ᠰᠢ ᠵᠢᠨ ᠫᠢᠩ ᠶᠡᠷᠦᠩᠬᠡᠢ ᠱᠦᠵᠢ ᠶ᠋ᠢᠨ ᠭᠣᠣᠯ ᠰᠡᠳᠦᠪᠲᠦ ᠬᠥᠮᠦᠵᠢᠯ ᠦ᠋ᠨ ᠳ᠋ᠦᠩᠨᠡᠯᠲᠡ ᠶ᠋ᠢᠨ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠭᠣᠣᠯ ᠰᠡᠳᠦᠪᠲᠦ ᠬᠥᠮᠦᠵᠢᠯ ᠦ᠋ᠨ ᠦᠷ᠎ᠡ ᠪᠦᠲᠦᠮᠵᠢ ᠶ᠋ᠢ ᠬᠤᠪᠢᠷᠠᠭᠤᠯᠬᠤ ᠪᠠ ᠪᠠᠲᠤᠳᠭᠠᠬᠤ ᠠᠵᠢᠯ ᠢ᠋ ᠰᠠᠢᠲᠤᠷ ᠬᠢᠬᠦ ᠶ᠋ᠢᠨ ᠲᠥᠯᠥᠭᠡ ᠂ 1 ᠰᠠᠷ᠎ᠠ ᠶ᠋ᠢᠨ 19 ᠦ᠌ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶ᠎ᠠ 《 ᠤᠭ ᠰᠠᠨᠠᠭ᠎ᠠ ᠪᠠᠨ ᠦᠯᠦ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠣᠯ ᠰᠡᠳᠦᠪᠲᠦ ᠬᠥᠮᠦᠵᠢᠯ ᠦ᠋ᠨ ᠳ᠋ᠦᠩᠨᠡᠯᠲᠡ ᠶ᠋ᠢᠨ ᠶᠡᠬᠡ ᠬᠤᠷᠠᠯ ᠬᠢᠵᠦ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠣᠷᠤᠯᠠᠭᠴᠢ ᠬᠣᠷᠢᠶᠠᠨ ᠳᠠᠷᠤᠭ᠎ᠠ ᠰᠦ᠍ ᠯᠢ ᠵᠢᠶᠦ᠋ᠨ ᠳ᠋ᠦᠩᠨᠡᠯᠲᠡ ᠶ᠋ᠢᠨ ᠶᠠᠷᠢᠶ᠎ᠠ ᠲᠠᠯᠪᠢᠵᠤ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠠᠢ ᠹᠧᠢ ᠬᠤᠷᠠᠯ ᠡᠷᠬᠢᠯᠡᠵᠦ ᠂ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ 《 ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》 ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠵᠢᠷᠭᠤᠳᠤᠭᠠᠷ ᠲᠣᠭᠣᠷᠢᠨ ᠵᠢᠭᠠᠨ ᠵᠢᠯᠣᠭᠣᠳᠬᠤ ᠳᠤᠭᠤᠢᠯᠠᠩ ᠤ᠋ᠨ ᠳᠠᠷᠤᠭ᠎ᠠ ᠯᠢᠦ ᠵᠧᠨ ᠬᠤᠸᠠ ᠂ ᠳᠤᠭᠤᠢᠯᠠᠩ ᠤ᠋ᠨ ᠭᠡᠰᠢᠭᠦᠨ ᠬᠣᠣ ᠵᠧᠨ ᠳ᠋ᠦᠩ ᠬᠤᠷᠠᠯ ᠳ᠋ᠤ᠌ ᠣᠷᠣᠯᠴᠠᠨ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶ᠎ᠠ ᠶ᠋ᠢᠨ ᠭᠡᠷ ᠲᠡᠭᠡᠨ ᠪᠠᠢᠭ᠎ᠠ ᠤᠳᠤᠷᠢᠳᠬᠤ ᠪᠠᠭ ᠤ᠋ᠨ ᠪᠦᠷᠢᠯᠳᠦᠬᠦᠨ ᠵᠢᠴᠢ ᠪᠦᠬᠦ ᠺᠠᠲᠷ ᠴᠠᠭᠳᠠᠭ᠎ᠠ ᠬᠤᠷᠠᠯ ᠳ᠋ᠤ᠌ ᠣᠷᠣᠯᠴᠠᠪᠠ ᠃
ᠰᠦ᠍ ᠯᠢ ᠵᠢᠶᠦ᠋ᠨ ᠴᠢᠬᠤᠯᠠᠴᠢᠯᠠᠭᠰᠠᠨ ᠨᠢ ᠂ ᠪᠦᠬᠦ ᠨᠠᠮ ᠤ᠋ᠨ ᠬᠡᠪᠴᠢᠶᠡᠨ ᠳ᠋ᠦ᠍ 《 ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠣᠣᠯ ᠰᠡᠳᠦᠪᠲᠦ ᠬᠥᠮᠦᠵᠢᠯ ᠢ᠋ ᠥᠷᠨᠢᠭᠦᠯᠬᠦ ᠨᠢ ᠰᠢ ᠵᠢᠨ ᠫᠢᠩ ᠨᠥᠬᠥᠷ ᠢ᠋ᠶ᠋ᠡᠷ ᠭᠣᠣᠯ ᠪᠣᠯᠭᠠᠭᠰᠠᠨ ᠨᠠᠮ ᠤ᠋ᠨ ᠲᠥᠪ ᠬᠣᠷᠢᠶ᠎ᠠ ᠶ᠋ᠢᠨ ᠠᠭᠤᠤ ᠶᠡᠬᠡ ᠲᠡᠮᠡᠴᠡᠯ ᠂ ᠠᠭᠤᠤ ᠶᠡᠬᠡ ᠢᠨᠵᠧᠨᠧᠷᠢᠩ ᠂ ᠠᠭᠤᠤ ᠶᠡᠬᠡ ᠦᠢᠯᠡᠰ ᠂ ᠠᠭᠤᠤ ᠶᠡᠬᠡ ᠬᠦᠰᠡᠯ ᠵᠡᠭᠦᠳᠦ ᠪᠡᠷ ᠬᠢᠭᠰᠡᠨ ᠴᠢᠬᠤᠯᠠ ᠶᠡᠬᠡ ᠪᠠᠢᠷᠢᠯᠠᠭᠤᠯᠤᠯᠲᠠ ᠪᠣᠯᠤᠨ᠎ᠠ ᠃ ᠭᠣᠣᠯ ᠰᠡᠳᠦᠪᠲᠦ ᠬᠥᠮᠦᠵᠢᠯ ᠦ᠋ᠨ ᠦᠷ᠎ᠡ ᠪᠦᠲᠦᠮᠵᠢ ᠶ᠋ᠢ ᠬᠦᠴᠢᠷ ᠪᠡᠷᠬᠡ ᠶ᠋ᠢ ᠢᠯᠠᠨ ᠳᠠᠪᠠᠵᠤ ᠂ ᠳᠠᠬᠢᠨ ᠣᠷᠭᠢᠯ ᠳ᠋ᠤ᠌ ᠭᠠᠷᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠶ᠋ᠢ ᠪᠠᠷᠢᠮᠲᠠᠯᠠᠵᠤ ᠂ ᠮᠠᠨ ᠤ᠋ ᠬᠣᠷᠢᠶᠠᠨ ᠤ᠋ ᠠᠵᠢᠯ ᠤ᠋ᠨ ᠰᠢᠨ᠎ᠡ ᠪᠠᠢᠳᠠᠯ ᠢ᠋ ᠲᠠᠰᠤᠷᠠᠯᠲᠠ ᠦᠭᠡᠢ ᠪᠣᠢ ᠪᠣᠯᠭᠠᠵᠤ ᠂ ᠣᠷᠳᠣᠰ ᠤ᠋ᠨ ᠠᠵᠤ ᠠᠬᠤᠢ ᠨᠡᠢᠭᠡᠮ ᠦ᠋ᠨ ᠴᠢᠨᠠᠷ ᠰᠠᠢᠲᠠᠢ ᠬᠥᠭᠵᠢᠯᠲᠡ ᠳ᠋ᠦ᠍ ᠨᠡᠩ ᠬᠦᠴᠦᠲᠡᠢ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠪᠠᠷ ᠴᠢᠷᠮᠠᠢᠬᠤ ᠬᠡᠷᠡᠭᠲᠡᠢ ᠃
ᠨᠢᠭᠡ ᠂ ᠭᠣᠣᠯ ᠰᠡᠳᠦᠪᠲᠦ ᠬᠥᠮᠦᠵᠢᠯ ᠦ᠋ᠨ ᠦᠷ᠎ᠡ ᠪᠦᠲᠦᠮᠵᠢ ᠶ᠋ᠢ ᠪᠦᠬᠦ ᠲᠠᠯ᠎ᠠ ᠪᠠᠷ ᠳ᠋ᠦᠩᠨᠡᠵᠦ ᠂ ᠭᠣᠣᠯ ᠰᠡᠳᠦᠪᠲᠦ ᠬᠥᠮᠦᠵᠢᠯ ᠦ᠋ᠨ ᠦᠷ᠎ᠡ ᠪᠦᠲᠦᠭᠡᠯ ᠢ᠋ ᠠᠵᠢᠯ ᠤ᠋ᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶ᠋ᠢ ᠠᠬᠢᠭᠤᠯᠤᠨ᠎ᠠ
ᠨᠢᠭᠡ ᠳ᠋ᠦ᠍ ᠣᠨᠣᠯ ᠤ᠋ᠨ ᠰᠤᠷᠤᠯᠴᠠᠯᠭ᠎ᠠ ᠰᠢᠨ᠎ᠡ ᠠᠮᠵᠢᠯᠲᠠ ᠣᠯᠪᠠ᠃ ᠭᠣᠣᠯ ᠰᠡᠳᠦᠪᠲᠦ ᠬᠥᠮᠦᠵᠢᠯ ᠦ᠋ᠨ ᠬᠤᠭᠤᠴᠠᠭᠠᠨ ᠳ᠋ᠤ᠌ ᠂ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠨᠢ ᠪᠡᠶ᠎ᠡ ᠪᠡᠷ ᠢ᠋ᠶ᠋ᠡᠨ ᠬᠡᠪ ᠳᠦᠷᠢᠮ ᠪᠣᠯᠵᠤ ᠂ ᠤᠭ ᠵᠣᠬᠢᠶᠠᠯ ᠢ᠋ ᠳᠠᠭᠠᠭᠤᠯᠤᠨ ᠰᠤᠷᠤᠯᠴᠠᠵᠤ ᠂ ᠤᠭ ᠵᠣᠬᠢᠶᠠᠯ ᠢ᠋ ᠰᠤᠷᠤᠯᠴᠠᠵᠤ ᠂ ᠤᠭ ᠶᠣᠰᠣ ᠶ᠋ᠢ ᠤᠬᠠᠵᠤ ᠂ ᠶᠡᠷᠦᠩᠬᠡᠢ ᠱᠦᠵᠢ ᠰᠢ ᠵᠢᠨ ᠫᠢᠩ ᠦ᠋ᠨ ᠬᠠᠮᠤᠭ ᠤ᠋ᠨ ᠰᠢᠨ᠎ᠡ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠪᠠ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠳᠥᠷᠪᠡᠳᠦᠭᠡᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠴᠠᠭ ᠲᠤᠬᠠᠢ ᠳ᠋ᠤᠨᠢ ᠳᠠᠭᠠᠵᠤ ᠂ ᠤᠷᠢᠳ ᠬᠣᠵᠢᠳ 7 ᠤᠳᠠᠭ᠎ᠠ ᠲᠥᠪᠯᠡᠷᠡᠭᠦᠯᠦᠨ ᠰᠤᠷᠤᠯᠴᠠᠵᠤ ᠂ 4 ᠤᠳᠠᠭ᠎ᠠ ᠰᠤᠳᠤᠯᠤᠨ ᠶᠠᠷᠢᠯᠴᠠᠵᠤ ᠂ ᠪᠠᠭ ᠤ᠋ᠨ ᠪᠦᠷᠢᠯᠳᠦᠬᠦᠨ ᠨᠠᠷ 3 ᠤᠳᠠᠭ᠎ᠠ ᠨᠠᠮ ᠤ᠋ᠨ ᠬᠢᠴᠢᠶᠡᠯ ᠣᠷᠣᠪᠠ ᠃ ᠡᠯ᠎ᠡ ᠨᠠᠮ ᠤ᠋ᠨ ᠡᠭᠦᠷ 《 ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》ᠲᠤᠰᠭᠠᠢ ᠰᠡᠳᠦᠪᠲᠦ ᠨᠠᠮ ᠤ᠋ᠨ ᠡᠳᠦᠷ ᠦ᠋ᠨ ᠠᠵᠢᠯᠯᠠᠭ᠎ᠠ ᠶ᠋ᠢ ᠢᠳᠡᠪᠬᠢᠲᠡᠢ ᠵᠣᠬᠢᠶᠠᠨ ᠪᠠᠢᠭᠤᠯᠤᠨ ᠥᠷᠨᠢᠭᠦᠯᠵᠦ ᠂ ᠶᠠᠷᠢᠯᠴᠠᠬᠤ ᠬᠤᠷᠠᠯ ᠰᠣᠯᠢᠯᠴᠠᠭ᠎ᠠ ᠬᠢᠬᠦ ᠂ ᠬᠡᠪ ᠴᠢᠨᠠᠷ ᠢ᠋ᠶ᠋ᠠᠨ ᠥᠷᠭᠡᠳᠭᠡᠬᠦ ᠂ ᠡᠬᠡ ᠣᠷᠣᠨᠴᠢ ᠺᠢᠨᠤ᠋ ᠦᠵᠡᠬᠦ ᠵᠡᠷᠭᠡ ᠭᠣᠣᠯ ᠰᠡᠳᠦᠪᠲᠦ ᠬᠥᠮᠦᠵᠢᠯ ᠢ᠋ ᠥᠷᠨᠢᠭᠦᠯᠬᠦ ᠪᠡᠷ ᠳᠠᠮᠵᠢᠭᠤᠯᠵᠤ ᠭᠣᠣᠯ ᠰᠡᠳᠦᠪᠲᠦ ᠬᠥᠮᠦᠵᠢᠯ ᠢ᠋ ᠭᠦᠨᠵᠡᠭᠡᠢᠷᠡᠭᠦᠯᠪᠡ᠃ ᠥᠷᠭᠡᠨ ᠣᠯᠠᠨ ᠺᠠᠲᠷ ᠴᠠᠭᠳᠠᠭ᠎ᠠ ᠬᠤᠪᠢ ᠬᠥᠮᠦᠨ ᠥᠪᠡᠷ ᠢ᠋ᠶ᠋ᠡᠨ ᠰᠤᠷᠬᠤ ᠪᠠ ᠬᠠᠮᠲᠤ ᠪᠠᠷ ᠰᠤᠳᠤᠯᠤᠨ ᠶᠠᠷᠢᠯᠴᠠᠬᠤ ᠪᠠᠨ ᠬᠠᠷᠢᠯᠴᠠᠨ ᠤᠶᠠᠯᠳᠤᠭᠤᠯᠵᠤ ᠂ ᠬᠠᠮᠲᠤ ᠪᠠᠷ 4 ᠤᠳᠠᠭ᠎ᠠ ᠨᠣᠮ ᠤᠩᠰᠢᠬᠤ ᠠᠩᠭᠢ ᠡᠷᠬᠢᠯᠡᠵᠦ ᠂ ᠨᠡᠢᠲᠡᠯᠢᠭ ᠰᠤᠷᠭᠠᠨ ᠬᠥᠮᠦᠵᠢᠯ ᠂ ᠬᠠᠪᠰᠤᠷᠤᠨ ᠵᠢᠯᠣᠭᠣᠳᠬᠤ ᠲᠠᠢᠯᠤᠮᠵᠢ ᠂ ᠠᠬᠤᠢ ᠲᠠᠯᠠᠪᠠᠢ ᠶ᠋ᠢᠨ ᠰᠤᠷᠭᠠᠨ ᠬᠥᠮᠦᠵᠢᠯ ᠢ᠋ 10 ᠤᠳᠠᠭ᠎ᠠ ᠥᠷᠨᠢᠭᠦᠯᠵᠡᠢ ᠃
ᠬᠣᠶᠠᠷ ᠲᠤ᠌ ᠦᠵᠡᠯ ᠰᠠᠨᠠᠭ᠎ᠠ ᠤᠯᠤᠰ ᠲᠥᠷᠥ ᠭᠦᠨᠵᠡᠭᠡᠢ ᠤᠬᠢᠶᠠᠭᠳᠠᠪᠠ ᠃ ᠠᠵᠢᠯᠯᠠᠭ᠎ᠠ ᠬᠢᠵᠦ ᠪᠠᠢᠭ᠎ᠠ ᠬᠤᠭᠤᠴᠠᠭᠠᠨ ᠳ᠋ᠤ᠌ ᠂ ᠰᠤᠷᠤᠯᠴᠠᠬᠤ ᠪᠠ ᠬᠥᠮᠦᠵᠢᠭᠦᠯᠬᠦ ᠡᠠᠷᠭ᠎ᠠ ᠮᠠᠶᠢᠬ ᠤ᠋ᠨ ᠰᠢᠨ᠎ᠡ ᠶ᠋ᠢ ᠢᠳᠡᠪᠬᠢᠲᠡᠢ ᠡᠭᠦᠳᠴᠦ ᠂ ᠥᠷᠭᠡᠨ ᠡᠣᠯᠠᠠ ᠨᠠᠮ ᠤ᠋ᠨ ᠭᠡᠰᠢᠭᠦᠨ ᠺᠠᠲᠷ ᠨᠠᠷ ᠢ᠋ ᠵᠣᠬᠢᠶᠠᠨ ᠪᠠᠢᠭᠤᠯᠤᠨ ᠴᠢᠬᠡᠴᠢ ᠵᠠᠰᠠᠭ ᠤ᠋ᠨ ᠰᠤᠷᠭᠠᠨ ᠬᠥᠮᠦᠵᠢᠯ ᠤ᠋ᠨ ᠰᠠᠭᠤᠷᠢᠨ ᠭᠠᠵᠠᠷ ᠪᠠ ᠨᠠᠮ ᠤ᠋ᠨ ᠪᠠᠢᠭᠤᠯᠤᠯᠲᠠ ᠶ᠋ᠢᠨ ᠬᠣᠷᠢᠢ᠎ᠠ ᠶ᠋ᠢ ᠲᠣᠭᠣᠷᠢᠨ ᠦᠵᠡᠭᠦᠯᠵᠦ ᠂ 《 ᠡᠣᠯᠣᠰ ᠲᠥᠷᠦ ᠢ᠋ᠢᠨ ᠲᠥᠷᠦᠭᠰᠡᠨ ᠡᠳᠦᠷ 》 ᠬᠢᠭᠡᠳ ᠨᠠᠮ ᠳ᠋ᠤ᠌ ᠣᠷᠤᠬᠤ ᠲᠠᠩᠭᠠᠷᠢᠭ ᠢ᠋ ᠳᠠᠬᠢᠨ ᠡᠷᠭᠦᠨ ᠡᠠᠪᠴᠣ ᠂ ᠯᠢ ᠴᠢᠩ ᠵᠢᠶᠦ᠋ᠨ ᠂ ᠵᠠᠩ ᠹᠦ᠋ ᠴᠢᠩ ᠵᠠᠷᠬᠡ ᠲᠡᠷᠢᠭᠦᠨ ᠦ᠌ ᠨᠡᠢᠲᠡᠯᠢᠭ ᠡᠣᠢᠯᠠ ᠠᠵᠢᠯᠯᠠᠭ᠎ᠠ ᠶ᠋ᠢᠨ ᠡᠠᠷᠭ᠎ᠠ ᠮᠠᠶᠢᠬ ᠢ᠋ ᠰᠤᠷᠤᠯᠴᠠᠭᠤᠯᠵᠤ ᠂ ᠥᠷᠭᠡᠨ ᠡᠣᠯᠠᠠ ᠨᠠᠮ ᠤ᠋ᠨ ᠭᠡᠰᠢᠭᠦᠨ ᠺᠠᠲᠷ ᠢ᠋ ᠦᠵᠡᠯ ᠰᠠᠨᠠᠭ᠎ᠠ ᠡᠣᠯᠣᠰ ᠲᠥᠷᠦ ᠶ᠋ᠢᠨ ᠲᠠᠯ᠎ᠠ ᠪᠠᠷ ᠭᠦᠨ ᠭᠦᠨᠵᠡᠭᠡᠢ ᠤᠬᠢᠶᠠᠯ ᠪᠣᠯᠤᠨ ᠳᠠᠪᠲᠠᠯᠲᠠ ᠪᠠᠨ ᠡᠣᠯᠠᠮ ᠬᠠᠲᠠᠭᠤᠵᠢᠭᠤᠯᠵᠤ ᠂ 《 ᠳᠥᠷᠪᠡᠨ ᠤᠬᠠᠮᠰᠠᠷ 》 ᠢ᠋ ᠡᠣᠯᠠᠮ ᠨᠡᠮᠡᠭᠳᠡᠭᠦᠯᠦᠨ ᠂ 《 ᠳᠥᠷᠪᠡᠨ ᠢᠲᠡᠭᠡᠯ 》 ᠢ᠋ ᠪᠠᠲᠤᠳᠭᠠᠵᠤ ᠂ 《 ᠬᠣᠶᠠᠷ ᠬᠠᠮᠠᠭᠠᠯᠠᠯᠲᠠ 》 ᠶ᠋ᠢ ᠡᠷᠡᠰ ᠪᠡᠶᠡᠯᠡᠭᠦᠯᠦᠨ᠎ᠡ ᠃
ᠭᠤᠷᠪᠠ ᠳ᠋ᠤ᠌ ᠂ ᠠᠵᠢᠯ ᠬᠢᠵᠦ ᠦᠢᠯᠡᠰ ᠪᠦᠲᠦᠭᠡᠵᠦ ᠂ ᠬᠠᠮᠲᠤ ᠶ᠋ᠢᠨ ᠬᠦᠴᠦᠨ ᠢ᠋ ᠨᠢᠭᠲᠠᠷᠠᠭᠤᠯᠤᠨ᠎ᠠ ᠃ 《 ᠡᠭᠦᠳᠡ ᠨᠡᠭᠡᠭᠡᠵᠦ ᠢᠢᠳᠭᠠᠯ ᠠᠪᠬᠤ 》 ᠵᠠᠷ ᠨᠡᠢᠲᠡᠯᠡᠬᠦ ᠂ 《 ᠡᠭᠦᠳᠡ ᠨᠡᠭᠡᠭᠡᠵᠦ ᠢᠢᠳᠭᠠᠯ ᠠᠪᠬᠤ 》 ᠡᠪᠬᠡᠮᠡᠯ ᠲᠠᠷᠬᠠᠭᠠᠬᠤ ᠵᠠᠷᠬᠡ ᠬᠡᠯᠪᠡᠷᠢ ᠮᠠᠶᠢᠬ ᠪᠦᠬᠦᠢ᠂ ᠡᠣᠯᠠᠠ ᠡᠠᠷᠭ᠎ᠠ ᠵᠠᠮ ᠂ ᠬᠠᠮᠤᠭ ᠤ᠋ᠨ ᠥᠷᠭᠡᠨ ᠡᠣᠯᠠᠠ ᠡᠠᠷᠠᠣᠠ ᠡᠣᠯᠠᠠ ᠪᠠ ᠺᠠᠲᠷ ᠴᠠᠭᠳᠠᠭ᠎ᠠ ᠨᠠᠷ ᠤ᠋ᠨ ᠰᠠᠨᠠᠯ ᠰᠠᠨᠠᠭᠤᠯᠭ᠎ᠠ ᠶ᠋ᠢ ᠭᠦᠢᠯᠢᠶᠠᠠ ᠡᠠᠪᠴᠣ ᠂ ᠡᠨᠡ ᠡᠣᠢᠠ ᠳ᠋ᠤ᠌ ᠨᠡᠢᠲᠡ 26 ᠵᠤᠷᠪᠤᠰ ᠰᠠᠨᠠᠯ ᠰᠠᠨᠠᠭᠤᠯᠭ᠎ᠠ ᠬᠤᠷᠢᠶᠠᠪᠠ ᠃ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠲᠤᠰᠭᠠᠢ ᠰᠡᠳᠦᠪᠲᠦ ᠠᠷᠠᠳᠴᠢᠯᠠᠯ ᠤ᠋ᠨ ᠠᠮᠢᠳᠤᠷᠠᠯ ᠤ᠋ᠨ ᠬᠤᠷᠠᠯ ᠥᠷᠨᠢᠭᠦᠯᠬᠦ ᠪᠡᠷ ᠳᠠᠮᠵᠢᠭᠤᠯᠤᠨ ᠂ ᠤᠳᠤᠷᠢᠳᠬᠤ ᠪᠠᠭ 18 ᠵᠦᠢᠯ ᠤ᠋ᠨ ᠠᠰᠠᠭᠤᠳᠠᠯ ᠢ᠋ ᠥᠪᠡᠰᠦᠪᠡᠨ ᠪᠠᠢᠴᠠᠭᠠᠵᠤ ᠥᠪᠡᠰᠦᠪᠡᠨ ᠲᠢᠭᠯᠡᠵᠦ ᠂ 15 ᠵᠦᠢᠯ ᠢ᠋ ᠵᠠᠰᠠᠨ ᠬᠡᠷᠡᠭᠵᠢᠭᠦᠯᠦᠨ ᠂ ᠬᠡᠰᠡᠭ ᠨᠠᠮ ᠤ᠋ᠨ ᠭᠡᠰᠢᠭᠦᠨ ᠺᠠᠲᠷ ᠤ᠋ᠨ ᠪᠠᠢᠳᠠᠯ ᠮᠠᠭᠤ ᠂ ᠣᠪᠣᠷ ᠰᠤᠷᠲᠠᠯ ᠦᠨᠡᠨ ᠪᠢᠰᠢ ᠂ ᠴᠢᠳᠠᠪᠤᠷᠢ ᠬᠦᠷᠦᠯᠴᠡᠬᠦ ᠦᠭᠡᠢ ᠂ ᠪᠡᠶ᠎ᠡ ᠪᠡᠨ ᠴᠢᠩᠭ᠎ᠠ ᠱᠠᠭᠠᠷᠳᠠᠬᠤ ᠦᠭᠡᠢ ᠵᠡᠷᠭᠡ ᠠᠰᠠᠭᠤᠳᠠᠯ ᠢ᠋ ᠬᠦᠴᠦᠯᠡᠨ ᠰᠢᠢᠳᠪᠦᠷᠢᠯᠡᠪᠡ᠃ ᠭᠣᠣᠯ ᠰᠡᠳᠦᠪᠲᠦ ᠬᠥᠮᠦᠵᠢᠯ ᠢ᠋ᠶ᠋ᠡᠷ ᠳᠠᠮᠵᠢᠨ ᠂ ᠥᠷᠭᠡᠨ ᠣᠯᠠᠨ ᠨᠠᠮ ᠤ᠋ᠨ ᠭᠡᠰᠢᠭᠦᠨ ᠺᠠᠲᠷᠴᠤᠳ ᠵᠥᠷᠢᠴᠡᠯ ᠢ᠋ ᠰᠢᠭᠤᠳ ᠨᠢᠭᠤᠷᠳᠠᠨ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠨ ᠂ ᠵᠠᠮ ᠨᠡᠭᠡᠭᠡᠨ ᠤᠷᠤᠭᠰᠢᠯᠠᠨ ᠳᠠᠪᠰᠢᠬᠤ ᠡᠭᠦᠷᠭᠡᠯᠡᠬᠦ ᠵᠣᠷᠢᠭ ᠰᠠᠨᠠᠭ᠎ᠠ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠪᠡ ᠃ 2019 ᠣᠨ ᠳ᠋ᠤ᠌ ᠮᠠᠨ ᠤ᠋ ᠬᠣᠷᠢᠶ᠎ᠠ ᠡᠯ᠎ᠡ ᠲᠥᠷᠥᠯ ᠦ᠋ᠨ ᠬᠡᠷᠡᠭ ᠢ᠋ 6418 ᠬᠦᠯᠢᠶᠡᠨ ᠠᠪᠴᠤ ᠰᠢᠢᠳᠪᠦᠷᠢᠯᠡᠵᠦ ᠂ 57 70 ᠶ᠋ᠢ ᠰᠢᠭᠦᠨ ᠭᠦᠢᠴᠡᠳᠭᠡᠵᠦ ᠂ ᠬᠡᠷᠡᠭ ᠢ᠋ ᠳᠠᠭᠤᠰᠭᠠᠭᠰᠠᠨ ᠨᠣᠷᠮ᠎ᠠ 8 9. 9% ᠪᠠᠢᠵᠤ ᠂ ᠰᠢᠭᠦᠵᠦ ᠳᠠᠭᠤᠰᠭᠠᠭᠰᠠᠨ ᠴᠢᠨᠠᠷ ᠪᠦᠲᠦᠮᠵᠢ ᠨᠢ ᠪᠦᠬᠦ ᠣᠷᠣᠨ ᠤ᠋ ᠰᠢᠭᠦᠬᠦ ᠬᠣᠷᠢᠶᠠᠨ ᠤ᠋ ᠡᠮᠦᠨ᠎ᠡ ᠡᠩᠨᠡᠭᠡᠨ ᠳ᠋ᠦ᠍ ᠣᠷᠣᠪᠠ ᠃
ᠳᠥᠷᠪᠡ ᠳ᠋ᠦ᠍ ᠬᠠᠤᠯᠢ ᠴᠠᠭᠠᠵᠠ ᠠᠷᠠᠳ ᠲᠦᠮᠡᠨ ᠦ᠌ ᠲᠥᠯᠥᠭᠡ ᠣᠯᠠᠨ ᠲᠦᠮᠡᠨ ᠦ᠌ ᠬᠦᠴᠢᠷ ᠠᠰᠠᠭᠤᠳᠠᠯ ᠢ᠋ ᠰᠢᠢᠳᠪᠦᠷᠢᠯᠡᠪᠡ ᠃ ᠭᠣᠣᠯ ᠰᠡᠳᠦᠪᠲᠦ ᠰᠤᠷᠭᠠᠨ ᠬᠥᠮᠦᠵᠢᠯ ᠳ᠋ᠦ᠍ ᠂ ᠬᠣᠷᠢᠶᠠᠨ ᠤ᠋ ᠤᠳᠤᠷᠢᠳᠬᠤ ᠪᠠᠭ ᠪᠣᠯᠤᠨ ᠭᠠᠵᠠᠷ ᠤ᠋ᠨ ᠳᠡᠰ ᠡᠴᠡ ᠳᠡᠭᠡᠭᠰᠢᠬᠢ ᠤᠳᠤᠷᠢᠳᠬᠤ ᠺᠠᠲᠷ ᠬᠢᠨᠠᠨ ᠬᠠᠮᠢᠶᠠᠷᠬᠤ ᠠᠵᠢᠯ ᠤ᠋ᠨ ᠴᠢᠨᠠᠷ ᠦᠷ᠎ᠡ ᠪᠦᠲᠦᠮᠵᠢ ᠶ᠋ᠢ ᠳᠡᠭᠡᠭᠰᠢᠯᠡᠭᠦᠯᠬᠦ ᠂ ᠣᠯᠠᠨ ᠲᠦᠮᠡᠨ ᠳ᠋ᠦ᠍ ᠦᠢᠯᠡᠴᠢᠯᠡᠬᠦ ᠵᠡᠷᠭᠡ ᠭᠣᠣᠯᠳᠠᠯᠭ᠎ᠠ ᠲᠠᠢ ᠠᠵᠢᠯ ᠢ᠋ ᠲᠥᠪᠯᠡᠷᠡᠭᠦᠯᠦᠨ ᠳᠡᠭᠡᠭᠰᠢᠯᠡᠭᠦᠯᠵᠦ ᠂ ᠣᠯᠠᠨ ᠤᠳᠠᠭ᠎ᠠ ᠦᠨᠳᠦᠰᠦᠨ ᠱᠠᠲᠤᠨ ᠤ᠋ ᠨᠢᠭᠡᠳᠦᠭᠡᠷ ᠹᠷᠣᠨᠲ ᠲᠤ᠌ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ ᠂ 40 ᠭᠠᠷᠤᠢ ᠺᠠᠲᠷ ᠣᠯᠠᠨ ᠲᠦᠮᠡᠨ ᠦ᠌ ᠲᠤᠬᠠᠢ ᠰᠤᠷᠪᠤᠯᠵᠢᠯᠠᠨ ᠶᠠᠷᠢᠯᠴᠠᠵᠤ ᠂ 7 ᠭᠣᠣᠯᠳᠠᠯᠭ᠎ᠠ ᠲᠠᠢ ᠪᠠᠢᠴᠠᠭᠠᠨ ᠰᠤᠳᠤᠯᠤᠯᠲᠠ ᠶ᠋ᠢᠨ ᠰᠡᠳᠦᠪ ᠲᠣᠭᠲᠠᠭᠠᠵᠤ ᠂ 7 ᠰᠢᠢᠳᠪᠦᠷᠢᠲᠦ ᠪᠣᠳᠣᠯᠭ᠎ᠠ ᠶ᠋ᠢᠨ ᠦᠷ᠎ᠡ ᠪᠦᠲᠦᠭᠡᠯ ᠭᠠᠷᠭᠠᠵᠤ ᠂ ᠬᠠᠮᠤᠭ ᠤ᠋ᠨ ᠶᠡᠬᠡ ᠴᠢᠷᠮᠠᠢᠯᠭ᠎ᠠ ᠭᠠᠷᠭᠠᠵᠤ ᠪᠠᠢᠭᠠᠳ ᠠᠷᠠᠳ ᠤᠯᠠᠨ ᠤ᠋ ᠰᠠᠨᠠᠭ᠎ᠠ ᠵᠣᠪᠠᠵᠤ ᠪᠠᠢᠭ᠎ᠠ ᠠᠰᠠᠭᠤᠳᠠᠯ ᠢ᠋ ᠰᠢᠢᠳᠪᠦᠷᠢᠯᠡᠬᠦ ᠪᠠᠷ ᠴᠢᠷᠮᠠᠢᠪᠠ ᠃ ᠠᠷᠠᠳ ᠤ᠋ᠨ ᠲᠥᠯᠥᠭᠡ ᠬᠠᠤᠯᠢ ᠪᠠᠷᠢᠬᠤ ᠵᠣᠷᠢᠯᠲᠠ ᠶ᠋ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ ᠂ ᠵᠠᠷᠭᠤ ᠬᠢᠬᠦ ᠦᠢᠯᠡᠴᠢᠯᠡᠭᠡ ᠶ᠋ᠢ ᠪᠥᠬᠥ ᠲᠠᠯ᠎ᠠ ᠪᠠᠷ ᠰᠢᠯᠢᠳᠡᠭᠵᠢᠭᠦᠯᠵᠦ ᠂ ᠬᠣᠶᠠᠷ 《 ᠨᠢᠭᠡ ᠥᠷᠲᠡᠭᠡᠨ ᠦ᠌ ᠮᠠᠶᠢᠭ 》 ᠤ᠋ᠨ ᠪᠦᠲᠦᠭᠡᠨ ᠪᠠᠢᠭᠤᠯᠤᠯᠲᠠ ᠶ᠋ᠢ ᠯᠠᠪᠳᠠᠭᠤᠨ ᠢ᠋ᠶ᠋ᠠᠷ ᠠᠬᠢᠭᠤᠯᠵᠤ ᠂ ᠠᠷᠠᠳ ᠤ᠋ᠨ ᠲᠥᠯᠥᠭᠡ ᠬᠠᠤᠯᠢ ᠪᠠᠷᠢᠬᠤ ᠥᠷᠭᠡᠴᠡ ᠪᠠᠨ ᠲᠠᠰᠤᠷᠠᠯᠲᠠ ᠦᠭᠡᠢ ᠥᠷᠭᠡᠳᠭᠡᠪᠡ ᠃
ᠲᠠᠪᠤ ᠳ᠋ᠤ᠌ ᠂ ᠠᠷᠢᠭᠤᠨ ᠴᠢᠬᠡᠴᠢ ᠪᠠᠢᠬᠤ ᠲᠠᠯ᠎ᠠ ᠪᠠᠷ ᠦᠯᠢᠭᠡᠷ ᠳᠠᠭᠤᠷᠢᠶᠠᠯ ᠦᠵᠡᠭᠦᠯᠬᠦ ᠦᠢᠯᠡᠳᠦᠯ ᠢ᠋ᠶ᠋ᠡᠨ ᠪᠠᠳᠠᠷᠠᠭᠤᠯᠪᠠ ᠃ ᠭᠣᠣᠯ ᠰᠡᠳᠦᠪᠲᠦ ᠬᠥᠮᠦᠵᠢᠯ ᠢ᠋ ᠥᠷᠨᠢᠭᠦᠯᠬᠦ ᠪᠡᠷ ᠳᠠᠮᠵᠢᠭᠤᠯᠤᠨ ᠂ ᠥᠷᠭᠡᠨ ᠣᠯᠠᠨ ᠨᠠᠮ ᠤ᠋ᠨ ᠭᠡᠰᠢᠭᠦᠨ ᠺᠠᠲᠷᠴᠤᠳ ᠢ᠋ ᠤᠯᠠᠮ ᠨᠢᠭᠡ ᠠᠯᠬᠤᠮ ᠬᠥᠮᠦᠵᠢᠭᠦᠯᠦᠨ ᠬᠥᠲᠥᠯᠦᠨ ᠵᠢᠯᠣᠭᠣᠳᠴᠤ ᠠᠷᠠᠳ ᠤ᠋ᠨ ᠲᠥᠯᠥᠭᠡ ᠪᠣᠳᠠᠲᠠᠢ ᠶ᠋ᠢ ᠡᠷᠬᠢᠮᠯᠡᠨ ᠠᠷᠢᠭᠤᠨ ᠴᠢᠬᠡᠴᠢ ᠪᠠᠢᠬᠤ ᠤᠯᠤᠰ ᠲᠥᠷᠥ ᠶ᠋ᠢᠨ ᠣᠣᠷ ᠴᠢᠨᠠᠷ ᠢ᠋ᠶ᠋ᠠᠨ ᠪᠠᠲᠤᠯᠠᠵᠤ ᠂ ᠥᠪᠡᠷ ᠢ᠋ ᠪᠡᠨ ᠴᠡᠪᠡᠷᠰᠢᠭᠦᠯᠦᠨ ᠂ ᠥᠪᠡᠷ ᠢ᠋ ᠪᠡᠨ ᠲᠡᠭᠦᠯᠳᠡᠷᠵᠢᠭᠦᠯᠵᠦ ᠂ ᠥᠪᠡᠷ ᠢ᠋ ᠪᠡᠨ ᠰᠢᠨᠡᠴᠢᠯᠡᠵᠦ᠂ ᠥᠪᠡᠷ ᠢ᠋ ᠪᠡᠨ ᠳᠡᠭᠡᠭᠰᠢᠯᠡᠭᠦᠯᠵᠦ ᠤᠯᠤᠰ ᠲᠥᠷᠥ ᠶ᠋ᠢᠨ ᠤᠬᠠᠮᠰᠠᠷ ᠢ᠋ᠶ᠋ᠠᠨ ᠴᠢᠩᠭᠠᠳᠭᠠᠪᠠ ᠃
ᠬᠣᠶᠠᠷ ᠂ ᠭᠣᠣᠯ ᠰᠡᠳᠦᠪᠲᠦ ᠬᠥᠮᠦᠵᠢᠯ ᠦ᠋ᠨ ᠴᠢᠬᠤᠯᠠ ᠰᠡᠩᠬᠡᠷᠡᠭᠦᠯᠦᠯ ᠢ᠋ᠶ᠋ᠡᠨ ᠭᠦᠨᠵᠡᠭᠡᠢ ᠣᠢᠯᠠᠭᠠᠵᠤ ᠂ ᠲᠠᠨᠢᠯᠲᠠ ᠪᠠᠨ ᠭᠦᠨᠵᠡᠭᠡᠢᠷᠡᠭᠦᠯᠬᠦ ᠳᠤᠮᠳᠠ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠦᠨ᠎ᠡ
ᠨᠢᠭᠡᠳᠦᠭᠡᠷ ᠲᠦ᠍ ᠂ ᠡᠷᠬᠡᠪᠰᠢ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠭᠣᠣᠯ ᠰᠢᠵᠢᠮ ᠳ᠋ᠦ᠍ ᠲᠥᠪᠯᠡᠷᠡᠭᠦᠯᠬᠦ ᠬᠡᠷᠡᠭᠲᠡᠢ ᠃ ᠨᠠᠷᠢᠨ ᠬᠢᠨᠠᠮᠠᠭᠠᠢ ᠰᠤᠷᠤᠯᠴᠠᠨ ᠨᠠᠷᠢᠯᠢᠭ ᠲᠤᠩᠭᠠᠨ ᠪᠣᠳᠣᠯᠬᠢᠯᠠᠵᠤ ᠂ ᠪᠣᠳᠠᠲᠠᠢ ᠶ᠋ᠢ ᠡᠷᠬᠢᠮᠯᠡᠬᠦ ᠵᠣᠷᠢᠭ ᠰᠠᠨᠠᠭ᠎ᠠ ᠶ᠋ᠢ ᠪᠠᠳᠠᠷᠠᠭᠤᠯᠵᠤ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭᠠᠨ ᠠ᠋ᠴᠠ ᠲᠠᠰᠤᠷᠠᠯᠲᠠ ᠦᠭᠡᠢ ᠨᠠᠮ ᠤ᠋ᠨ ᠤᠭ ᠰᠠᠨᠠᠭ᠎ᠠ ᠶ᠋ᠢ ᠣᠢᠯᠠᠭᠠᠨ ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠂ ᠢᠲᠡᠭᠡᠯ ᠪᠢᠰᠢᠷᠡᠯ ᠦ᠋ᠨ ᠬᠦᠴᠦᠨ ᠢ᠋ ᠣᠯᠵᠤ ᠂ ᠣᠶᠤᠨ ᠰᠠᠨᠠᠭᠠᠨ ᠤ᠋ ᠺᠠᠯᠼ ᠢ᠋ ᠭᠦᠢᠴᠡᠳ ᠨᠥᠬᠥᠪᠥᠷᠢᠯᠡᠬᠦ ᠬᠡᠷᠡᠭᠲᠡᠢ ᠃
ᠬᠣᠶᠠᠳᠤᠭᠠᠷ ᠲᠤ᠌᠂ ᠡᠷᠬᠡᠪᠰᠢ ᠤᠳᠤᠷᠢᠳᠤᠯᠭ᠎ᠠ ᠪᠠᠨ ᠲᠣᠯᠣᠭᠠᠢᠯᠠᠵᠤ᠂ ᠳᠡᠭᠡᠷ᠎ᠡ ᠲᠠᠯ᠎ᠠ ᠢ᠋ᠢᠨ ᠳᠠᠭᠠᠭᠤᠯᠤᠭᠴᠢ ᠢ᠋ᠢᠨ ᠦᠢᠯᠡᠳᠦᠯ ᠢ᠋ ᠴᠢᠩᠭᠠᠳᠭᠠᠬᠤ ᠬᠡᠷᠡᠭᠲᠡᠢ᠃ ᠭᠣᠣᠯ ᠰᠡᠳᠦᠪᠲᠦ ᠬᠥᠮᠦᠵᠢᠯ ᠢ᠋ ᠥᠷᠨᠢᠭᠦᠯᠬᠦ ᠶᠠᠪᠤᠴᠠ ᠳ᠋ᠤ᠌ ᠂ ᠬᠣᠷᠢᠶ᠎ᠠ ᠢ᠋ᠢᠨ ᠪᠠᠭ ᠤ᠋ᠨ ᠪᠦᠷᠢᠯᠳᠦᠬᠦᠨ 《 ᠵᠠᠩᠭᠢᠯᠠᠭ᠎ᠠ ᠶ᠋ᠢᠨ ᠴᠥᠭᠡᠨ ᠲᠣᠭ᠎ᠠ 》 ᠶ᠋ᠢᠨ ᠦᠢᠯᠡᠳᠦᠯ ᠢ᠋ᠶ᠋ᠡᠨ ᠢᠳᠡᠪᠬᠢᠲᠡᠢ ᠪᠠᠳᠠᠷᠠᠭᠤᠯᠵᠤ ᠂ ᠪᠡᠶ᠎ᠡ ᠪᠡᠷ ᠢ᠋ᠶ᠋ᠡᠨ ᠬᠡᠪ ᠳᠦᠷᠢᠮ ᠪᠣᠯᠵᠤ ᠂ ᠪᠦᠬᠦ ᠶᠠᠪᠤᠴᠠ ᠳ᠋ᠤ᠌ ᠣᠷᠣᠯᠴᠠᠨ ᠂ ᠭᠣᠣᠯ ᠰᠡᠳᠦᠪᠲᠦ ᠬᠥᠮᠦᠵᠢᠯ ᠢ᠋ ᠥᠷᠨᠢᠭᠦᠯᠬᠦ ᠳ᠋ᠦ᠍ ᠦᠯᠢᠭᠡᠷ ᠳᠠᠭᠤᠷᠢᠶᠠᠯ ᠪᠣᠯᠵᠤ ᠂ ᠨᠠᠮ ᠤ᠋ᠨ ᠭᠡᠰᠢᠭᠦᠨ ᠺᠠᠲᠷᠴᠤᠳ ᠲᠤ᠌ ᠬᠡᠪ ᠳᠠᠭᠤᠷᠢᠶᠠᠯ ᠪᠣᠯᠤᠭᠰᠠᠨ ᠪᠠᠢᠨ᠎ᠠ ᠃ ᠡᠯ᠎ᠡ ᠡᠭᠦᠷ ᠦ᠋ᠨ ᠱᠦᠵᠢ ᠪᠣᠯᠤᠨ ᠭᠠᠵᠠᠷ ᠤ᠋ᠨ ᠳᠡᠰ ᠡᠴᠡ ᠳᠡᠭᠡᠭᠰᠢᠬᠢ ᠤᠳᠤᠷᠢᠳᠬᠤ ᠺᠠᠲᠷ ᠳᠠᠭᠠᠭᠤᠯᠤᠨ ᠰᠤᠷᠤᠯᠴᠠᠨ ᠶᠠᠷᠢᠯᠴᠠᠬᠤ ᠬᠤᠷᠠᠯ ᠬᠢᠵᠦ ᠂ ᠪᠠᠢᠴᠠᠭᠠᠨ ᠰᠤᠳᠤᠯᠵᠤ ᠠᠰᠠᠭᠤᠳᠠᠯ ᠡᠷᠢᠵᠦ ᠂ ᠪᠠᠢᠴᠠᠭᠠᠨ ᠦᠵᠡᠵᠦ ᠦᠨᠡᠨ ᠪᠣᠳᠠᠲᠠᠢ ᠪᠠᠷ ᠵᠠᠳᠠᠯᠵᠤ ᠂ ᠴᠡᠭᠴᠡᠯᠡᠨ ᠵᠠᠰᠠᠵᠤ ᠨᠠᠢᠳᠠᠪᠤᠷᠢᠵᠢᠭᠤᠯᠬᠤ ᠶ᠋ᠢ ᠠᠳᠭᠤᠵᠤ ᠂ ᠰᠢᠭᠦᠮᠵᠢᠯᠡᠯ ᠪᠠ ᠥᠪᠡᠷ ᠦ᠋ᠨ ᠰᠢᠭᠦᠮᠵᠢᠯᠡᠯ ᠢ᠋ ᠵᠣᠷᠢᠭᠲᠠᠢ ᠪᠠᠷ ᠥᠷᠨᠢᠭᠦᠯᠦᠨ ᠂ ᠳᠡᠭᠡᠷ᠎ᠡ ᠳᠣᠣᠷ᠎ᠠ ᠱᠠᠲᠤ ᠬᠣᠯᠪᠣᠭᠠᠯᠠᠨ ᠬᠥᠳᠡᠯᠦᠯᠴᠡᠵᠦ ᠂ ᠪᠦᠬᠦᠯᠢ ᠴᠣᠭᠴᠠ ᠶ᠋ᠢᠨ ᠦᠷ᠎ᠡ ᠠᠰᠢᠭ ᠢ᠋ ᠪᠣᠢ ᠪᠣᠯᠭᠠᠵᠤ ᠂ ᠬᠤᠢᠰᠢᠲᠠ ᠶ᠋ᠢᠨ ᠪᠡᠬᠢᠵᠢᠭᠦᠯᠦᠨ ᠥᠷᠭᠡᠳᠭᠡᠬᠦ ᠳ᠋ᠦ᠍ ᠪᠠᠲᠤ ᠪᠡᠬᠢ ᠰᠠᠭᠤᠷᠢ ᠲᠠᠯᠪᠢᠪᠠ ᠃
ᠭᠤᠷᠪᠠᠳᠤᠭᠠᠷ ᠲᠤ᠌ ᠂ ᠡᠷᠬᠡᠪᠰᠢ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠂ ᠡᠪᠡᠳᠴᠢᠨ ᠳ᠋ᠤᠨᠢ ᠲᠣᠬᠢᠷᠠᠭᠤᠯᠤᠨ ᠡᠮ ᠪᠠᠭᠤᠯᠭᠠᠬᠤ ᠶ᠋ᠢ ᠪᠠᠷᠢᠮᠲᠠᠯᠠᠬᠤ ᠬᠡᠷᠡᠭᠲᠡᠢ ᠃ ᠦᠢᠯᠡᠳᠦᠯᠭᠡ ᠶ᠋ᠢᠨ ᠳᠤᠮᠳᠠ ᠪᠠᠢᠴᠠᠭᠠᠨ ᠰᠤᠳᠤᠯᠤᠯᠲᠠ ᠥᠷᠨᠢᠭᠦᠯᠬᠦ ᠪᠣᠯ ᠮᠠᠨ ᠤ᠋ ᠨᠠᠮ ᠤ᠋ᠨ ᠤᠷᠲᠤ ᠬᠤᠭᠤᠴᠠᠭᠠᠨ ᠤ᠋ ᠲᠡᠮᠡᠴᠡᠯ ᠦ᠋ᠨ ᠶᠠᠪᠤᠴᠠ ᠳ᠋ᠤ᠌ ᠪᠦᠷᠢᠯᠳᠦᠭᠦᠯᠦᠭᠰᠡᠨ ᠰᠢᠯᠢᠳᠡᠭ ᠤᠯᠠᠮᠵᠢᠯᠠᠯ ᠪᠠ ᠢᠯᠠᠯᠲᠠ ᠣᠯᠬᠤ ᠡᠷᠳᠡᠨᠢ ᠮᠥᠨ ᠂ ᠮᠠᠨ ᠤ᠋ ᠠᠵᠢᠯ ᠢ᠋ᠶ᠋ᠠᠨ ᠥᠷᠨᠢᠭᠦᠯᠬᠦ ᠶ᠋ᠢᠨ ᠤᠷᠢᠳᠠᠯ ᠨᠥᠬᠥᠴᠡᠯ ᠮᠥᠨ ᠂ ᠭᠠᠭᠴᠠ ᠬᠦ᠌ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠠᠷᠠᠳ ᠤ᠋ᠨ ᠪᠠᠢᠳᠠᠯ ᠢ᠋ ᠣᠢᠯᠠᠭᠠᠵᠤ ᠂ ᠪᠣᠳᠠᠲᠤ ᠪᠠᠢᠳᠠᠯ ᠢ᠋ ᠡᠵᠡᠮᠰᠢᠪᠡᠯ ᠰᠠᠶᠢ ᠵᠥᠷᠢᠶ᠎ᠡ ᠡᠷᠢᠬᠦ ᠂ ᠨᠠᠢᠳᠠᠪᠤᠷᠢᠵᠢᠭᠤᠯᠤᠯᠲᠠ ᠶ᠋ᠢ ᠠᠳᠭᠤᠬᠤ ᠳ᠋ᠤ᠌ ᠨᠥᠬᠥᠴᠡᠯ ᠪᠦᠷᠢᠯᠳᠦᠭᠦᠯᠦᠨ ᠥᠭᠴᠦ ᠂ ᠤᠭ ᠰᠠᠨᠠᠭ᠎ᠠ ᠪᠠᠨ ᠰᠠᠬᠢᠵᠤ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠳ᠋ᠦ᠍ ᠪᠠᠲᠤᠯᠠᠭ᠎ᠠ ᠬᠠᠩᠭᠠᠵᠤ ᠂ ᠭᠣᠣᠯ ᠰᠡᠳᠦᠪᠲᠦ ᠰᠤᠷᠭᠠᠨ ᠬᠥᠮᠦᠵᠢᠯ ᠢ᠋ ᠠᠬᠢᠭᠤᠯᠵᠤ ᠴᠢᠳᠠᠨ᠎ᠠ ᠃
ᠳᠥᠷᠪᠡᠳᠦᠭᠡᠷ ᠲᠦ᠍᠂ ᠡᠷᠬᠡᠪᠰᠢ ᠬᠢᠲᠤᠭᠠᠨ ᠢᠷ ᠢ᠋ ᠡᠷᠬᠡᠪᠰᠢ ᠳᠣᠲᠤᠭᠰᠢ ᠬᠠᠨᠳᠤᠭᠤᠯᠬᠤ ᠪᠠ ᠥᠪᠡᠷ ᠦ᠋ᠨ ᠪᠡᠶ᠎ᠡ ᠳ᠋ᠡᠭᠡᠨ ᠬᠤᠪᠢᠰᠭᠠᠯ ᠬᠢᠬᠦ ᠶ᠋ᠢ ᠪᠠᠷᠢᠮᠲᠠᠯᠠᠬᠤ ᠬᠡᠷᠡᠭᠲᠡᠢ᠃ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠪᠣᠳᠠᠲᠤ ᠦᠷ᠎ᠡ ᠪᠦᠲᠦᠮᠵᠢ ᠣᠯᠵᠤ ᠴᠢᠳᠠᠬᠤ ᠡᠰᠡᠬᠦ ᠂ ᠴᠡᠭᠴᠡᠯᠡᠨ ᠥᠭᠡᠷᠡᠴᠢᠯᠡᠵᠦ ᠨᠠᠢᠳᠠᠪᠤᠷᠢᠵᠢᠭᠤᠯᠬᠤ ᠪᠣᠯ ᠴᠢᠬᠤᠯᠠ ᠪᠠᠢᠴᠠᠭᠠᠨ ᠰᠢᠯᠭᠠᠬᠤ ᠪᠠᠷᠢᠮᠵᠢᠶ᠎ᠠ ᠮᠥᠨ ᠂ ᠭᠠᠭᠴᠠ ᠬᠦ᠌ ᠥᠪᠡᠷ ᠦ᠋ᠨ ᠬᠤᠪᠢᠰᠭᠠᠯᠲᠤ ᠵᠣᠷᠢᠭ ᠰᠠᠨᠠᠭ᠎ᠠ ᠪᠠᠨ ᠢᠮᠠᠭᠲᠠ ᠪᠠᠳᠠᠷᠠᠭᠤᠯᠵᠤ ᠂ ᠠᠰᠠᠭᠤᠳᠠᠯ ᠳ᠋ᠤ᠌ ᠵᠥᠪ ᠢ᠋ᠶ᠋ᠡᠷ ᠬᠠᠨᠳᠤᠬᠤ ᠤᠬᠠᠮᠰᠠᠷ ᠪᠠ ᠬᠤᠷᠴᠠ ᠬᠢᠲᠤᠭ᠎ᠠ ᠪᠠᠷ ᠳᠣᠲᠤᠭᠰᠢ ᠬᠠᠨᠳᠤᠭᠤᠯᠬᠤ ᠰᠥᠰᠥ ᠵᠣᠷᠢᠭ ᠢ᠋ᠶ᠋ᠠᠷ ᠂ ᠣᠯᠠᠨ ᠲᠦᠮᠡᠨ ᠳ᠋ᠦ᠍ ᠢᠳᠡᠪᠬᠢᠲᠡᠢ ᠪᠡᠷ ᠰᠢᠨ᠎ᠡ ᠬᠡᠷᠡᠭᠴᠡᠭᠡ ᠱᠠᠭᠠᠷᠳᠠᠯᠭ᠎ᠠ ᠶ᠋ᠢ ᠪᠠᠷᠢᠮᠵᠢᠶᠠᠯᠠᠬᠤ ᠂ ᠴᠢᠨᠠᠷ ᠴᠢᠨᠰᠠᠭ᠎ᠠ ᠦᠷ᠎ᠡ ᠰᠢᠨ᠎ᠡ ᠠᠰᠢᠭ ᠢ᠋ ᠳᠡᠭᠡᠭᠰᠢᠯᠡᠭᠦᠯᠬᠦ ᠶ᠋ᠢ ᠬᠢᠵᠠᠭᠠᠷᠯᠠᠵᠤ ᠪᠠᠢᠬᠤ ᠂ ᠣᠯᠠᠨ ᠲᠦᠮᠡᠨ ᠳ᠋ᠦ᠍ ᠦᠢᠯᠡᠴᠢᠯᠡᠬᠦ ᠬᠦᠴᠢᠷ ᠠᠰᠠᠭᠤᠳᠠᠯ ᠵᠡᠷᠭᠡ 《 ᠬᠠᠲᠠᠭᠤ ᠳᠠᠭᠠᠭᠠᠪᠤᠷᠢ 》 ᠶ᠋ᠢ ᠬᠦᠴᠦᠯᠡᠨ ᠢᠳᠡᠪᠡᠯ ᠰᠠᠶᠢ ᠵᠢᠩᠬᠢᠨᠢ ᠨᠠᠮ ᠪᠠ ᠠᠷᠠᠳ ᠲᠦᠮᠡᠨ ᠤ᠋ ᠦᠢᠯᠡᠰ ᠲᠦ ᠲᠤᠰᠠᠲᠠᠢ ᠠᠵᠢᠯᠲᠠᠨ ᠪᠣᠯᠵᠤ ᠴᠢᠳᠠᠨ᠎ᠠ ᠃
ᠲᠠᠪᠤᠳᠤᠭᠠᠷ ᠲᠤ᠌ ᠂ ᠡᠷᠬᠡᠪᠰᠢ ᠨᠢᠭᠡᠳᠦᠯᠲᠡᠢ ᠲᠥᠯᠥᠪᠯᠡᠨ ᠨᠡᠢᠲᠡ ᠳ᠋ᠤᠨᠢ ᠬᠠᠷᠠᠭᠠᠯᠵᠠᠵᠤ ᠂ ᠬᠠᠷᠢᠯᠴᠠᠨ ᠠᠬᠢᠭᠤᠯᠬᠤ ᠬᠡᠷᠡᠭᠲᠡᠢ ᠃ ᠭᠣᠣᠯ ᠰᠡᠳᠦᠪᠲᠦ ᠰᠤᠷᠭᠠᠨ ᠬᠥᠮᠦᠵᠢᠯ ᠪᠣᠯᠤᠨ ᠰᠢᠭᠦᠨ ᠭᠦᠢᠴᠡᠳᠭᠡᠬᠦ ᠠᠵᠢᠯ ᠢ᠋ ᠰᠢᠨᠵᠢᠯᠡᠬᠦ ᠤᠬᠠᠭᠠᠨᠴᠢ ᠪᠠᠷ ᠲᠥᠯᠥᠪᠯᠡᠨ ᠠᠬᠢᠭᠤᠯᠬᠤ ᠶ᠋ᠢ ᠪᠠᠷᠢᠮᠲᠠᠯᠠᠵᠤ ᠂ ᠬᠣᠶᠠᠷ ᠲᠠᠯ᠎ᠠ ᠶ᠋ᠢ ᠠᠳᠭᠤᠵᠤ ᠂ ᠬᠣᠶᠠᠷ ᠲᠠᠯ᠎ᠠ ᠶ᠋ᠢ ᠪᠤᠷᠤᠭᠤᠳᠠᠬᠤ ᠦᠭᠡᠢ ᠪᠠᠢᠯᠭᠠᠬᠤ ᠬᠡᠷᠡᠭᠲᠡᠢ ᠃ ᠭᠣᠣᠯ ᠰᠡᠳᠦᠪᠲᠦ ᠬᠥᠮᠦᠵᠢᠯ ᠦ᠋ᠨ ᠪᠣᠳᠠᠲᠤ ᠦᠷ᠎ᠡ ᠪᠦᠲᠦᠮᠵᠢ ᠶ᠋ᠢ ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠪᠣᠳᠠᠲᠤ ᠠᠵᠢᠯᠯᠠᠭ᠎ᠠ ᠪᠣᠯᠭᠠᠨ ᠲᠠᠰᠤᠷᠠᠯᠲᠠ ᠦᠭᠡᠢ ᠬᠤᠪᠢᠷᠠᠭᠤᠯᠵᠤ ᠂ ᠥᠷᠭᠡᠨ ᠣᠯᠠᠨ ᠨᠠᠮ ᠤ᠋ᠨ ᠭᠡᠰᠢᠭᠦᠨ ᠺᠠᠲᠷᠴᠤᠳ ᠤ᠋ᠨ ᠦᠢᠯᠡᠰ ᠪᠦᠲᠦᠭᠡᠵᠦ ᠦᠢᠯᠡᠰ ᠪᠣᠰᠭᠠᠬᠤ ᠲᠡᠮᠡᠴᠡᠯ ᠦ᠋ᠨ ᠵᠣᠷᠢᠭ ᠰᠠᠨᠠᠭ᠎ᠠ ᠶ᠋ᠢ ᠬᠥᠭᠵᠢᠭᠡᠨ᠎ᠡ ᠃
ᠭᠤᠷᠪᠠ ᠂ 《 ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠤᠷᠲᠤ ᠬᠤᠭᠤᠴᠠᠭᠠᠨ ᠤ᠋ ᠪᠦᠲᠦᠮᠵᠢᠲᠡᠢ ᠲᠣᠭᠲᠠᠴᠠ ᠶ᠋ᠢ ᠪᠠᠢᠭᠤᠯᠤᠨ ᠪᠦᠷᠢᠨᠰᠢᠭᠦᠯᠵᠦ ᠂ ᠡᠯ᠎ᠡ ᠵᠦᠢᠯ ᠦ᠋ᠨ ᠠᠵᠢᠯ ᠢ᠋ ᠳᠠᠬᠢᠨ ᠰᠢᠨ᠎ᠡ ᠳᠡᠭᠲᠡᠷ ᠲᠦ᠍ ᠭᠠᠷᠭᠠᠬᠤ ᠶ᠋ᠢ ᠪᠦᠬᠦ ᠬᠦᠴᠦᠨ ᠢ᠋ᠶ᠋ᠡᠷ ᠠᠬᠢᠭᠤᠯᠤᠨ᠎ᠠ
ᠰᠦ᠍ ᠯᠢ ᠵᠢᠶᠦ᠋ᠨ ᠬᠣᠲᠠ ᠶ᠋ᠢᠨ ᠳᠤᠮᠳᠠ ᠰᠤᠷᠭᠠᠭᠤᠯᠢ ᠶ᠋ᠢᠨ ᠭᠣᠣᠯ ᠰᠡᠳᠦᠪᠲᠦ ᠬᠥᠮᠦᠵᠢᠯ ᠦ᠋ᠨ ᠳᠤᠮᠳᠠ ᠣᠷᠤᠰᠢᠵᠤ ᠪᠠᠢᠭ᠎ᠠ ᠠᠰᠠᠭᠤᠳᠠᠯ ᠢ᠋ ᠵᠠᠳᠠᠯᠵᠤ ᠂ ᠲᠠᠰᠤᠷᠠᠯᠲᠠ ᠦᠭᠡᠢ ᠴᠡᠭᠴᠡᠯᠡᠨ ᠲᠡᠭᠦᠯᠳᠡᠷᠵᠢᠭᠦᠯᠬᠦ ᠶ᠋ᠢ ᠱᠠᠭᠠᠷᠳᠠᠭᠰᠠᠨ ᠪᠥᠭᠡᠳ ᠳᠠᠷᠠᠭᠠᠴᠢ ᠶ᠋ᠢᠨ ᠠᠯᠬᠤᠮ ᠤ᠋ᠨ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠠᠵᠢᠯ ᠳ᠋ᠤ᠌ ᠪᠠᠢᠷᠢᠯᠠᠭᠤᠯᠤᠯᠲᠠ ᠬᠢᠵᠡᠢ ᠃
ᠨᠢᠭᠡ ᠳ᠋ᠦ᠍ 《 ᠳᠥᠷᠪᠡᠨ ᠰᠤᠷᠲᠠᠯ 》 ᠤ᠋ᠨ ᠠᠰᠠᠭᠤᠳᠠᠯ ᠢ᠋ ᠬᠠᠷᠠᠬᠠᠨ ᠪᠦᠬᠦ ᠲᠠᠯ᠎ᠠ ᠪᠠᠷ ᠦᠨᠳᠦᠰᠦᠨ ᠡᠴᠡ ᠨᠢ ᠵᠠᠰᠠᠵᠤ ᠴᠢᠳᠠᠭᠠᠳᠤᠢ ᠂ ᠢᠯᠠᠩᠭᠤᠶ᠎ᠠ ᠬᠡᠯᠪᠡᠷᠢ ᠶ᠋ᠢᠨ ᠦᠵᠡᠯ ᠪᠠ ᠨᠣᠶᠠᠨᠴᠢ ᠰᠤᠷᠲᠠᠯ ᠢ᠋ ᠵᠠᠰᠠᠨ ᠴᠡᠭᠴᠡᠯᠡᠬᠦ ᠳ᠋ᠦ᠍ ᠪᠠᠰᠠ ᠤᠷᠲᠤ ᠬᠤᠭᠤᠴᠠᠭ᠎ᠠ ᠪᠠᠷᠢᠮᠲᠠᠯᠠᠨ ᠴᠥᠬᠥᠷᠡᠰᠢ ᠦᠭᠡᠢ ᠠᠳᠭᠤᠬᠤ ᠬᠡᠷᠡᠭᠲᠡᠢ ᠃
ᠬᠣᠶᠠᠷ ᠲᠤ᠌ ᠣᠨᠴᠠ ᠵᠠᠷᠢᠮ ᠨᠠᠮ ᠤ᠋ᠨ ᠭᠡᠰᠢᠭᠦᠨ ᠺᠠᠲᠷᠴᠤᠳ ᠵᠣᠷᠢᠯᠲᠠ ᠶ᠋ᠢᠨ ᠲᠤᠬᠠᠢ ᠦᠵᠡᠯ ᠤᠬᠠᠮᠰᠠᠷ ᠂ ᠣᠯᠠᠨ ᠲᠦᠮᠡᠨᠴᠢ ᠦᠵᠡᠯᠲᠡ ᠂ ᠣᠯᠠᠨ ᠲᠦᠮᠡᠨᠴᠢ ᠵᠣᠭᠰᠣᠯᠲᠠ ᠶ᠋ᠢᠨ ᠲᠤᠬᠠᠢ ᠰᠤᠷᠤᠯᠴᠠᠯᠭ᠎ᠠ ᠨᠢ ᠪᠠᠰᠠ ᠭᠦᠨᠵᠡᠭᠡᠢ ᠰᠢᠰᠲ᠋ᠸᠮ ᠲᠡᠢ ᠪᠠᠢᠵᠤ ᠂ ᠪᠣᠳᠠᠲᠤ ᠪᠠᠢᠳᠠᠯ ᠲᠠᠢ ᠤᠶᠠᠯᠳᠤᠵᠤ ᠪᠠᠢᠬᠤ ᠨᠢ ᠲᠡᠢᠮᠦ ᠨᠢᠭᠲᠠ ᠪᠢᠰᠢ ᠂ ᠦᠢᠯᠡᠳᠦᠯᠭᠡ ᠶ᠋ᠢ ᠵᠢᠯᠣᠭᠣᠳᠬᠤ ᠴᠢᠳᠠᠪᠤᠷᠢ ᠪᠠᠨ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠢᠨ᠎ᠠ ᠃
ᠭᠤᠷᠪᠠ ᠳ᠋ᠤ᠌ ᠂ ᠺᠠᠲᠷ ᠤ᠋ᠨ ᠡᠩᠨᠡᠭᠡᠨ ᠦ᠌ ᠡᠭᠦᠷᠭᠡ ᠬᠠᠷᠢᠭᠤᠴᠠᠯᠭ᠎ᠠ ᠡᠭᠦᠷᠭᠡᠯᠡᠵᠦ ᠨᠠᠢᠳᠠᠪᠤᠷᠢᠵᠢᠭᠤᠯᠬᠤ ᠠᠵᠢᠯ ᠤ᠋ᠨ ᠬᠠᠷᠢᠭᠤᠴᠠᠯᠭᠠᠲᠤ ᠣᠪᠣᠷ ᠰᠤᠷᠲᠠᠯ ᠂ ᠠᠵᠢᠯ ᠬᠢᠵᠦ ᠦᠢᠯᠡᠰ ᠪᠣᠰᠭᠠᠬᠤ ᠵᠣᠷᠢᠭ ᠰᠠᠨᠠᠭ᠎ᠠ ᠶ᠋ᠢ ᠤᠯᠠᠮ ᠳᠡᠭᠡᠭᠰᠢᠯᠡᠭᠦᠯᠬᠦ ᠴᠢᠬᠤᠯᠠᠲᠠᠢ ᠃
ᠳᠥᠷᠪᠡ ᠳ᠋ᠦ᠍ ᠴᠥᠭᠡᠨ ᠲᠣᠭᠠᠨ ᠤ᠋ ᠺᠠᠲᠷ ᠴᠠᠭᠳᠠᠭ᠎ᠠ ᠶ᠋ᠢᠨ ᠬᠠᠤᠯᠢ ᠴᠠᠭᠠᠵᠠ ᠶ᠋ᠢᠨ ᠣᠢᠯᠠᠭᠠᠭᠳᠠᠬᠤᠨ ᠪᠠ ᠲᠤᠬᠠᠢᠯᠠᠭᠰᠠᠨ ᠠᠵᠢᠯ ᠤ᠋ᠨ ᠴᠢᠳᠠᠪᠤᠷᠢ ᠶ᠋ᠢ ᠳᠡᠭᠡᠭᠰᠢᠯᠡᠭᠦᠯᠬᠦ ᠴᠢᠬᠤᠯᠠᠲᠠᠢ ᠪᠠᠢᠵᠤ ᠂ ᠰᠢᠨ᠎ᠡ ᠪᠠᠢᠳᠠᠯ ᠰᠢᠨ᠎ᠡ ᠡᠭᠦᠷᠭᠡ ᠶ᠋ᠢᠨ ᠱᠠᠭᠠᠷᠳᠠᠯᠭ᠎ᠠ ᠲᠠᠢ ᠪᠠᠰᠠ ᠵᠥᠷᠢᠶ᠎ᠡ ᠲᠡᠢ ᠪᠠᠢᠨ᠎ᠠ ᠃
ᠰᠦ ᠯᠢ ᠵᠢᠶᠦ᠋ᠨ ᠴᠢᠬᠤᠯᠠᠴᠢᠯᠠᠭᠰᠠᠨ ᠨᠢ ᠄
1᠂ ᠰᠤᠷᠤᠯᠴᠠᠯᠭ᠎ᠠ ᠬᠥᠮᠦᠵᠢᠯ ᠢ᠋ ᠤᠷᠲᠤ ᠬᠤᠭᠤᠴᠠᠭ᠎ᠠ ᠪᠠᠷ ᠭᠦᠨᠵᠡᠭᠡᠢᠷᠡᠭᠦᠯᠵᠦ ᠂ ᠬᠦᠰᠡᠯᠡᠩ ᠢᠲᠡᠭᠡᠯ ᠪᠢᠰᠢᠷᠡᠯ ᠢ᠋ ᠭᠦᠢᠴᠡᠳ ᠨᠥᠬᠥᠪᠥᠷᠢᠯᠡᠬᠦ ᠬᠡᠷᠡᠭᠲᠡᠢ
2 ᠂ ᠵᠣᠷᠢᠯᠲᠠ ᠶ᠋ᠢᠨ ᠤᠬᠠᠮᠰᠠᠷ ᠢ᠋ ᠪᠠᠲᠤ ᠪᠡᠬᠢ ᠪᠣᠢ ᠪᠣᠯᠭᠠᠵᠤ ᠂ ᠠᠷᠠᠳ ᠲᠤ᠌ ᠦᠢᠯᠡᠴᠢᠯᠡᠵᠦ ᠦᠨᠡᠨ ᠰᠡᠳᠭᠢᠯᠭᠡ ᠲᠡᠢ ᠪᠠᠢᠬᠤ ᠬᠡᠷᠡᠭᠲᠡᠢ
3᠂ ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠦᠷ᠎ᠡ ᠠᠰᠢᠭ ᠢ᠋ ᠯᠠᠪᠳᠠᠭᠤᠨ ᠢ᠋ᠶ᠋ᠠᠷ ᠳᠡᠭᠡᠭᠰᠢᠯᠡᠭᠦᠯᠬᠦ ᠶ᠋ᠢ ᠴᠥᠬᠦᠷᠡᠰᠢ ᠦᠭᠡᠢ ᠠᠬᠢᠭᠤᠯᠵᠤ ᠂ ᠠᠵᠢᠯ ᠤ᠋ᠨ ᠪᠣᠳᠠᠲᠤ ᠪᠦᠲᠦᠮᠵᠢ ᠪᠡᠷ ᠦᠨᠡᠨ ᠪᠣᠳᠠᠲᠠᠢ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠬᠦ ᠬᠡᠷᠡᠭᠲᠡᠢ
4 ᠂ ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠶ᠋ᠢ ᠭᠦᠨᠵᠡᠭᠡᠢ ᠠᠬᠢᠭᠤᠯᠵᠤ ᠂ ᠰᠢᠨ᠎ᠡ ᠴᠠᠭ ᠦᠶ᠎ᠡ ᠶ᠋ᠢᠨ ᠬᠡᠳᠦ ᠴᠢᠩᠭ᠎ᠠ ᠰᠢᠭᠦᠬᠦ ᠬᠣᠷᠢᠶᠠᠨ ᠤ᠋ ᠡᠩᠨᠡᠭᠡ ᠶ᠋ᠢ ᠪᠣᠢ ᠪᠣᠯᠭᠠᠬᠤ ᠬᠡᠷᠡᠭᠲᠡᠢ
ᠯᠢᠦ ᠵᠧᠨ ᠬᠤᠸᠠ ᠵᠢᠭᠠᠨ ᠵᠢᠯᠣᠭᠣᠳᠬᠤ ᠶᠠᠷᠢᠶ᠎ᠠ ᠲᠠᠯᠪᠢᠵᠠᠢ ᠄ ᠲᠡᠷᠡ ᠵᠢᠭᠠᠨ ᠭᠠᠷᠭᠠᠭᠰᠠᠨ ᠨᠢ ᠂ ᠭᠣᠣᠯ ᠰᠡᠳᠦᠪᠲᠦ ᠬᠥᠮᠦᠵᠢᠯ ᠢ᠋ ᠥᠷᠨᠢᠭᠦᠯᠦᠭᠰᠡᠨ ᠡᠴᠡ ᠨᠠᠰᠢ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠪᠣᠯᠤᠨ ᠬᠣᠲᠠ ᠶ᠋ᠢᠨ ᠨᠠᠮ ᠤ᠋ᠨ ᠬᠣᠷᠢᠶᠠᠨ ᠤ᠋ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠶ᠋ᠢ ᠬᠢᠨᠠᠮᠠᠭᠠᠢ ᠰᠠᠢᠲᠤᠷ ᠨᠠᠢᠳᠠᠪᠤᠷᠢᠵᠢᠭᠤᠯᠵᠤ ᠂ ᠭᠣᠣᠯ ᠰᠡᠳᠦᠪᠲᠦ ᠬᠥᠮᠦᠵᠢᠯ ᠦ᠋ᠨ ᠬᠠᠷᠠᠯᠲᠠ ᠶ᠋ᠢ ᠴᠢᠩᠭ᠎ᠠ ᠪᠠᠷᠢᠮᠲᠠᠯᠠᠵᠤ ᠂ ᠥᠨᠳᠥᠷ ᠪᠠᠷᠢᠮᠵᠢᠶ᠎ᠠ ᠪᠠᠷ ᠴᠢᠩᠭ᠎ᠠ ᠱᠠᠭᠠᠷᠳᠠᠵᠤ ᠂ ᠨᠠᠷᠢᠨ ᠨᠢᠮᠪᠠᠢ ᠵᠣᠬᠢᠶᠠᠨ ᠪᠠᠢᠭᠤᠯᠤᠨ ᠂ ᠯᠠᠪᠳᠠᠭᠤᠨ ᠪᠠᠲᠤᠲᠠᠢ ᠲᠦᠯᠬᠢᠨ ᠠᠬᠢᠭᠤᠯᠪᠠ ᠃
ᠯᠢᠦ ᠵᠧᠨ ᠬᠤᠸᠠ ᠢᠯᠡᠷᠬᠡᠢᠯᠡᠬᠦ ᠳ᠋ᠡᠭᠡᠨ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠭᠣᠣᠯ ᠰᠡᠳᠦᠪᠲᠦ ᠰᠤᠷᠭᠠᠨ ᠬᠥᠮᠦᠵᠢᠯ ᠢ᠋ ᠲᠦᠯᠬᠢᠨ ᠠᠬᠢᠭᠤᠯᠬᠤ ᠶᠠᠪᠤᠴᠠ ᠳ᠋ᠤ᠌ ᠭᠣᠣᠯ ᠴᠣᠭᠴᠠ ᠶ᠋ᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ ᠂ ᠨᠢᠭᠡ ᠳᠡᠰ ᠨᠢ ᠨᠢᠭᠡ ᠳᠡᠰ ᠲᠡᠭᠡᠨ ᠬᠢᠵᠦ ᠦᠵᠡᠭᠦᠯᠦᠨ᠂ ᠨᠢᠭᠡ ᠳᠡᠰ ᠨᠢ ᠨᠢᠭᠡ ᠳᠡᠰ ᠢ᠋ᠢᠡᠨ ᠳᠠᠭᠠᠭᠤᠯᠤᠨ ᠬᠢᠨ᠎ᠡ︔《 ᠦᠨᠡᠨ 》 ᠢ᠋ ᠪᠠᠷᠢᠮᠲᠠᠯᠠᠵᠤ ᠂ ᠦᠨᠡᠨ ᠪᠣᠳᠠᠲᠠᠢ ᠠᠳᠭᠤᠵᠤ ᠂ ᠪᠣᠳᠠᠲᠠᠢ ᠶ᠋ᠢ ᠡᠷᠬᠢᠮᠯᠡᠵᠦ ᠪᠣᠳᠠᠲᠠᠢ ᠶ᠋ᠢ ᠡᠷᠬᠢᠮᠯᠡᠬᠦ ᠰᠤᠷᠲᠠᠯ ᠢ᠋ᠶ᠋ᠠᠷ ᠬᠡᠯᠪᠡᠷᠢ ᠶ᠋ᠢᠨ ᠦᠵᠡᠯ ᠨᠣᠶᠠᠨᠴᠢ ᠰᠤᠷᠲᠠᠯ ᠢ᠋ ᠡᠷᠡᠰ ᠡᠰᠡᠷᠭᠦᠴᠡᠵᠦ ᠂ ᠡᠠᠳᠠᠯᠢ ᠪᠤᠰᠤ ᠱᠠᠲᠤ ᠳᠠᠪᠬᠤᠷᠭ᠎ᠠ ᠶ᠋ᠢᠨ ᠡᠠᠳᠠᠯᠢ ᠪᠤᠰᠤ ᠬᠦᠷᠢᠶ᠎ᠡ ᠬᠡᠪᠴᠢᠶᠡᠨ ᠦ᠌ ᠡᠠᠳᠠᠯᠢ ᠪᠤᠰᠤ ᠡᠠᠵᠢᠯ ᠲᠥᠷᠦᠯ ᠤ᠋ᠨ ᠡᠣᠠᠴᠠᠯᠢᠬ ᠲᠤ᠌ ᠴᠢᠭᠯᠡᠨ᠂ ᠨᠢᠭᠡᠳ ᠨᠢᠭᠡ ᠪᠡᠷ ᠠᠵᠢᠯ ᠢ᠋ᠶ᠋ᠠᠨ ᠠᠬᠢᠭᠤᠯᠵᠤ ᠂ 《 ᠳᠥᠷᠪᠡᠨ ᠳᠠᠭᠠᠭᠤᠯᠤᠭᠴᠢ 》 ᠶ᠋ᠢ ᠴᠢᠩᠭᠠᠳᠭᠠᠨ ᠂ 《 ᠳᠥᠷᠪᠡ ᠶ᠋ᠢ ᠤᠶᠠᠯᠳᠤᠭᠤᠯᠬᠤ 》 ᠂ 《 ᠲᠠᠪᠤ ᠶ᠋ᠢ ᠨᠢᠭᠡᠳᠭᠡᠬᠦ 》 ᠭᠡᠰᠡᠨ ᠱᠠᠭᠠᠷᠳᠠᠯᠭ᠎ᠠ ᠶ᠋ᠢ ᠪᠡᠶᠡᠯᠡᠭᠦᠯᠵᠦ ᠂ ᠪᠦᠭᠦᠳᠡ ᠶ᠋ᠢᠨ ᠴᠢᠨᠠᠷ ᠲᠠᠢ ᠪᠠᠢᠬᠤ ᠶ᠋ᠢ ᠪᠠᠲᠤᠯᠠᠬᠤ ᠮᠥᠷᠲᠡᠭᠡᠨ ᠴᠢᠭᠯᠡᠯᠲᠡ ᠶ᠋ᠢ ᠳᠡᠭᠡᠭᠰᠢᠯᠡᠭᠦᠯᠬᠦ ᠬᠡᠷᠡᠭᠲᠡᠢ ᠃ ᠬᠠᠮᠤᠭ ᠰᠡᠭᠦᠯ ᠳ᠋ᠦ᠍ ᠨᠢ ᠂ ᠯᠢᠦ ᠵᠧᠨ ᠬᠤᠸᠠ ᠭᠣᠣᠯ ᠰᠡᠳᠦᠪᠲᠦ ᠬᠥᠮᠦᠵᠢᠯ ᠦ᠋ᠨ ᠦᠷ᠎ᠡ ᠪᠦᠲᠦᠭᠡᠯ ᠢ᠋ᠶ᠋ᠡᠨ ᠪᠡᠬᠢᠵᠢᠭᠦᠯᠦᠨ ᠥᠷᠭᠡᠳᠭᠡᠵᠦ ᠂ ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠳᠦᠷᠢᠮ ᠢ᠋ ᠪᠠᠢᠭᠤᠯᠵᠤ ᠂ 《 ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠰᠡᠳᠦᠪ ᠢ᠋ ᠵᠢᠯᠣᠭᠣᠳᠬᠤ ᠰᠠᠨᠠᠯ ᠳᠤᠷᠠᠳᠪᠠ ᠃
1. ᠦᠷᠭᠦᠯᠵᠢᠯᠡᠨ ᠭᠦᠨᠵᠡᠭᠡᠢ ᠰᠤᠷᠤᠯᠴᠠᠵᠤ ᠂ ᠤᠬᠠᠮᠰᠠᠷ ᠠ᠋ᠴᠠ ᠪᠠᠨ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃
ᠦᠷᠭᠦᠯᠵᠢᠯᠡᠨ ᠰᠤᠷᠤᠯᠴᠠᠵᠤ ᠣᠢᠯᠠᠭᠠᠨ ᠡᠵᠡᠮᠰᠢᠬᠦ ᠪᠣᠳᠠᠲᠠᠢ ᠳᠡᠭᠡᠷ᠎ᠡ ᠬᠦᠴᠦ ᠲᠠᠯᠪᠢᠵᠤ ᠂ ᠣᠨᠣᠯ ᠢ᠋ ᠪᠣᠳᠠᠲᠠᠢ ᠲᠠᠢ ᠤᠶᠠᠯᠳᠤᠭᠤᠯᠬᠤ ᠮᠠᠷᠺᠰ ᠤ᠋ᠨ ᠦᠵᠡᠯ ᠦ᠋ᠨ ᠰᠤᠷᠤᠯᠴᠠᠬᠤ ᠰᠤᠷᠲᠠᠯ ᠢ᠋ ᠶᠡᠬᠡᠪᠡᠷ ᠪᠠᠳᠠᠷᠠᠭᠤᠯᠵᠤ ᠂ ᠭᠣᠣᠯ ᠰᠡᠳᠦᠪᠲᠦ ᠰᠤᠷᠭᠠᠨ ᠬᠥᠮᠦᠵᠢᠯ ᠢ᠋ᠶ᠋ᠡᠷ ᠨᠣᠮ ᠤᠩᠰᠢᠬᠤ ᠠᠩᠭᠢ ᠂ ᠪᠣᠯᠪᠠᠰᠤᠷᠠᠯ ᠤ᠋ᠨ ᠠᠩᠭᠢ ᠡᠷᠬᠢᠯᠡᠬᠦ ᠵᠡᠷᠭᠡ ᠪᠦᠲᠦᠮᠵᠢᠲᠡᠢ ᠠᠷᠭ᠎ᠠ ᠬᠢᠳᠡᠯ ᠢ᠋ ᠳ᠋ᠦᠩᠨᠡᠨ ᠂ ᠥᠷᠭᠡᠨ ᠣᠯᠠᠨ ᠨᠠᠮ ᠤ᠋ᠨ ᠭᠡᠰᠢᠭᠦᠨ ᠺᠠᠲᠷᠴᠤᠳ ᠤ᠋ᠨ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢᠨ ᠲᠤᠬᠠᠢ ᠣᠢᠯᠠᠭᠠᠯᠲᠠ ᠪᠠᠨ ᠲᠠᠰᠤᠷᠠᠯᠲᠠ ᠦᠭᠡᠢ ᠭᠦᠨᠵᠡᠭᠡᠢᠷᠡᠭᠦᠯᠵᠦ ᠂ ᠨᠠᠮ ᠤ᠋ᠨ ᠤᠭ ᠰᠠᠨᠠᠭ᠎ᠠ ᠡᠭᠦᠷᠭᠡ ᠢ᠋ᠢᠨ ᠤᠬᠠᠮᠰᠠᠷ ᠢ᠋ᠢᠠᠨ ᠭᠦᠨᠵᠡᠭᠡᠢᠷᠡᠭᠦᠯᠦᠨ᠂ ᠪᠤᠲᠠᠲᠤ ᠠᠵᠢᠯᠯᠠᠭ᠎ᠠ ᠪᠠᠷ ᠢ᠋ᠢᠠᠨ ᠬᠤᠶᠠᠷ ᠬᠠᠮᠠᠭᠠᠯᠠᠯᠲᠠ ᠶ᠋ᠢ ᠲᠦᠯᠬᠢᠨ ᠠᠬᠢᠭᠤᠯᠤᠨ᠎ᠠ ᠃ ᠡᠣᠯᠣᠰ ᠲᠥᠷᠦ ᠶ᠋ᠢᠨ ᠰᠠᠬᠢᠯᠭ᠎ᠠ ᠪᠠᠲᠤ ᠂ ᠡᠣᠯᠣᠰ ᠲᠥᠷᠦ ᠶ᠋ᠢᠨ ᠶᠣᠰᠣ ᠳᠦᠷᠢᠮ ᠢ᠋ ᠴᠢᠩᠭᠠᠯᠠᠨ ᠂ ᠵᠣᠬᠢᠶᠠᠨ ᠪᠠᠢᠭᠤᠯᠤᠯᠲᠠ ᠬᠠᠮᠢᠶᠠᠷᠤᠯᠲᠠ ᠪᠠᠨ ᠴᠢᠩᠭᠠᠳᠭᠠᠨ ᠂ ᠨᠠᠮ ᠤ᠋ᠨ ᠳᠣᠲᠣᠭᠠᠳᠤ ᠶ᠋ᠢᠨ ᠬᠢᠨᠠᠯᠲᠠ ᠶ᠋ᠢ ᠴᠢᠩᠭᠠᠳᠭᠠᠨ᠎ᠠ ᠃
2. ᠠᠰᠠᠭᠤᠳᠠᠯ ᠢ᠋ ᠬᠡᠪ ᠦ᠋ᠨ ᠪᠠᠢᠳᠠᠯ ᠢ᠋ᠶ᠋ᠠᠷ ᠪᠠᠢᠴᠠᠭᠠᠨ ᠦᠵᠡᠵᠦ ᠂ ᠣᠶᠤᠨ ᠰᠠᠨᠠᠭᠠᠨ ᠤ᠋ ᠲᠠᠯ᠎ᠠ ᠪᠠᠷ ᠴᠠᠯᠠᠭᠠᠢᠷᠠᠬᠤ ᠶ᠋ᠢ ᠪᠠᠲᠤᠯᠠᠨ᠎ᠠ ᠃
ᠨᠠᠮ ᠤ᠋ᠨ ᠭᠡᠰᠢᠭᠦᠨ ᠺᠠᠲᠷ ᠢ᠋ ᠵᠣᠬᠢᠶᠠᠨ ᠪᠠᠢᠭᠤᠯᠤᠨ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠥᠬᠥᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠ ᠨᠠᠮ ᠤ᠋ᠨ ᠲᠥᠪ ᠬᠣᠷᠢᠶᠠᠨ ᠤ᠋ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠂ ᠨᠠᠮ ᠤ᠋ᠨ ᠳᠦᠷᠢᠮ ᠨᠠᠮ ᠤ᠋ᠨ ᠰᠠᠬᠢᠯᠭ᠎ᠠ ᠪᠠᠲᠤ ᠲᠠᠢ ᠬᠠᠷᠢᠴᠠᠭᠤᠯᠵᠤ ᠂ ᠲᠡᠷᠢᠭᠦᠨ ᠦ᠌ ᠨᠡᠢᠲᠡᠯᠢᠭ ᠵᠢᠰᠢᠶ᠎ᠡ ᠪᠠ ᠳᠡᠷᠭᠡᠳᠡᠬᠢ ᠦᠯᠢᠭᠡᠷ ᠳᠠᠭᠤᠷᠢᠶᠠᠯ ᠲᠠᠢ ᠬᠠᠷᠢᠴᠠᠭᠤᠯᠵᠤ ᠂ ᠰᠢᠭᠦᠮᠵᠢᠯᠡᠯ ᠪᠠ ᠥᠪᠡᠷ ᠦ᠋ᠨ ᠰᠢᠭᠦᠮᠵᠢᠯᠡᠯ ᠢ᠋ ᠬᠢᠨᠠᠮᠠᠭᠠᠢ ᠥᠷᠨᠢᠭᠦᠯᠵᠦ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠠ᠋ᠴᠠ ᠪᠠᠨ ᠵᠥᠷᠢᠴᠡᠭᠰᠡᠨ ᠳᠣᠪᠣᠢᠮ᠎ᠠ ᠠᠰᠠᠭᠤᠳᠠᠯ ᠢ᠋ ᠭᠦᠨᠵᠡᠭᠡᠢ ᠪᠠᠢᠴᠠᠭᠠᠨ ᠬᠠᠷᠠᠭᠤᠯᠵᠤ ᠪᠠᠢᠴᠠᠭᠠᠨ ᠦᠵᠡᠵᠦ ᠪᠠᠢᠴᠠᠭᠠᠨ ᠦᠵᠡᠪᠡ ᠃ ᠨᠠᠮ ᠤ᠋ᠨ ᠭᠡᠰᠢᠭᠦᠨ ᠺᠠᠲᠷᠴᠤᠳ ᠤ᠋ᠨ ᠠᠰᠠᠭᠤᠳᠠᠯ ᠳ᠋ᠤ᠌ ᠵᠥᠪ ᠢ᠋ᠶ᠋ᠡᠷ ᠬᠠᠨᠳᠤᠬᠤ ᠤᠬᠠᠮᠰᠠᠷ ᠂ ᠬᠢᠲᠤᠭᠠᠨ ᠢᠷ ᠳᠡᠭᠡᠷ᠎ᠡ ᠳᠣᠲᠤᠭᠰᠢ ᠬᠠᠨᠳᠤᠬᠤ ᠰᠥᠰᠥ ᠵᠣᠷᠢᠭ ᠢ᠋ᠶ᠋ᠠᠷ ᠠᠰᠠᠭᠤᠳᠠᠯ ᠢ᠋ ᠦᠨᠡᠨ ᠪᠣᠳᠠᠲᠠᠢ ᠪᠠᠷ ᠰᠢᠢᠳᠪᠦᠷᠢᠯᠡᠬᠦ ᠬᠡᠷᠡᠭᠲᠡᠢ ᠃ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠲᠤᠷᠰᠢᠯᠭ᠎ᠠ ᠪᠠᠷ ᠲᠣᠯᠢ ᠪᠣᠯᠭᠠᠵᠤ ᠂ ᠵᠣᠬᠢᠬᠤ ᠴᠠᠭ ᠬᠤᠭᠤᠴᠠᠭᠠᠨ ᠤ᠋ ᠳᠣᠲᠣᠷ᠎ᠠ ᠰᠢᠪᠲᠤᠯᠤᠯᠲᠠ ᠭᠠᠷᠭᠠᠵᠤ ᠴᠢᠳᠠᠬᠤ ᠴᠢᠬᠤᠯᠠ ᠶᠡᠬᠡ ᠠᠰᠠᠭᠤᠳᠠᠯ ᠳ᠋ᠤ᠌ ᠲᠤᠰᠭᠠᠢ ᠵᠦᠢᠯ ᠢ᠋ᠶ᠋ᠡᠷ ᠴᠡᠭᠴᠡᠯᠡᠨ ᠵᠠᠰᠠᠬᠤ ᠶ᠋ᠢ ᠴᠠᠭ ᠲᠤᠬᠠᠢ ᠳ᠋ᠤᠨᠢ ᠥᠷᠨᠢᠭᠦᠯᠬᠦ ᠬᠡᠷᠡᠭᠲᠡᠢ ᠃
3. ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠶ᠋ᠢ ᠦᠷᠭᠦᠯᠵᠢᠯᠡᠨ ᠠᠳᠭᠤᠵᠤ ᠂ ᠴᠡᠭᠴᠡᠯᠡᠨ ᠰᠠᠢᠵᠢᠷᠠᠭᠤᠯᠬᠤ ᠰᠤᠯᠠᠷᠠᠰᠢ ᠦᠭᠡᠢ ᠪᠠᠢᠬᠤ ᠶ᠋ᠢ ᠦᠨᠡᠨᠬᠦ ᠪᠠᠲᠤᠯᠠᠨ᠎ᠠ ᠃
ᠦᠷᠭᠦᠯᠵᠢᠯᠡᠨ ᠰᠤᠷᠤᠯᠴᠠᠵᠤ ᠣᠢᠯᠠᠭᠠᠨ ᠡᠵᠡᠮᠰᠢᠬᠦ ᠪᠣᠳᠠᠲᠠᠢ ᠳᠡᠭᠡᠷ᠎ᠡ ᠬᠦᠴᠦ ᠲᠠᠯᠪᠢᠵᠤ ᠂ ᠣᠨᠣᠯ ᠢ᠋ ᠪᠣᠳᠠᠲᠠᠢ ᠲᠠᠢ ᠤᠶᠠᠯᠳᠤᠭᠤᠯᠬᠤ ᠮᠠᠷᠺᠰ ᠤ᠋ᠨ ᠦᠵᠡᠯ ᠦ᠋ᠨ ᠰᠤᠷᠤᠯᠴᠠᠬᠤ ᠰᠤᠷᠲᠠᠯ ᠢ᠋ ᠶᠡᠬᠡᠪᠡᠷ ᠪᠠᠳᠠᠷᠠᠭᠤᠯᠵᠤ ᠂ ᠭᠣᠣᠯ ᠰᠡᠳᠦᠪᠲᠦ ᠰᠤᠷᠭᠠᠨ ᠬᠥᠮᠦᠵᠢᠯ ᠢ᠋ᠶ᠋ᠡᠷ ᠨᠣᠮ ᠤᠩᠰᠢᠬᠤ ᠠᠩᠭᠢ ᠂ ᠪᠣᠯᠪᠠᠰᠤᠷᠠᠯ ᠤ᠋ᠨ ᠠᠩᠭᠢ ᠡᠷᠬᠢᠯᠡᠬᠦ ᠵᠡᠷᠭᠡ ᠪᠦᠲᠦᠮᠵᠢᠲᠡᠢ ᠠᠷᠭ᠎ᠠ ᠬᠢᠳᠡᠯ ᠢ᠋ ᠳ᠋ᠦᠩᠨᠡᠨ ᠂ ᠥᠷᠭᠡᠨ ᠣᠯᠠᠨ ᠨᠠᠮ ᠤ᠋ᠨ ᠭᠡᠰᠢᠭᠦᠨ ᠺᠠᠲᠷᠴᠤᠳ ᠤ᠋ᠨ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢᠨ ᠲᠤᠬᠠᠢ ᠣᠢᠯᠠᠭᠠᠯᠲᠠ ᠪᠠᠨ ᠲᠠᠰᠤᠷᠠᠯᠲᠠ ᠦᠭᠡᠢ ᠭᠦᠨᠵᠡᠭᠡᠢᠷᠡᠭᠦᠯᠵᠦ ᠂ ᠨᠠᠮ ᠤ᠋ᠨ ᠤᠭ ᠰᠠᠨᠠᠭ᠎ᠠ ᠪᠠᠨ ᠭᠦᠨᠵᠡᠭᠡᠢᠷᠡᠭᠦᠯᠬᠦ ᠬᠡᠷᠡᠭᠲᠡᠢ ᠃ ᠡᠣᠯᠣᠰ ᠲᠥᠷᠦ ᠶ᠋ᠢᠨ ᠰᠠᠬᠢᠯᠭ᠎ᠠ ᠪᠠᠲᠤ ᠂ ᠡᠣᠯᠣᠰ ᠲᠥᠷᠦ ᠶ᠋ᠢᠨ ᠶᠣᠰᠣ ᠳᠦᠷᠢᠮ ᠢ᠋ ᠴᠢᠩᠭᠠᠯᠠᠨ ᠂ ᠵᠣᠬᠢᠶᠠᠨ ᠪᠠᠢᠭᠤᠯᠤᠯᠲᠠ ᠬᠠᠮᠢᠶᠠᠷᠤᠯᠲᠠ ᠪᠠᠨ ᠴᠢᠩᠭᠠᠳᠭᠠᠨ ᠂ ᠨᠠᠮ ᠤ᠋ᠨ ᠳᠣᠲᠣᠭᠠᠳᠤ ᠶ᠋ᠢᠨ ᠬᠢᠨᠠᠯᠲᠠ ᠶ᠋ᠢ ᠴᠢᠩᠭᠠᠳᠭᠠᠨ᠎ᠠ ᠃
ᠠᠢ ᠹᠧᠢ ᠴᠢᠬᠤᠯᠠᠴᠢᠯᠠᠭᠰᠠᠨ ᠨᠢ ᠂ ᠪᠦᠬᠦ ᠰᠢᠭᠦᠬᠦ ᠬᠣᠷᠢᠶ᠎ᠠ ᠳᠡᠭᠡᠷ᠎ᠡ ᠳᠣᠣᠷ᠎ᠠ ᠱᠠᠲᠤᠨ ᠤ᠋ ᠬᠢᠨ ᠡᠷᠬᠡᠪᠰᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ ᠂ ᠣᠨᠣᠯ ᠢ᠋ᠶ᠋ᠠᠷ ᠵᠡᠪᠰᠡᠭᠯᠡᠬᠦ ᠶ᠋ᠢ ᠴᠥᠬᠦᠷᠡᠰᠢ ᠦᠭᠡᠢ ᠴᠢᠩᠭᠠᠳᠭᠠᠵᠤ ᠂ ᠶᠡᠷᠦᠩᠬᠡᠢ ᠱᠦᠵᠢ ᠰᠢ ᠵᠢᠨ ᠫᠢᠩ ᠦ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ ᠂ 《 ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》 ᠶ᠋ᠢ ᠡᠭᠦᠷᠢᠳᠡ ᠶ᠋ᠢᠨ ᠰᠡᠳᠦᠪ ᠂ ᠨᠠᠰᠤᠨ ᠲᠤᠷᠰᠢᠲᠠ ᠶ᠋ᠢᠨ ᠰᠡᠳᠦᠪ ᠪᠣᠯᠭᠠᠬᠤ ᠬᠡᠷᠡᠭᠲᠡᠢ ᠃ ᠡᠨᠡ ᠤᠳᠠᠭᠠᠨ ᠤ᠋ ᠭᠣᠣᠯ ᠰᠡᠳᠦᠪᠲᠦ ᠬᠥᠮᠦᠵᠢᠯ ᠢ᠋ᠶ᠋ᠡᠷ ᠲᠣᠬᠢᠶᠠᠯ ᠪᠠ ᠰᠢᠨ᠎ᠡ ᠡᠬᠢᠯᠡᠯᠲᠡ ᠪᠣᠯᠭᠠᠵᠤ ᠂ ᠣᠨᠣᠯ ᠤ᠋ᠨ ᠰᠤᠷᠤᠯᠴᠠᠯᠭ᠎ᠠ ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠵᠦ ᠂ ᠪᠠᠢᠴᠠᠭᠠᠨ ᠰᠤᠳᠤᠯᠤᠯᠲᠠ ᠶ᠋ᠢ ᠲᠠᠰᠤᠷᠠᠯᠲᠠ ᠦᠭᠡᠢ ᠥᠷᠨᠢᠭᠦᠯᠦᠨ ᠂ ᠭᠣᠣᠯ ᠰᠡᠳᠦᠪᠲᠦ ᠬᠥᠮᠦᠵᠢᠯ ᠦ᠋ᠨ ᠦᠷ᠎ᠡ ᠪᠦᠲᠦᠭᠡᠯ ᠢ᠋ ᠮᠠᠨ ᠤ᠋ ᠬᠣᠷᠢᠶᠠᠨ ᠤ᠋ ᠡᠯ᠎ᠡ ᠵᠦᠢᠯ ᠦ᠋ᠨ ᠠᠵᠢᠯ ᠲᠠᠢ ᠣᠷᠭᠠᠨᠢᠭ ᠢ᠋ᠶ᠋ᠠᠷ ᠤᠶᠠᠯᠳᠤᠭᠤᠯᠵᠤ ᠂ ᠤᠯᠠᠮ ᠨᠢᠭᠡ ᠠᠯᠬᠤᠮ ᠪᠣᠳᠠᠲᠠᠢ ᠠᠳᠭᠤᠵᠤ ᠂ ᠨᠠᠮ ᠤ᠋ᠨ ᠰᠢᠨ᠎ᠡ ᠶ᠋ᠢ ᠡᠭᠦᠳᠬᠦ ᠣᠨᠣᠯ ᠢ᠋ᠶ᠋ᠠᠷ ᠲᠠᠷᠢᠬᠢ ᠲᠣᠯᠣᠭᠠᠢ ᠪᠠᠨ ᠵᠡᠪᠰᠡᠭᠯᠡᠨ ᠂ ᠦᠢᠯᠡᠳᠦᠯᠭᠡ ᠶ᠋ᠢ ᠵᠢᠯᠣᠭᠣᠳᠤᠨ ᠂ ᠠᠵᠢᠯ ᠢ᠋ᠶ᠋ᠠᠨ ᠠᠬᠢᠭᠤᠯᠵᠤ ᠂ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠬᠤ᠂ ᠵᠠᠮ ᠨᠡᠭᠡᠭᠡᠨ ᠰᠢᠨ᠎ᠡ ᠶ᠋ᠢ ᠡᠭᠦᠳᠬᠦ ᠵᠣᠷᠢᠭ ᠰᠠᠨᠠᠭ᠎ᠠ ᠪᠣᠯᠤᠨ ᠰᠢᠷᠭᠠᠭᠤ ᠬᠠᠲᠠᠭᠤᠵᠢᠯᠲᠠᠢ ᠠᠵᠢᠯᠯᠠᠬᠤ ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ ᠤᠭ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ ᠂ ᠢᠲᠡᠭᠡᠯ ᠵᠣᠷᠢᠭ ᠢ᠋ᠶ᠋ᠠᠨ ᠤᠯᠠᠮ ᠨᠢᠭᠡ ᠠᠯᠬᠤᠮ ᠪᠠᠲᠤᠳᠭᠠᠨ ᠂ ᠰᠢᠨ᠎ᠡ ᠴᠠᠭ ᠦᠶ᠎ᠡ ᠳ᠋ᠦ᠍ ᠰᠢᠨ᠎ᠡ ᠵᠢᠳᠭᠦᠯ ᠭᠠᠷᠭᠠᠵᠤ ᠂ ᠰᠢᠭᠦᠬᠦ ᠬᠣᠷᠢᠶᠠᠨ ᠤ᠋ ᠡᠯ᠎ᠡ ᠵᠦᠢᠯ ᠦ᠋ᠨ ᠠᠵᠢᠯ ᠤ᠋ᠨ ᠯᠠᠪᠳᠠᠭᠤᠨ ᠢ᠋ᠶ᠋ᠠᠷ ᠬᠥᠭᠵᠢᠬᠦ ᠳ᠋ᠦ᠍ ᠬᠦᠴᠦᠷᠬᠡᠭ ᠶᠡᠬᠡ ᠵᠥᠪ ᠬᠦᠴᠦᠨ ᠢ᠋ ᠨᠢᠭᠲᠠᠷᠠᠭᠤᠯᠪᠠ ᠃
ᠦᠨᠡᠯᠡᠬᠦ 0ᠦᠨᠡᠯᠡᠯᠲᠡ᠎ᠲᠠᠢ