ᠣᠢᠷ᠎ᠠ ᠳ᠋ᠤ᠌ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠣᠷᠣᠯᠠᠭᠴᠢ ᠳᠠᠷᠤᠭ᠎ᠠ ᠰᠦ᠍ ᠯᠢ ᠵᠢᠶᠦ᠋ᠨ ᠨᠠᠷ 4 ᠬᠥᠮᠦᠨ ᠲᠣᠰᠪᠣᠷᠢ ᠵᠡᠭᠦᠨᠭᠠᠷ ᠬᠣᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠪᠣᠯᠤᠨ ᠡᠵᠡᠨ ᠬᠣᠷᠣᠭ᠎ᠠ ᠬᠣᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠳ᠋ᠤ᠌ ᠬᠦᠷᠴᠦ ᠪᠠᠢᠴᠠᠭᠠᠨ ᠰᠤᠳᠤᠯᠤᠯᠲᠠ ᠬᠢᠵᠦ ᠠᠵᠢᠯ ᠵᠢᠯᠣᠭᠣᠳᠪᠠ ᠃
ᠵᠡᠭᠦᠨᠭᠠᠷ ᠬᠣᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠳ᠋ᠤ ᠪᠠᠢᠴᠠᠭᠠᠨ ᠰᠤᠳᠤᠯᠤᠯᠲᠠ ᠬᠢᠵᠦ ᠪᠠᠢᠭ᠎ᠠ ᠨᠢ
ᠡᠵᠡᠨ ᠬᠣᠷᠣᠭ᠎ᠠ ᠬᠣᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠳ᠋ᠤ ᠪᠠᠢᠴᠠᠭᠠᠨ ᠰᠤᠳᠤᠯᠤᠯᠲᠠ ᠬᠢᠵᠦ ᠪᠠᠢᠭ᠎ᠠ ᠨᠢ
ᠪᠠᠢᠴᠠᠭᠠᠨ ᠰᠤᠳᠤᠯᠤᠯᠲᠠ ᠶ᠋ᠢᠨ ᠬᠤᠭᠤᠴᠠᠭᠠᠨ ᠳ᠋ᠤ᠌ ᠂ ᠰᠦ᠍ ᠯᠢ ᠵᠢᠶᠦ᠋ᠨ ᠤᠷᠢᠳ ᠬᠣᠵᠢᠳ ᠵᠡᠭᠦᠨᠭᠠᠷ ᠬᠣᠰᠢᠭᠤᠨ ᠤ᠋ ᠵᠥᠷᠢᠴᠡᠯ ᠢ᠋ ᠡᠶᠡᠳᠡᠭᠦᠯᠦᠨ ᠰᠢᠢᠳᠪᠦᠷᠢᠯᠡᠬᠦ ᠲᠥᠪ ᠂ ᠬᠣᠶᠠᠷ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠲᠢᠩᠬᠢᠮ ᠂ ᠭᠦᠢᠴᠡᠳᠭᠡᠬᠦ ᠶ᠋ᠢ ᠵᠢᠯᠣᠭᠣᠳᠬᠤ ᠲᠥᠪ ᠂ ᠨᠠᠮ ᠤ᠋ᠨ ᠪᠠᠢᠭᠤᠯᠤᠯᠲᠠ ᠶ᠋ᠢᠨ ᠠᠵᠢᠯᠯᠠᠭᠠᠨ ᠤ᠋ ᠲᠠᠰᠤᠭ ᠂ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠠᠯᠪᠠᠨ ᠭᠡᠷ ᠂ ᠨᠣᠮ ᠪᠢᠴᠢᠭ᠌ ᠤᠩᠰᠢᠯᠭ᠎ᠠ ᠶ᠋ᠢᠨ ᠲᠠᠰᠤᠭ ᠵᠡᠷᠭᠡ ᠭᠠᠵᠠᠷ ᠢ᠋ ᠪᠠᠢᠴᠠᠭᠠᠨ ᠦᠵᠡᠵᠦ ᠂ ᠬᠣᠶᠠᠷ ᠬᠣᠷᠢᠶᠠᠨ ᠤ᠋ 2019 ᠣᠨ ᠤ᠋ ᠠᠵᠢᠯ ᠤ᠋ᠨ ᠪᠦᠬᠦᠯᠢ ᠴᠣᠭᠴᠠ ᠶ᠋ᠢᠨ ᠪᠠᠢᠳᠠᠯ ᠤ᠋ᠨ ᠮᠡᠳᠡᠭᠦᠯᠦᠯᠲᠡ ᠶ᠋ᠢ ᠨᠠᠷᠢᠨ ᠰᠣᠨᠣᠰᠤᠭᠰᠠᠨ ᠪᠥᠭᠡᠳ ᠭᠦᠢᠴᠡᠳ ᠨᠤᠲᠠᠯᠠᠯᠲᠠ ᠦᠭᠭᠦᠭᠰᠡᠨ ᠪᠠᠢᠨ᠎ᠠ ᠃
ᠬᠤᠢᠰᠢᠲᠠ ᠶ᠋ᠢᠨ ᠠᠵᠢᠯ ᠳ᠋ᠤ᠌ ᠴᠢᠭᠯᠡᠭᠦᠯᠦᠨ ᠂ ᠰᠦ᠍ ᠯᠢ ᠵᠢᠶᠦ᠋ᠨ ᠲᠠᠪᠤᠨ ᠱᠠᠭᠠᠷᠳᠠᠯᠭ᠎ᠠ ᠳᠤᠷᠠᠳᠪᠠ ᠄ ᠨᠢᠭᠡ ᠳ᠋ᠦ᠍ ᠤᠯᠤᠰ ᠲᠥᠷᠥ ᠶ᠋ᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠮᠠᠭᠲᠠ ᠤᠯᠤᠰ ᠲᠥᠷᠥ ᠶ᠋ᠢᠨ ᠪᠠᠢᠭᠤᠯᠤᠯᠲᠠ ᠶ᠋ᠢ ᠲᠡᠷᠢᠭᠦᠨ ᠪᠠᠢᠷᠢᠨ ᠳ᠋ᠤ᠌ ᠲᠠᠯᠪᠢᠬᠤ ᠬᠡᠷᠡᠭᠲᠡᠢ ᠃ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠦᠷᠭᠦᠯᠵᠢᠯᠡᠨ ᠰᠤᠷᠤᠯᠴᠠᠨ ᠲᠤᠤᠱᠯᠠᠭᠤᠯᠵᠤ ᠂ 《ᠳᠥᠷᠪᠡᠨ ᠤᠬᠠᠮᠰᠠᠷ 》 ᠢ᠋ ᠪᠠᠲᠤ ᠪᠡᠬᠢ ᠪᠣᠢ ᠪᠣᠯᠭᠠᠵᠤ ᠂ 《ᠳᠥᠷᠪᠡᠨ ᠢᠲᠡᠭᠡᠯ 》 ᠢ᠋ ᠪᠠᠲᠤᠳᠭᠠᠨ ᠂ 《ᠬᠣᠶᠠᠷ ᠬᠠᠮᠠᠭᠠᠯᠠᠯᠲᠠ》 ᠶ᠋ᠢ ᠡᠷᠡᠰ ᠪᠡᠶᠡᠯᠡᠭᠦᠯᠵᠦ ᠂ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠳ᠋ᠠᠬᠢ ᠨᠠᠮ ᠤ᠋ᠨ ᠬᠠᠷᠢᠴᠠᠯᠠᠰᠢ ᠦᠭᠡᠢ ᠤᠳᠤᠷᠢᠳᠤᠯᠭ᠎ᠠ ᠶ᠋ᠢ ᠴᠢᠩᠭᠠᠳᠭᠠᠵᠤ ᠂ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠵᠥᠪ ᠣᠨᠣᠪᠴᠢᠲᠠᠢ ᠤᠯᠤᠰ ᠲᠥᠷᠥ ᠶ᠋ᠢᠨ ᠴᠢᠭᠯᠡᠯ ᠢ᠋ ᠢᠮᠠᠭᠲᠠ ᠪᠠᠲᠤᠯᠠᠬᠤ ᠬᠡᠷᠡᠭᠲᠡᠢ ᠃ ᠬᠣᠶᠠᠷ ᠲᠤ᠌ ᠶᠡᠬᠡ ᠲᠠᠯ᠎ᠠ ᠳ᠋ᠤ᠌ ᠦᠢᠯᠡᠴᠢᠯᠡᠬᠦ ᠤᠬᠠᠮᠰᠠᠷ ᠢ᠋ᠶ᠋ᠠᠨ ᠤᠯᠠᠮ ᠨᠢᠭᠡ ᠠᠯᠬᠤᠮ ᠴᠢᠩᠭᠠᠳᠭᠠᠵᠤ ᠂ ᠰᠢᠭᠦᠬᠦ ᠬᠣᠷᠢᠶ᠎ᠠ ᠠ᠋ᠴᠠ ᠣᠷᠣᠨ ᠨᠤᠲᠤᠭ ᠤ᠋ᠨ ᠠᠵᠤ ᠠᠬᠤᠢ ᠪᠠ ᠨᠡᠢᠭᠡᠮ ᠦ᠋ᠨ ᠬᠥᠭᠵᠢᠯᠲᠡ ᠳ᠋ᠦ᠍ ᠦᠢᠯᠡᠴᠢᠯᠡᠨ ᠭᠠᠷᠲᠠᠬᠤ ᠴᠡᠭ ᠂ ᠨᠡᠢᠯᠡᠯ ᠴᠡᠭ ᠢ᠋ ᠣᠨᠣᠪᠴᠢᠲᠠᠢ ᠡᠷᠢᠨ ᠣᠯᠵᠤ ᠂ ᠣᠷᠣᠨ ᠨᠤᠲᠤᠭ ᠤ᠋ᠨ ᠠᠵᠤ ᠠᠬᠤᠢ ᠨᠡᠢᠭᠡᠮ ᠦ᠋ᠨ ᠡᠷᠡᠭᠦᠯ ᠢ᠋ᠶ᠋ᠡᠷ ᠬᠥᠭᠵᠢᠬᠦ ᠶ᠋ᠢ ᠠᠬᠢᠭᠤᠯᠬᠤ ᠳ᠋ᠤ᠌ ᠪᠦᠬᠦ ᠬᠦᠴᠦ ᠪᠡᠷ ᠢ᠋ᠶ᠋ᠡᠨ ᠴᠢᠷᠮᠠᠢᠬᠤ ᠬᠡᠷᠡᠭᠲᠡᠢ ᠃ ᠬᠠᠤᠯᠢ ᠴᠠᠭᠠᠵᠠ ᠶ᠋ᠢᠨ ᠲᠠᠯ᠎ᠠ ᠪᠠᠷ ᠠᠷᠠᠳ ᠤ᠋ᠨ ᠲᠥᠯᠥᠭᠡ ᠪᠠᠢᠬᠤ ᠲᠣᠭᠲᠠᠴᠠ ᠶ᠋ᠢᠨ ᠰᠢᠨ᠎ᠡ ᠶ᠋ᠢ ᠡᠭᠦᠳᠴᠦ ᠂ ᠵᠥᠷᠢᠴᠡᠯ ᠵᠢᠭᠤᠷᠠᠯᠳᠤᠭᠠᠨ ᠢ᠋ ᠣᠯᠠᠨ ᠡᠰᠢᠵᠢᠭᠦᠯᠦᠨ ᠰᠢᠢᠳᠪᠦᠷᠢᠯᠡᠬᠦ ᠪᠠ ᠬᠡᠷᠡᠭ ᠢ᠋ ᠬᠢᠯᠪᠠᠷ ᠢ᠋ᠶ᠋ᠠᠷ ᠨᠢ ᠰᠠᠯᠭᠠᠨ ᠲᠣᠬᠢᠷᠠᠭᠤᠯᠬᠤ ᠲᠣᠭᠲᠠᠴᠠ ᠶ᠋ᠢᠨ ᠥᠭᠡᠷᠡᠴᠢᠯᠡᠯᠲᠡ ᠶ᠋ᠢ ᠭᠦᠨᠵᠡᠭᠡᠢ ᠠᠬᠢᠭᠤᠯᠵᠤ ᠂ ᠠᠷᠠᠳ ᠣᠯᠠᠨ ᠤ᠋ ᠣᠯᠠᠨ ᠰᠢᠢᠳᠪᠦᠷᠢᠯᠡᠬᠦ ᠡᠰᠢᠲᠦ ᠬᠠᠤᠯᠢ ᠴᠠᠭᠠᠵᠠ ᠶ᠋ᠢᠨ ᠱᠠᠭᠠᠷᠳᠠᠯᠭ᠎ᠠ ᠶ᠋ᠢ ᠲᠠᠰᠤᠷᠠᠯᠲᠠ ᠦᠭᠡᠢ ᠬᠠᠩᠭᠠᠵᠤ ᠂ ᠣᠷᠣᠨ ᠨᠤᠲᠤᠭ ᠤ᠋ᠨ ᠠᠵᠤ ᠠᠬᠤᠢ ᠨᠡᠢᠭᠡᠮ ᠦ᠋ᠨ ᠬᠥᠭᠵᠢᠯᠲᠡ ᠳ᠋ᠦ᠍ ᠨᠡᠩ ᠬᠦᠴᠦᠲᠡᠢ ᠬᠠᠤᠯᠢ ᠴᠠᠭᠠᠵᠠ ᠶ᠋ᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ ᠳᠡᠭᠡᠳᠦ ᠱᠠᠲᠤᠨ ᠤ᠋ ᠱᠠᠭᠠᠷᠳᠠᠯᠭ᠎ᠠ ᠶ᠋ᠢ ᠴᠢᠩᠭ᠎ᠠ ᠨᠠᠢᠳᠠᠪᠤᠷᠢᠵᠢᠭᠤᠯᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠭᠠᠢ ᠲᠡᠮᠡᠴᠡᠯ ᠢ᠋ ᠦᠷᠭᠦᠯᠵᠢᠯᠡᠨ ᠭᠦᠨᠵᠡᠭᠡᠢᠷᠡᠭᠦᠯᠦᠨ ᠠᠬᠢᠭᠤᠯᠵᠤ ᠂ 《 ᠡᠳ᠋ ᠬᠥᠷᠥᠩᠭᠡ ᠪᠤᠯᠢᠶᠠᠵᠤ ᠴᠢᠰᠤ ᠲᠠᠰᠤᠯᠬᠤ》 《 ᠱᠦᠭᠦᠷ ᠢ᠋ ᠡᠪᠳᠡᠨ ᠲᠣᠣᠷ ᠢ᠋ ᠰᠡᠲᠡᠯᠬᠦ》 ᠡᠷᠴᠢᠮ ᠢ᠋ᠶ᠋ᠡᠨ ᠴᠢᠩᠭᠠᠷᠠᠭᠤᠯᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠭᠠᠢ ᠲᠡᠮᠡᠴᠡᠯ ᠦ᠋ᠨ ᠡᠴᠦᠰ ᠤ᠋ᠨ ᠵᠢᠯ ᠦ᠋ᠨ ᠡᠯ᠎ᠡ ᠵᠦᠢᠯ ᠦ᠋ᠨ ᠡᠭᠦᠷᠭᠡ ᠶ᠋ᠢᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠃ ᠣᠷᠣᠨ ᠨᠤᠲᠤᠭ ᠤ᠋ᠨ ᠨᠠᠮ ᠤ᠋ᠨ ᠬᠣᠷᠢᠶ᠎ᠠ ᠵᠠᠰᠠᠭ ᠤ᠋ᠨ ᠣᠷᠳᠣᠨ ᠤ᠋ ᠨᠡᠭᠦᠷᠡᠰᠦᠨ ᠦ᠌ ᠡᠬᠢ ᠪᠠᠶᠠᠯᠢᠭ ᠤ᠋ᠨ ᠬᠦᠷᠢᠶᠡᠨ ᠦ᠌ ᠬᠠᠤᠯᠢ ᠲᠣᠭᠲᠠᠭᠠᠯ ᠠ᠋ᠴᠠ ᠵᠥᠷᠢᠴᠡᠭᠰᠡᠨ ᠠᠰᠠᠭᠤᠳᠠᠯ ᠢ᠋ ᠲᠤᠰᠭᠠᠢ ᠴᠡᠭᠴᠡᠯᠡᠨ ᠵᠠᠰᠠᠬᠤ ᠠᠵᠢᠯ ᠢ᠋ ᠪᠦᠬᠦ ᠬᠦᠴᠦᠨ ᠢ᠋ᠶ᠋ᠡᠷ ᠢ᠋ᠶ᠋ᠡᠨ ᠰᠠᠢᠲᠤᠷ ᠬᠠᠮᠵᠢᠯᠴᠠᠨ ᠂ ᠨᠡᠭᠦᠷᠡᠰᠦᠨ ᠦ᠌ ᠬᠦᠷᠢᠶ᠎ᠡ ᠬᠡᠪᠴᠢᠶᠡᠨ ᠳ᠋ᠦ᠍ ᠬᠣᠯᠪᠣᠭᠳᠠᠭᠰᠠᠨ ᠬᠡᠷᠡᠭ ᠦ᠋ᠨ ᠰᠦᠪᠡᠭᠴᠢ ᠶ᠋ᠢ ᠰᠠᠢᠲᠤᠷ ᠡᠮᠬᠢᠯᠡᠵᠦ ᠂ ᠦᠨᠡᠨᠬᠦ ᠠᠰᠠᠭᠤᠳᠠᠯ ᠪᠠᠢᠬᠤ ᠶ᠋ᠢ ᠣᠯᠵᠤ ᠮᠡᠳᠡᠪᠡᠯ ᠂ ᠴᠠᠭ ᠲᠤᠬᠠᠢ ᠳ᠋ᠤᠨᠢ ᠣᠷᠣᠨ ᠨᠤᠲᠤᠭ ᠤ᠋ᠨ ᠨᠠᠮ ᠤ᠋ᠨ ᠬᠣᠷᠢᠶ᠎ᠠ ᠳ᠋ᠤ᠌ ᠮᠡᠳᠡᠭᠦᠯᠬᠦ ᠶ᠋ᠢᠨ ᠵᠡᠷᠭᠡᠴᠡᠭᠡᠪᠡᠷ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠲᠤᠰᠭᠠᠢ ᠴᠡᠭᠴᠡᠯᠡᠨ ᠵᠠᠰᠠᠬᠤ ᠠᠵᠢᠯ ᠤ᠋ᠨ ᠤᠳᠤᠷᠢᠳᠬᠤ ᠳᠤᠭᠤᠢᠯᠠᠩ ᠳ᠋ᠤ᠌ ᠮᠡᠳᠡᠭᠦᠯᠦᠨ ᠬᠦᠷᠭᠡᠬᠦ ᠬᠡᠷᠡᠭᠲᠡᠢ ᠃ ᠭᠤᠷᠪᠠ ᠳ᠋ᠤ᠌ ᠬᠡᠷᠡᠭ ᠦ᠋ᠨ ᠴᠢᠨᠠᠷ ᠴᠢᠨᠰᠠᠭ᠎ᠠ ᠶ᠋ᠢ ᠦᠷᠭᠦᠯᠵᠢᠯᠡᠨ ᠬᠦᠴᠦᠯᠡᠨ ᠠᠳᠭᠤᠨ᠎ᠠ ᠃ ᠬᠡᠷᠡᠭ ᠣᠯᠠᠨ ᠬᠥᠮᠦᠨ ᠴᠥᠭᠡᠨ ᠪᠠᠢᠬᠤ ᠵᠥᠷᠢᠴᠡᠯ ᠢ᠋ ᠢᠳᠡᠪᠬᠢᠲᠡᠢ ᠪᠡᠷ ᠠᠷᠭᠠᠴᠠᠵᠤ ᠂ ᠴᠢᠳᠠᠪᠤᠷᠢ ᠶ᠋ᠢᠨ ᠪᠠᠢᠭᠤᠯᠤᠯᠲᠠ ᠂ᠲᠥᠪᠯᠡᠷᠡᠭᠦᠯᠦᠨ ᠰᠢᠭᠦᠨ ᠲᠠᠰᠤᠯᠬᠤ ᠭᠦᠢᠴᠡᠳᠭᠡᠬᠦ ᠪᠠᠨ ᠤᠯᠠᠮ ᠨᠢᠭᠡ ᠠᠯᠬᠤᠮ ᠴᠢᠩᠭᠠᠳᠭᠠᠵᠤ ᠂ ᠬᠠᠤᠯᠢ ᠴᠠᠭᠠᠵᠠ ᠶ᠋ᠢᠨ ᠬᠡᠷᠡᠭ ᠨᠢᠭᠡᠪᠦᠷᠢ ᠳᠡᠭᠡᠷ᠎ᠡ ᠠᠷᠠᠳ ᠣᠯᠠᠨ ᠳ᠋ᠤ᠌ ᠲᠥᠪ ᠭᠣᠣᠯᠴᠢ ᠰᠢᠳᠤᠷᠭᠤ ᠶᠣᠰᠣ ᠶ᠋ᠢ ᠣᠢᠯᠠᠭᠠᠭᠤᠯᠬᠤ ᠪᠠᠷ ᠴᠢᠷᠮᠠᠢᠬᠤ ᠬᠡᠷᠡᠭᠲᠡᠢ ᠃ ᠳᠥᠷᠪᠡ ᠳ᠋ᠦ᠍ ᠬᠠᠤᠯᠢ ᠴᠠᠭᠠᠵᠠ ᠶ᠋ᠢᠨ ᠪᠠᠢᠭᠤᠯᠤᠮᠵᠢ ᠶ᠋ᠢᠨ ᠶᠡᠷᠦᠩᠬᠡᠢᠯᠡᠭᠰᠡᠨ ᠢᠵᠢ ᠪᠦᠷᠢᠳᠦᠭᠰᠡᠨ ᠥᠭᠡᠷᠡᠴᠢᠯᠡᠯᠲᠡ ᠪᠠ ᠣᠶᠤᠨᠴᠢ ᠰᠢᠭᠦᠬᠦ ᠬᠣᠷᠢᠶᠠᠨ ᠤ᠋ ᠪᠠᠢᠭᠤᠯᠤᠯᠲᠠ ᠶ᠋ᠢ ᠦᠷᠭᠦᠯᠵᠢᠯᠡᠨ ᠰᠠᠢᠲᠤᠷ ᠬᠢᠵᠦ ᠂ ᠬᠠᠤᠯᠢ ᠴᠠᠭᠠᠵᠠ ᠶ᠋ᠢᠨ ᠵᠢᠮ᠎ᠡ ᠶᠣᠰᠣᠨ ᠳ᠋ᠤ᠌ ᠨᠡᠢᠴᠡᠭᠰᠡᠨ ᠂ ᠬᠠᠤᠯᠢ ᠴᠠᠭᠠᠵᠠ ᠶ᠋ᠢᠨ ᠲᠣᠬᠢᠷᠠᠭᠤᠯᠤᠯᠲᠠ ᠶ᠋ᠢ ᠰᠢᠯᠢᠳᠡᠭᠵᠢᠭᠦᠯᠦᠨ᠂ ᠬᠠᠤᠯᠢ ᠴᠠᠭᠠᠵᠠ ᠶ᠋ᠢᠨ ᠦᠷ᠎ᠡ ᠠᠰᠢᠭ ᠢ᠋ ᠳᠡᠭᠡᠭᠰᠢᠯᠡᠭᠦᠯᠬᠦ ᠳᠦᠷᠢᠮ ᠲᠣᠭᠲᠠᠴᠠ ᠶ᠋ᠢ ᠪᠠᠢᠭᠤᠯᠤᠨ᠎ᠠ ᠃ ᠰᠦᠯᠵᠢᠶᠡᠨ ᠳᠡᠭᠡᠷᠡᠬᠢ ᠪᠠ ᠰᠦᠯᠵᠢᠶᠡᠨ ᠡᠴᠡ ᠭᠠᠳᠠᠨᠠᠬᠢ ᠵᠠᠷᠭᠤ ᠬᠢᠬᠦ ᠦᠢᠯᠡᠴᠢᠯᠡᠭᠡᠨ ᠦ᠌ ᠰᠢᠰᠲ᠋ᠧᠮᠵᠢ ᠶ᠋ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ ᠂ ᠣᠳᠣᠬᠢᠴᠢᠯᠠᠭᠰᠠᠨ ᠠᠷᠭ᠎ᠠ ᠪᠠᠷᠢᠯ ᠢ᠋ᠶ᠋ᠠᠷ ᠬᠡᠷᠡᠭ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶ᠋ᠢ ᠳᠡᠭᠡᠭᠰᠢᠯᠡᠭᠦᠯᠵᠦ᠂ ᠣᠶᠤᠨᠴᠢ ᠰᠢᠭᠦᠬᠦ ᠬᠣᠷᠢᠶ᠎ᠠ ᠶ᠋ᠢᠨ ᠪᠠᠢᠭᠤᠯᠤᠯᠲᠠ ᠶ᠋ᠢ ᠯᠠᠪᠳᠠᠭᠤᠨ ᠪᠠᠲᠤᠲᠠᠢ ᠠᠬᠢᠭᠤᠯᠵᠤ ᠂ 《 ᠬᠣᠶᠠᠷ ᠨᠢᠭᠡ ᠥᠷᠲᠡᠭᠡᠨ ᠦ᠌ ᠬᠡᠯᠪᠡᠷᠢ 》 ᠶ᠋ᠢᠨ ᠦᠢᠯᠡᠴᠢᠯᠡᠭᠡᠨ ᠢ᠋ ᠡᠷᠡᠰ ᠬᠡᠷᠡᠭᠵᠢᠭᠦᠯᠵᠦ ᠂ ᠬᠠᠤᠯᠢ ᠴᠠᠭᠠᠵᠠ ᠶ᠋ᠢᠨ ᠣᠯᠠᠨ ᠲᠦᠮᠡᠨ ᠳ᠋ᠦ᠍ ᠦᠢᠯᠡᠴᠢᠯᠡᠬᠦ 《 ᠬᠠᠮᠤᠭ ᠡᠴᠦᠰ ᠦ᠋ᠨ ᠨᠢᠭᠡ ᠺᠢᠯᠣᠮᠧᠲ᠋ᠷ 》 ᠢ᠋ ᠨᠡᠪᠲᠡᠷᠡᠭᠦᠯᠬᠦ ᠬᠡᠷᠡᠭᠲᠡᠢ ᠃ ᠲᠠᠪᠤ ᠳ᠋ᠤ᠌ ᠡᠩᠨᠡᠭᠡᠨ ᠦ᠌ ᠪᠠᠢᠭᠤᠯᠤᠯᠲᠠ ᠶ᠋ᠢ ᠦᠷᠭᠦᠯᠵᠢᠯᠡᠨ ᠴᠢᠩᠭᠠᠳᠭᠠᠬᠤ ᠬᠡᠷᠡᠭᠲᠡᠢ ᠃ ᠴᠢᠨᠠᠷ ᠰᠠᠢᠲᠠᠢ ᠬᠠᠤᠯᠢ ᠴᠠᠭᠠᠵᠠ ᠲᠠᠢ ᠵᠣᠬᠢᠴᠠᠭᠰᠠᠨ ᠥᠨᠳᠥᠷ ᠬᠡᠪ ᠴᠢᠨᠠᠷ ᠪᠦᠬᠦᠢ ᠡᠩᠨᠡᠭᠡ ᠶ᠋ᠢ ᠨᠠᠷᠢᠨ ᠨᠢᠮᠪᠠᠢ ᠪᠣᠢ ᠪᠣᠯᠭᠠᠵᠤ ᠂ ᠠᠷᠠᠳ ᠤ᠋ᠨ ᠰᠢᠭᠦᠬᠦ ᠬᠣᠷᠢᠶᠠᠨ ᠤ᠋ ᠡᠩᠨᠡᠭᠡ ᠶ᠋ᠢᠨ ᠬᠤᠪᠢᠰᠭᠠᠯᠵᠢᠬᠤ ᠂ ᠵᠢᠩᠬᠢᠨᠢᠴᠢᠯᠡᠬᠦ ᠂ ᠲᠤᠰᠭᠠᠢᠵᠢᠬᠤ ᠂ ᠲᠤᠰᠭᠠᠢ ᠮᠡᠷᠭᠡᠵᠢᠬᠦ ᠪᠠᠢᠭᠤᠯᠤᠯᠲᠠ ᠶ᠋ᠢ ᠢᠮᠠᠭᠲᠠ ᠠᠬᠢᠭᠤᠯᠬᠤ ᠶ᠋ᠢ ᠪᠠᠷᠢᠮᠲᠠᠯᠠᠵᠤ ᠂ ᠡᠩᠨᠡᠭᠡᠨ ᠦ᠌ ᠪᠦᠲᠦᠭᠡᠯᠴᠢ ᠬᠦᠴᠦᠨ ᠂ ᠨᠢᠭᠲᠠᠷᠠᠯ ᠤ᠋ᠨ ᠬᠦᠴᠦᠨ ᠂ ᠳᠠᠢᠴᠢᠨ ᠬᠦᠴᠦᠨ ᠢ᠋ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠰᠡᠷᠡᠮᠵᠢᠯᠡᠭᠦᠯᠬᠦ ᠬᠥᠮᠦᠵᠢᠯ ᠢ᠋ ᠴᠢᠩᠭᠠᠳᠭᠠᠵᠤ ᠂ ᠬᠠᠤᠯᠢ ᠴᠠᠭᠠᠵᠠ ᠶ᠋ᠢᠨ ᠠᠵᠢᠯ ᠤ᠋ᠨ ᠣᠪᠣᠷ ᠰᠤᠷᠲᠠᠯ ᠢ᠋ᠶ᠋ᠠᠨ ᠲᠠᠰᠤᠷᠠᠯᠲᠠ ᠦᠭᠡᠢ ᠬᠠᠯᠠᠨ ᠰᠠᠢᠵᠢᠷᠠᠭᠤᠯᠵᠤ ᠂ ᠡᠯ᠎ᠡ ᠲᠠᠯ᠎ᠠ ᠶ᠋ᠢᠨ ᠬᠢᠨ ᠦ᠌ ᠬᠢᠨᠠᠯᠲᠠ ᠲᠠᠯᠪᠢᠬᠤ ᠤᠬᠠᠮᠰᠠᠷ ᠢ᠋ ᠤᠬᠠᠮᠰᠠᠷ ᠠ᠋ᠴᠠ ᠪᠠᠨ ᠬᠦᠯᠢᠶᠡᠵᠦ ᠂ ᠠᠷᠢᠭᠤᠨ ᠴᠢᠬᠡᠴᠢ ᠪᠡᠷ ᠵᠠᠰᠠᠭ ᠪᠠᠷᠢᠬᠤ ᠠᠶᠤᠯ ᠲᠦᠭᠰᠢᠭᠦᠷᠢ ᠶ᠋ᠢ ᠰᠡᠷᠭᠡᠢᠯᠡᠬᠦ ᠲᠣᠭᠲᠠᠴᠠ ᠶ᠋ᠢ ᠲᠡᠭᠦᠯᠳᠡᠷᠵᠢᠭᠦᠯᠵᠦ ᠂ ᠠᠷᠢᠭᠤᠨ ᠴᠢᠬᠡᠴᠢ ᠪᠡᠷ ᠵᠠᠰᠠᠭ ᠪᠠᠷᠢᠬᠤ ᠬᠥᠮᠦᠵᠢᠯ ᠢ᠋ ᠵᠢᠵᠢᠭ᠌ ᠰᠠᠵᠢᠭ ᠵᠦᠢᠯ ᠡᠴᠡ ᠨᠢ ᠠᠳᠭᠤᠵᠤ ᠂ ᠠᠷᠢᠭᠤᠨ ᠴᠢᠬᠡᠴᠢ ᠪᠡᠷ ᠵᠠᠰᠠᠭ ᠪᠠᠷᠢᠬᠤ ᠦᠵᠡᠯ ᠤᠬᠠᠮᠰᠠᠷ ᠢ᠋ ᠬᠥᠮᠦᠰ ᠦ᠋ᠨ ᠰᠡᠳᠭᠢᠯ ᠳ᠋ᠦ᠍ ᠭᠦᠨ ᠬᠠᠳᠠᠩᠰᠢᠭᠤᠯᠵᠤ ᠂ ᠢᠯᠵᠠᠷᠠᠵᠤ ᠪᠣᠯᠬᠤ ᠥᠬᠡᠢ ᠂ ᠢᠯᠵᠠᠷᠠᠬᠤ ᠵᠣᠷᠢᠭ ᠥᠬᠡᠢ ᠶ᠋ᠢ ᠢᠯᠵᠠᠷᠠᠬᠤ ᠰᠠᠨᠠᠭ᠎ᠠ ᠦᠭᠡᠢ ᠪᠣᠯᠭᠠᠵᠤ ᠂ ᠦᠨᠡᠨ ᠢ᠋ ᠪᠠᠷᠢᠮᠲᠠᠯᠠᠨ ᠪᠣᠳᠠᠲᠤ ᠠᠵᠢᠯᠯᠠᠭ᠎ᠠ ᠶ᠋ᠢ ᠡᠷᠬᠢᠮᠯᠡᠬᠦ ᠂ ᠠᠷᠢᠭᠤᠨ ᠴᠢᠬᠡᠴᠢ ᠰᠢᠨ᠎ᠡ ᠬᠡᠪ ᠰᠤᠷᠲᠠᠯ ᠢ᠋ ᠪᠣᠢ ᠪᠣᠯᠭᠠᠬᠤ ᠬᠡᠷᠡᠭᠲᠡᠢ ᠃
ᠦᠨᠡᠯᠡᠬᠦ 0ᠦᠨᠡᠯᠡᠯᠲᠡ ᠲᠠᠢ