᠠᠭᠠᠭᠰᠠᠨ 《 ᠨᠠᠮ ᠤ᠋ᠨ ᠤᠳᠤᠷᠢᠳᠤᠯᠭ᠎ᠠ ᠶ᠋ᠢ ᠴᠢᠩᠭᠠᠳᠭᠠᠬᠤ ᠂ ᠬᠢᠵᠢᠭ᠌ ᠦ᠋ᠨ ᠪᠠᠢᠳᠠᠯ ᠢ᠋ ᠰᠡᠷᠭᠡᠢᠯᠡᠵᠦ ᠬᠣᠷᠢᠭᠯᠠᠬᠤ ᠲᠡᠢᠨ ᠳ᠋ᠦ᠍ ᠢᠯᠠᠯᠲᠠ ᠣᠯᠬᠤ ᠳ᠋ᠤ᠌ ᠪᠠᠲᠤ ᠴᠢᠩᠭ᠎ᠠ ᠤᠯᠤᠰ ᠲᠥᠷᠥ ᠶ᠋ᠢᠨ ᠪᠠᠲᠤᠯᠠᠭ᠎ᠠ ᠬᠠᠩᠭᠠᠬᠤ ᠲᠤᠬᠠᠢ ᠮᠡᠳᠡᠭᠳᠡᠯ 》 ᠦ᠋ᠨ ᠵᠣᠷᠢᠭ ᠰᠠᠨᠠᠭ᠎ᠠ ᠶ᠋ᠢ ᠲᠥᠪᠯᠡᠷᠡᠭᠦᠯᠦᠨ ᠰᠤᠷᠤᠯᠴᠠᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠹᠠᠨ ᠶᠧᠦ ᠹᠠ ᠨᠠᠷ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠢᠵᠢᠭ᠌ ᠢ᠋ ᠰᠡᠷᠭᠡᠢᠯᠡᠨ ᠡᠵᠡᠮᠳᠡᠬᠦ ᠠᠵᠢᠯ ᠤ᠋ᠨ ᠠᠬᠢᠴᠠ ᠶ᠋ᠢᠨ ᠪᠠᠢᠳᠠᠯ ᠢ᠋ ᠮᠡᠳᠡᠭᠳᠡᠭᠰᠡᠨ ᠪᠠᠢᠨ᠎ᠠ ᠃
ᠬᠤᠷᠠᠯ ᠠ᠋ᠴᠠ ᠵᠢᠭᠠᠵᠤ ᠭᠠᠷᠭᠠᠭᠰᠠᠨ ᠨᠢ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠢᠵᠢᠭ᠌ ᠢ᠋ ᠰᠡᠷᠭᠡᠢᠯᠡᠨ ᠬᠢᠵᠠᠭᠠᠷᠯᠠᠬᠤ ᠠᠵᠢᠯ ᠳ᠋ᠤ᠌ ᠬᠡᠳᠦᠢᠪᠡᠷ ᠠᠯᠢ ᠣᠯᠠᠨ ᠠᠷᠭ᠎ᠠ ᠬᠡᠮᠵᠢᠶ᠎ᠡ ᠠᠪᠤᠭᠰᠠᠨ ᠪᠣᠯᠪᠠᠴᠤ ᠂ ᠬᠣᠯᠪᠣᠭᠳᠠᠯ ᠪᠦᠬᠦᠢ ᠠᠵᠢᠯ ᠢ᠋ᠶ᠋ᠠᠨ ᠤᠯᠠᠮ ᠨᠢᠭᠡ ᠠᠯᠬᠤᠮ ᠨᠠᠷᠢᠯᠢᠭᠵᠢᠭᠤᠯᠬᠤ ᠬᠡᠷᠡᠭᠲᠡᠢ ᠄
ᠨᠢᠭᠡ ᠳ᠋ᠦ᠍ ᠤᠬᠠᠭᠤᠯᠤᠨ ᠬᠥᠲᠥᠯᠦᠨ ᠵᠢᠯᠣᠭᠣᠳᠬᠤ ᠲᠠᠯ᠎ᠠ ᠪᠠᠷ ᠃ ᠪᠢᠴᠢᠯ ᠮᠡᠳᠡᠭᠡ ᠶ᠋ᠢᠨ ᠣᠯᠠᠨ ᠨᠡᠢᠲᠡ ᠶ᠋ᠢᠨ ᠨᠣᠮᠧᠷ ᠂ ᠪᠢᠴᠢᠯ ᠪᠥᠷᠭᠡ ᠂ ᠠᠯᠪᠠᠨ ᠤ᠋ ᠰᠦᠯᠵᠢᠶ᠎ᠡ ᠂ ᠳ᠋ᠢᠩ ᠳ᠋ᠢᠩ ᠤ᠋ᠨ ᠬᠡᠷᠡᠭᠯᠡᠭᠴᠢ ᠶ᠋ᠢᠨ ᠪᠤᠯᠤᠩ ᠵᠡᠷᠭᠡ ᠲᠠᠪᠴᠠᠩ ᠢ᠋ ᠭᠦᠢᠴᠡᠳ ᠬᠡᠷᠡᠭᠯᠡᠨ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠰᠢᠨᠵᠢᠯᠡᠬᠦ ᠤᠬᠠᠭᠠᠨ ᠢ᠋ ᠲᠦᠭᠡᠮᠡᠯᠵᠢᠭᠦᠯᠬᠦ ᠮᠡᠳᠡᠯᠭᠡ ᠵᠢᠴᠢ ᠰᠡᠷᠭᠡᠢᠯᠡᠬᠦ ᠠᠷᠭ᠎ᠠ ᠬᠡᠮᠵᠢᠶ᠎ᠡ ᠶ᠋ᠢ ᠦᠷᠭᠦᠯᠵᠢᠯᠡᠨ ᠰᠢᠨᠵᠢᠯᠡᠬᠦ ᠤᠬᠠᠭᠠᠨᠴᠢ ᠪᠠᠷ ᠨᠡᠢᠲᠡᠯᠡᠬᠦ ᠶ᠋ᠢᠨ ᠬᠠᠮᠲᠤ ᠂ ᠥᠷᠭᠡᠨ ᠣᠯᠠᠨ ᠺᠠᠲᠷ ᠴᠠᠭᠳᠠᠭ᠎ᠠ ᠳ᠋ᠤ᠌ ᠴᠤᠤᠷᠬᠠᠯ ᠥᠭᠬᠦ ᠥᠬᠡᠢ ᠂ ᠴᠤᠤᠷᠬᠠᠯ ᠳᠠᠮᠵᠢᠭᠤᠯᠬᠤ ᠥᠬᠡᠢ ᠂ ᠴᠤᠤᠷᠬᠠᠯ ᠲᠠᠯᠪᠢᠬᠤ ᠳ᠋ᠤ᠌ ᠣᠷᠣᠯᠴᠠᠬᠤ ᠥᠬᠡᠢ ᠂ ᠬᠤᠳᠠᠯ ᠬᠡᠯᠡᠬᠦ ᠳ᠋ᠦ᠍ ᠣᠷᠣᠯᠴᠠᠬᠤ ᠥᠬᠡᠢ ᠂ ᠤᠯᠠᠮᠵᠢᠯᠠᠨ ᠳᠠᠮᠵᠢᠭᠤᠯᠬᠤ ᠳ᠋ᠤ᠌ ᠦᠨᠡᠨ ᠪᠣᠳᠠᠲᠠᠢ ᠪᠤᠰᠤ ᠮᠡᠳᠡᠭᠡᠯᠡᠯ ᠢ᠋ ᠤᠯᠠᠮᠵᠢᠯᠠᠵᠤ ᠥᠭᠬᠦ ᠥᠬᠡᠢ ᠪᠠᠢᠬᠤ ᠶ᠋ᠢ ᠰᠠᠨᠠᠭᠤᠯᠵᠤ ᠂ ᠪᠦᠬᠦᠨ ᠢ᠋ ᠪᠦᠷᠬᠦᠭᠦᠯᠵᠦ ᠂ ᠮᠤᠬᠤᠷ ᠥᠨᠴᠥᠭ ᠪᠤᠯᠤᠩ ᠥᠬᠡᠢ ᠪᠣᠯᠭᠠᠬᠤ ᠬᠡᠷᠡᠭᠲᠡᠢ ᠃
ᠬᠣᠶᠠᠷ ᠲᠤ᠌ ᠰᠡᠷᠭᠡᠢᠯᠡᠨ ᠬᠠᠮᠠᠭᠠᠯᠠᠬᠤ ᠠᠷᠭ᠎ᠠ ᠬᠡᠮᠵᠢᠶᠡᠨ ᠦ᠌ ᠲᠠᠯ᠎ᠠ ᠪᠠᠷ ᠃ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ 《 ᠰᠢᠨ᠎ᠡ ᠬᠡᠯᠪᠡᠷᠢ ᠶ᠋ᠢᠨ ᠲᠢᠲᠢᠮᠯᠢᠭ᠌ ᠠᠭᠤᠰᠭᠢᠨ ᠦᠷᠪᠢᠰᠦᠯ ᠦ᠋ᠨ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠬᠤᠭᠤᠴᠠᠭᠠᠨ ᠳ᠋ᠤ᠌ ᠬᠡᠷᠡᠭ ᠪᠣᠯᠭᠠᠨ ᠳᠠᠩᠰᠠᠯᠠᠬᠤ ᠂ ᠰᠢᠭᠦᠨ ᠲᠠᠰᠤᠯᠬᠤ ᠵᠡᠷᠭᠡ ᠠᠵᠢᠯ ᠢ᠋ ᠰᠠᠢᠲᠤᠷ ᠬᠢᠬᠦ ᠲᠤᠬᠠᠢ ᠮᠡᠳᠡᠭᠳᠡᠯ 》 ᠦ᠋ᠨ ᠱᠠᠭᠠᠷᠳᠠᠯᠭ᠎ᠠ ᠶ᠋ᠢ ᠴᠢᠩᠭ᠎ᠠ ᠵᠢᠷᠤᠮᠯᠠᠨ ᠂ ᠴᠠᠭᠠᠨ ᠰᠠᠷ᠎ᠠ ᠢ᠋ᠢᠨ ᠳᠠᠷᠠᠭ᠎ᠠ ᠠᠵᠢᠯ ᠳ᠋ᠤ᠌ ᠭᠠᠷᠴᠤ ᠬᠡᠷᠡᠭ ᠪᠣᠯᠭᠠᠨ ᠳᠠᠩᠰᠠᠯᠠᠬᠤ ᠂ ᠰᠢᠭᠦᠨ ᠲᠠᠰᠤᠯᠬᠤ ᠂ ᠭᠦᠢᠴᠡᠳᠭᠡᠬᠦ ᠠᠵᠢᠯ ᠤ᠋ᠨ ᠪᠠᠴᠢᠮ ᠪᠠᠢᠳᠠᠯ ᠢ᠋ ᠠᠷᠭᠠᠴᠠᠬᠤ ᠪᠡᠯᠡᠳᠭᠡᠯ ᠲᠥᠰᠦᠯ ᠪᠠ ᠠᠷᠭᠠᠴᠠᠬᠤ ᠪᠡᠯᠡᠳᠭᠡᠯ ᠢ᠋ ᠰᠠᠢᠲᠤᠷ ᠬᠢᠬᠦ ᠬᠡᠷᠡᠭᠲᠡᠢ ᠃ ᠵᠠᠷᠭᠤ ᠶ᠋ᠢᠨ ᠦᠢᠯᠡᠴᠢᠯᠡᠭᠡᠨ ᠦ᠌ ᠲᠥᠪ ᠨᠢ ᠵᠥᠪᠬᠡᠨ ᠨᠢᠭᠡ ᠯᠡ ᠲᠤᠬᠠᠢ ᠶ᠋ᠢᠨ ᠬᠥᠮᠦᠨ ᠦ᠌ ᠨᠡᠪᠲᠡᠷᠡᠬᠦ ᠵᠠᠮ ᠢ᠋ ᠨᠡᠭᠡᠭᠡᠬᠦ ᠶ᠋ᠢᠨ ᠬᠠᠮᠲᠤ ᠪᠡᠶ᠎ᠡ ᠶ᠋ᠢᠨ ᠳᠤᠯᠠᠭᠠᠨ ᠤ᠋ ᠪᠠᠢᠴᠠᠭᠠᠨ ᠬᠡᠮᠵᠢᠬᠦ ᠴᠡᠭ ᠲᠣᠬᠢᠷᠠᠭᠤᠯᠵᠤ ᠂ ᠪᠠᠢᠴᠠᠭᠠᠨ ᠬᠡᠮᠵᠢᠬᠦ ᠠᠵᠢᠯᠲᠠᠨ ᠤ᠋ ᠬᠢᠵᠢᠭ᠌ ᠰᠡᠷᠭᠡᠢᠯᠡᠬᠦ ᠲᠣᠨᠣᠭ ᠲᠥᠬᠥᠭᠡᠷᠦᠮᠵᠢ ᠶ᠋ᠢᠨ ᠲᠣᠬᠢᠷᠠᠭᠤᠯᠤᠯᠲᠠ ᠶ᠋ᠢ ᠴᠢᠩᠭᠠᠳᠭᠠᠨ ᠂ ᠪᠠᠢᠴᠠᠭᠠᠨ ᠬᠡᠮᠵᠢᠬᠦ ᠠᠵᠢᠯᠲᠠᠨ ᠤ᠋ ᠬᠢᠵᠢᠭ᠌ ᠦ᠋ᠨ ᠪᠠᠢᠳᠠᠯ ᠤ᠋ᠨ ᠰᠡᠵᠢᠭ ᠲᠡᠢ ᠠᠵᠢᠯ ᠤ᠋ᠨ ᠳᠦᠷᠢᠮ ᠢ᠋ ᠲᠣᠭᠲᠠᠭᠠᠨ᠎ᠠ ᠃ ᠠᠵᠢᠯᠲᠠᠨ ᠠᠵᠢᠯᠴᠢᠳ ᠤ᠋ᠨ ᠬᠣᠭᠣᠯᠠᠨ ᠲᠢᠩᠬᠢᠮ ᠦ᠋ᠨ ᠬᠢᠵᠢᠭ᠌ ᠰᠡᠷᠭᠡᠢᠯᠡᠬᠦ ᠠᠵᠢᠯ ᠢ᠋ ᠰᠠᠢᠲᠤᠷ ᠬᠢᠵᠦ ᠂ ᠨᠢᠭᠡ ᠯᠡ ᠤᠳᠠᠭ᠎ᠠ ᠶ᠋ᠢᠨ ᠴᠢᠨᠠᠷᠲᠠᠢ ᠬᠣᠭᠣᠯᠠᠨ ᠤ᠋ ᠰᠠᠪᠠ ᠬᠡᠷᠡᠭᠰᠡᠯ ᠂ ᠴᠠᠭ ᠬᠤᠪᠢᠶᠠᠨ ᠬᠣᠭᠣᠯᠠ ᠢᠳᠡᠬᠦ ᠂ ᠬᠣᠭᠣᠯᠠ ᠳᠠᠭᠠᠭᠤᠯᠬᠤ ᠵᠡᠷᠭᠡ ᠠᠷᠭ᠎ᠠ ᠮᠠᠶᠢᠭ ᠢ᠋ ᠠᠪᠴᠤ ᠂ ᠣᠯᠠᠨ ᠬᠥᠮᠦᠨ ᠲᠥᠪᠯᠡᠷᠡᠭᠦᠯᠦᠨ ᠬᠣᠭᠣᠯᠠ ᠢᠳᠡᠬᠦ ᠡᠴᠡ ᠵᠠᠢᠯᠠᠰᠬᠢᠬᠦ ᠬᠡᠷᠡᠭᠲᠡᠢ ᠃ ᠲᠤᠰᠭᠠᠢ ᠬᠥᠮᠦᠨ ᠲᠣᠮᠢᠯᠠᠵᠤ ᠠᠯᠪᠠᠯᠠᠬᠤ ᠠᠰᠠᠷ ᠤ᠋ᠨ ᠲᠤᠰᠭᠠᠢ ᠬᠡᠷᠡᠭᠯᠡᠭᠡᠨ ᠦ᠌ ᠲᠥᠬᠥᠭᠡᠷᠦᠮᠵᠢ ᠶ᠋ᠢᠨ ᠠᠷᠢᠭᠤᠳᠭᠠᠬᠤ ᠠᠵᠢᠯ ᠢ᠋ ᠪᠦᠬᠦ ᠲᠠᠯ᠎ᠠ ᠪᠠᠷ ᠴᠢᠩᠭᠠᠳᠭᠠᠵᠤ ᠂ ᠠᠷᠢᠭᠤᠳᠭᠠᠬᠤ ᠡᠳᠦᠷ ᠦ᠋ᠨ ᠲᠡᠮᠳᠡᠭᠯᠡᠯ ᠦ᠋ᠨ ᠡᠬᠡ ᠳᠠᠩᠰᠠ ᠪᠠᠢᠭᠤᠯᠬᠤ ᠬᠡᠷᠡᠭᠲᠡᠢ ᠃ ᠲᠤᠰ ᠬᠣᠷᠢᠶᠠᠨ ᠳ᠋ᠤ᠌ ᠣᠷᠣᠵᠤ ᠰᠠᠭᠤᠭᠰᠠᠨ ᠭᠤᠷᠪᠠᠳᠠᠬᠢ ᠡᠲᠡᠭᠡᠳ ᠦ᠋ᠨ ᠦᠢᠯᠡᠴᠢᠯᠡᠭᠡᠨ ᠦ᠌ ᠺᠣᠮᠫᠠᠨᠢ ᠶ᠋ᠢ ᠲᠤᠰ ᠲᠤᠰ ᠤ᠋ᠨ ᠠᠵᠢᠯᠲᠠᠨ ᠤ᠋ ᠬᠠᠮᠢᠶᠠᠷᠤᠯᠲᠠ ᠪᠠᠨ ᠴᠢᠩᠭᠠᠳᠭᠠᠵᠤ᠂ ᠠᠵᠢᠯ ᠤ᠋ᠨ ᠬᠦᠨᠳᠦ ᠬᠥᠩᠭᠡᠨ ᠠᠯᠭᠤᠷ ᠪᠠᠴᠢᠮ ᠢ᠋ ᠦᠨᠳᠦᠰᠦᠯᠡᠨ ᠬᠥᠮᠦᠰ ᠢ᠋ ᠠᠵᠢᠯ ᠤ᠋ᠨ ᠪᠠᠢᠷᠢ ᠳ᠋ᠠᠭᠠᠨ ᠭᠠᠷᠭᠠᠬᠤ ᠶ᠋ᠢ ᠵᠣᠬᠢᠰᠲᠠᠢ ᠲᠣᠬᠢᠷᠠᠭᠤᠯᠵᠤ᠂ ᠬᠢᠵᠢᠭ᠌ ᠦ᠋ᠨ ᠣᠷᠭᠢᠯ ᠤ᠋ᠨ ᠬᠤᠭᠤᠴᠠᠭ᠎ᠠ ᠠ᠋ᠴᠠ ᠵᠠᠢᠯᠠᠰᠬᠢᠵᠦ᠂ ᠬᠡᠷᠪᠡ ᠬᠡᠪ ᠦ᠋ᠨ ᠪᠤᠰᠤ ᠪᠠᠢᠳᠠᠯ ᠲᠠᠢ ᠪᠣᠯ ᠬᠠᠮᠤᠭ ᠲᠡᠷᠢᠭᠦᠨ ᠳ᠋ᠦ᠍ ᠠᠷᠭ᠎ᠠ ᠬᠡᠮᠵᠢᠶ᠎ᠡ ᠠᠪᠬᠤ ᠪᠥᠭᠡᠳ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠤ᠋ᠨ ᠤᠳᠤᠷᠢᠳᠬᠤ ᠳᠤᠭᠤᠢᠯᠠᠩ ᠤ᠋ᠨ ᠠᠯᠪᠠᠨ ᠭᠡᠷ ᠲᠦ᠍ ᠮᠡᠳᠡᠭᠳᠡᠬᠦ ᠬᠡᠷᠡᠭᠲᠡᠢ᠃
ᠭᠤᠷᠪᠠ ᠳ᠋ᠤ᠌ ᠠᠵᠢᠯᠲᠠᠨ ᠤ᠋ ᠬᠠᠮᠢᠶᠠᠷᠤᠯᠲᠠ ᠶ᠋ᠢᠨ ᠲᠠᠯ᠎ᠠ ᠪᠠᠷ ᠃ ᠴᠠᠭᠠᠨ ᠰᠠᠷ᠎ᠠ ᠶ᠋ᠢᠨ ᠬᠤᠭᠤᠴᠠᠭᠠᠨ ᠳ᠋ᠤ᠌ ᠺᠠᠲᠷ ᠴᠠᠭᠳᠠᠭ᠎ᠠ ᠭᠠᠳᠠᠭᠰᠢ ᠭᠠᠷᠬᠤ ᠵᠢᠴᠢ ᠪᠤᠴᠠᠵᠤ ᠢᠷᠡᠬᠦ ᠡᠬᠡ ᠳᠠᠩᠰᠠ ᠶ᠋ᠢ ᠤᠯᠠᠮ ᠨᠢᠭᠡ ᠠᠯᠬᠤᠮ ᠨᠠᠷᠢᠯᠢᠭᠵᠢᠭᠤᠯᠵᠤ ᠂ ᠺᠠᠲᠷ ᠴᠠᠭᠳᠠᠭ᠎ᠠ ᠶ᠋ᠢᠨ ᠠᠵᠢᠯᠯᠠᠭ᠎ᠠ ᠶ᠋ᠢᠨ ᠤᠯᠠ ᠮᠥᠷ ᠢ᠋ ᠭᠣᠣᠯᠳᠠᠯᠭ᠎ᠠ ᠲᠠᠢ ᠂ ᠳᠡᠰ ᠳᠠᠪᠬᠤᠷᠭ᠎ᠠ ᠬᠤᠪᠢᠶᠠᠨ ᠲᠡᠮᠳᠡᠭᠯᠡᠵᠦ ᠂ ᠭᠠᠳᠠᠭᠰᠢ ᠭᠠᠷᠴᠤ ᠪᠤᠴᠠᠬᠤ ᠣᠯᠠᠨ ᠨᠡᠢᠲᠡ ᠶ᠋ᠢᠨ ᠵᠠᠮ ᠬᠠᠷᠢᠯᠴᠠᠭᠠᠨ ᠤ᠋ ᠪᠠᠭᠠᠵᠢ ᠪᠤᠶᠤ ᠬᠢᠵᠢᠭᠲᠦ ᠣᠷᠣᠨ ᠤ᠋ ᠺᠠᠲᠷ ᠴᠠᠭᠳᠠᠭ᠎ᠠ ᠭᠡᠷ ᠲᠡᠭᠡᠨ ᠰᠠᠭᠤᠵᠤ ᠠᠨᠠᠭᠠᠬᠤ ᠤᠬᠠᠭᠠᠨ ᠤ᠋ ᠠᠵᠢᠭᠯᠠᠬᠤ ᠠᠷᠭ᠎ᠠ ᠬᠡᠮᠵᠢᠶ᠎ᠡ ᠠᠪᠴᠤ ᠂ ᠭᠣᠣᠯᠳᠠᠯᠭ᠎ᠠ ᠲᠠᠢ ᠠᠩᠬᠠᠷᠬᠤ ᠶ᠋ᠢᠨ ᠬᠠᠮᠲᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠤ᠋ᠨ ᠤᠳᠤᠷᠢᠳᠬᠤ ᠳᠤᠭᠤᠢᠯᠠᠩ ᠤ᠋ᠨ ᠠᠯᠪᠠᠨ ᠭᠡᠷ ᠲᠦ᠍ ᠮᠡᠳᠡᠭᠦᠯᠦᠨ ᠳᠠᠩᠰᠠᠯᠠᠭᠤᠯᠬᠤ ᠬᠡᠷᠡᠭᠲᠡᠢ ᠃
ᠬᠤᠷᠠᠯ ᠠ᠋ᠴᠠ ᠱᠠᠭᠠᠷᠳᠠᠭᠰᠠᠨ ᠨᠢ ᠂ ᠪᠦᠬᠦ ᠬᠣᠲᠠ ᠶ᠋ᠢᠨ ᠰᠢᠭᠦᠬᠦ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ ᠦ᠋ᠨ 《 ᠬᠢᠵᠢᠭ᠌ ᠪᠣᠯ ᠵᠠᠷᠯᠢᠭ ᠂ ᠰᠡᠷᠭᠡᠢᠯᠡᠨ ᠬᠢᠵᠠᠭᠠᠷᠯᠠᠬᠤ ᠪᠣᠯ ᠬᠠᠷᠢᠭᠤᠴᠠᠯᠭ᠎ᠠ ᠮᠥᠨ 》 ᠭᠡᠰᠡᠨ ᠴᠢᠬᠤᠯᠠ ᠵᠢᠭᠠᠪᠤᠷᠢ ᠶ᠋ᠢ ᠭᠦᠨᠵᠡᠭᠡᠢ ᠣᠢᠯᠠᠭᠠᠵᠤ ᠂ 《 ᠳᠥᠷᠪᠡᠨ ᠤᠬᠠᠮᠰᠠᠷ 》 ᠢ᠋ ᠴᠢᠩᠭᠠᠳᠭᠠᠵᠤ ᠂ 《 ᠳᠥᠷᠪᠡᠨ ᠢᠲᠡᠭᠡᠯ 》 ᠢ᠋ ᠪᠠᠲᠤᠳᠭᠠᠵᠤ ᠂ 《 ᠬᠣᠶᠠᠷ ᠬᠠᠮᠠᠭᠠᠯᠠᠯᠲᠠ 》 ᠶ᠋ᠢ ᠪᠡᠶᠡᠯᠡᠭᠦᠯᠵᠦ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠵᠢᠨ ᠫᠢᠩ ᠶᠡᠷᠦᠩᠬᠡᠢ ᠱᠦᠵᠢ ᠶ᠋ᠢᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠭᠡᠵᠦ ᠂ ᠳᠡᠭᠡᠳᠦ ᠱᠠᠲᠤᠨ ᠤ᠋ ᠰᠢᠢᠳᠪᠦᠷᠢᠲᠦ ᠪᠣᠳᠣᠯᠭ᠎ᠠ ᠶ᠋ᠢ ᠨᠢᠭᠡᠳᠦᠯᠲᠡᠢ ᠲᠣᠬᠢᠷᠠᠭᠤᠯᠬᠤ ᠬᠡᠷᠡᠭᠲᠡᠢ ᠃
ᠦᠨᠡᠯᠡᠬᠦ 0ᠦᠨᠡᠯᠡᠯᠲᠡ ᠲᠠᠢ