2020 ᠣᠨ ᠤ᠋ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠣᠷᠢᠶᠠᠨ ᠳᠠᠷᠤᠭ᠎ᠠ ᠨᠠᠷ ᠤ᠋ᠨ ᠬᠤᠷᠠᠯ ᠬᠤᠷᠠᠯᠳᠤᠪᠠ
2020.04.02 ᠲᠣᠰ ᠥᠷᠲᠡᠭᠡᠨ ᠦ ᠨᠠᠢᠷᠠᠭᠤᠯᠤᠭᠴᠢ

      3 ᠰᠠᠷ᠎ᠠ ᠶ᠋ᠢᠨ 25 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳᠦᠷᠰᠦ ᠰᠢᠩᠭᠡᠭᠡᠯᠲᠡ ᠶ᠋ᠢᠨ ᠬᠡᠯᠪᠡᠷᠢ ᠪᠡᠷ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠳᠠᠷᠤᠭ᠎ᠠ ᠨᠠᠷ ᠤ᠋ᠨ ᠬᠤᠷᠠᠯ ᠢ᠋ ᠬᠤᠷᠠᠯᠳᠤᠭᠤᠯᠵᠠᠢ ᠃ ᠬᠤᠷᠠᠯ ᠨᠢ ᠪᠦᠬᠦ ᠣᠷᠣᠨ ᠤ᠋ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠣᠷᠢᠶᠠᠨ ᠳᠠᠷᠤᠭ᠎ᠠ ᠨᠠᠷ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠵᠤ ᠂ 2019 ᠣᠨ ᠤ᠋ ᠠᠵᠢᠯ ᠢ᠋ ᠡᠷᠭᠢᠴᠡᠭᠦᠯᠦᠨ ᠳ᠋ᠦᠩᠨᠡᠵᠦ ᠂ 2020 ᠣᠨ ᠤ᠋ ᠠᠵᠢᠯ ᠢ᠋ ᠰᠤᠳᠤᠯᠤᠨ ᠪᠠᠢᠷᠢᠯᠠᠭᠤᠯᠵᠠᠢ ᠃ ᠬᠣᠲᠠ ᠶ᠋ᠢᠨ  ᠳᠤᠮᠳᠠ ᠵᠡᠷᠭᠡ ᠢ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠣᠷᠣᠯᠠᠭᠴᠢ ᠳᠠᠷᠤᠭ᠎ᠠ ᠰᠦ᠍ ᠯᠢ ᠵᠢᠶᠦ᠋ᠨ ᠬᠤᠷᠠᠯ ᠳ᠋ᠤ᠌ ᠣᠷᠣᠯᠴᠠᠵᠤ ᠶᠠᠷᠢᠶ᠎ᠠ ᠲᠠᠯᠪᠢᠵᠤ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠳᠠᠷᠤᠭ᠎ᠠ ᠹᠠᠨ ᠶᠧᠦ ᠹᠠ ᠬᠤᠷᠠᠯ ᠡᠷᠬᠢᠯᠡᠪᠡ ᠃

      ᠬᠤᠷᠠᠯ ᠠ᠋ᠴᠠ ᠵᠢᠭᠠᠵᠤ ᠭᠠᠷᠭᠠᠭᠰᠠᠨ ᠨᠢ ᠂ 2019 ᠣᠨ ᠳ᠋ᠤ᠌ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶᠡᠷᠦᠩᠬᠡᠢ ᠱᠦᠵᠢ  ᠰᠢ ᠵᠢᠨ ᠫᠢᠩ ᠦ᠋ᠨ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠂ ᠥᠪᠥᠷ ᠮᠣᠩᠭᠣᠯ ᠤ᠋ᠨ ᠠᠵᠢᠯ ᠳ᠋ᠤ᠌ ᠲᠠᠯᠪᠢᠭᠰᠠᠨ ᠴᠢᠬᠤᠯᠠ ᠶᠠᠷᠢᠶ᠎ᠠ ᠂ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠳᠡᠭᠡᠳᠦ ᠱᠠᠲᠤᠨ ᠤ᠋ ᠰᠢᠭᠦᠬᠦ ᠬᠣᠷᠢᠶ᠎ᠠ ᠪᠠ ᠬᠣᠲᠠ ᠶ᠋ᠢᠨ ᠨᠠᠮ ᠤ᠋ᠨ ᠬᠣᠷᠢᠶᠠᠨ ᠤ᠋  ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢᠨ ᠲᠣᠭᠣᠷᠢᠨ ᠳ᠋ᠤ᠌ ᠂ ᠭᠣᠣᠯ ᠠᠵᠢᠯ ᠲᠠᠢ ᠤᠶᠠᠯᠳᠤᠭᠤᠯᠤᠨ ᠂ ᠶᠡᠬᠡ ᠲᠠᠯ᠎ᠠ ᠳ᠋ᠤ᠌ ᠦᠢᠯᠡᠴᠢᠯᠡᠵᠦ ᠂ ᠠᠷᠠᠳ ᠤ᠋ᠨ ᠲᠥᠯᠥᠭᠡ ᠬᠠᠤᠯᠢ ᠪᠠᠷᠢᠵᠤ ᠂ ᠲᠥᠪ ᠭᠣᠣᠯᠴᠢ ᠪᠠᠷ ᠬᠠᠤᠯᠢ ᠪᠠᠷᠢᠵᠤ ᠂ ᠦᠨᠳᠦᠰᠦᠨ ᠬᠠᠤᠯᠢ ᠴᠠᠭᠠᠵᠠ ᠶ᠋ᠢᠨ ᠬᠢᠨᠠᠯᠲᠠ ᠶ᠋ᠢ ᠦᠨᠡᠨᠴᠢ ᠪᠡᠷ ᠭᠦᠢᠴᠡᠳᠭᠡᠬᠦ ᠵᠡᠷᠭᠡ ᠪᠣᠯᠤᠨ᠎ᠠ ᠃ ᠪᠥᠬᠥ ᠵᠢᠯ ᠳ᠋ᠦ᠍ ᠡᠯ᠎ᠡ ᠲᠥᠷᠥᠯ ᠦ᠋ᠨ ᠬᠡᠷᠡᠭ ᠨᠡᠢᠲᠡ 90218  ᠶ᠋ᠢ ᠬᠦᠯᠢᠶᠡᠨ ᠠᠪᠴᠤ ᠂ 83011  ᠶ᠋ᠢ ᠨᠢ  ᠰᠢᠭᠦᠨ ᠳᠠᠭᠤᠰᠭᠠᠭᠠᠳ ᠂ ᠠᠳᠠᠯᠢ ᠬᠤᠭᠤᠴᠠᠭᠠᠨ ᠤ᠋ ᠬᠢ ᠡᠴᠡ ᠲᠤᠰ ᠲᠤᠰ 2. 8 2%  ᠳᠣᠷᠤᠭᠰᠢᠯᠠᠵᠤ᠂ 3. 69 % ᠪᠡᠷ ᠳᠡᠭᠡᠭᠰᠢᠯᠡᠵᠦ᠂  ᠰᠢᠭᠦᠨ ᠳᠠᠭᠤᠰᠭᠠᠭᠰᠠᠨ ᠨᠣᠷᠮ᠎ᠠ 92. 10 % ᠳ᠋ᠤ᠌ ᠬᠦᠷᠴᠦ ᠂ ᠠᠳᠠᠯᠢ ᠬᠤᠭᠤᠴᠠᠭᠠᠨ ᠤ᠋ ᠬᠢ ᠡᠴᠡ 5.77 ᠵᠠᠭᠤᠨ ᠤ᠋ ᠨᠢᠭᠡᠴᠢ ᠨᠡᠮᠡᠭᠳᠡᠵᠦ ᠂ ᠳ᠋ᠦᠩᠨᠡᠭᠰᠡᠨ ᠨᠣᠷᠮ᠎ᠠ ᠨᠢ 107.19 % ᠳ᠋ᠦ᠍ ᠬᠦᠷᠴᠦ ᠂ ᠠᠳᠠᠯᠢ ᠬᠤᠭᠤᠴᠠᠭᠠᠨ ᠤ᠋ ᠬᠢ ᠡᠴᠡ 7.35 ᠵᠠᠭᠤᠨ ᠤ᠋ ᠨᠢᠭᠡᠴᠢ  ᠳᠡᠭᠡᠭᠰᠢᠯᠡᠪᠡ᠃ ᠬᠣᠲᠠ ᠶ᠋ᠢᠨ ᠳᠤᠮᠳᠠ ᠵᠠᠷᠬᠡ᠎ ᠶ᠋ᠢᠨ  ᠰᠢᠭᠦᠬᠦ ᠬᠣᠷᠢᠢ᠎ᠠ 6418 ᠬᠤᠪᠢ ᠡᠯ᠎ᠡ ᠲᠥᠷᠦᠯ ᠤ᠋ᠨ ᠬᠡᠷᠡᠭ ᠢ᠋ ᠬᠦᠯᠢᠶᠡᠨ ᠠᠪᠴᠤ ᠂ 57 70  ᠶ᠋ᠢ  ᠰᠢᠭᠦᠨ  ᠰᠢᠢᠳᠪᠦᠷᠢᠯᠡᠵᠦ᠂  ᠰᠢᠭᠦᠵᠦ ᠳᠠᠭᠤᠰᠭᠠᠭᠰᠠᠨ ᠨᠣᠷᠮ᠎ᠠ 89. 9% ᠬᠦᠷᠴᠡᠢ ᠃

      ᠬᠤᠷᠠᠯ ᠠ᠋ᠴᠠ ᠴᠢᠬᠤᠯᠠᠴᠢᠯᠠᠭᠰᠠᠨ ᠨᠢ ᠂ 2020 ᠣᠨ ᠪᠣᠯ ᠴᠢᠨᠡᠭᠡᠯᠢᠭ ᠨᠡᠢᠭᠡᠮ ᠢ᠋ ᠪᠥᠬᠥ ᠲᠠᠯ᠎ᠠ ᠪᠠᠷ ᠪᠡᠶᠡᠯᠡᠭᠦᠯᠬᠦ ᠪᠠ 《ᠠᠷᠪᠠᠨ ᠭᠤᠷᠪᠠᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ ᠶ᠋ᠢᠨ ᠰᠡᠭᠦᠯᠴᠢ ᠶ᠋ᠢᠨ ᠵᠢᠯ ᠪᠣᠯᠤᠨ᠎ᠠ ᠂ ᠡᠨᠡ ᠵᠢᠯ ᠦ᠋ᠨ ᠠᠵᠢᠯ ᠢ᠋ ᠰᠠᠢᠲᠤᠷ ᠬᠢᠬᠦ ᠨᠢ ᠴᠢᠬᠤᠯᠠ ᠶᠡᠬᠡ ᠠᠴᠢ ᠬᠣᠯᠪᠣᠭᠳᠠᠯ ᠲᠠᠢ ᠂ ᠡᠭᠦᠷᠭᠡ ᠬᠠᠲᠠᠭᠤ ᠪᠡᠷᠬᠡ ᠪᠠᠢᠨ᠎ᠠ ᠃ ᠪᠦᠬᠦ ᠬᠣᠲᠠ ᠶ᠋ᠢᠨ ᠰᠢᠭᠦᠬᠦ ᠬᠣᠷᠢᠶ᠎ᠠ  ᠰᠢ ᠵᠢᠨ ᠫᠢᠩ ᠦ᠋ᠨ  ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶ᠋ᠢ ᠪᠠᠷᠢᠮᠲᠠᠯᠠᠵᠤ ᠂ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ᠋ ᠬᠣᠶᠠᠳᠤᠭᠠᠷ ᠂ ᠭᠤᠷᠪᠠᠳᠤᠭᠠᠷ ᠪᠥᠬᠥᠳᠡ ᠬᠤᠷᠠᠯ ᠂ ᠳᠥᠷᠪᠡᠳᠦᠭᠡᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠵᠤ ᠂ ᠳᠡᠭᠡᠳᠦ ᠱᠠᠲᠤᠨ ᠤ᠋ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠬᠤᠷᠠᠯᠳᠤᠭᠠᠨ ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠬᠢᠨᠠᠮᠠᠭᠠᠢ ᠨᠠᠢᠳᠠᠪᠤᠷᠢᠵᠢᠭᠤᠯᠵᠤ ᠂ ᠳᠡᠭᠡᠳᠦ ᠱᠠᠲᠤᠨ ᠤ᠋ ᠰᠢᠭᠦᠬᠦ ᠬᠣᠷᠢᠶᠠᠨ ᠤ᠋ ᠱᠠᠭᠠᠷᠳᠠᠯᠭ᠎ᠠ ᠶᠣᠰᠣᠭᠠᠷ ᠪᠠᠢᠷᠢᠯᠠᠭᠤᠯᠵᠤ ᠂ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠂  ᠰᠢᠭᠦᠨ ᠲᠠᠰᠤᠯᠬᠤ ᠬᠡᠷᠡᠭᠵᠢᠭᠦᠯᠬᠦ ᠪᠡᠷ ᠭᠣᠣᠯᠳᠠᠯᠭ᠎ᠠ ᠪᠣᠯᠭᠠᠬᠤ ᠂ ᠨᠠᠮ ᠤ᠋ᠨ ᠪᠠᠢᠭᠤᠯᠤᠯᠲᠠ ᠪᠠᠷ ᠬᠥᠲᠥᠯᠦᠮᠵᠢ ᠪᠣᠯᠭᠠᠬᠤ ᠂ ᠥᠭᠡᠷᠡᠴᠢᠯᠡᠯᠲᠡ ᠪᠡᠷ ᠬᠥᠳᠡᠯᠭᠡᠬᠦ ᠬᠦᠴᠦᠨ ᠪᠣᠯᠭᠠᠬᠤ ᠂ ᠰᠣᠶᠣᠯ ᠢ᠋ᠶ᠋ᠠᠷ ᠠᠴᠢᠶᠠᠯᠠᠪᠤᠷᠢ ᠪᠣᠯᠭᠠᠬᠤ ᠂ ᠴᠢᠬᠡᠴᠢ ᠵᠠᠰᠠᠭ ᠢ᠋ᠶ᠋ᠠᠷ ᠪᠠᠲᠤᠯᠠᠭ᠎ᠠ ᠪᠣᠯᠭᠠᠬᠤ ᠂ ᠠᠩᠭᠢ ᠢ᠋ᠢᠨ ᠪᠠᠢᠭᠤᠯᠤᠯᠲᠠ ᠪᠠᠷ ᠦᠨᠳᠦᠰᠦ ᠪᠣᠯᠭᠠᠬᠤ ᠶ᠋ᠢ ᠪᠠᠷᠢᠮᠲᠠᠯᠠᠵᠤ ᠂  ᠰᠢᠭᠦᠨ ᠲᠠᠰᠤᠯᠬᠤ   ᠰᠢᠰᠲ᠋ᠧᠮ ᠪᠠ  ᠰᠢᠭᠦᠨ ᠲᠠᠰᠤᠯᠬᠤ ᠴᠢᠳᠠᠪᠤᠷᠢ ᠶ᠋ᠢᠨ ᠣᠳᠣᠬᠢᠴᠢᠯᠠᠯᠲᠠ ᠶ᠋ᠢ ᠲᠦᠷᠭᠡᠳᠭᠡᠨ ᠠᠬᠢᠭᠤᠯᠵᠤ ᠂ ᠣᠷᠳᠣᠰ ᠤ᠋ᠨ ᠠᠵᠤ ᠠᠬᠤᠢ ᠨᠡᠢᠭᠡᠮ ᠦ᠋ᠨ ᠬᠥᠭᠵᠢᠯᠲᠡ ᠶ᠋ᠢᠨ ᠬᠢᠷᠢ  ᠲᠦᠪᠰᠢᠨ ᠲᠡᠢ ᠲᠣᠬᠢᠷᠠᠯᠴᠠᠬᠤ ᠂ ᠬᠠᠷᠢᠯᠴᠠᠨ ᠵᠣᠬᠢᠴᠠᠯᠳᠤᠭᠰᠠᠨ ᠲᠡᠷᠢᠭᠦᠨ ᠵᠡᠷᠭᠡ ᠶ᠋ᠢᠨ ᠰᠢᠭᠦᠬᠦ ᠬᠣᠷᠢᠶᠠᠨ ᠤ᠋ ᠠᠵᠢᠯ ᠢ᠋ ᠪᠥᠬᠥ ᠬᠦᠴᠦᠨ ᠢ᠋ᠶ᠋ᠡᠷ ᠢ᠋ᠶ᠋ᠡᠨ ᠡᠭᠦᠳᠦᠨ ᠪᠠᠢᠭᠤᠯᠤᠨ ᠂  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠷᠠᠳ ᠤ᠋ᠨ ᠲᠡᠢᠨ ᠂ ᠶᠡᠷᠦᠩᠬᠡᠢ ᠲᠡᠢᠨ ᠂ ᠬᠣᠷᠢᠭᠯᠠᠨ ᠴᠣᠬᠢᠬᠤ ᠪᠠᠢᠯᠳᠤᠭᠠᠨ ᠢ᠋ ᠰᠠᠢᠲᠤᠷ ᠢᠯᠠᠨ᠂ ᠣᠷᠳᠣᠰ ᠤ᠋ᠨ ᠠᠵᠤ ᠠᠬᠤᠢ ᠨᠡᠢᠭᠡᠮ ᠦ᠋ᠨ ᠴᠢᠨᠠᠷ ᠰᠠᠢᠲᠠᠢ ᠬᠥᠭᠵᠢᠯᠲᠡ ᠶ᠋ᠢ ᠪᠡᠶᠡᠯᠡᠭᠦᠯᠬᠦ ᠳ᠋ᠦ᠍ ᠬᠠᠤᠯᠢ ᠴᠠᠭᠠᠵᠠ ᠶ᠋ᠢᠨ ᠬᠦᠴᠦᠲᠡᠢ ᠪᠠᠲᠤᠯᠠᠭ᠎ᠠ ᠬᠠᠩᠭᠠᠨ᠎ᠠ ᠃

      ᠬᠤᠷᠠᠯ ᠠ᠋ᠴᠠ ᠱᠠᠭᠠᠷᠳᠠᠭᠰᠠᠨ ᠨᠢ ᠂ ᠰᠢᠭᠦᠬᠦ ᠬᠣᠷᠢᠶᠠᠨ ᠤ᠋ ᠠᠵᠢᠯ ᠳ᠋ᠠᠬᠢ ᠨᠠᠮ ᠤ᠋ᠨ  ᠬᠠᠷᠢᠴᠠᠯᠠᠰᠢ ᠦᠭᠡᠢ ᠤᠳᠤᠷᠢᠳᠤᠯᠭ᠎ᠠ ᠶ᠋ᠢ ᠪᠠᠷᠢᠮᠲᠠᠯᠠᠵᠤ ᠂  ᠰᠢ ᠵᠢᠨ ᠫᠢᠩ ᠦ᠋ᠨ  ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠲᠠᠯ᠎ᠠ ᠪᠠᠷ ᠪᠣᠳᠠᠲᠤ ᠪᠦᠲᠦᠮᠵᠢ ᠭᠠᠷᠭᠠᠬᠤ ᠬᠡᠷᠡᠭᠲᠡᠢ ︔ ᠶᠡᠬᠡ ᠲᠠᠯ᠎ᠠ ᠳ᠋ᠤ᠌ ᠰᠢᠭᠦᠬᠦ ᠬᠣᠷᠢᠶᠠᠨ ᠤ᠋ ᠠᠵᠢᠯ ᠢ᠋ ᠲᠥᠯᠥᠪᠵᠢᠭᠦᠯᠬᠦ ᠪᠠ ᠠᠬᠢᠭᠤᠯᠬᠤ ᠶ᠋ᠢ ᠪᠠᠷᠢᠮᠲᠠᠯᠠᠵᠤ ᠂ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠠᠯ᠎ᠠ ᠪᠠᠷ ᠪᠣᠳᠠᠲᠤ ᠬᠦᠴᠦᠨ ᠢ᠋ᠶ᠋ᠡᠨ ᠬᠡᠷᠡᠭᠯᠡᠬᠦ ᠬᠡᠷᠡᠭᠲᠡᠢ ; ᠠᠷᠠᠳ ᠲᠦᠮᠡᠨ ᠢ᠋ᠶ᠋ᠡᠷ ᠭᠣᠣᠯ ᠪᠣᠯᠭᠠᠭᠰᠠᠨ ᠬᠠᠤᠯᠢ ᠴᠠᠭᠠᠵᠠ ᠶ᠋ᠢᠨ ᠣᠢᠯᠠᠭᠠᠭᠳᠠᠬᠤᠨ ᠢ᠋ ᠪᠠᠷᠢᠮᠲᠠᠯᠠᠵᠤ ᠂ ᠣᠯᠠᠨ ᠲᠦᠮᠡᠨ ᠦ᠌ ᠵᠠᠷᠭᠤ ᠬᠢᠬᠦ ᠳ᠋ᠦ᠍ ᠦᠢᠯᠡᠴᠢᠯᠡᠬᠦ ᠲᠠᠯ᠎ᠠ ᠪᠠᠷ ᠪᠣᠳᠠᠲᠠᠢ ᠶᠠᠪᠤᠳᠠᠯ ᠬᠢᠬᠦ ᠬᠡᠷᠡᠭᠲᠡᠢ ︔ ᠥᠭᠡᠷᠡᠴᠢᠯᠡᠯᠲᠡ ᠬᠢᠵᠦ  ᠰᠢᠨ᠎ᠡ ᠶ᠋ᠢ ᠡᠭᠦᠳᠬᠦ ᠶ᠋ᠢ ᠪᠠᠷᠢᠮᠲᠠᠯᠠᠵᠤ ᠂ ᠬᠠᠤᠯᠢ ᠴᠠᠭᠠᠵᠠ ᠶ᠋ᠢᠨ ᠪᠠᠢᠭᠤᠯᠤᠯ ᠤ᠋ᠨ ᠥᠭᠡᠷᠡᠴᠢᠯᠡᠯᠲᠡ ᠪᠠ ᠣᠶᠤᠨᠴᠢ ᠰᠢᠭᠦᠬᠦ ᠬᠣᠷᠢᠶᠠᠨ ᠤ᠋ ᠪᠠᠢᠭᠤᠯᠤᠯᠲᠠ ᠶ᠋ᠢ ᠭᠦᠨᠵᠡᠭᠡᠢᠷᠡᠭᠦᠯᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠶ᠋ᠢ ᠡᠷᠬᠢᠮᠯᠡᠬᠦ ᠬᠡᠷᠡᠭᠲᠡᠢ ; ᠬᠤᠪᠢᠰᠭᠠᠯᠵᠢᠬᠤ ᠂ ᠵᠢᠩᠬᠢᠨᠢᠴᠢᠯᠡᠬᠦ ᠂ ᠲᠤᠰᠭᠠᠢᠵᠢᠬᠤ ᠂ ᠲᠤᠰᠭᠠᠢ ᠮᠡᠷᠭᠡᠵᠢᠬᠦ ᠪᠠᠢᠭᠤᠯᠤᠯᠲᠠ ᠶ᠋ᠢᠨ ᠪᠠᠷᠢᠮᠵᠢᠶ᠎ᠠ ᠶ᠋ᠢ ᠪᠠᠷᠢᠮᠲᠠᠯᠠᠵᠤ ᠂ ᠥᠨᠳᠥᠷ ᠬᠡᠪ ᠴᠢᠨᠠᠷ ᠪᠥᠬᠥᠢ ᠰᠢᠭᠦᠬᠦ ᠬᠣᠷᠢᠶᠠᠨ ᠤ᠋ ᠡᠩᠨᠡᠭᠡ ᠶ᠋ᠢᠨ ᠪᠠᠢᠭᠤᠯᠤᠯᠲᠠ ᠶ᠋ᠢᠨ ᠲᠠᠯ᠎ᠠ ᠪᠠᠷ ᠪᠣᠳᠠᠲᠠᠢ ᠠᠷᠭ᠎ᠠ ᠪᠣᠳᠣᠯᠭ᠎ᠠ ᠠᠪᠤᠨ᠎ᠠ ︔ ᠨᠡᠷᠡᠲᠦ ᠲᠡᠮᠳᠡᠭ ᠢ᠋ ᠡᠭᠦᠳᠬᠦ ᠂  ᠰᠢᠨ᠎ᠡ ᠬᠡᠪ ᠰᠤᠷᠲᠠᠯ ᠢ᠋ ᠪᠣᠢ ᠪᠣᠯᠭᠠᠬᠤ ᠂ ᠰᠣᠶᠣᠯ ᠢ᠋ ᠬᠥᠭᠵᠢᠭᠦᠯᠬᠦ ᠂ ᠬᠥᠮᠦᠨ ᠦ᠌ ᠰᠡᠳᠭᠢᠯ ᠢ᠋ ᠲᠥᠪᠯᠡᠷᠡᠭᠦᠯᠬᠦ ᠬᠥᠭᠵᠢᠯᠲᠡ ᠶ᠋ᠢᠨ ᠣᠢᠯᠠᠭᠠᠭᠳᠠᠬᠤᠨ ᠢ᠋ ᠪᠠᠷᠢᠮᠲᠠᠯᠠᠵᠤ ᠂ ᠰᠢᠭᠦᠬᠦ ᠬᠣᠷᠢᠶᠠᠨ ᠤ᠋ ᠨᠠᠮ ᠤ᠋ᠨ ᠪᠠᠢᠭᠤᠯᠤᠯᠲᠠ ᠪᠣᠯᠤᠨ ᠰᠣᠶᠣᠯ ᠤ᠋ᠨ ᠪᠠᠢᠭᠤᠯᠤᠯᠲᠠ ᠶ᠋ᠢ ᠴᠢᠩᠭᠠᠳᠭᠠᠬᠤ ᠲᠠᠯ᠎ᠠ ᠪᠠᠷ ᠪᠣᠳᠠᠲᠤ ᠪᠦᠲᠦᠮᠵᠢ ᠶ᠋ᠢ ᠴᠢᠬᠤᠯᠠᠴᠢᠯᠠᠬᠤ ᠬᠡᠷᠡᠭᠲᠡᠢ ᠃

      ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠪᠠᠭ ᠤ᠋ᠨ ᠪᠦᠷᠢᠯᠳᠦᠬᠦᠨ ᠵᠢᠴᠢ ᠪᠦᠬᠦ  ᠺᠠᠲᠷ ᠴᠠᠭᠳᠠᠭ᠎ᠠ ᠭᠣᠣᠯ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠤ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠂ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠣᠷᠣᠯᠴᠠᠪᠠ ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )