ᠰᠢᠨ᠎ᠡ ᠬᠡᠯᠪᠡᠷᠢ ᠶ᠋ᠢᠨ  ᠲᠢᠲᠢᠮᠯᠢᠭ᠌ ᠠᠭᠤᠰᠭᠢᠨ ᠦᠷᠪᠢᠰᠦᠯ ᠦ᠋ᠨ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠢ᠋ ᠦᠳᠲᠡᠷ ᠲᠦᠷᠭᠡᠨ ᠪᠠᠢᠷᠢᠯᠠᠭᠤᠯᠤᠨ ᠨᠠᠢᠳᠠᠪᠤᠷᠢᠵᠢᠭᠤᠯᠪᠠ
2020.03.17 ᠲᠣᠰ ᠥᠷᠲᠡᠭᠡᠨ ᠦ ᠨᠠᠢᠷᠠᠭᠤᠯᠤᠭᠴᠢ

      ᠰᠢᠨ᠎ᠡ ᠬᠡᠯᠪᠡᠷᠢ ᠶ᠋ᠢᠨ ᠠᠭᠤᠰᠭᠢᠨ ᠦᠷᠪᠢᠰᠦᠯ ᠦ᠋ᠨ  ᠬᠢᠵᠢᠭ᠌ ᠪᠣᠢ ᠪᠣᠯᠤᠭᠰᠠᠨ ᠠ᠋ᠴᠠ  ᠨᠠᠰᠢ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠨᠢ  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠂ ᠲᠥᠪ ᠪᠣᠯᠤᠨ ᠥᠪᠡᠷᠲᠡᠭᠡᠨ ᠵᠠᠰᠠᠬᠤ ᠣᠷᠣᠨ ᠂ ᠬᠣᠲᠠ ᠶ᠋ᠢᠨ ᠨᠠᠮ ᠤ᠋ᠨ ᠬᠣᠷᠢᠶᠠᠨ ᠤ᠋ ᠡᠯ᠎ᠡ ᠵᠦᠢᠯ ᠦ᠋ᠨ  ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢᠨ ᠲᠥᠯᠥᠭᠡ ᠄

      1 ᠰᠠᠷ᠎ᠠ ᠶ᠋ᠢᠨ 24 ᠦ᠌ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠪᠦᠬᠦ ᠬᠣᠷᠢᠶᠠᠨ ᠤ᠋ ᠴᠠᠭᠠᠨ ᠰᠠᠷ᠎ᠠ ᠶ᠋ᠢᠨ ᠬᠤᠭᠤᠴᠠᠭᠠᠨ ᠳ᠋ᠠᠬᠢ  ᠭᠠᠳᠠᠭᠰᠢ ᠭᠠᠷᠴᠤ ᠠᠮᠠᠷᠠᠬᠤ  ᠺᠠᠲᠷ ᠴᠠᠭᠳᠠᠭ᠎ᠠ ᠶ᠋ᠢᠨ ᠪᠠᠢᠳᠠᠯ ᠢ᠋ ᠪᠦᠬᠦ ᠲᠠᠯ᠎ᠠ ᠪᠠᠷ ᠪᠠᠢᠴᠠᠭᠠᠨ ᠲᠣᠳᠣᠯᠠᠵᠤ ᠬᠤᠪᠢ ᠬᠥᠮᠦᠨ ᠦ᠌ ᠡᠬᠡ ᠳᠠᠩᠰᠠ ᠶ᠋ᠢ ᠪᠠᠢᠭᠤᠯᠬᠤ ᠬᠡᠷᠡᠭᠲᠡᠢ ᠭᠡᠵᠦ ᠱᠠᠭᠠᠷᠳᠠᠪᠠ ᠃

      1 ᠰᠠᠷ᠎ᠠ ᠶ᠋ᠢᠨ 25  ᠤ᠋ ᠡᠳᠦᠷ ᠂ ᠪᠦᠬᠦ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠳ᠋ᠤ᠌ ᠰᠠᠨᠠᠭᠠᠴᠢᠯᠠᠭ᠎ᠠ ᠶ᠋ᠢᠨ  ᠪᠢᠴᠢᠭ᠌  ᠭᠠᠷᠭᠠᠵᠤ ᠂ ᠬᠣᠶᠠᠷ ᠱᠠᠲᠤᠨ ᠤ᠋ ᠰᠢᠭᠦᠬᠦ ᠬᠣᠷᠢᠶᠠᠨ ᠤ᠋  ᠺᠠᠲᠷ ᠴᠠᠭᠳᠠᠭ᠎ᠠ ᠶ᠋ᠢᠨ  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠢ᠋ ᠰᠠᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠥᠭᠡᠳ ᠪᠠᠶᠠᠷ ᠤ᠋ᠨ ᠳᠠᠷᠠᠭᠠᠬᠢ ᠠᠵᠢᠯ ᠳ᠋ᠤ᠌ ᠭᠠᠷᠬᠤ ᠶ᠋ᠢ ᠰᠡᠷᠭᠡᠢᠯᠡᠨ ᠡᠵᠡᠮᠳᠡᠬᠦ ᠠᠵᠢᠯ ᠢ᠋ ᠰᠠᠢᠲᠤᠷ ᠬᠢᠬᠦ ᠲᠤᠬᠠᠢ ᠪᠠᠢᠷᠢᠯᠠᠭᠤᠯᠤᠯᠲᠠ ᠬᠢᠵᠡᠢ ᠃

      1 ᠰᠠᠷ᠎ᠠ ᠶ᠋ᠢᠨ 26  ᠤ᠋ ᠡᠳᠦᠷ ᠂ ᠰᠢᠭᠦᠬᠦ  ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠢ᠋ᠶ᠋ᠡᠷ ᠳᠤᠭᠤᠢᠯᠠᠩ ᠤ᠋ᠨ ᠳᠠᠷᠤᠭ᠎ᠠ ᠪᠣᠯᠭᠠᠵᠤ ᠂ ᠪᠤᠰᠤᠳ ᠤᠳᠤᠷᠢᠳᠬᠤ ᠪᠠᠭ ᠤ᠋ᠨ ᠪᠦᠷᠢᠯᠳᠦᠬᠦᠨ ᠢ᠋ ᠳᠡᠳ᠋ ᠳᠤᠭᠤᠢᠯᠠᠩ ᠤ᠋ᠨ ᠳᠠᠷᠤᠭ᠎ᠠ ᠪᠣᠯᠭᠠᠵᠤ ᠂ ᠡᠯ᠎ᠡ ᠰᠠᠯᠠᠭ᠎ᠠ ᠮᠥᠴᠢᠷ ᠂ ᠬᠠᠮᠲᠤᠷᠠᠨ ᠵᠥᠪᠯᠡᠬᠦ ᠲᠢᠩᠬᠢᠮ ᠦ᠋ᠨ ᠬᠠᠷᠢᠭᠤᠴᠠᠯᠭᠠᠲᠠᠨ ᠢ᠋ᠶ᠋ᠠᠷ ᠪᠦᠷᠢᠯᠳᠦᠬᠦᠨ ᠪᠣᠯᠭᠠᠭᠰᠠᠨ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋  ᠰᠢᠨ᠎ᠡ ᠬᠡᠯᠪᠡᠷᠢ ᠶ᠋ᠢᠨ  ᠲᠢᠲᠢᠮᠯᠢᠭ᠌   ᠠᠭᠤᠰᠭᠢᠨ ᠦᠷᠪᠢᠰᠦᠯ ᠦ᠋ᠨ  ᠬᠢᠵᠢᠭ᠌ ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠤᠳᠤᠷᠢᠳᠬᠤ ᠳᠤᠭᠤᠢᠯᠠᠩ ᠢ᠋ ᠪᠠᠢᠭᠤᠯᠬᠤ ᠶ᠋ᠢᠨ ᠬᠠᠮᠲᠤ ᠤᠳᠤᠷᠢᠳᠬᠤ ᠳᠤᠭᠤᠢᠯᠠᠩ ᠵᠢᠴᠢ ᠳᠣᠣᠷ᠎ᠠ ᠲᠠᠯ᠎ᠠ ᠶ᠋ᠢᠨ ᠬᠠᠷᠢᠭᠤᠴᠠᠯᠭ᠎ᠠ ᠶ᠋ᠢ ᠲᠣᠳᠣᠷᠬᠠᠢ ᠲᠣᠭᠲᠠᠭᠠᠪᠠ ᠃

      1 ᠰᠠᠷ᠎ᠠ ᠶ᠋ᠢᠨ 27  ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶ᠎ᠠ ᠪᠦᠬᠦ ᠬᠣᠷᠢᠶᠠᠨ ᠤ᠋  ᠺᠠᠲᠷ ᠴᠠᠭᠳᠠᠭ᠎ᠠ ᠵᠢᠴᠢ  ᠺᠠᠲᠷ ᠴᠠᠭᠳᠠᠭ᠎ᠠ ᠶ᠋ᠢᠨ ᠭᠡᠷ ᠪᠦᠯᠢ ᠶ᠋ᠢᠨ ᠬᠢᠨ ᠳ᠋ᠦ᠍ ᠬᠠᠯᠠᠭᠤᠷᠠᠬᠤ ᠂ ᠬᠠᠨᠢᠶᠠᠬᠤ ᠵᠡᠷᠭᠡ ᠠᠷᠬᠠᠭ ᠡᠪᠡᠳᠴᠢᠨ ᠦ᠌ ᠪᠠᠢᠳᠠᠯ ᠭᠠᠷᠤᠭᠰᠠᠨ ᠡᠰᠡᠬᠦ ᠂ ᠴᠠᠭᠠᠨ ᠰᠠᠷ᠎ᠠ ᠶ᠋ᠢᠨ ᠬᠤᠭᠤᠴᠠᠭᠠᠨ ᠳ᠋ᠤ᠌ ᠬᠣᠲᠠ ᠡᠴᠡ ᠰᠠᠯᠤᠭᠰᠠᠨ ᠡᠰᠡᠬᠦ ᠂ ᠲᠤᠰ ᠬᠥᠮᠦᠨ ᠦ᠌ ᠭᠡᠷ ᠪᠦᠯᠢ ᠶ᠋ᠢᠨ ᠬᠢᠨ ᠬᠤᠪᠧᠢ ᠳ᠋ᠦ᠍ ᠣᠴᠢᠵᠤ ᠥᠩᠭᠡᠷᠡᠭᠰᠡᠨ ᠡᠰᠡᠬᠦ ᠪᠤᠶᠤ ᠬᠤᠪᠧᠢ ᠡᠴᠡ ᠪᠤᠴᠠᠵᠤ ᠢᠷᠡᠭᠰᠡᠨ ᠬᠥᠮᠦᠰ ᠦ᠋ᠨ ᠪᠠᠢᠳᠠᠯ ᠳ᠋ᠤ᠌ ᠪᠠᠢᠴᠠᠭᠠᠯᠲᠠ ᠬᠢᠭᠰᠡᠨ ᠡᠰᠡᠬᠦ ᠃

      1 ᠰᠠᠷ᠎ᠠ ᠶ᠋ᠢᠨ 28 ᠤ᠋ ᠡᠳᠦᠷ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠲᠤᠰᠭᠠᠢᠯᠠᠨ ᠮᠡᠳᠡᠭᠳᠡᠯ ᠪᠠᠭᠤᠯᠭᠠᠵᠤ᠂ ᠪᠦᠬᠦ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠢ᠋ ᠤᠯᠠᠮ ᠨᠢᠭᠡ ᠠᠯᠬᠤᠮ ᠰᠠᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃

       1 ᠰᠠᠷ᠎ᠠ ᠶ᠋ᠢᠨ 29  ᠦ᠌ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠤᠳᠤᠷᠢᠳᠬᠤ ᠳᠤᠭᠤᠢᠯᠠᠩ ᠤ᠋ᠨ ᠬᠤᠷᠠᠯ ᠬᠤᠷᠠᠯᠳᠤᠭᠤᠯᠵᠤ ᠂ ᠪᠠᠶᠠᠷ ᠤ᠋ᠨ ᠳᠠᠷᠠᠭᠠᠬᠢ ᠠᠵᠢᠯ ᠳ᠋ᠤ᠌ ᠭᠠᠷᠬᠤ  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠪᠣᠳᠠᠲᠠᠢ ᠠᠵᠢᠯ ᠢ᠋ ᠰᠤᠳᠤᠯᠤᠨ ᠪᠠᠢᠷᠢᠯᠠᠭᠤᠯᠵᠠᠢ ᠃

      ᠨᠢᠭᠡ ᠂ ᠤᠯᠤᠰ ᠲᠥᠷᠥ ᠶ᠋ᠢᠨ ᠵᠣᠭᠰᠣᠴᠠ ᠪᠠᠨ  ᠳᠡᠭᠡᠭᠰᠢᠯᠡᠭᠦᠯᠵᠦ ᠂  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠬᠠᠷᠢᠭᠤᠴᠠᠯᠭ᠎ᠠ ᠪᠠᠨ ᠰᠠᠢᠲᠤᠷ ᠭᠦᠢᠴᠡᠳᠭᠡᠬᠦ ᠬᠡᠷᠡᠭᠲᠡᠢ ᠃

       ᠪᠥᠬᠥ ᠬᠣᠲᠠ ᠶ᠋ᠢᠨ ᠰᠢᠭᠦᠬᠦ ᠬᠣᠷᠢᠶ᠎ᠠ ᠶᠡᠷᠦᠩᠬᠡᠢ ᠱᠦᠵᠢ  ᠰᠢ ᠵᠢᠨ ᠫᠢᠩ ᠦ᠋ᠨ 《 ᠬᠢᠵᠢᠭ᠌ ᠦ᠋ᠨ ᠪᠠᠢᠳᠠᠯ ᠪᠣᠯ ᠳᠠᠷᠤᠢ ᠵᠠᠷᠯᠢᠭ ᠂ ᠰᠡᠷᠭᠡᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ》 ᠭᠡᠰᠡᠨ ᠴᠢᠬᠤᠯᠠ ᠵᠢᠭᠠᠪᠤᠷᠢ ᠶ᠋ᠢ ᠭᠦᠨᠵᠡᠭᠡᠢ ᠣᠢᠯᠠᠭᠠᠨ ᠮᠡᠳᠡᠵᠦ ᠂  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠢ᠋ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠣᠳᠣᠬᠠᠨ ᠤ᠋ ᠬᠠᠮᠤᠭ ᠤ᠋ᠨ ᠴᠢᠬᠤᠯᠠ ᠠᠵᠢᠯ ᠪᠣᠯᠭᠠᠨ ᠡᠷᠡᠰ ᠠᠳᠭᠤᠬᠤ ᠬᠡᠷᠡᠭᠲᠡᠢ ᠃ ᠭᠣᠣᠯ ᠤᠳᠤᠷᠢᠳᠤᠯᠭ᠎ᠠ ᠨᠢ ᠠᠵᠢᠯ ᠤ᠋ᠨ ᠪᠠᠢᠷᠢ ᠪᠠᠨ ᠪᠠᠲᠤ ᠰᠠᠬᠢᠵᠤ ᠂  ᠤᠷᠤᠭᠰᠢ ᠵᠢᠯᠣᠭᠣᠳᠬᠤ ᠪᠠᠨ ᠴᠢᠩᠭᠠᠳᠭᠠᠨ ᠂ ᠪᠠᠴᠢᠮ ᠪᠠᠢᠳᠠᠯ ᠢ᠋ ᠠᠷᠭᠠᠴᠠᠬᠤ ᠬᠦᠴᠦᠨ ᠪᠣᠯᠤᠨ ᠠᠵᠢᠯ ᠤ᠋ᠨ ᠪᠠᠢᠷᠢ ᠳ᠋ᠠᠭᠠᠨ ᠪᠠᠢᠬᠤ ᠠᠵᠢᠯ ᠤ᠋ᠨ ᠬᠦᠴᠦᠨ ᠢ᠋ᠶ᠋ᠡᠨ ᠴᠢᠩᠭᠠᠳᠭᠠᠵᠤ ᠂  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠬᠠᠷᠢᠭᠤᠴᠠᠯᠭ᠎ᠠ ᠪᠠᠨ ᠦᠨᠡᠨᠬᠦ ᠰᠠᠢᠲᠤᠷ ᠭᠦᠢᠴᠡᠳᠭᠡᠵᠦ ᠂ ᠬᠥᠩᠭᠡᠨ ᠬᠠᠭᠤᠮᠠᠭᠠᠢ ᠂ ᠴᠠᠯᠠᠭᠠᠢᠳᠠᠵᠤ ᠣᠭᠲᠣ ᠪᠣᠯᠬᠤ ᠥᠬᠡᠢ ᠂ ᠨᠤᠲᠤᠭ ᠳᠡᠪᠢᠰᠬᠡᠷ ᠢ᠋ᠶ᠋ᠡᠨ ᠬᠠᠮᠠᠭᠠᠯᠠᠬᠤ ᠳ᠋ᠤ᠌ ᠬᠠᠷᠢᠭᠤᠴᠠᠯᠭ᠎ᠠ ᠲᠠᠢ ᠂ ᠨᠤᠲᠤᠭ ᠳᠡᠪᠢᠰᠬᠡᠷ ᠢ᠋ᠶ᠋ᠡᠨ ᠭᠦᠢᠴᠡᠳ ᠬᠠᠷᠢᠭᠤᠴᠠᠬᠤ ᠶ᠋ᠢ ᠡᠷᠡᠰ ᠪᠡᠶᠡᠯᠡᠭᠦᠯᠵᠦ ᠂ ᠳᠡᠭᠡᠳᠦ ᠱᠠᠲᠤᠨ ᠤ᠋  ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠪᠣᠯᠤᠨ ᠠᠵᠢᠯ ᠤ᠋ᠨ ᠱᠠᠭᠠᠷᠳᠠᠯᠭ᠎ᠠ ᠶ᠋ᠢ ᠪᠦᠬᠦ ᠬᠦᠴᠦᠨ ᠢ᠋ᠶ᠋ᠡᠷ ᠢ᠋ᠶ᠋ᠡᠨ ᠲᠤᠤᠱᠯᠠᠭᠤᠯᠤᠨ ᠨᠠᠢᠳᠠᠪᠤᠷᠢᠵᠢᠭᠤᠯᠵᠤ ᠂  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠣᠷᠢᠭᠯᠠᠬᠤ  ᠬᠠᠷᠰᠢ ᠰᠠᠭᠠᠳ ᠢ᠋ ᠡᠷᠡᠰ ᠲᠡᠮᠡᠴᠡᠨ ᠣᠯᠬᠤ ᠬᠡᠷᠡᠭᠲᠡᠢ ᠃

      ᠬᠣᠶᠠᠷ ᠂ ᠠᠵᠢᠯ ᠤ᠋ᠨ ᠠᠷᠭ᠎ᠠ ᠬᠡᠮᠵᠢᠶ᠎ᠡ ᠪᠡᠨ ᠴᠢᠩᠭᠠᠳᠭᠠᠵᠤ ᠂ ᠰᠢᠭᠦᠬᠦ ᠬᠣᠷᠢᠶᠠᠨ ᠤ᠋  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠢ᠋ ᠰᠠᠢᠲᠤᠷ ᠬᠢᠬᠦ ᠬᠡᠷᠡᠭᠲᠡᠢ ᠃

      ᠰᠢᠭᠦᠬᠦ ᠬᠣᠷᠢᠶᠠᠨ ᠤ᠋ ᠪᠠᠢᠭᠤᠯᠭ᠎ᠠ ᠵᠢᠴᠢ ᠣᠯᠠᠨ ᠨᠡᠢᠲᠡ ᠶ᠋ᠢᠨ ᠲᠠᠯᠠᠪᠤᠷ ᠭᠠᠵᠠᠷ ᠤ᠋ᠨ ᠠᠮᠤᠷ  ᠲᠦᠪᠰᠢᠨ ᠦ᠌ ᠬᠠᠮᠢᠶᠠᠷᠤᠯᠲᠠ ᠶ᠋ᠢ ᠴᠢᠩᠭᠠᠳᠭᠠᠪᠠ ᠃ ᠣᠷᠣᠨ ᠨᠤᠲᠤᠭ ᠤ᠋ᠨ  ᠬᠢᠵᠢᠭ᠌  ᠰᠡᠷᠭᠡᠢᠯᠡᠬᠦ ᠰᠠᠯᠠᠭ᠎ᠠ ᠮᠥᠴᠢᠷ ᠲᠡᠢ ᠢᠳᠡᠪᠬᠢᠲᠡᠢ ᠪᠡᠷ ᠵᠣᠯᠭᠠᠭᠤᠯᠵᠤ ᠂ ᠰᠢᠭᠦᠬᠦ ᠬᠣᠷᠢᠶᠠᠨ ᠤ᠋ ᠪᠠᠢᠭᠤᠯᠭ᠎ᠠ ᠶ᠋ᠢᠨ ᠠᠵᠢᠯᠯᠠᠬᠤ ᠂ ᠬᠡᠷᠡᠭ  ᠰᠢᠢᠳᠪᠦᠷᠢᠯᠡᠬᠦ ᠂ ᠠᠮᠢᠳᠤᠷᠠᠯ ᠵᠡᠷᠭᠡ ᠲᠠᠯᠠᠪᠤᠷ ᠢ᠋ ᠠᠷᠢᠭᠤᠳᠭᠠᠨ ᠴᠡᠪᠡᠷᠯᠡᠬᠦ ᠠᠵᠢᠯ ᠢ᠋ ᠰᠠᠢᠲᠤᠷ ᠬᠢᠬᠦ ᠬᠡᠷᠡᠭᠲᠡᠢ ᠃ ᠰᠢᠭᠦᠬᠦ ᠬᠣᠷᠢᠶᠠᠨ ᠤ᠋ ᠪᠠᠢᠭᠤᠯᠤᠯᠭ᠎ᠠ ᠶ᠋ᠢᠨ ᠡᠯ᠎ᠡ ᠣᠷᠣᠵᠤ ᠭᠠᠷᠬᠤ ᠭᠠᠵᠠᠷ ᠵᠢᠴᠢ ᠠᠶᠤᠯ ᠥᠬᠡᠢ ᠶ᠋ᠢᠨ ᠪᠠᠢᠴᠠᠭᠠᠯᠲᠠ ᠶ᠋ᠢᠨ ᠭᠠᠵᠠᠷ ᠲᠠᠯᠠᠪᠤᠷ ᠵᠡᠷᠭᠡ ᠳ᠋ᠦ᠍ ᠲᠤᠰᠭᠠᠢ ᠬᠥᠮᠦᠨ ᠲᠣᠬᠢᠷᠠᠭᠤᠯᠤᠨ ᠰᠠᠬᠢᠵᠤ ᠂ ᠪᠡᠶ᠎ᠡ ᠶ᠋ᠢᠨ ᠳᠤᠯᠠᠭᠠᠨ ᠤ᠋ ᠪᠠᠢᠴᠠᠭᠠᠨ ᠬᠡᠮᠵᠢᠬᠦ ᠪᠠᠭᠠᠵᠢ ᠵᠢᠴᠢ ᠴᠢᠬᠤᠯᠠ ᠪᠦᠬᠦᠢ ᠰᠡᠷᠭᠡᠢᠯᠡᠨ ᠬᠠᠮᠠᠭᠠᠯᠠᠬᠤ ᠲᠥᠬᠥᠭᠡᠷᠦᠮᠵᠢ ᠲᠣᠬᠢᠷᠠᠭᠤᠯᠬᠤ ᠬᠡᠷᠡᠭᠲᠡᠢ ᠃ ᠵᠠᠷᠭᠤ ᠶ᠋ᠢᠨ ᠦᠢᠯᠡᠴᠢᠯᠡᠭᠡᠨ ᠦ᠌ ᠲᠥᠪ ᠂  ᠰᠢᠭᠦᠨ ᠲᠠᠰᠤᠯᠬᠤ ᠰᠢᠭᠦᠬᠦ ᠲᠢᠩᠬᠢᠮ ᠂ ᠵᠠᠬᠢᠳᠠᠯ ᠰᠤᠷᠪᠤᠯᠵᠢᠯᠠᠭ᠎ᠠ ᠶ᠋ᠢ ᠬᠦᠯᠢᠶᠡᠨ ᠠᠪᠬᠤ ᠵᠡᠷᠭᠡ ᠣᠯᠠᠨ ᠨᠡᠢᠲᠡ ᠶ᠋ᠢᠨ ᠲᠠᠯᠠᠪᠤᠷ ᠲᠤ᠌ ᠡᠷᠡᠭᠦᠯ ᠬᠠᠮᠠᠭᠠᠯᠠᠯ ᠤ᠋ᠨ ᠣᠷᠴᠢᠨ ᠲᠣᠭᠣᠷᠢᠨ ᠢ᠋ ᠤᠷᠢᠳᠴᠢᠯᠠᠨ ᠰᠡᠷᠭᠡᠢᠯᠡᠬᠦ ᠪᠠ ᠠᠯᠠᠵᠤ ᠤᠰᠠᠳᠭᠠᠬᠤ ᠠᠵᠢᠯ ᠢ᠋ ᠦᠨᠡᠨᠬᠦ ᠰᠠᠢᠲᠤᠷ ᠬᠢᠵᠦ ᠂ ᠠᠮᠠᠪᠴᠢ ᠵᠡᠭᠦᠬᠦ ᠵᠡᠷᠭᠡ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠶ᠋ᠢ ᠴᠢᠩᠭ᠎ᠠ ᠨᠠᠢᠳᠠᠪᠤᠷᠢᠵᠢᠭᠤᠯᠬᠤ ᠶ᠋ᠢᠨ ᠬᠠᠮᠲᠤ ᠴᠣᠩᠬᠣᠨ ᠤ᠋ ᠠᠵᠢᠯ ᠤ᠋ᠨ ᠪᠠᠢᠷᠢ ᠶ᠋ᠢᠨ ᠠᠵᠢᠯ ᠤ᠋ᠨ  ᠺᠠᠲᠷ ᠴᠠᠭᠳᠠᠭ᠎ᠠ ᠳ᠋ᠤ᠌ ᠴᠢᠬᠤᠯᠠ ᠪᠦᠬᠦᠢ ᠰᠡᠷᠭᠡᠢᠯᠡᠨ ᠬᠠᠮᠠᠭᠠᠯᠠᠬᠤ ᠲᠥᠬᠥᠭᠡᠷᠦᠮᠵᠢ ᠲᠣᠬᠢᠷᠠᠭᠤᠯᠬᠤ ᠬᠡᠷᠡᠭᠲᠡᠢ ᠃

      ᠰᠢᠭᠦᠨ ᠲᠠᠰᠤᠯᠬᠤ ᠭᠦᠢᠴᠡᠳᠭᠡᠬᠦ ᠠᠵᠢᠯ ᠢ᠋ ᠵᠦᠢ ᠵᠣᠬᠢᠰᠲᠠᠢ ᠲᠣᠬᠢᠷᠠᠭᠤᠯᠪᠠ ᠃ ᠬᠤᠪᠧᠢ ᠮᠣᠵᠢ ᠵᠢᠴᠢ ᠬᠡᠰᠡᠭ ᠬᠢᠵᠢᠭ᠌  ᠦ᠋ᠨ ᠪᠠᠢᠳᠠᠯ ᠨᠡᠯᠢᠶᠡᠳ ᠣᠯᠠᠨ ᠭᠠᠵᠠᠷ ᠣᠷᠣᠨ ᠳ᠋ᠤ᠌ ᠬᠣᠯᠪᠣᠭᠳᠠᠭᠰᠠᠨ ᠲᠤᠬᠠᠢ ᠶ᠋ᠢᠨ ᠬᠥᠮᠦᠨ ᠦ᠌ ᠬᠡᠷᠡᠭ ᠢ᠋  ᠰᠢᠭᠦᠯᠲᠡ  ᠡᠬᠢᠯᠡᠭᠦᠯᠦᠨ ᠭᠡᠷᠡᠴᠢ ᠰᠣᠨᠣᠰᠴᠤ ᠪᠣᠯᠤᠨ᠎ᠠ ᠃ ᠬᠠᠤᠯᠢ ᠶᠣᠰᠣᠭᠠᠷ  ᠡᠷᠬᠡᠪᠰᠢ ᠲᠢᠩᠬᠢᠮ ᠨᠡᠭᠡᠭᠡᠵᠦ ᠂ ᠭᠡᠷᠡᠴᠢ ᠰᠣᠨᠣᠰᠬᠤ ᠴᠢᠬᠤᠯᠠ ᠲᠠᠢ ᠪᠤᠰᠤᠳ ᠬᠡᠷᠡᠭ ᠢ᠋ ᠪᠣᠯ  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠭᠰᠠᠨ ᠪᠠᠢᠳᠠᠯ ᠢ᠋ᠶ᠋ᠠᠨ ᠦᠨᠳᠦᠰᠦᠯᠡᠨ ᠬᠤᠭᠤᠴᠠᠭ᠎ᠠ ᠶ᠋ᠢ ᠨᠢ ᠦᠵᠡᠵᠦ ᠪᠠᠢᠭᠠᠳ  ᠬᠣᠢᠰᠢᠯᠠᠭᠤᠯᠵᠤ  ᠪᠣᠯᠤᠨ᠎ᠠ ᠃ ᠲᠤᠬᠠᠢ ᠢ᠋ᠢᠨ ᠬᠥᠮᠦᠨ ᠢ᠋ ᠢᠳᠡᠪᠬᠢᠲᠡᠢ ᠪᠡᠷ ᠬᠥᠲᠥᠯᠦᠨ ᠵᠢᠯᠣᠭᠣᠳᠴᠤ ᠪᠠᠢᠭᠠᠳ ᠡᠯᠧᠺᠲ᠋ᠷᠣᠨ ᠵᠠᠷᠭᠤ ᠶ᠋ᠢᠨ ᠦᠢᠯᠡᠴᠢᠯᠡᠭᠡᠨ ᠦ᠌ ᠲᠠᠪᠴᠠᠩ ᠂ ᠸᠢᠴᠠᠲ  ᠵᠢᠵᠢᠭ᠌   ᠬᠡᠷᠡᠭᠯᠡᠬᠦᠨ  ᠵᠡᠷᠭᠡ ᠢᠨᠲ᠋ᠧᠷ ᠰᠦᠯᠵᠢᠶ᠎ᠡ ᠶ᠋ᠢᠨ ᠮᠡᠷᠭᠡᠵᠢᠯ ᠢ᠋ᠶ᠋ᠡᠷ ᠳᠠᠮᠵᠢᠭᠤᠯᠤᠨ ᠬᠠᠮᠢᠶ᠎ᠠ ᠪᠦᠬᠦᠢ ᠵᠠᠷᠭᠤ ᠶ᠋ᠢᠨ ᠵᠦᠢᠯᠡᠰ ᠢ᠋ ᠭᠦᠢᠴᠡᠳᠭᠡᠯᠭᠡᠬᠦ ᠬᠡᠷᠡᠭᠲᠡᠢ ᠃ ᠲᠤᠰ ᠬᠡᠷᠡᠭ ᠢ᠋ ᠤᠳᠠᠯ ᠦᠭᠡᠢ ᠬᠤᠭᠤᠴᠠᠭ᠎ᠠ ᠨᠢ ᠲᠤᠯᠬᠤ ᠪᠥᠭᠡᠳ ᠡᠶᠡᠳᠡᠭᠦᠯᠵᠦ ᠪᠣᠯᠬᠤ ᠶ᠋ᠢ ᠨᠢ 《 ᠠᠷᠠᠳ ᠤ᠋ᠨ ᠰᠢᠭᠦᠬᠦ ᠬᠣᠷᠢᠶᠠᠨ ᠤ᠋  ᠡᠶᠡᠳᠡᠭᠦᠯᠬᠦ 》 ᠲᠠᠪᠴᠠᠩ ᠢ᠋ᠶ᠋ᠠᠷ ᠰᠦᠯᠵᠢᠶᠡᠨ ᠳᠡᠭᠡᠷ᠎ᠡ ᠡᠶᠡᠳᠡᠭᠦᠯᠬᠦ ᠶ᠋ᠢ ᠰᠠᠨᠠᠭᠤᠯᠤᠶ᠎ᠠ ᠃ ᠲᠤᠬᠠᠢ ᠶ᠋ᠢᠨ ᠬᠥᠮᠦᠨ ᠂ ᠵᠠᠷᠭᠤ ᠶ᠋ᠢᠨ ᠣᠷᠣᠯᠠᠭᠴᠢ ᠨᠢ ᠬᠠᠤᠯᠢ ᠶ᠋ᠢᠨ  ᠲᠤᠰᠢᠶᠠᠯᠲᠠᠨ ᠲᠠᠢ ᠬᠠᠷᠢᠯᠴᠠᠬᠤ ᠴᠢᠬᠤᠯᠠ ᠲᠠᠢ ᠪᠠᠢᠪᠠᠯ ᠂ ᠤᠷᠢᠳᠠᠪᠡᠷ  ᠰᠢᠯᠵᠢᠮᠡᠯ ᠪᠢᠴᠢᠯ ᠰᠢᠭᠦᠬᠦ ᠬᠣᠷᠢᠶ᠎ᠠ ᠂ 123 68 ᠵᠠᠷᠭᠤ ᠶ᠋ᠢᠨ ᠦᠢᠯᠡᠴᠢᠯᠡᠭᠡᠨ ᠦ᠌  ᠬᠠᠯᠠᠮᠰᠢᠯ ᠤᠲᠠᠰᠤ ᠂ ᠴᠠᠬᠢᠮ ᠴᠢᠮᠡᠭᠡ ᠂ ᠳ᠋ᠢᠶᠠᠩᠬᠤᠸᠠ ᠵᠡᠷᠭᠡ ᠲᠠᠪᠴᠠᠩ ᠪᠠ ᠠᠷᠭ᠎ᠠ ᠮᠠᠶᠢᠭ ᠢ᠋ᠶ᠋ᠠᠷ ᠳᠠᠮᠵᠢᠭᠤᠯᠤᠨ  ᠰᠢᠢᠳᠪᠦᠷᠢᠯᠡᠬᠦ  ᠶ᠋ᠢ ᠰᠠᠨᠠᠭᠠᠴᠢᠯᠠᠨ᠎ᠠ ᠃ ᠪᠠᠴᠢᠮ ᠪᠤᠰᠤ  ᠣᠨᠴᠠᠭᠠᠢ ᠪᠠᠢᠳᠠᠯ ᠲᠠᠢ ᠪᠥᠭᠡᠳ ᠲᠤᠰ ᠬᠣᠷᠢᠶᠠᠨ ᠤ᠋ ᠤᠳᠤᠷᠢᠳᠤᠯᠭ᠎ᠠ ᠪᠠᠷ  ᠵᠥᠪᠰᠢᠶᠡᠷᠡᠭᠦᠯᠦᠭᠡᠳ ᠺᠠᠲᠷ ᠴᠠᠭᠳᠠᠭ᠎ᠠ ᠶ᠋ᠢ  ᠬᠢᠵᠢᠭ᠌  ᠨᠡᠯᠢᠶᠡᠳ ᠠᠷᠪᠢᠨ ᠪᠠᠢᠭ᠎ᠠ ᠭᠠᠵᠠᠷ ᠣᠷᠣᠨ ᠳ᠋ᠤ᠌ ᠣᠴᠢᠭᠤᠯᠵᠤ ᠠᠯᠪᠠᠨ ᠠᠵᠢᠯ  ᠭᠦᠢᠴᠡᠳᠭᠡᠭᠦᠯᠵᠦ  ᠪᠣᠯᠬᠤ ᠥᠬᠡᠢ ᠃ ᠭᠦᠢᠴᠡᠳᠭᠡᠬᠦ ᠠᠵᠢᠯ ᠳ᠋ᠤ᠌ ᠬᠣᠯᠪᠣᠭᠳᠠᠬᠤ ᠶ᠋ᠢ ᠨᠢ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠭᠦᠢᠴᠡᠳᠭᠡᠬᠦ ᠲᠣᠪᠴᠢᠶ᠎ᠠ ᠶ᠋ᠢᠨ ᠮᠡᠳᠡᠭᠳᠡᠯ ᠦ᠋ᠨ ᠱᠠᠭᠠᠷᠳᠠᠯᠭ᠎ᠠ ᠶᠣᠰᠣᠭᠠᠷ ᠴᠢᠩᠭ᠎ᠠ ᠶᠠᠪᠤᠭᠳᠠᠭᠤᠯᠬᠤ ᠬᠡᠷᠡᠭᠲᠡᠢ ᠃

      ᠬᠢᠵᠢᠭ᠌ ᠰᠡᠷᠭᠡᠢᠯᠡᠯᠲᠡ ᠶ᠋ᠢᠨ  ᠰᠢᠨᠵᠢᠯᠡᠬᠦ ᠤᠬᠠᠭᠠᠨᠴᠢ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠦ᠌ ᠵᠢᠯᠣᠭᠣᠳᠤᠯᠭ᠎ᠠ ᠶ᠋ᠢ ᠴᠢᠩᠭᠠᠳᠭᠠᠵᠤ ᠃ ᠣᠷᠣᠨ ᠨᠤᠲᠤᠭ ᠤ᠋ᠨ  ᠬᠢᠵᠢᠭ᠌  ᠰᠡᠷᠭᠡᠢᠯᠡᠬᠦ ᠰᠠᠯᠠᠭ᠎ᠠ ᠮᠥᠴᠢᠷ ᠲᠡᠢ ᠢᠳᠡᠪᠬᠢᠲᠡᠢ ᠬᠠᠮᠵᠢᠯᠴᠠᠨ ᠂ ᠵᠥᠪ ᠲᠠᠯ᠎ᠠ ᠶ᠋ᠢᠨ ᠤᠬᠠᠭᠤᠯᠭ᠎ᠠ ᠬᠥᠮᠦᠵᠢᠯ ᠪᠠ ᠡᠷᠡᠭᠦᠯ ᠮᠡᠨᠳᠦ ᠶ᠋ᠢᠨ ᠰᠠᠨᠠᠭᠤᠯᠤᠮᠵᠢ ᠶ᠋ᠢ ᠥᠷᠨᠢᠭᠦᠯᠵᠦ ᠂ ᠰᠢᠭᠦᠬᠦ ᠬᠣᠷᠢᠶᠠᠨ ᠤ᠋ ᠠᠯᠪᠠᠨ ᠤ᠋ ᠲᠠᠯ᠎ᠠ ᠶ᠋ᠢᠨ ᠰᠦᠯᠵᠢᠶ᠎ᠡ ᠂ ᠸᠢᠴᠠᠲ ᠣᠯᠠᠨ ᠨᠡᠢᠲᠡ ᠶ᠋ᠢᠨ ᠨᠣᠮᠧᠷ ᠂ ᠪᠢᠴᠢᠯ ᠪᠥᠷᠭᠡ ᠵᠡᠷᠭᠡ ᠲᠠᠪᠴᠠᠩ ᠢ᠋ ᠭᠦᠢᠴᠡᠳ  ᠠᠰᠢᠭᠯᠠᠵᠤ᠂ ᠥᠷᠭᠡᠨ ᠣᠯᠠᠨ  ᠺᠠᠲᠷ ᠴᠠᠭᠳᠠᠭ᠎ᠠ ᠪᠠ ᠠᠷᠠᠳ ᠲᠦᠮᠡᠨ ᠢ᠋ ᠬᠥᠮᠦᠵᠢᠭᠦᠯᠦᠨ ᠬᠥᠲᠥᠯᠦᠨ ᠵᠢᠯᠣᠭᠣᠳᠴᠤ ᠬᠠᠪᠰᠤᠷᠴᠤ ᠂  ᠰᠢᠨ᠎ᠡ ᠬᠡᠯᠪᠡᠷᠢ ᠶ᠋ᠢᠨ  ᠲᠢᠲᠢᠮᠯᠢᠭ᠌ ᠠᠭᠤᠰᠭᠢᠨ ᠦᠷᠪᠢᠰᠦᠯ ᠵᠡᠷᠭᠡ ᠠᠮᠢᠰᠭᠤᠯ ᠤ᠋ᠨ ᠵᠠᠮ ᠤ᠋ᠨ ᠬᠠᠯᠳᠠᠪᠤᠷᠢᠲᠤ ᠡᠪᠡᠳᠴᠢᠨ ᠢ᠋ ᠰᠡᠷᠭᠡᠢᠯᠡᠨ ᠬᠢᠵᠠᠭᠠᠷᠯᠠᠬᠤ ᠮᠡᠳᠡᠯᠭᠡ ᠶ᠋ᠢ ᠴᠠᠭ ᠲᠤᠬᠠᠢ ᠳ᠋ᠤᠨᠢ  ᠡᠵᠡᠮᠰᠢᠵᠦ ᠂ ᠥᠪᠡᠷ ᠢ᠋ ᠪᠡᠨ ᠰᠡᠷᠭᠡᠢᠯᠡᠨ ᠬᠠᠮᠠᠭᠠᠯᠠᠬᠤ ᠦᠵᠡᠯ ᠤᠬᠠᠮᠰᠠᠷ ᠢ᠋ ᠨᠢ ᠴᠢᠩᠭᠠᠳᠭᠠᠬᠤ ᠬᠡᠷᠡᠭᠲᠡᠢ ᠃ ᠤᠯᠤᠰ ᠲᠥᠷᠥ ᠶ᠋ᠢᠨ ᠰᠠᠬᠢᠯᠭ᠎ᠠ ᠪᠠᠲᠤ ᠶ᠋ᠢ ᠴᠢᠩᠭᠠᠳᠭᠠᠵᠤ ᠂ ᠰᠢᠭᠦᠬᠦ ᠬᠣᠷᠢᠶᠠᠨ ᠤ᠋  ᠺᠠᠲᠷ ᠴᠠᠭᠳᠠᠭ᠎ᠠ ᠴᠤᠤᠷᠬᠠᠯ ᠲᠠᠯᠪᠢᠬᠤ ᠦᠭᠡᠢ ᠂ ᠴᠤᠤᠷᠬᠠᠯ ᠢ᠋ ᠢᠲᠡᠭᠡᠬᠦ ᠦᠭᠡᠢ ᠂ ᠴᠤᠤᠷᠬᠠᠯ ᠳᠠᠮᠵᠢᠭᠤᠯᠬᠤ ᠳ᠋ᠤ᠌ ᠣᠷᠣᠯᠴᠠᠬᠤ ᠦᠭᠡᠢ ᠂ ᠬᠤᠳᠠᠯ ᠬᠡᠯᠡᠵᠦ ᠦᠢᠯᠡᠳᠬᠦ ᠳ᠋ᠦ᠍ ᠣᠷᠣᠯᠴᠠᠬᠤ ᠦᠭᠡᠢ ᠂ ᠦᠨᠡᠨ ᠪᠤᠰᠤ ᠮᠡᠳᠡᠭᠡᠯᠡᠯ ᠢ᠋ ᠳᠠᠮᠵᠢᠭᠤᠯᠵᠤ ᠥᠭᠬᠦ ᠦᠭᠡᠢ ᠪᠠᠢᠬᠤ ᠶ᠋ᠢ ᠡᠷᠡᠰ ᠪᠡᠶᠡᠯᠡᠭᠦᠯᠬᠦ ᠬᠡᠷᠡᠭᠲᠡᠢ ᠃  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠳᠤᠮᠳᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠥᠬᠡᠢ ᠂ ᠡᠭᠦᠷᠭᠡ ᠬᠠᠷᠢᠭᠤᠴᠠᠯᠭ᠎ᠠ ᠪᠠᠨ ᠵᠣᠬᠢᠰ ᠥᠬᠡᠢ ᠭᠦᠢᠴᠡᠳᠭᠡᠵᠦ ᠂ ᠬᠠᠤᠯᠢ ᠠ᠋ᠴᠠ ᠵᠥᠷᠢᠴᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠣᠯ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤ᠋ᠨ ᠶᠣᠰᠣᠭᠠᠷ ᠬᠠᠮᠢᠶ᠎ᠠ ᠪᠦᠬᠦᠢ ᠬᠥᠮᠦᠰ ᠦ᠋ᠨ ᠬᠠᠷᠢᠭᠤᠴᠠᠯᠭ᠎ᠠ ᠶ᠋ᠢ ᠴᠢᠩᠭ᠎ᠠ ᠨᠡᠬᠡᠮᠵᠢᠯᠡᠬᠦ ᠬᠡᠷᠡᠭᠲᠡᠢ ᠃

       ᠬᠢᠵᠢᠭ᠌ ᠦ᠋ᠨ ᠪᠠᠢᠳᠠᠯ ᠤ᠋ᠨ ᠬᠤᠭᠤᠴᠠᠭᠠᠨ ᠤ᠋ ᠪᠠᠴᠢᠮ ᠪᠠᠢᠳᠠᠯ ᠢ᠋ ᠠᠷᠭᠠᠴᠠᠬᠤ ᠰᠠᠬᠢᠬᠤ ᠠᠵᠢᠯ ᠪᠣᠯᠤᠨ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠵᠢᠯ ᠢ᠋ ᠬᠢᠨᠠᠮᠠᠭᠠᠢ ᠰᠠᠢᠲᠤᠷ ᠬᠢᠬᠦ ᠬᠡᠷᠡᠭᠲᠡᠢ ᠃ ᠳᠡᠭᠡᠳᠦ ᠰᠤᠷᠭᠠᠭᠤᠯᠢ ᠶ᠋ᠢᠨ ᠤᠳᠤᠷᠢᠳᠤᠯᠭ᠎ᠠ ᠵᠢᠵᠢᠭᠦᠷᠯᠡᠬᠦ ᠳᠦᠷᠢᠮ ᠪᠠ 24 ᠴᠠᠭ ᠢ᠋ᠶ᠋ᠠᠷ ᠵᠢᠵᠢᠭᠦᠷᠯᠡᠬᠦ ᠳᠦᠷᠢᠮ ᠢ᠋ ᠴᠢᠩᠭ᠎ᠠ ᠨᠠᠢᠳᠠᠪᠤᠷᠢᠵᠢᠭᠤᠯᠵᠤ ᠂ ᠪᠦᠬᠦ  ᠺᠠᠲᠷ ᠴᠠᠭᠳᠠᠭ᠎ᠠ ᠢᠯᠠᠩᠭᠤᠶ᠎ᠠ ᠤᠳᠤᠷᠢᠳᠬᠤ ᠪᠠᠭ ᠤ᠋ᠨ ᠪᠦᠷᠢᠯᠳᠦᠬᠦᠨ 24 ᠴᠠᠭ ᠢ᠋ᠶ᠋ᠠᠷ ᠭᠠᠷ ᠤᠲᠠᠰᠤ ᠨᠡᠭᠡᠭᠡᠵᠦ ᠪᠠᠢᠬᠤ ᠪᠠᠢᠳᠠᠯ ᠢ᠋ ᠪᠠᠲᠤᠯᠠᠵᠤ ᠂ ᠮᠡᠳᠡᠭᠡ ᠵᠠᠩᠭᠢ ᠶ᠋ᠢᠨ ᠵᠠᠮ ᠮᠥᠷ ᠢ᠋ ᠰᠠᠭᠠᠳ ᠥᠬᠡᠢ ᠨᠡᠪᠲᠡᠷᠡᠭᠦᠯᠵᠦ ᠂ ᠭᠡᠨᠡᠳᠲᠡ ᠶ᠋ᠢᠨ ᠬᠡᠷᠡᠭ ᠪᠤᠶᠤ ᠪᠠᠴᠢᠮ ᠪᠠᠢᠳᠠᠯ ᠲᠣᠬᠢᠶᠠᠯᠳᠤᠪᠠᠯ ᠬᠦᠴᠦᠲᠡᠢ ᠂ ᠲᠦᠷᠭᠡᠨ ᠳᠠᠭᠠᠵᠤ ᠂ ᠲᠣᠬᠢᠲᠠᠢ ᠠᠷᠭᠠᠴᠠᠵᠤ ᠂ ᠥᠨᠳᠥᠷ ᠪᠦᠲᠦᠮᠵᠢᠲᠡᠢ ᠪᠡᠷ  ᠰᠢᠢᠳᠪᠦᠷᠢᠯᠡᠵᠦ ᠳᠡᠢᠯᠬᠦ ᠶ᠋ᠢ ᠦᠨᠡᠨᠬᠦ ᠪᠠᠲᠤᠯᠠᠬᠤ ᠬᠡᠷᠡᠭᠲᠡᠢ ᠃ ᠬᠠᠷᠢᠶᠠᠲᠤ ᠣᠷᠣᠨ ᠤ᠋ ᠰᠢᠭᠦᠬᠦ ᠬᠣᠷᠢᠶ᠎ᠠ ᠶ᠋ᠢ 1 ᠰᠠᠷ᠎ᠠ ᠶ᠋ᠢᠨ 29  ᠦ᠌ ᠡᠳᠦᠷ ᠡᠴᠡ ᠡᠬᠢᠯᠡᠨ  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠮᠡᠳᠡᠭᠡ ᠵᠠᠩᠭᠢ ᠶ᠋ᠢ ᠡᠳᠦᠷ ᠪᠦᠷᠢ ᠮᠡᠳᠡᠭᠦᠯᠬᠦ ᠳᠦᠷᠢᠮ ᠢ᠋ ᠴᠢᠩᠭ᠎ᠠ ᠨᠠᠢᠳᠠᠪᠤᠷᠢᠵᠢᠭᠤᠯᠵᠤ ᠂ ᠲᠤᠰᠭᠠᠢ ᠬᠥᠮᠦᠨ ᠲᠣᠬᠢᠷᠠᠭᠤᠯᠤᠨ ᠡᠳᠦᠷ ᠪᠦᠷᠢ ᠶ᠋ᠢᠨ 17 ᠄ 00  ᠠ᠋ᠴᠠ ᠡᠮᠦᠨ᠎ᠡ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠵᠢᠵᠢᠭᠦᠷ ᠦ᠋ᠨ ᠭᠡᠷ ᠲᠦ᠍ ᠬᠠᠮᠢᠶ᠎ᠠ ᠪᠦᠬᠦᠢ ᠪᠠᠢᠳᠠᠯ ᠢ᠋  ᠪᠢᠴᠢᠭ᠌  ᠢ᠋ᠶ᠋ᠡᠷ ᠮᠡᠳᠡᠭᠦᠯᠦᠨ ᠬᠦᠷᠭᠡᠬᠦ ᠶ᠋ᠢ ᠬᠠᠷᠢᠭᠤᠴᠠᠭᠤᠯᠵᠤ ᠂ ᠬᠤᠳᠠᠯ ᠮᠡᠳᠡᠭᠦᠯᠬᠦ ᠂ ᠨᠢᠭᠤᠵᠤ ᠮᠡᠳᠡᠭᠦᠯᠬᠦ ᠥᠬᠡᠢ ᠂ ᠣᠷᠬᠢᠭᠳᠠᠭᠤᠯᠬᠤ ᠶ᠋ᠢ ᠴᠢᠩᠭ᠎ᠠ ᠴᠠᠭᠠᠵᠠᠯᠠᠨ᠎ᠠ ᠃

      ᠭᠤᠷᠪᠠ ᠂ ᠠᠵᠢᠯ ᠤ᠋ᠨ ᠰᠠᠬᠢᠯᠭ᠎ᠠ ᠪᠠᠲᠤ ᠶ᠋ᠢ ᠴᠢᠩᠭ᠎ᠠ ᠲᠣᠳᠣᠷᠬᠠᠢ ᠪᠠᠢᠯᠭᠠᠵᠤ ᠂  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠱᠠᠭᠠᠷᠳᠠᠯᠭ᠎ᠠ ᠶ᠋ᠢ ᠨᠠᠢᠳᠠᠪᠤᠷᠢᠵᠢᠭᠤᠯᠬᠤ ᠬᠡᠷᠡᠭᠲᠡᠢ ᠃

       ᠲᠤᠬᠠᠢ ᠶ᠋ᠢᠨ ᠭᠠᠵᠠᠷ ᠤ᠋ᠨ ᠨᠠᠮ ᠤ᠋ᠨ ᠬᠣᠷᠢᠶ᠎ᠠ ᠂ ᠵᠠᠰᠠᠭ ᠤ᠋ᠨ ᠣᠷᠳᠣᠨ ᠵᠢᠴᠢ ᠬᠠᠮᠢᠶ᠎ᠠ ᠪᠦᠬᠦᠢ ᠨᠢᠭᠡᠴᠡ ᠲᠡᠢ ᠢᠳᠡᠪᠬᠢᠲᠡᠢ ᠬᠠᠮᠵᠢᠯᠴᠠᠨ  ᠬᠢᠵᠢᠭ᠌ ᠦ᠋ᠨ ᠪᠠᠢᠳᠠᠯ ᠢ᠋ ᠬᠢᠨᠠᠨ ᠬᠡᠮᠵᠢᠬᠦ ᠂ ᠵᠢᠭᠰᠠᠭᠠᠨ ᠪᠠᠢᠴᠠᠭᠠᠬᠤ ᠂ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ᠋ ᠰᠠᠢᠲᠤᠷ ᠬᠢᠵᠦ ᠂ ᠲᠤᠰ ᠬᠣᠷᠢᠶᠠᠨ ᠤ᠋  ᠺᠠᠲᠷ ᠴᠠᠭᠳᠠᠭ᠎ᠠ ᠶ᠋ᠢᠨ ᠴᠠᠭᠠᠨ ᠰᠠᠷ᠎ᠠ ᠶ᠋ᠢᠨ ᠬᠤᠭᠤᠴᠠᠭᠠᠨ ᠳ᠋ᠠᠬᠢ ᠠᠵᠢᠯᠯᠠᠭᠠᠨ ᠤ᠋  ᠬᠠᠨᠳᠤᠰᠢ  ᠶ᠋ᠢ ᠪᠦᠬᠦ ᠲᠠᠯ᠎ᠠ ᠪᠠᠷ ᠣᠢᠯᠠᠭᠠᠵᠤ ᠂ ᠬᠤᠪᠧᠢ ᠮᠣᠵᠢ ᠵᠢᠴᠢ ᠬᠡᠰᠡᠭ  ᠬᠢᠵᠢᠭ᠌ ᠦ᠋ᠨ ᠪᠠᠢᠳᠠᠯ ᠨᠡᠯᠢᠶᠡᠳ ᠣᠯᠠᠨ ᠪᠠᠢᠭ᠎ᠠ ᠭᠠᠵᠠᠷ ᠣᠷᠣᠨ ᠠ᠋ᠴᠠ ᠪᠤᠴᠠᠵᠤ ᠢᠷᠡᠬᠦ ᠪᠤᠶᠤ  ᠬᠦᠷᠦᠯᠴᠡᠭᠰᠡᠨ ᠲᠡᠦᠬᠡ ᠲᠡᠢ   ᠺᠠᠲᠷ ᠴᠠᠭᠳᠠᠭ᠎ᠠ ᠳ᠋ᠤ᠌ ᠲᠤᠬᠠᠢ ᠶ᠋ᠢᠨ ᠭᠠᠵᠠᠷ ᠤ᠋ᠨ  ᠬᠢᠵᠢᠭ᠌  ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠰᠠᠯᠠᠭ᠎ᠠ ᠮᠥᠴᠢᠷ ᠦ᠋ᠨ ᠱᠠᠭᠠᠷᠳᠠᠯᠭ᠎ᠠ ᠶᠣᠰᠣᠭᠠᠷ ᠴᠠᠭ ᠲᠤᠬᠠᠢ ᠳ᠋ᠤᠨᠢ ᠰᠠᠨᠠᠭᠠᠴᠢᠯᠠᠭ᠎ᠠ ᠠ᠋ᠴᠠ ᠪᠠᠨ ᠬᠣᠯᠪᠣᠭᠳᠠᠯ ᠪᠦᠬᠦᠢ ᠰᠠᠯᠠᠭ᠎ᠠ ᠮᠥᠴᠢᠷ ᠲᠦ᠍ ᠮᠡᠳᠡᠭᠦᠯᠬᠦ ᠬᠡᠷᠡᠭᠲᠡᠢ ᠃ ᠬᠡᠷᠪᠡ ᠠᠮᠢᠰᠭᠤᠯ ᠤ᠋ᠨ ᠵᠠᠮ ᠤ᠋ᠨ ᠢᠯᠡᠷᠡᠯ ᠪᠤᠶᠤ ᠬᠠᠯᠠᠭᠤᠷᠠᠬᠤ ᠪᠠᠢᠳᠠᠯ ᠢᠯᠡᠷᠡᠪᠡᠯ ᠲᠡᠷᠡ ᠳᠠᠷᠤᠢ ᠳ᠋ᠤᠨᠢ ᠡᠮᠨᠡᠯᠭᠡ ᠳ᠋ᠦ᠍ ᠬᠦᠷᠴᠦ ᠡᠮᠨᠡᠭᠦᠯᠦᠨ ᠬᠠᠮᠢᠶ᠎ᠠ ᠪᠦᠬᠦᠢ ᠪᠠᠢᠳᠠᠯ ᠢ᠋ ᠦᠨᠡᠨ ᠪᠣᠳᠠᠲᠠᠢ ᠪᠠᠷ ᠮᠡᠳᠡᠭᠳᠡᠬᠦ ᠬᠡᠷᠡᠭᠲᠡᠢ᠃ ᠣᠯᠠᠨ ᠨᠡᠢᠲᠡ ᠶ᠋ᠢᠨ ᠴᠤᠭᠯᠠᠷᠠᠬᠤ ᠴᠢᠨᠠᠷᠲᠠᠢ ᠠᠵᠢᠯᠯᠠᠭ᠎ᠠ ᠶ᠋ᠢ ᠪᠠᠭᠠᠰᠬᠠᠬᠤ ᠪᠤᠶᠤ ᠦᠭᠡᠢᠰᠭᠡᠵᠦ ᠂ 《 ᠵᠠᠪᠠᠯ ᠬᠢᠬᠦ ᠥᠬᠡᠢ ᠂ ᠡᠷᠬᠢᠯᠡᠬᠦ ᠥᠬᠡᠢ 》 ᠪᠠᠢᠬᠤ ᠵᠠᠷᠴᠢᠮ ᠤ᠋ᠨ ᠶᠣᠰᠣᠭᠠᠷ ᠡᠯ᠎ᠡ ᠲᠥᠷᠥᠯ ᠦ᠋ᠨ ᠬᠤᠷᠠᠯ ᠢ᠋ ᠴᠢᠩᠭ᠎ᠠ ᠬᠢᠵᠠᠭᠠᠷᠯᠠᠵᠤ ᠂ ᠣᠢᠷ᠎ᠠ ᠶ᠋ᠢᠨ ᠬᠤᠭᠤᠴᠠᠭᠠᠨ ᠳ᠋ᠤ᠌  ᠰᠢᠭᠦᠬᠦ ᠬᠣᠷᠢᠶ᠎ᠠ ᠪᠤᠶᠤ ᠰᠠᠯᠠᠭ᠎ᠠ ᠮᠥᠴᠢᠷ ᠂ ᠲᠢᠩᠬᠢᠮ ᠂ ᠡᠪᠯᠡᠯ ᠂ ᠴᠤᠭᠯᠠᠭᠠᠨ ᠵᠡᠷᠭᠡ ᠬᠠᠮᠲᠤ ᠶ᠋ᠢᠨ ᠠᠵᠢᠯᠯᠠᠭ᠎ᠠ ᠶ᠋ᠢ ᠵᠣᠬᠢᠶᠠᠨ ᠪᠠᠢᠭᠤᠯᠵᠤ ᠪᠣᠯᠬᠤ ᠥᠬᠡᠢ ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )