3 ᠰᠠᠷ᠎ᠠ ᠶ᠋ᠢᠨ 25 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳᠦᠷᠰᠦ ᠰᠢᠩᠭᠡᠭᠡᠯᠲᠡ ᠶ᠋ᠢᠨ ᠬᠡᠯᠪᠡᠷᠢ ᠪᠡᠷ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠨᠡᠭᠦᠷᠡᠰᠦᠨ ᠦ᠌ ᠡᠬᠢ ᠪᠠᠶᠠᠯᠢᠭ ᠤ᠋ᠨ ᠬᠦᠷᠢᠶᠡᠨ ᠦ᠌ ᠬᠠᠤᠯᠢ ᠲᠣᠭᠲᠠᠭᠠᠯ ᠠ᠋ᠴᠠ ᠵᠥᠷᠢᠴᠡᠭᠰᠡᠨ ᠠᠰᠠᠭᠤᠳᠠᠯ ᠢ᠋ ᠲᠤᠰᠭᠠᠢᠯᠠᠨ ᠴᠡᠭᠴᠡᠯᠡᠨ ᠵᠠᠰᠠᠬᠤ ᠠᠵᠢᠯ ᠤ᠋ᠨ ᠪᠠᠢᠷᠢᠯᠠᠭᠤᠯᠤᠯᠲᠠ ᠶ᠋ᠢᠨ ᠬᠤᠷᠠᠯ ᠢ᠋ ᠬᠤᠷᠠᠯᠳᠤᠭᠤᠯᠪᠠ ᠃ ᠬᠤᠷᠠᠯ ᠠ᠋ᠴᠠ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠤ᠋ᠨ ᠨᠡᠭᠦᠷᠡᠰᠦᠨ ᠦ᠌ ᠡᠬᠢ ᠪᠠᠶᠠᠯᠢᠭ ᠤ᠋ᠨ ᠬᠦᠷᠢᠶ᠎ᠡ ᠬᠡᠪᠴᠢᠶᠡᠨ ᠳ᠋ᠡᠬᠢ ᠬᠠᠤᠯᠢ ᠲᠣᠭᠲᠠᠭᠠᠯ ᠠ᠋ᠴᠠ ᠵᠥᠷᠢᠴᠡᠭᠰᠡᠨ ᠠᠰᠠᠭᠤᠳᠠᠯ ᠢ᠋ ᠲᠤᠰᠭᠠᠢᠯᠠᠨ ᠴᠡᠭᠴᠡᠯᠡᠨ ᠵᠠᠰᠠᠬᠤ ᠶ᠋ᠢ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠵᠢᠴᠢ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠬᠠᠮᠢᠶ᠎ᠠ ᠪᠥᠬᠥᠢ ᠪᠢᠴᠢᠭ᠌ ᠮᠠᠲ᠋ᠧᠷᠢᠶᠠᠯ ᠤ᠋ᠨ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠵᠤ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠨᠡᠭᠦᠷᠡᠰᠦᠨ ᠦ᠌ ᠡᠬᠢ ᠪᠠᠶᠠᠯᠢᠭ ᠤ᠋ᠨ ᠬᠦᠷᠢᠶ᠎ᠡ ᠬᠡᠪᠴᠢᠶᠡᠨ ᠳ᠋ᠡᠬᠢ ᠬᠠᠤᠯᠢ ᠲᠣᠭᠲᠠᠭᠠᠯ ᠠ᠋ᠴᠠ ᠵᠥᠷᠢᠴᠡᠭᠰᠡᠨ ᠠᠰᠠᠭᠤᠳᠠᠯ ᠢ᠋ ᠲᠤᠰᠭᠠᠢᠯᠠᠨ ᠴᠡᠭᠴᠡᠯᠡᠨ ᠵᠠᠰᠠᠬᠤ ᠠᠵᠢᠯ ᠥᠷᠨᠢᠭᠦᠯᠦᠭᠰᠡᠨ ᠪᠠᠢᠳᠠᠯ ᠢ᠋ ᠮᠡᠳᠡᠭᠳᠡᠪᠡ ᠃ ᠬᠣᠲᠠ ᠶ᠋ᠢᠨ ᠳᠤᠮᠳᠠ ᠵᠡᠷᠭᠡ ᠢ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠣᠷᠣᠯᠠᠭᠴᠢ ᠳᠠᠷᠤᠭ᠎ᠠ ᠰᠦ᠍ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ ᠂ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠠᠵᠢᠯ ᠢ᠋ ᠥᠷᠨᠢᠭᠦᠯᠦᠭᠰᠡᠨ ᠪᠠᠢᠳᠠᠯ ᠲᠠᠢ ᠤᠶᠠᠯᠳᠤᠭᠤᠯᠤᠨ ᠳᠠᠬᠢᠨ ᠪᠠᠢᠷᠢᠯᠠᠭᠤᠯᠪᠠ ᠃
1. ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶ᠋ᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠨ᠎ᠡ
ᠪᠥᠬᠥ ᠬᠣᠲᠠ ᠶ᠋ᠢᠨ ᠰᠢᠭᠦᠬᠦ ᠬᠣᠷᠢᠶ᠎ᠠ ᠤᠯᠤᠰ ᠲᠥᠷᠥ ᠶ᠋ᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠵᠢᠨ ᠫᠢᠩ ᠦ᠋ᠨ ᠴᠢᠬᠤᠯᠠ ᠵᠢᠭᠠᠪᠤᠷᠢ ᠪᠠ ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶᠠᠨ ᠤ᠋ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠳᠡᠭᠡᠷ᠎ᠡ ᠡᠷᠡᠰ ᠨᠢᠭᠡᠳᠭᠡᠵᠦ ᠂ ᠲᠤᠰᠭᠠᠢᠯᠠᠨ ᠴᠡᠭᠴᠡᠯᠡᠨ ᠵᠠᠰᠠᠬᠤ ᠶ᠋ᠢ ᠥᠷᠨᠢᠭᠦᠯᠬᠦ ᠶ᠋ᠢᠨ ᠲᠤᠢᠯ ᠤ᠋ᠨ ᠴᠢᠬᠤᠯᠠ ᠴᠢᠨᠠᠷ ᠪᠠ ᠪᠣᠳᠠᠲᠠᠢ ᠲᠤᠯᠭᠠᠮ᠎ᠠ ᠴᠢᠨᠠᠷ ᠢ᠋ ᠭᠦᠨᠵᠡᠭᠡᠢ ᠲᠠᠨᠢᠵᠤ ᠂ ᠲᠤᠰᠭᠠᠢᠯᠠᠨ ᠴᠡᠭᠴᠡᠯᠡᠨ ᠵᠠᠰᠠᠬᠤ ᠠᠵᠢᠯ ᠢ᠋ ᠡᠷᠡᠰ ᠴᠢᠩᠭᠠᠳᠭᠠᠬᠤ ᠴᠢᠬᠤᠯᠠ ᠶᠡᠬᠡ ᠤᠯᠤᠰ ᠲᠥᠷᠥ ᠶ᠋ᠢᠨ ᠤᠬᠠᠮᠰᠠᠷ᠂ ᠦᠵᠡᠯ ᠰᠠᠨᠠᠭᠠᠨ ᠤ᠋ ᠪᠠ ᠦᠢᠯᠡ ᠠᠵᠢᠯᠯᠠᠭᠠᠨ ᠤ᠋ ᠤᠬᠠᠮᠰᠠᠷ ᠢ᠋ᠢᠠᠨ ᠴᠢᠩᠭᠠᠳᠭᠠᠨ᠂ ᠪᠦᠬᠦ ᠬᠦᠴᠦᠨ ᠢ᠋ᠢᠠᠷ ᠢ᠋ᠢᠡᠨ ᠡᠯ᠎ᠡ ᠲᠥᠷᠦᠯ ᠤ᠋ᠨ ᠠᠵᠢᠯ ᠢ᠋ ᠪᠠᠲᠤᠵᠢᠭᠤᠯᠤᠨ᠎ᠠ᠃
2. ᠵᠣᠬᠢᠶᠠᠨ ᠪᠠᠢᠭᠤᠯᠤᠯᠲᠠ ᠶ᠋ᠢᠨ ᠤᠳᠤᠷᠢᠳᠤᠯᠭ᠎ᠠ ᠪᠠᠨ ᠴᠢᠩᠭᠠᠳᠭᠠᠵᠤ ᠂ ᠠᠵᠢᠯ ᠤ᠋ᠨ ᠪᠣᠳᠠᠲᠤ ᠦᠷ᠎ᠡ ᠪᠦᠲᠦᠮᠵᠢ ᠶ᠋ᠢ ᠪᠠᠲᠤᠯᠠᠬᠤ ᠬᠡᠷᠡᠭᠲᠡᠢ
ᠪᠥᠬᠥ ᠬᠣᠲᠠ ᠶ᠋ᠢᠨ ᠰᠢᠭᠦᠬᠦ ᠬᠣᠷᠢᠶ᠎ᠠ 《 ᠨᠢᠭᠡ ᠬᠥᠯᠭᠡ ᠰᠢᠲᠠᠷ᠎ᠠ》 ᠶ᠋ᠢᠨ ᠠᠵᠢᠯ ᠤ᠋ᠨ ᠦᠵᠡᠯ ᠰᠠᠨᠠᠭ᠎ᠠ ᠶ᠋ᠢ ᠪᠠᠲᠤ ᠪᠡᠬᠢ ᠪᠣᠢ ᠪᠣᠯᠭᠠᠵᠤ ᠂ ᠮᠡᠳᠡᠭᠡ ᠵᠠᠩᠭᠢ ᠶ᠋ᠢ ᠬᠠᠮᠲᠤᠪᠠᠷ ᠡᠳ᠋ᠯᠡᠬᠦ ᠂ ᠵᠥᠪᠳᠡᠯᠴᠡᠨ ᠰᠤᠳᠤᠯᠤᠨ ᠮᠠᠭᠠᠳᠯᠠᠬᠤ ᠂ ᠰᠢᠮᠳᠠᠭᠤᠯᠤᠨ ᠪᠠᠢᠴᠠᠭᠠᠵᠤ ᠨᠠᠢᠳᠠᠪᠤᠷᠢᠵᠢᠭᠤᠯᠬᠤ ᠂ ᠵᠢᠭᠠᠪᠤᠷᠢ ᠠᠪᠴᠤ ᠮᠡᠳᠡᠭᠦᠯᠬᠦ ᠪᠠ ᠰᠦᠪᠡᠭᠴᠢ ᠶ᠋ᠢ ᠰᠢᠯᠵᠢᠭᠦᠯᠦᠨ ᠲᠤᠰᠢᠶᠠᠵᠤ ᠰᠢᠢᠳᠪᠦᠷᠢᠯᠡᠬᠦ ᠵᠡᠷᠭᠡ ᠠᠵᠢᠯ ᠤ᠋ᠨ ᠲᠣᠭᠲᠠᠴᠠ ᠶ᠋ᠢ ᠪᠠᠢᠭᠤᠯᠤᠨ ᠲᠡᠭᠦᠯᠳᠡᠷᠵᠢᠭᠦᠯᠵᠦ ᠂ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠲᠤᠰᠭᠠᠢᠯᠠᠨ ᠴᠡᠭᠴᠡᠯᠡᠨ ᠵᠠᠰᠠᠬᠤ ᠠᠵᠢᠯ ᠢ᠋ ᠡᠮᠬᠢ ᠵᠢᠷᠤᠮ ᠲᠠᠢ ᠥᠷᠨᠢᠭᠦᠯᠦᠨ ᠂ ᠠᠯᠬᠤᠮ ᠠᠯᠬᠤᠮ ᠢ᠋ᠶ᠋ᠠᠷ ᠨᠢᠭᠡᠳᠦᠯᠲᠡᠢ ᠪᠣᠯᠭᠠᠵᠤ ᠂ ᠳᠡᠭᠡᠷ᠎ᠡ ᠳᠣᠣᠷ᠎ᠠ ᠱᠠᠲᠤ ᠬᠠᠮᠲᠤᠷᠠᠨ ᠬᠥᠳᠡᠯᠦᠯᠴᠡᠭᠰᠡᠨ ᠂ ᠪᠦᠬᠦᠯᠢ ᠴᠣᠭᠴᠠ ᠪᠠᠷ ᠨᠢ ᠲᠦᠯᠬᠢᠨ ᠠᠬᠢᠭᠤᠯᠤᠭᠰᠠᠨ ᠬᠦᠴᠦᠷᠬᠡᠭ ᠶᠡᠬᠡ ᠠᠵᠢᠯ ᠤ᠋ᠨ ᠨᠡᠢᠯᠡᠯ ᠬᠦᠴᠦᠨ ᠢ᠋ ᠪᠦᠷᠢᠯᠳᠦᠭᠦᠯᠬᠦ ᠬᠡᠷᠡᠭᠲᠡᠢ ᠃ ᠲᠤᠰᠭᠠᠢᠯᠠᠨ ᠴᠡᠭᠴᠡᠯᠡᠨ ᠵᠠᠰᠠᠬᠤ ᠠᠵᠢᠯ ᠤ᠋ᠨ ᠤᠳᠤᠷᠢᠳᠬᠤ ᠳᠤᠭᠤᠢᠯᠠᠩ ᠨᠢ ᠮᠥᠷᠳᠡᠨ ᠰᠢᠮᠳᠠᠭᠤᠯᠤᠨ ᠭᠦᠢᠴᠡᠳᠭᠡᠯ ᠬᠢᠬᠦ ᠶ᠋ᠢ ᠴᠢᠩᠭᠠᠳᠭᠠᠨ ᠂ ᠡᠭᠦᠷᠭᠡ ᠶ᠋ᠢᠨ ᠨᠠᠢᠳᠠᠪᠤᠷᠢᠵᠢᠭᠤᠯᠤᠯᠲᠠ ᠶ᠋ᠢ ᠬᠦᠴᠦᠲᠡᠢ ᠠᠳᠭᠤᠵᠤ ᠂ ᠬᠠᠷᠢᠭᠤᠴᠠᠯᠭ᠎ᠠ ᠡᠭᠦᠷᠭᠡᠯᠡᠯ ᠢ᠋ ᠲᠠᠰᠤᠷᠠᠯᠲᠠ ᠦᠭᠡᠢ ᠴᠢᠩᠭᠠᠷᠠᠭᠤᠯᠵᠤ ᠂ ᠲᠤᠰᠭᠠᠢᠯᠠᠨ ᠴᠡᠭᠴᠡᠯᠡᠨ ᠵᠠᠰᠠᠬᠤ ᠠᠵᠢᠯ ᠤ᠋ᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶ᠋ᠢ ᠦᠨᠡᠨᠬᠦ ᠪᠠᠲᠤᠯᠠᠬᠤ ᠬᠡᠷᠡᠭᠲᠡᠢ ᠃ ᠡᠯ᠎ᠡ ᠬᠣᠷᠢᠶᠠᠨ ᠤ᠋ 《 ᠨᠢᠭᠡᠳᠦᠭᠡᠷ ᠭᠠᠷ 》 ᠨᠤᠭᠤᠳ ᠴᠡᠭᠴᠡᠯᠡᠨ ᠵᠠᠰᠠᠬᠤ ᠠᠵᠢᠯ ᠤ᠋ᠨ ᠨᠢᠭᠡᠳᠦᠭᠡᠷ ᠬᠠᠷᠢᠭᠤᠴᠠᠯᠭᠠᠲᠠᠨ ᠤ᠋ ᠬᠠᠷᠢᠭᠤᠴᠠᠯᠭ᠎ᠠ ᠶ᠋ᠢ ᠦᠨᠡᠨᠬᠦ ᠡᠭᠦᠷᠭᠡᠯᠡᠵᠦ ᠂ ᠴᠡᠭᠴᠡᠯᠡᠨ ᠵᠠᠰᠠᠬᠤ ᠠᠵᠢᠯ ᠳ᠋ᠤ᠌ ᠴᠢᠬᠤᠯᠠ ᠶᠡᠬᠡ ᠠᠰᠠᠭᠤᠳᠠᠯ ᠢ᠋ ᠪᠡᠶ᠎ᠡ ᠪᠡᠷ ᠢ᠋ᠶ᠋ᠡᠨ ᠪᠠᠢᠷᠢᠯᠠᠭᠤᠯᠬᠤ ᠂ ᠭᠣᠣᠯᠳᠠᠯᠭ᠎ᠠ ᠲᠠᠢ ᠭᠣᠭᠴᠣᠭ᠎ᠠ ᠶ᠋ᠢ ᠪᠡᠶ᠎ᠡ ᠪᠡᠷ ᠢ᠋ᠶ᠋ᠡᠨ ᠵᠣᠬᠢᠴᠠᠭᠤᠯᠬᠤ ᠂ ᠴᠢᠬᠤᠯᠠ ᠬᠡᠷᠡᠭ ᠢ᠋ ᠪᠡᠶ᠎ᠡ ᠪᠡᠷ ᠢ᠋ᠶ᠋ᠡᠨ ᠰᠢᠮᠳᠠᠭᠤᠯᠤᠨ ᠰᠢᠢᠳᠪᠦᠷᠢᠯᠡᠭᠦᠯᠵᠦ ᠂ ᠣᠷᠣᠨ ᠨᠤᠲᠤᠭ ᠤ᠋ᠨ ᠨᠠᠮ ᠤ᠋ᠨ ᠬᠣᠷᠢᠶ᠎ᠠ ᠲᠠᠢ ᠪᠦᠬᠦ ᠬᠦᠴᠦᠨ ᠢ᠋ᠶ᠋ᠡᠷ ᠢ᠋ᠶ᠋ᠡᠨ ᠬᠠᠮᠵᠢᠯᠴᠠᠨ ᠥᠪᠡᠷᠲᠡᠭᠡᠨ ᠵᠠᠰᠠᠬᠤ ᠣᠷᠣᠨ ᠤ᠋ ᠲᠣᠭᠣᠷᠢᠨ ᠪᠠᠢᠴᠠᠭᠠᠬᠤ ᠳᠤᠭᠤᠢᠯᠠᠩ ᠪᠠ ᠬᠣᠲᠠ ᠶ᠋ᠢᠨ ᠲᠣᠭᠣᠷᠢᠨ ᠪᠠᠢᠴᠠᠭᠠᠬᠤ ᠳᠤᠭᠤᠢᠯᠠᠩ ᠤ᠋ᠨ ᠲᠤᠰᠭᠠᠢ ᠲᠣᠭᠣᠷᠢᠨ ᠪᠠᠢᠴᠠᠭᠠᠬᠤ ᠠᠵᠢᠯ ᠢ᠋ ᠰᠠᠢᠲᠤᠷ ᠬᠢᠬᠦ ᠬᠡᠷᠡᠭᠲᠡᠢ ᠂ ᠶᠠᠮᠠᠷᠪᠠ ᠠᠰᠠᠭᠤᠳᠠᠯ ᠭᠠᠷᠬᠤ ᠶ᠋ᠢ ᠣᠭᠲᠣ ᠵᠥᠪᠰᠢᠶᠡᠷᠡᠬᠦ ᠥᠬᠡᠢ ᠃
3. ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠂ ᠵᠢᠭᠰᠠᠭᠠᠨ ᠪᠠᠢᠴᠠᠭᠠᠵᠤ ᠠᠭᠤᠯᠭ᠎ᠠ ᠶ᠋ᠢ ᠨᠢ ᠲᠤᠢᠯᠪᠤᠷᠢᠲᠠᠢ ᠬᠠᠷᠭᠤᠭᠤᠯᠬᠤ ᠶ᠋ᠢ ᠦᠨᠡᠨᠬᠦ ᠪᠠᠲᠤᠯᠠᠨ᠎ᠠ
ᠪᠥᠬᠥ ᠬᠣᠲᠠ ᠶ᠋ᠢᠨ ᠰᠢᠭᠦᠬᠦ ᠬᠣᠷᠢᠶ᠎ᠠ ᠰᠠᠨᠠᠭᠠᠴᠢᠯᠠᠭ᠎ᠠ ᠠ᠋ᠴᠠ ᠪᠠᠨ ᠠᠵᠢᠯᠯᠠᠵᠤ ᠂ 《 ᠬᠡᠷᠡᠭ ᠢ᠋ ᠪᠠᠢᠴᠠᠭᠠᠬᠤ 》 ᠪᠠ 《 ᠬᠥᠮᠦᠨ ᠢ᠋ ᠪᠠᠢᠴᠠᠭᠠᠬᠤ 》 ᠬᠣᠶᠠᠷ ᠠᠵᠢᠯ ᠤ᠋ᠨ ᠭᠣᠣᠯ ᠱᠤᠭᠤᠮ ᠢ᠋ ᠴᠢᠩᠭ᠎ᠠ ᠠᠳᠭᠤᠵᠤ ᠂ ᠥᠪᠡᠷ ᠢ᠋ᠶ᠋ᠡᠨ ᠪᠠᠢᠴᠠᠭᠠᠬᠤ ᠠᠵᠢᠯ ᠢ᠋ ᠪᠥᠬᠥ ᠲᠠᠯ᠎ᠠ ᠪᠠᠷ ᠥᠷᠨᠢᠭᠦᠯᠪᠡ ᠃ ᠨᠡᠭᠦᠷᠡᠰᠦ ᠰᠠᠲᠠᠭᠠᠬᠤ ᠳ᠋ᠤ᠌ ᠬᠣᠯᠪᠣᠭᠳᠠᠭᠰᠠᠨ 20 ᠵᠢᠯ ᠰᠢᠬᠠᠮ ᠤ᠋ᠨ ᠬᠡᠷᠡᠭ ᠲᠦ᠍ ᠬᠡᠪᠢᠰ ᠮᠠᠶᠢᠭ ᠤ᠋ᠨ ᠪᠠᠢᠴᠠᠭᠠᠯᠲᠠ ᠬᠢᠵᠦ ᠂ ᠵᠢᠭᠰᠠᠭᠠᠨ ᠪᠠᠢᠴᠠᠭᠠᠬᠤ ᠴᠤᠪᠤᠷᠠᠯ ᠢ᠋ ᠴᠢᠩᠭᠠᠷᠠᠭᠤᠯᠬᠤ ᠪᠠ ᠵᠢᠭᠰᠠᠭᠠᠨ ᠪᠠᠢᠴᠠᠭᠠᠬᠤ ᠠᠷᠭ᠎ᠠ ᠬᠡᠮᠵᠢᠶ᠎ᠡ ᠶ᠋ᠢ ᠴᠢᠩᠭ᠎ᠠ ᠨᠠᠷᠢᠰᠭᠠᠪᠠ ᠃ ᠬᠡᠷᠡᠭ ᠦ᠋ᠨ ᠳᠠᠩᠰᠠ ᠡᠪᠬᠡᠮᠡᠯ ᠪᠣᠯᠤᠨ ᠰᠦᠪᠡᠭᠴᠢ ᠶ᠋ᠢᠨ ᠡᠬᠡ ᠳᠠᠩᠰᠠᠨ ᠳ᠋ᠤ᠌ ᠲᠤᠰᠭᠠᠢ ᠬᠥᠮᠦᠨ ᠲᠣᠭᠲᠠᠭᠠᠬᠤ ᠪᠤᠶᠤ ᠲᠤᠰᠭᠠᠢ ᠠᠩᠭᠢ ᠪᠠᠢᠭᠤᠯᠵᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶ᠋ᠢ ᠬᠡᠷᠡᠭᠵᠢᠭᠦᠯᠦᠨ᠎ᠡ᠃ ᠲᠤᠰ ᠬᠣᠷᠢᠶᠠᠨ ᠤ᠋ ᠠᠵᠢᠯ ᠤ᠋ᠨ ᠪᠠᠢᠷᠢ ᠳ᠋ᠠᠭᠠᠨ ᠪᠠᠢᠭ᠎ᠠ ᠺᠠᠲᠷ ᠴᠠᠭᠳᠠᠭ᠎ᠠ ᠵᠢᠴᠢ ᠠᠵᠢᠯ ᠠ᠋ᠴᠠ ᠪᠠᠨ ᠠᠮᠠᠷᠠᠵᠤ ᠠᠵᠢᠯ ᠠ᠋ᠴᠠ ᠪᠠᠨ ᠪᠠᠭᠤᠭᠰᠠᠨ ᠬᠥᠮᠦᠰ ᠢ᠋ ᠬᠠᠷᠭᠤᠭᠤᠯᠤᠨ ᠪᠠᠢᠴᠠᠭᠠᠬᠤ ᠠᠵᠢᠯ ᠢ᠋ ᠥᠷᠨᠢᠭᠦᠯᠵᠦ ᠂ ᠬᠥᠮᠦᠨ ᠳᠠᠷᠠᠭᠠᠯᠠᠨ ᠬᠠᠷᠢᠴᠠᠭᠤᠯᠤᠨ ᠪᠠᠢᠴᠠᠭᠠᠵᠤ ᠂ ᠲᠠᠭᠯᠠᠵᠤ ᠳᠠᠩᠰᠠᠯᠠᠨ ᠲᠡᠮᠳᠡᠭᠯᠡᠵᠦ ᠂ ᠨᠡᠭᠦᠷᠡᠰᠦᠨ ᠠᠭᠤᠷᠬᠠᠢ ᠳ᠋ᠤ᠌ ᠬᠣᠯᠪᠣᠭᠳᠠᠭᠰᠠᠨ ᠬᠡᠷᠡᠭ ᠢ᠋ ᠰᠢᠭᠦᠨ ᠰᠢᠢᠳᠪᠦᠷᠢᠯᠡᠬᠦ ᠳᠤᠮᠳᠠ ᠵᠢᠴᠢ ᠬᠡᠷᠡᠭ ᠢ᠋ ᠭᠦᠢᠴᠡᠳᠭᠡᠬᠦ ᠳᠤᠮᠳᠠ ᠰᠠᠬᠢᠯᠭ᠎ᠠ ᠪᠠᠲᠤ ᠬᠠᠤᠯᠢ ᠴᠠᠭᠠᠵᠠ ᠠ᠋ᠴᠠ ᠵᠥᠷᠢᠴᠡᠭᠰᠡᠨ ᠠᠰᠠᠭᠤᠳᠠᠯ ᠪᠠᠢᠬᠤ ᠡᠰᠡᠬᠦ ᠶ᠋ᠢ ᠨᠠᠷᠢᠨ ᠨᠢᠮᠪᠠᠢ ᠬᠢᠨᠠᠨ ᠪᠠᠢᠴᠠᠭᠠᠨ᠎ᠠ ᠃ ᠬᠥᠮᠦᠨ ᠦ᠌ ᠬᠡᠷᠡᠭ ᠦ᠋ᠨ ᠰᠦᠪᠡᠭᠴᠢ ᠶ᠋ᠢ ᠵᠢᠭᠰᠠᠭᠠᠨ ᠪᠠᠢᠴᠠᠭᠠᠬᠤ ᠠᠵᠢᠯ ᠤ᠋ᠨ ᠳᠤᠮᠳᠠ ᠦᠨᠡᠬᠡᠷ ᠠᠰᠠᠭᠤᠳᠠᠯ ᠪᠠᠢᠬᠤ ᠶ᠋ᠢ ᠣᠯᠵᠤ ᠮᠡᠳᠡᠪᠡᠯ ᠂ ᠴᠠᠭ ᠲᠤᠬᠠᠢ ᠳ᠋ᠤᠨᠢ ᠣᠷᠣᠨ ᠨᠤᠲᠤᠭ ᠤ᠋ᠨ ᠨᠠᠮ ᠤ᠋ᠨ ᠬᠣᠷᠢᠶ᠎ᠠ ᠳ᠋ᠤ᠌ ᠮᠡᠳᠡᠭᠦᠯᠬᠦ ᠶ᠋ᠢᠨ ᠬᠠᠮᠲᠤ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠲᠤᠰᠭᠠᠢᠯᠠᠨ ᠴᠡᠭᠴᠡᠯᠡᠨ ᠵᠠᠰᠠᠬᠤ ᠠᠵᠢᠯ ᠤ᠋ᠨ ᠤᠳᠤᠷᠢᠳᠬᠤ ᠳᠤᠭᠤᠢᠯᠠᠩ ᠳ᠋ᠤ᠌ ᠮᠡᠳᠡᠭᠦᠯᠦᠨ ᠬᠦᠷᠭᠡᠬᠦ ᠬᠡᠷᠡᠭᠲᠡᠢ ᠃
4. ᠰᠢᠭᠦᠨ ᠲᠠᠰᠤᠯᠬᠤ ᠡᠭᠦᠷᠭᠡ ᠬᠠᠷᠢᠭᠤᠴᠠᠯᠭ᠎ᠠ ᠶ᠋ᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ ᠂ ᠬᠡᠷᠡᠭ ᠦ᠋ᠨ ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠦᠨ᠎ᠡ
ᠲᠤᠰᠭᠠᠢᠯᠠᠨ ᠴᠡᠭᠴᠡᠯᠡᠨ ᠵᠠᠰᠠᠬᠤ ᠬᠢᠭᠡᠳ ᠨᠡᠭᠦᠷᠡᠰᠦᠨ ᠦ᠌ ᠡᠬᠢ ᠪᠠᠶᠠᠯᠢᠭ ᠤ᠋ᠨ ᠬᠦᠷᠢᠶᠡᠨ ᠦ᠌ ᠬᠡᠷᠡᠭ ᠢ᠋ ᠰᠢᠭᠦᠨ ᠰᠢᠢᠳᠪᠦᠷᠢᠯᠡᠬᠦ ᠶ᠋ᠢ ᠭᠦᠢᠴᠡᠳᠭᠡᠬᠦ ᠠᠵᠢᠯ ᠢ᠋ ᠨᠢᠭᠡᠳᠦᠯᠲᠡᠢ ᠲᠥᠯᠥᠪᠯᠡᠨ ᠰᠠᠢᠲᠤᠷ ᠬᠢᠵᠦ ᠂ ᠬᠠᠤᠯᠢ ᠶᠣᠰᠣᠭᠠᠷ ᠲᠥᠪ ᠭᠣᠣᠯᠴᠢ ᠪᠠᠷ ᠰᠢᠭᠦᠨ ᠰᠢᠢᠳᠪᠦᠷᠢᠯᠡᠵᠦ ᠪᠠᠢᠭ᠎ᠠ ᠨᠡᠭᠦᠷᠡᠰᠦᠨ ᠦ᠌ ᠡᠬᠢ ᠪᠠᠶᠠᠯᠢᠭ ᠤ᠋ᠨ ᠬᠦᠷᠢᠶᠡᠨ ᠦ᠌ ᠬᠡᠷᠡᠭ ᠢ᠋ ᠰᠢᠢᠳᠪᠦᠷᠢᠯᠡᠬᠦ ᠡᠷᠴᠢᠮ ᠢ᠋ᠶ᠋ᠡᠨ ᠨᠡᠮᠡᠭᠳᠡᠭᠦᠯᠵᠦ ᠂ ᠬᠡᠷᠡᠭ ᠦ᠋ᠨ ᠶᠠᠰᠤ ᠴᠢᠨᠠᠷ ᠢ᠋ ᠪᠠᠲᠤᠯᠠᠵᠤ ᠂ ᠲᠤᠰᠭᠠᠢ ᠵᠦᠢᠯ ᠢ᠋ᠶ᠋ᠡᠷ ᠴᠡᠭᠴᠡᠯᠡᠨ ᠵᠠᠰᠠᠬᠤ ᠠᠵᠢᠯ ᠳ᠋ᠤ᠌ ᠪᠠᠲᠤ ᠴᠢᠩᠭ᠎ᠠ ᠬᠠᠤᠯᠢ ᠴᠠᠭᠠᠵᠠ ᠶ᠋ᠢᠨ ᠪᠠᠲᠤᠯᠠᠭ᠎ᠠ ᠬᠠᠩᠭᠠᠬᠤ ᠬᠡᠷᠡᠭᠲᠡᠢ ᠃ 《 ᠠᠮᠢ ᠠᠬᠤᠢ ᠶ᠋ᠢ ᠲᠡᠷᠢᠭᠦᠨ ᠳ᠋ᠦ᠍ ᠲᠠᠯᠪᠢᠵᠤ ᠂ ᠪᠣᠬᠢᠷᠲᠤᠯ ᠦᠭᠡᠢ ᠬᠥᠭᠵᠢᠭᠦᠯᠬᠦ》 ᠣᠨᠣᠯᠵᠢᠬᠤᠨ ᠢ᠋ ᠤᠯᠠᠮ ᠨᠢᠭᠡ ᠠᠯᠬᠤᠮ ᠪᠡᠬᠢᠵᠢᠭᠦᠯᠵᠦ ᠂ ᠠᠮᠢ ᠠᠬᠤᠢ ᠶ᠋ᠢᠨ ᠡᠬᠢ ᠪᠠᠶᠠᠯᠢᠭ ᠢ᠋ ᠬᠠᠮᠠᠭᠠᠯᠠᠬᠤ ᠤᠬᠠᠮᠰᠠᠷ ᠢ᠋ ᠴᠢᠩᠭᠠᠳᠭᠠᠵᠤ ᠂ ᠣᠷᠴᠢᠨ ᠲᠣᠭᠣᠷᠢᠨ ᠤ᠋ ᠨᠡᠢᠲᠡ ᠶ᠋ᠢᠨ ᠠᠰᠠᠷᠠᠮᠵᠢ ᠶ᠋ᠢᠨ ᠵᠠᠷᠭᠤ ᠶ᠋ᠢᠨ ᠳᠦᠷᠢᠮ ᠢ᠋ ᠬᠡᠷᠡᠭᠵᠢᠭᠦᠯᠬᠦ ᠶ᠋ᠢ ᠢᠳᠡᠪᠬᠢᠲᠡᠢ ᠠᠬᠢᠭᠤᠯᠵᠤ ᠂ ᠪᠠᠢᠭᠠᠯᠢ ᠶ᠋ᠢᠨ ᠡᠬᠢ ᠪᠠᠶᠠᠯᠢᠭ ᠤ᠋ᠨ ᠬᠦᠷᠢᠶ᠎ᠡ ᠬᠡᠪᠴᠢᠶ᠎ᠡ ᠶ᠋ᠢ ᠡᠪᠳᠡᠭᠰᠡᠨ ᠬᠠᠤᠯᠢ ᠠ᠋ᠴᠠ ᠵᠥᠷᠢᠴᠡᠭᠰᠡᠨ ᠶᠠᠯᠠᠲᠤ ᠬᠡᠷᠡᠭ ᠲᠦ᠍ ᠴᠢᠩᠭ᠎ᠠ ᠴᠣᠬᠢᠯᠲᠠ ᠥᠭᠴᠦ ᠂ ᠡᠨᠡ ᠤᠳᠠᠭᠠᠨ ᠤ᠋ ᠲᠤᠰᠭᠠᠢ ᠵᠦᠢᠯ ᠢ᠋ᠶ᠋ᠡᠷ ᠴᠡᠭᠴᠡᠯᠡᠨ ᠵᠠᠰᠠᠬᠤ ᠶ᠋ᠢ ᠪᠤᠰᠤᠳ ᠡᠯ᠎ᠡ ᠲᠥᠷᠥᠯ ᠦ᠋ᠨ ᠠᠭᠤᠷᠬᠠᠢ ᠶ᠋ᠢᠨ ᠡᠬᠢ ᠪᠠᠶᠠᠯᠢᠭ ᠤ᠋ᠨ ᠬᠦᠷᠢᠶ᠎ᠡ ᠬᠡᠪᠴᠢᠶᠡᠨ ᠳ᠋ᠡᠬᠢ ᠳᠣᠪᠣᠢᠮ᠎ᠠ ᠠᠰᠠᠭᠤᠳᠠᠯ ᠢ᠋ ᠴᠡᠭᠴᠡᠯᠡᠨ ᠵᠠᠰᠠᠬᠤ ᠲᠠᠢ ᠤᠶᠠᠯᠳᠤᠭᠤᠯᠵᠤ ᠂ ᠨᠢᠭᠡ ᠴᠣᠭᠴᠠᠵᠢᠭᠤᠯᠤᠨ ᠨᠠᠢᠳᠠᠪᠤᠷᠢᠵᠢᠭᠤᠯᠤᠨ᠎ᠠ ᠃
5. ᠤᠬᠠᠭᠤᠯᠵᠤ ᠬᠥᠲᠥᠯᠦᠨ ᠵᠢᠯᠣᠭᠣᠳᠬᠤ ᠶ᠋ᠢ ᠰᠠᠢᠲᠤᠷ ᠠᠳᠭᠤᠵᠤ ᠂ ᠭᠦᠨ ᠵᠤᠵᠠᠭᠠᠨ ᠠᠭᠤᠷ ᠠᠮᠢᠰᠭᠤᠯ ᠢ᠋ ᠪᠣᠢ ᠪᠣᠯᠭᠠᠨ᠎ᠠ
ᠲᠤᠰᠭᠠᠢᠯᠠᠨ ᠴᠡᠭᠴᠡᠯᠡᠨ ᠵᠠᠰᠠᠬᠤ ᠶ᠋ᠢ ᠥᠷᠨᠢᠭᠦᠯᠬᠦ ᠶ᠋ᠢᠨ ᠴᠢᠬᠤᠯᠠ ᠶᠡᠬᠡ ᠠᠴᠢ ᠬᠣᠯᠪᠣᠭᠳᠠᠯ ᠂ ᠴᠢᠬᠤᠯᠠ ᠶᠡᠬᠡ ᠪᠠᠢᠷᠢᠯᠠᠭᠤᠯᠤᠯᠲᠠ ᠂ ᠠᠵᠢᠯ ᠤ᠋ᠨ ᠠᠬᠢᠴᠠ ᠪᠣᠯᠤᠨ ᠨᠡᠢᠲᠡᠯᠢᠭ ᠬᠡᠷᠡᠭ ᠦ᠋ᠨ ᠵᠢᠰᠢᠶ᠎ᠡ ᠶ᠋ᠢ ᠢᠳᠡᠪᠬᠢᠲᠡᠢ ᠥᠷᠭᠡᠨ ᠢ᠋ᠶ᠋ᠡᠷ ᠤᠬᠠᠭᠤᠯᠵᠤ ᠂ ᠺᠠᠲᠷ ᠴᠠᠭᠳᠠᠭ᠎ᠠ ᠪᠣᠯᠤᠨ ᠣᠯᠠᠨ ᠲᠦᠮᠡᠨ ᠦ᠌ ᠵᠠᠬᠢᠳᠠᠯ ᠰᠤᠷᠪᠤᠯᠵᠢᠯᠠᠯ ᠤ᠋ᠨ ᠢᠯᠡᠴᠢᠯᠡᠨ ᠮᠡᠳᠡᠭᠦᠯᠬᠦ ᠠᠷᠭ᠎ᠠ ᠵᠠᠮ ᠢ᠋ ᠰᠠᠭᠠᠳ ᠥᠬᠡᠢ ᠨᠡᠪᠲᠡᠷᠡᠭᠦᠯᠵᠦ ᠂ ᠡᠯ᠎ᠡ ᠲᠠᠯ᠎ᠠ ᠶ᠋ᠢᠨ ᠬᠢᠨᠠᠯᠲᠠ ᠲᠠᠯᠪᠢᠬᠤ ᠬᠦᠴᠦᠨ ᠢ᠋ ᠭᠦᠢᠴᠡᠳ ᠪᠠᠳᠠᠷᠠᠭᠤᠯᠤᠨ ᠂ ᠲᠤᠰᠭᠠᠢᠯᠠᠨ ᠴᠡᠭᠴᠡᠯᠡᠨ ᠵᠠᠰᠠᠬᠤ ᠠᠵᠢᠯ ᠤ᠋ᠨ ᠰᠦᠪᠡᠭᠴᠢ ᠶ᠋ᠢ ᠥᠷᠭᠡᠳᠭᠡᠬᠦ ᠶ᠋ᠢ ᠵᠢᠭᠰᠠᠭᠠᠨ ᠪᠠᠢᠴᠠᠭᠠᠬᠤ ᠳ᠋ᠤ᠌ 《 ᠥᠷᠭᠡᠨ ᠂ ᠣᠨᠤᠪᠴᠢᠲᠠᠢ᠂ ᠭᠦᠨ 》 ᠪᠠᠢᠬᠤ ᠲᠠᠯ᠎ᠠ ᠪᠠᠷ ᠭᠦᠢᠴᠡᠳ ᠬᠦᠴᠦ ᠲᠠᠯᠪᠢᠬᠤ ᠬᠡᠷᠡᠭᠲᠡᠢ ᠃
6. ᠬᠢᠨᠠᠨ ᠵᠢᠯᠣᠭᠣᠳᠴᠤ ᠱᠢᠯᠭᠠᠨ ᠬᠢᠨᠠᠵᠤ ᠬᠠᠷᠢᠭᠤᠴᠠᠯᠭ᠎ᠠ ᠡᠭᠦᠷᠭᠡᠯᠡᠬᠦ ᠶ᠋ᠢ ᠴᠢᠩᠭᠠᠳᠭᠠᠵᠤ ᠂ ᠠᠵᠢᠯ ᠤ᠋ᠨ ᠨᠠᠢᠳᠠᠪᠤᠷᠢᠵᠢᠭᠤᠯᠤᠯᠲᠠ ᠶ᠋ᠢ ᠴᠢᠩᠭ᠎ᠠ ᠠᠳᠭᠤᠨ᠎ᠠ
ᠲᠤᠰᠭᠠᠢᠯᠠᠨ ᠴᠡᠭᠴᠡᠯᠡᠨ ᠵᠠᠰᠠᠬᠤ ᠠᠵᠢᠯ ᠢ᠋ ᠰᠢᠭᠦᠬᠦ ᠬᠣᠷᠢᠶᠠᠨ ᠤ᠋ ᠣᠨ ᠤ᠋ ᠬᠠᠷᠠᠯᠲᠠᠲᠤ ᠬᠠᠷᠢᠭᠤᠴᠠᠯᠭ᠎ᠠ ᠶ᠋ᠢᠨ ᠳᠦᠷᠢᠮ ᠪᠠ ᠤᠳᠤᠷᠢᠳᠬᠤ ᠪᠠᠭ ᠤ᠋ᠨ ᠪᠣᠳᠠᠲᠤ ᠠᠮᠵᠢᠯᠲᠠ ᠶ᠋ᠢ ᠬᠢᠨᠠᠨ ᠰᠢᠯᠭᠠᠬᠤ ᠬᠡᠪᠴᠢᠶᠡᠨ ᠳ᠋ᠦ᠍ ᠣᠷᠣᠭᠤᠯᠤᠨ᠎ᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠰᠠᠯᠠᠭ᠎ᠠ ᠮᠥᠴᠢᠷ ᠨᠢ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠳ᠋ᠦ᠍ ᠬᠠᠷᠢᠭᠤᠴᠠᠯᠭ᠎ᠠ ᠨᠡᠬᠡᠮᠵᠢᠯᠡᠬᠦ ᠪᠠ ᠬᠢᠨᠠᠯᠲᠠ ᠲᠠᠯᠪᠢᠵᠤ ᠪᠠᠢᠴᠠᠭᠠᠨ ᠰᠢᠢᠳᠪᠦᠷᠢᠯᠡᠬᠦ ᠡᠷᠴᠢᠮ ᠢ᠋ᠶ᠋ᠡᠨ ᠴᠢᠩᠭᠠᠷᠠᠭᠤᠯᠵᠤ ᠂ ᠲᠤᠰ ᠬᠣᠷᠢᠶ᠎ᠠ ᠵᠢᠴᠢ ᠦᠨᠳᠦᠰᠦᠨ ᠱᠠᠲᠤᠨ ᠤ᠋ ᠬᠣᠷᠢᠶ᠎ᠠ ᠶ᠋ᠢᠨ ᠠᠬᠢᠴᠠ ᠤᠳᠠᠭᠠᠨ ᠪᠠᠢᠭ᠎ᠠ ᠰᠠᠯᠠᠭ᠎ᠠ ᠮᠥᠴᠢᠷ ᠢ᠋ ᠴᠠᠭ ᠲᠤᠬᠠᠢ ᠳ᠋ᠤᠨᠢ ᠵᠠᠷᠯᠠᠨ ᠮᠡᠳᠡᠭᠳᠡᠵᠦ ᠂ ᠬᠠᠷᠢᠯᠴᠠᠨ ᠲᠦᠯᠬᠢᠯᠴᠡᠬᠦ ᠂ ᠠᠵᠢᠯ ᠨᠢ ᠬᠦᠴᠦᠨ ᠦᠭᠡᠢ ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢ᠋ᠶ᠋ᠠᠨ ᠭᠤᠲᠤᠭᠠᠭᠰᠠᠨ ᠵᠡᠷᠭᠡ ᠪᠠᠢᠳᠠᠯ ᠢ᠋ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠪᠡ ᠃ ᠵᠠᠯᠬᠠᠭᠠᠨ ᠰᠢᠢᠳᠭᠡᠬᠦ ᠶ᠋ᠢ ᠤᠶᠠᠯᠳᠤᠭᠤᠯᠬᠤ ᠶ᠋ᠢ ᠪᠠᠷᠢᠮᠲᠠᠯᠠᠵᠤ ᠂ ᠬᠡᠷᠡᠭ ᠢ᠋ᠶ᠋ᠡᠷ ᠴᠡᠭᠡᠷᠯᠡᠯ ᠪᠣᠯᠭᠠᠬᠤ ᠶ᠋ᠢ ᠭᠦᠨᠵᠡᠭᠡᠢᠷᠡᠭᠦᠯᠵᠦ ᠂ ᠬᠡᠷᠡᠭ ᠢ᠋ᠶ᠋ᠡᠷ ᠥᠭᠡᠷᠡᠴᠢᠯᠡᠯᠲᠡ ᠶ᠋ᠢ ᠠᠬᠢᠭᠤᠯᠤᠨ ᠂ ᠴᠡᠭᠴᠡᠯᠡᠨ ᠵᠠᠰᠠᠬᠤ ᠠᠵᠢᠯ ᠤ᠋ᠨ ᠳᠤᠮᠳᠠ ᠢᠯᠡᠷᠡᠭᠦᠯᠦᠭᠰᠡᠨ ᠺᠠᠲᠷ ᠴᠠᠭᠳᠠᠭ᠎ᠠ ᠶ᠋ᠢᠨ ᠬᠠᠤᠯᠢ ᠲᠣᠭᠲᠠᠭᠠᠯ ᠠ᠋ᠴᠠ ᠵᠥᠷᠢᠴᠡᠭᠰᠡᠨ ᠠᠰᠠᠭᠤᠳᠠᠯ ᠢ᠋ ᠡᠷᠡᠰ ᠴᠢᠩᠭ᠎ᠠ ᠰᠢᠢᠳᠪᠦᠷᠢᠯᠡᠪᠡ᠃
7. ᠵᠠᠰᠠᠭᠰᠠᠨ ᠦᠷ᠎ᠡ ᠪᠦᠲᠦᠭᠡᠯ ᠢ᠋ ᠭᠦᠨᠵᠡᠭᠡᠢᠷᠡᠭᠦᠯᠵᠦ ᠂ ᠪᠠᠢᠩᠭᠤ ᠶ᠋ᠢᠨ ᠤᠷᠲᠤ ᠬᠤᠭᠤᠴᠠᠭᠠᠨ ᠤ᠋ ᠪᠦᠲᠦᠮᠵᠢᠲᠡᠢ ᠲᠣᠭᠲᠠᠴᠠ ᠶ᠋ᠢ ᠪᠦᠷᠢᠯᠳᠦᠭᠦᠯᠦᠨ᠎ᠡ
ᠡᠨᠡ ᠤᠳᠠᠭᠠᠨ ᠤ᠋ ᠲᠤᠰᠭᠠᠢᠯᠠᠨ ᠴᠡᠭᠴᠡᠯᠡᠨ ᠵᠠᠰᠠᠬᠤ ᠪᠠᠷ ᠠᠵᠠ ᠲᠣᠬᠢᠶᠠᠯ ᠪᠣᠯᠭᠠᠵᠤ ᠂ ᠰᠢᠨ᠎ᠡ ᠬᠥᠭᠵᠢᠯᠲᠡ ᠶ᠋ᠢᠨ ᠦᠵᠡᠯᠲᠡ ᠶ᠋ᠢ ᠲᠤᠤᠱᠯᠠᠭᠤᠯᠬᠤ ᠂ ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠶ᠋ᠢ ᠠᠬᠢᠭᠤᠯᠬᠤ ᠂ ᠨᠡᠢᠭᠡᠮ ᠦ᠋ᠨ ᠵᠠᠰᠠᠯᠲᠠ ᠶ᠋ᠢᠨ ᠰᠢᠰᠲ᠋ᠧᠮ ᠪᠠ ᠵᠠᠰᠠᠯᠲᠠ ᠶ᠋ᠢᠨ ᠴᠢᠳᠠᠪᠤᠷᠢ ᠶ᠋ᠢᠨ ᠪᠠᠢᠭᠤᠯᠤᠯᠲᠠ ᠶ᠋ᠢ ᠴᠢᠩᠭᠠᠳᠭᠠᠬᠤ ᠂ ᠭᠤᠷᠪᠠᠨ ᠶᠡᠬᠡ ᠰᠢᠪᠲᠤᠯᠤᠯᠲᠠ ᠶ᠋ᠢᠨ ᠳᠠᠢᠯᠠᠯᠳᠤᠭᠠᠨ ᠢ᠋ ᠰᠠᠢᠲᠤᠷ ᠬᠢᠬᠦ ᠂ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠨ ᠴᠡᠪᠡᠷᠯᠡᠬᠦ ᠲᠤᠰᠭᠠᠢ ᠲᠡᠮᠡᠴᠡᠯ ᠢ᠋ ᠠᠬᠢᠭᠤᠯᠬᠤ ᠵᠡᠷᠭᠡ ᠲᠠᠯ᠎ᠠ ᠪᠠᠷ ᠣᠷᠤᠰᠢᠵᠤ ᠪᠠᠢᠭ᠎ᠠ ᠳᠣᠪᠣᠢᠮ᠎ᠠ ᠠᠰᠠᠭᠤᠳᠠᠯ ᠪᠠ ᠪᠠᠭᠤᠷᠠᠢ ᠲᠠᠯ᠎ᠠ ᠶ᠋ᠢ ᠨᠢᠭᠡ ᠴᠣᠭᠴᠠᠵᠢᠭᠤᠯᠤᠨ ᠂ ᠠᠰᠠᠭᠤᠳᠠᠯ ᠢ᠋ ᠴᠡᠭᠴᠡᠯᠡᠨ ᠰᠠᠢᠵᠢᠷᠠᠭᠤᠯᠬᠤ ᠶ᠋ᠢ ᠠᠬᠢᠭᠤᠯᠵᠤ ᠂ ᠴᠡᠭᠴᠡᠯᠡᠨ ᠵᠠᠰᠠᠬᠤ ᠦᠷ᠎ᠡ ᠪᠦᠲᠦᠮᠵᠢ ᠶ᠋ᠢ ᠶᠡᠬᠡᠰᠭᠡᠨ᠎ᠡ ᠃ ᠪᠥᠬᠥ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠂ ᠬᠣᠷᠢᠶ᠎ᠠ ᠶ᠋ᠢ ᠴᠢᠩᠭ᠎ᠠ ᠵᠠᠰᠠᠬᠤ ᠬᠠᠮᠢᠶᠠᠷᠤᠯᠲᠠ ᠶ᠋ᠢᠨ ᠲᠣᠭᠲᠠᠴᠠ ᠶ᠋ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ ᠂ ᠺᠠᠲᠷ ᠴᠠᠭᠳᠠᠭ᠎ᠠ ᠶ᠋ᠢᠨ ᠠᠷᠢᠭᠤᠨ ᠴᠢᠬᠡᠴᠢ ᠪᠡᠷ ᠵᠠᠰᠠᠭ ᠪᠠᠷᠢᠬᠤ ᠠᠶᠤᠯ ᠲᠦᠭᠰᠢᠭᠦᠷᠢ ᠶ᠋ᠢ ᠵᠢᠭᠰᠠᠭᠠᠨ ᠪᠠᠢᠴᠠᠭᠠᠬᠤ ᠪᠠ ᠢᠯᠵᠠᠷᠠᠮᠠᠯ ᠬᠡᠷᠡᠭ ᠢ᠋ ᠪᠠᠢᠴᠠᠭᠠᠨ ᠰᠢᠢᠳᠪᠦᠷᠢᠯᠡᠬᠦ ᠠᠵᠢᠯ ᠢ᠋ ᠴᠢᠩᠭᠠᠳᠭᠠᠵᠤ ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶ᠋ᠢ ᠵᠡᠷᠭᠡᠪᠡᠷ ᠵᠠᠰᠠᠬᠤ ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠵᠦ ᠂ ᠠᠷᠠᠳ ᠤ᠋ᠨ ᠰᠢᠭᠦᠬᠦ ᠬᠣᠷᠢᠶᠠᠨ ᠤ᠋ ᠨᠠᠮ ᠤ᠋ᠨ ᠰᠤᠷᠲᠠᠯ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠢᠭᠤᠯᠤᠯᠲᠠ ᠪᠠ ᠢᠯᠵᠠᠷᠠᠯ ᠢ᠋ ᠡᠰᠡᠷᠭᠦᠴᠡᠬᠦ ᠲᠡᠮᠡᠴᠡᠯ ᠢ᠋ ᠯᠠᠪᠳᠠᠭᠤᠨ ᠪᠠᠲᠤᠲᠠᠢ ᠠᠬᠢᠭᠤᠯᠵᠤ ᠂ ᠰᠢᠭᠦᠬᠦ ᠬᠣᠷᠢᠶᠠᠨ ᠤ᠋ ᠡᠯ᠎ᠡ ᠵᠦᠢᠯ ᠦ᠋ᠨ ᠠᠵᠢᠯ ᠦᠢᠯᠡᠰ ᠦ᠋ᠨ ᠡᠷᠡᠭᠦᠯ ᠲᠣᠭᠲᠠᠭᠤᠨ ᠬᠥᠭᠵᠢᠯᠲᠡ ᠳ᠋ᠦ᠍ ᠪᠠᠲᠤ ᠴᠢᠩᠭ᠎ᠠ ᠤᠯᠤᠰ ᠲᠥᠷᠥ ᠶ᠋ᠢᠨ ᠪᠠᠲᠤᠯᠠᠭ᠎ᠠ ᠬᠠᠩᠭᠠᠨ᠎ᠠ ᠃
ᠬᠤᠷᠠᠯ ᠢ᠋ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠹᠠᠨ ᠶᠧᠦ ᠹᠠ ᠡᠷᠬᠢᠯᠡᠨ ᠂ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠵᠢᠴᠢ ᠪᠦᠬᠦ ᠺᠠᠲᠷ ᠴᠠᠭᠳᠠᠭ᠎ᠠ ᠭᠣᠣᠯ ᠬᠤᠷᠠᠯ ᠤ᠋ᠨ ᠲᠠᠯᠠᠪᠠᠢ ᠳ᠋ᠤ᠌ ᠣᠷᠣᠯᠴᠠᠵᠤ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠂ ᠡᠯ᠎ᠡ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠣᠷᠣᠯᠴᠠᠪᠠ ᠃
ᠦᠨᠡᠯᠡᠬᠦ 0ᠦᠨᠡᠯᠡᠯᠲᠡ ᠲᠠᠢ