3 ᠰᠠᠷ᠎ᠠ ᠶ᠋ᠢᠨ 26 ᠤ᠋ ᠡᠳᠦᠷ ᠂ ᠡᠣᠷᠳᠣᠰ ᠬᠣᠲᠠ ᠶ᠋ᠢᠨ ᠡᠠᠷᠠᠣᠠ ᠶ᠋ᠢᠨ ᠳᠤᠮᠳᠠ ᠵᠠᠷᠬᠡ ᠶ᠋ᠢᠨ ᠰᠢᠭᠦᠬᠦ ᠬᠣᠷᠢᠢ᠎ᠠ ᠺᠠᠲᠷ ᠤ᠋ᠨ ᠶᠠᠬᠡ ᠬᠤᠷᠠᠯ ᠬᠤᠷᠠᠯᠳᠤᠭᠤᠯᠵᠤ ᠂ ᠬᠣᠲᠠ ᠶ᠋ᠢᠨ ᠨᠠᠮ ᠤ᠋ᠨ ᠬᠣᠷᠢᠢ᠎ᠠ ᠶ᠋ᠢᠨ ᠳᠤᠮᠳᠠ ᠵᠡᠷᠭᠡ ᠢ᠋ᠢᠨ ᠰᠢᠭᠦᠬᠦ ᠬᠣᠷᠢᠶ᠎ᠠ ᠶ᠋ᠢᠨ ᠬᠣᠯᠪᠣᠭᠳᠠᠯ ᠪᠦᠬᠦᠢ ᠡᠣᠳᠣᠷᠢᠣᠠᠬᠣ ᠨᠦᠭᠦᠳ ᠢ᠋ ᠲᠣᠮᠢᠯᠠᠬᠤ ᠪᠠ ᠲᠤᠰᠢᠶᠠᠯ ᠠ᠋ᠴᠠ ᠤᠭᠴᠠᠷᠠᠭᠤᠯᠬᠤ ᠲᠤᠬᠠᠢ ᠲᠣᠭᠲᠠᠭᠠᠯ ᠢ᠋ ᠨᠡᠢᠲᠡᠯᠡᠵᠡᠢ ᠃ ᠬᠣᠲᠠ ᠶ᠋ᠢᠨ ᠨᠠᠮ ᠤ᠋ᠨ ᠬᠣᠷᠢᠶᠠᠨ ᠤ᠋ ᠵᠣᠬᠢᠶᠠᠨ ᠪᠠᠢᠭᠤᠯᠬᠤ ᠬᠡᠯᠲᠡᠰ ᠦ᠋ᠨ ᠪᠠᠢᠩᠭᠤ ᠶ᠋ᠢᠨ ᠳᠡᠳ᠋ ᠳᠠᠷᠤᠭ᠎ᠠ ᠸᠠᠩ ᠰᠢᠦᠸᠠᠢ ᠹᠧᠩ ᠨᠥᠬᠥᠷ ᠂ ᠬᠣᠲᠠ ᠶ᠋ᠢᠨ ᠨᠠᠮ ᠤ᠋ᠨ ᠬᠣᠷᠢᠶᠠᠨ ᠤ᠋ ᠵᠣᠬᠢᠶᠠᠨ ᠪᠠᠢᠭᠤᠯᠬᠤ ᠬᠡᠯᠲᠡᠰ ᠦ᠋ᠨ ᠭᠤᠷᠪᠠᠳᠤᠭᠠᠷ ᠰᠠᠯᠠᠭᠠᠨ ᠤ᠋ ᠳᠠᠷᠤᠭ᠎ᠠ ᠮᠥᠩᠭᠦᠨᠬᠤᠸᠠᠷ ᠨᠥᠬᠥᠷ᠂ ᠬᠣᠲᠠ ᠶ᠋ᠢᠨ ᠳᠤᠮᠳᠠ ᠵᠡᠷᠭᠡ ᠢ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠡᠣᠳᠣᠷᠢᠣᠠᠬᠣ ᠳᠤᠭᠤᠢᠯᠠᠩ ᠤ᠋ᠨ ᠱᠦᠵᠢ ᠂ ᠡᠣᠷᠣᠯᠠᠬᠴᠢ ᠳᠠᠷᠤᠭ᠎ᠠ ᠰᠦ᠍ ᠯᠢ ᠵᠢᠶᠦ᠋ᠨ ᠬᠤᠷᠠᠯ ᠢ᠋ ᠡᠷᠬᠢᠯᠡᠵᠦ ᠂ ᠣᠷᠳᠣᠰ ᠬᠣᠲᠠ ᠶ᠋ᠢᠨ ᠳᠤᠮᠳᠠ ᠵᠡᠷᠭᠡ ᠢ᠋ᠢᠨ ᠰᠢᠭᠦᠬᠦ ᠬᠣᠷᠢᠶ᠎ᠠ ᠶ᠋ᠢᠨ ᠡᠣᠳᠣᠷᠢᠣᠠᠬᠣ ᠳᠤᠭᠤᠢᠯᠠᠩ ᠤ᠋ᠨ ᠭᠡᠰᠢᠭᠦᠨ ᠵᠢᠴᠢ ᠪᠦᠬᠦ ᠺᠠᠲᠷ ᠴᠠᠭᠳᠠᠭ᠎ᠠ ᠬᠤᠷᠠᠯ ᠳ᠋ᠤ᠌ ᠣᠷᠣᠯᠴᠠᠪᠠ ᠃
ᠲᠣᠮᠢᠯᠠᠬᠤ :
ᠰᠦ᠍ ᠯᠢ ᠵᠢᠶᠦ᠋ᠨ ᠨᠥᠬᠥᠷ ᠢ᠋ ᠡᠣᠷᠳᠣᠰ ᠬᠣᠲᠠ ᠶ᠋ᠢᠨ ᠨᠠᠮ ᠤ᠋ᠨ ᠬᠣᠷᠢᠢ᠎ᠠ ᠶ᠋ᠢᠨ ᠡᠣᠯᠣᠰ ᠲᠥᠷᠦ ᠬᠠᠤᠯᠢ ᠴᠠᠭᠠᠵᠠ ᠶ᠋ᠢᠨ ᠵᠥᠪᠯᠡᠯ ᠤ᠋ᠨ ᠳᠡᠳ᠋ ᠱᠦᠵᠢ᠃
ᠤᠭᠴᠠᠷᠠᠭᠤᠯᠬᠤ ᠄
ᠯᠢ ᠬᠤᠨ ᠶᠠᠨ ᠨᠥᠬᠥᠷ ᠦ᠋ᠨ ᠣᠷᠳᠣᠰ ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠵᠥᠪᠯᠡᠯ ᠦ᠋ᠨ ᠳᠡᠳ᠋ ᠱᠦᠵᠢ ᠶ᠋ᠢᠨ ᠲᠤᠰᠢᠶᠠᠯ᠃
ᠨᠡᠷ᠎ᠡ ᠳᠤᠷᠠᠳᠴᠤ ᠲᠣᠮᠢᠯᠠᠬᠤ ᠄
ᠯᠢ ᠵᠢᠩ ᠭᠦᠸᠧ ᠨᠥᠬᠥᠷ ᠢ᠋ ᠡᠣᠷᠳᠣᠰ ᠬᠣᠲᠠ ᠶ᠋ᠢᠨ ᠳᠤᠮᠳᠠ ᠵᠠᠷᠬᠡ ᠶ᠋ᠢᠨ ᠡᠠᠷᠠᠣᠠ ᠤ᠋ᠨ ᠰᠢᠭᠦᠬᠦ ᠬᠣᠷᠢᠢ᠎ᠠ ᠶ᠋ᠢᠨ ᠳᠡᠳ᠋ ᠳᠠᠷᠤᠭ᠎ᠠ ᠶ᠋ᠢᠨ ᠲᠤᠰᠢᠶᠠᠯ ᠳ᠋ᠦ ᠲᠣᠮᠢᠯᠠᠬᠤ ︔
ᠨᠡᠷ᠎ᠡ ᠳᠤᠷᠠᠳᠴᠤ ᠤᠭᠴᠠᠷᠠᠭᠤᠯᠬᠤ ᠄
ᠠᠢ ᠹᠡᠢ ᠨᠥᠬᠥᠷ ᠦ᠋ᠨ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠳᠡᠳ᠋ ᠳᠠᠷᠤᠭ᠎ᠠ ᠶ᠋ᠢᠨ ᠲᠤᠰᠢᠶᠠᠯ᠃
ᠮᠥᠩᠭᠦᠨᠬᠤᠸᠠᠷ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠲᠤᠰᠢᠶᠠᠯ ᠳ᠋ᠤ᠌ ᠲᠣᠮᠢᠯᠠᠬᠤ ᠲᠤᠰᠢᠶᠠᠯ ᠠ᠋ᠴᠠ ᠤᠭᠴᠠᠷᠠᠭᠤᠯᠬᠤ ᠲᠣᠭᠲᠠᠭᠠᠯ ᠢ᠋ ᠤᠩᠰᠢᠨ ᠨᠡᠢᠲᠡᠯᠡᠪᠡ
ᠸᠠᠩ ᠰᠢᠦᠸᠠᠢ ᠹᠧᠩ ᠲᠣᠮᠢᠯᠠᠵᠤ ᠤᠭᠴᠠᠷᠠᠭᠤᠯᠬᠤ ᠪᠠᠢᠳᠠᠯ ᠤ᠋ᠨ ᠲᠤᠬᠠᠢ ᠲᠣᠳᠣᠷᠬᠠᠢᠯᠠᠯᠲᠠ ᠬᠢᠵᠡᠢ
ᠠᠢ ᠹᠧᠢ ᠨᠥᠬᠥᠷ ᠣᠪᠣᠷ ᠢ᠋ᠶ᠋ᠠᠨ ᠢᠯᠡᠳᠭᠡᠵᠦ ᠄ ᠰᠢᠭᠦᠬᠦ ᠬᠣᠷᠢᠶᠠᠨ ᠤ᠋ ᠠᠵᠢᠯ ᠬᠢᠭᠰᠡᠨ ᠡᠴᠡ ᠨᠠᠰᠢ᠂ ᠠᠵᠢᠯ ᠪᠠ ᠠᠮᠢᠳᠤᠷᠠᠯ ᠤ᠋ᠨ ᠲᠠᠯ᠎ᠠ ᠪᠠᠷ ᠴᠥᠮ ᠬᠤᠭᠤᠴᠠᠭ᠎ᠠ ᠪᠦᠷᠢ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠨᠠᠷᠢᠨ ᠨᠢᠮᠪᠠᠢ ᠵᠢᠯᠣᠭᠣᠳᠤᠯᠭ᠎ᠠ ᠂ ᠬᠦᠴᠦᠲᠡᠢ ᠳᠡᠮᠵᠢᠯᠭᠡ ᠪᠠ ᠢᠲᠡᠭᠡᠯ ᠢ᠋ ᠣᠯᠤᠭᠰᠠᠨ ᠪᠥᠭᠡᠳ ᠪᠦᠬᠦ ᠬᠣᠷᠢᠶᠠᠨ ᠤ᠋ ᠺᠠᠲᠷ ᠴᠠᠭᠳᠠᠭ᠎ᠠ ᠶ᠋ᠢᠨ ᠬᠠᠷᠠᠮ ᠦᠭᠡᠢ ᠬᠠᠪᠰᠤᠷᠤᠯᠭ᠎ᠠ ᠪᠠ ᠬᠠᠮᠵᠢᠯᠴᠠᠭ᠎ᠠ ᠶ᠋ᠢ ᠣᠯᠤᠭᠰᠠᠨ ᠪᠠᠢᠨ᠎ᠠ ᠃ ᠬᠡᠳᠦᠢᠪᠡᠷ ᠳᠡᠳ᠋ ᠬᠣᠷᠢᠶᠠᠨ ᠳᠠᠷᠤᠭ᠎ᠠ ᠶ᠋ᠢᠨ ᠲᠤᠰᠢᠶᠠᠯ ᠠ᠋ᠴᠠ ᠪᠠᠨ ᠪᠠᠭᠤᠭᠰᠠᠨ ᠪᠣᠯᠪᠠᠴᠤ ᠬᠤᠢᠰᠢᠲᠠ ᠶ᠋ᠢᠨ ᠠᠵᠢᠯ ᠤ᠋ᠨ ᠳᠤᠮᠳᠠ ᠂ ᠥᠩᠭᠡᠷᠡᠭᠰᠡᠨ ᠲᠡᠢ ᠪᠡᠨ ᠠᠳᠠᠯᠢ ᠪᠠᠷ ᠥᠪᠡᠷ ᠢ᠋ ᠪᠡᠨ ᠴᠢᠩᠭ᠎ᠠ ᠱᠠᠭᠠᠷᠳᠠᠵᠤ ᠂ ᠪᠠᠭ ᠤ᠋ᠨ ᠪᠦᠷᠢᠯᠳᠦᠬᠦᠨ ᠪᠠ ᠪᠦᠬᠦ ᠬᠣᠷᠢᠶᠠᠨ ᠤ᠋ ᠬᠠᠮᠲᠤ ᠠᠵᠢᠯᠯᠠᠭᠰᠠᠳ ᠲᠠᠢ ᠬᠠᠮᠲᠤ ᠪᠠᠷ ᠬᠢᠨᠠᠮᠠᠭᠠᠢ ᠠᠵᠢᠯᠯᠠᠵᠤ ᠂ ᠡᠭᠦᠷᠭᠡ ᠲᠤᠰᠢᠶᠠᠯ ᠢ᠋ᠶ᠋ᠠᠨ ᠦᠨᠡᠨᠴᠢ ᠪᠡᠷ ᠭᠦᠢᠴᠡᠳᠭᠡᠵᠦ ᠂ ᠣᠷᠳᠣᠰ ᠤ᠋ᠨ ᠰᠢᠭᠦᠬᠦ ᠬᠣᠷᠢᠶᠠᠨ ᠤ᠋ ᠡᠯ᠎ᠡ ᠵᠦᠢᠯ ᠦ᠋ᠨ ᠠᠵᠢᠯ ᠳ᠋ᠤ᠌ ᠵᠣᠬᠢᠬᠤ ᠬᠤᠪᠢ ᠨᠡᠮᠡᠷᠢ ᠪᠡᠨ ᠦᠵᠡᠭᠦᠯᠬᠦ ᠪᠣᠯᠤᠨ᠎ᠠ ᠃
ᠯᠢ ᠵᠢᠩ ᠭᠦᠸᠧ ᠨᠥᠬᠥᠷ ᠶᠠᠷᠢᠶ᠎ᠠ ᠲᠠᠯᠪᠢᠵᠠᠢ ᠄ ᠵᠣᠬᠢᠶᠠᠨ ᠪᠠᠢᠭᠤᠯᠤᠯᠲᠠ ᠶ᠋ᠢᠨ ᠢᠲᠡᠭᠡᠯ ᠳ᠋ᠦ᠍ ᠲᠠᠯᠠᠷᠬᠠᠵᠤ ᠂ ᠠᠵᠢᠯ ᠤ᠋ᠨ ᠪᠠᠢᠷᠢ ᠪᠠᠨ ᠯᠠᠪᠲᠠᠢ ᠨᠠᠨᠳᠢᠩᠨᠠᠵᠤ ᠂ ᠪᠦᠬᠦ ᠬᠦᠴᠦ ᠪᠡᠷ ᠢ᠋ᠶ᠋ᠡᠨ ᠴᠢᠷᠮᠠᠢᠵᠤ ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠂ ᠢᠮᠠᠭᠲᠠ ᠦᠨᠡᠨᠴᠢ ᠰᠢᠳᠤᠷᠭᠤ᠂ ᠠᠷᠢᠭᠤᠨ ᠴᠢᠬᠡᠴᠢ ᠂ ᠬᠠᠷᠢᠭᠤᠴᠠᠯᠭ᠎ᠠ ᠲᠠᠢ ᠪᠠᠢᠬᠤ ᠬᠡᠷᠡᠭᠲᠡᠢ ᠃ ᠤᠳᠤᠷᠢᠳᠬᠤ ᠪᠠᠭ ᠤ᠋ᠨ ᠪᠦᠯᠬᠦᠮᠳᠡᠯ ᠢ᠋ ᠡᠷᠡᠰ ᠬᠠᠮᠠᠭᠠᠯᠠᠨ ᠂ ᠨᠠᠮ ᠤ᠋ᠨ ᠳᠤᠭᠤᠢᠯᠠᠩ ᠤ᠋ᠨ ᠬᠠᠮᠲᠤ ᠶ᠋ᠢᠨ ᠰᠢᠢᠳᠪᠦᠷᠢ ᠶ᠋ᠢ ᠨᠠᠷᠢᠨ ᠬᠢᠨᠠᠮᠠᠭᠠᠢ ᠬᠡᠷᠡᠭᠵᠢᠭᠦᠯᠵᠦ ᠂ ᠵᠣᠬᠢᠶᠠᠨ ᠪᠠᠢᠭᠤᠯᠤᠯᠲᠠ ᠶ᠋ᠢᠨ ᠬᠦᠨᠳᠦ ᠨᠠᠢᠳᠠᠯᠭ᠎ᠠ ᠶ᠋ᠢ ᠶᠡᠷᠦ ᠮᠠᠷᠲᠠᠭ᠎ᠠ ᠦᠭᠡᠢ ᠂ ᠪᠦᠬᠦ ᠰᠡᠳᠭᠢᠯ ᠪᠦᠬᠦ ᠵᠣᠷᠢᠭ ᠢ᠋ᠶ᠋ᠠᠷ ᠢ᠋ᠶ᠋ᠠᠨ ᠡᠯ᠎ᠡ ᠵᠦᠢᠯ ᠦ᠋ᠨ ᠠᠵᠢᠯ ᠳ᠋ᠤ᠌ ᠣᠷᠣᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠰᠢᠨ᠎ᠡ ᠳᠡᠭᠲᠡᠷ ᠲᠦ᠍ ᠭᠠᠷᠬᠤ ᠳ᠋ᠤ ᠥᠪᠡᠷ ᠦ᠋ᠨ ᠬᠦᠴᠦᠨ ᠢ᠋ᠶ᠋ᠡᠨ ᠡᠷᠭᠦᠬᠦ ᠪᠣᠯᠤᠨ᠎ᠠ ᠃
ᠰᠦ᠍ ᠯᠢ ᠵᠢᠶᠦ᠋ᠨ ᠬᠣᠲᠠ ᠶ᠋ᠢᠨ ᠨᠠᠮ ᠤ᠋ᠨ ᠬᠣᠷᠢᠶᠠᠨ ᠤ᠋ ᠲᠣᠭᠲᠠᠭᠠᠯ ᠢ᠋ ᠡᠷᠡᠰ ᠬᠦᠷᠢᠶᠡᠯᠡᠵᠦ ᠂ ᠯᠢ ᠵᠢᠩ ᠭᠦᠸᠧ ᠨᠥᠬᠥᠷ ᠦ᠋ᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠬᠦᠷᠴᠦ ᠲᠤᠰᠢᠶᠠᠯ ᠡᠭᠦᠷᠭᠡᠯᠡᠭᠰᠡᠨ ᠠᠵᠢᠯ ᠢ᠋ ᠤᠭᠲᠤᠵᠤ ᠪᠠᠢᠬᠤ ᠪᠠᠨ ᠢᠯᠡᠳᠭᠡᠭᠰᠡᠨ ᠪᠥᠭᠡᠳ ᠤᠳᠤᠷᠢᠳᠬᠤ ᠪᠠᠭ ᠪᠣᠯᠤᠨ ᠪᠦᠬᠦ ᠺᠠᠲᠷ ᠴᠠᠭᠳᠠᠭ᠎ᠠ ᠶ᠋ᠢ ᠲᠥᠯᠥᠭᠡᠯᠡᠨ ᠠᠢ ᠹᠧᠢ ᠨᠥᠬᠥᠷ ᠦ᠋ᠨ ᠭᠠᠷᠭᠠᠭᠰᠠᠨ ᠰᠢᠷᠭᠠᠭᠤ ᠬᠠᠲᠠᠭᠤᠵᠢᠯᠲᠠᠢ ᠠᠵᠢᠯ ᠪᠣᠯᠤᠨ ᠣᠯᠤᠭᠰᠠᠨ ᠠᠮᠵᠢᠯᠲᠠ ᠳ᠋ᠤ᠌ ᠲᠠᠯᠠᠷᠬᠠᠵᠤ ᠪᠠᠢᠬᠤ ᠪᠠᠨ ᠢᠯᠡᠳᠭᠡᠪᠡ ᠃
ᠬᠠᠮᠤᠭ ᠰᠡᠭᠦᠯ ᠳ᠋ᠦ᠍ ᠂ ᠰᠦ᠍ ᠯᠢ ᠵᠢᠶᠦ᠋ᠨ ᠤᠳᠤᠷᠢᠳᠬᠤ ᠪᠠᠭ ᠢ᠋ ᠲᠥᠯᠦᠭᠡᠯᠡᠨ ᠣᠪᠣᠷ ᠢ᠋ᠶ᠋ᠠᠨ ᠢᠯᠡᠳᠭᠡᠨ ᠶᠠᠷᠢᠶ᠎ᠠ ᠲᠠᠯᠪᠢᠭᠰᠠᠨ ᠨᠢ ᠄
ᠨᠢᠭᠡ ᠳ᠋ᠦ᠍ ᠨᠠᠮ ᠤ᠋ᠨ ᠤᠳᠤᠷᠢᠳᠤᠯᠭ᠎ᠠ ᠶ᠋ᠢ ᠪᠠᠷᠢᠮᠲᠠᠯᠠᠵᠤ ᠂ ᠤᠯᠤᠰ ᠲᠥᠷᠥ ᠶ᠋ᠢᠨ ᠴᠢᠭᠯᠡᠯ ᠢ᠋ ᠪᠠᠲᠤ ᠡᠵᠡᠮᠳᠡᠬᠦ ᠃ ᠨᠠᠮ ᠤ᠋ᠨ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠳ᠋ᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶ᠋ᠢ ᠪᠠᠷᠢᠮᠲᠠᠯᠠᠵᠤ ᠂《ᠳᠥᠷᠪᠡᠨ ᠤᠬᠠᠮᠰᠠᠷ》 ᠢ᠋ ᠪᠠᠲᠤ ᠪᠡᠬᠢ ᠪᠣᠢ ᠪᠣᠯᠭᠠᠵᠤ ᠂《ᠳᠥᠷᠪᠡᠨ ᠢᠲᠡᠭᠡᠯ》 ᠢ᠋ ᠪᠠᠲᠤᠳᠭᠠᠨ ᠂《ᠬᠣᠶᠠᠷ ᠬᠠᠮᠠᠭᠠᠯᠠᠯᠲᠠ 》 ᠶ᠋ᠢ ᠡᠷᠡᠰ ᠪᠠᠷᠢᠮᠲᠠᠯᠠᠨ᠎ᠠ ᠃ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶᠠᠨ ᠤ᠋ ᠡᠯ᠎ᠡ ᠵᠦᠢᠯ ᠦ᠋ᠨ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠡᠷᠡᠰ ᠲᠤᠤᠱᠯᠠᠭᠤᠯᠤᠨ ᠨᠠᠢᠳᠠᠪᠤᠷᠢᠵᠢᠭᠤᠯᠵᠤ ᠂ ᠠᠷᠠᠳ ᠤ᠋ᠨ ᠰᠢᠭᠦᠬᠦ ᠬᠣᠷᠢᠶᠠᠨ ᠤ᠋ ᠤᠯᠤᠰ ᠲᠥᠷᠥ ᠶ᠋ᠢᠨ ᠵᠥᠪ ᠴᠢᠭᠯᠡᠯ ᠢ᠋ ᠦᠨᠡᠨ ᠬᠦ᠌ ᠪᠠᠲᠤᠯᠠᠪᠠ ᠃
ᠬᠣᠶᠠᠷ ᠲᠤ᠌ ᠦᠵᠡᠯ ᠰᠠᠨᠠᠭ᠎ᠠ ᠪᠠᠨ ᠴᠢᠯᠥᠭᠡᠯᠡᠬᠦ ᠶ᠋ᠢ ᠪᠠᠷᠢᠮᠲᠠᠯᠠᠵᠤ ᠂ ᠰᠢᠨᠵᠢᠯᠡᠬᠦ ᠤᠬᠠᠭᠠᠨᠴᠢ ᠬᠥᠭᠵᠢᠯᠲᠡ ᠶ᠋ᠢ ᠲᠦᠯᠬᠢᠨ ᠠᠬᠢᠭᠤᠯᠬᠤ ᠃ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠂ ᠰᠢᠭᠦᠨ ᠲᠠᠰᠤᠯᠬᠤ ᠬᠡᠷᠡᠭᠵᠢᠭᠦᠯᠬᠦ ᠪᠡᠷ ᠭᠣᠣᠯᠳᠠᠯᠭ᠎ᠠ ᠪᠣᠯᠭᠠᠬᠤ ᠂ ᠨᠠᠮ ᠤ᠋ᠨ ᠪᠠᠢᠭᠤᠯᠤᠯᠲᠠ ᠪᠠᠷ ᠬᠥᠲᠥᠯᠦᠮᠵᠢ ᠪᠣᠯᠭᠠᠬᠤ ᠂ ᠥᠭᠡᠷᠡᠴᠢᠯᠡᠯᠲᠡ ᠪᠡᠷ ᠬᠥᠳᠡᠯᠭᠡᠬᠦ ᠬᠦᠴᠦᠨ ᠪᠣᠯᠭᠠᠬᠤ ᠂ ᠰᠣᠶᠣᠯ ᠢ᠋ᠶ᠋ᠠᠷ ᠠᠴᠢᠶᠠᠯᠠᠪᠤᠷᠢ ᠪᠣᠯᠭᠠᠬᠤ ᠂ ᠴᠢᠬᠡᠴᠢ ᠵᠠᠰᠠᠭ ᠢ᠋ᠶ᠋ᠠᠷ ᠪᠠᠲᠤᠯᠠᠭ᠎ᠠ ᠪᠣᠯᠭᠠᠬᠤ ᠂ ᠵᠣᠬᠢᠶᠠᠨ ᠪᠠᠢᠭᠤᠯᠤᠯᠲᠠ ᠪᠠᠷ ᠦᠨᠳᠦᠰᠦ ᠪᠣᠯᠭᠠᠬᠤ ᠶ᠋ᠢ ᠪᠠᠷᠢᠮᠲᠠᠯᠠᠵᠤ ᠂ ᠣᠷᠳᠣᠰ ᠤ᠋ᠨ ᠠᠵᠤ ᠠᠬᠤᠢ ᠨᠡᠢᠭᠡᠮ ᠦ᠋ᠨ ᠬᠥᠭᠵᠢᠯᠲᠡ ᠶ᠋ᠢᠨ ᠬᠢᠷᠢ ᠬᠡᠮᠵᠢᠶ᠎ᠡ ᠯᠦ᠍ᠭᠡ ᠲᠣᠬᠢᠷᠠᠯᠴᠠᠭᠰᠠᠨ ᠂ ᠵᠣᠬᠢᠴᠠᠯᠳᠤᠭᠰᠠᠨ ᠲᠡᠷᠢᠭᠦᠨ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠵᠢᠯ ᠢ᠋ ᠪᠥᠬᠥ ᠬᠦᠴᠦᠨ ᠢ᠋ᠶ᠋ᠡᠷ ᠢ᠋ᠶ᠋ᠡᠨ ᠡᠭᠦᠳᠦᠨ ᠪᠠᠢᠭᠤᠯᠤᠨ᠎ᠠ ᠃
ᠭᠤᠷᠪᠠ ᠳ᠋ᠤ᠌ ᠂ ᠦᠨᠡᠨ ᠢ᠋ ᠪᠠᠷᠢᠮᠲᠠᠯᠠᠨ ᠪᠣᠳᠠᠲᠠᠢ ᠶ᠋ᠢ ᠡᠷᠬᠢᠮᠯᠡᠵᠦ ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠡᠷ ᠭᠦᠢᠴᠡᠳᠭᠡᠬᠦ ᠶ᠋ᠢ ᠪᠠᠷᠢᠮᠲᠠᠯᠠᠨ᠎ᠠ ᠃ ᠦᠨᠡᠨ ᠢ᠋ ᠪᠠᠷᠢᠮᠲᠠᠯᠠᠨ ᠪᠣᠳᠠᠲᠤ ᠠᠵᠢᠯᠯᠠᠭ᠎ᠠ ᠶ᠋ᠢ ᠡᠷᠬᠢᠮᠯᠡᠬᠦ ᠰᠤᠷᠲᠠᠯ ᠢ᠋ ᠪᠠᠳᠠᠷᠠᠭᠤᠯᠵᠤ᠂ ᠠᠯᠢᠪᠠ ᠪᠦᠬᠦᠨ ᠳ᠋ᠦ᠍ ᠪᠣᠳᠠᠲᠤ ᠪᠠᠢᠳᠠᠯ ᠢ᠋ ᠦᠨᠳᠦᠰᠦᠯᠡᠨ᠂ ᠬᠠᠤᠯᠢ ᠴᠠᠭᠠᠵᠠ ᠶ᠋ᠢᠨ ᠬᠡᠷᠡᠭ ᠨᠢᠭᠡᠪᠦᠷᠢ ᠳ᠋ᠦ᠍ ᠠᠷᠠᠳ ᠣᠯᠠᠨ ᠢ᠋ ᠲᠥᠪ ᠭᠣᠣᠯᠴᠢ ᠰᠢᠳᠤᠷᠭᠤ ᠶᠣᠰᠣ ᠶ᠋ᠢ ᠮᠡᠳᠡᠷᠡᠭᠦᠯᠬᠦ ᠪᠡᠷ ᠴᠢᠷᠮᠠᠢᠬᠤ ᠬᠡᠷᠡᠭᠲᠡᠢ᠃ ᠢᠮᠠᠭᠲᠠ ᠠᠷᠢᠭᠤᠨ ᠴᠢᠬᠡᠴᠢ ᠪᠠᠢᠬᠤ ᠡᠣᠯᠣᠰ ᠲᠥᠷᠦ ᠶ᠋ᠢᠨ ᠣᠣᠷ ᠴᠢᠨᠠᠷ ᠢ᠋ᠶ᠋ᠠᠨ ᠪᠠᠲᠤᠯᠠᠵᠤ ᠂ ᠪᠡᠶ᠎ᠡ ᠪᠡᠷ ᠢ᠋ᠶ᠋ᠡᠨ ᠬᠡᠪ ᠳᠠᠭᠤᠷᠢᠶᠠᠯ ᠪᠣᠯᠵᠤ ᠂ ᠲᠡᠷᠢᠭᠦᠯᠡᠨ ᠬᠡᠪ ᠳᠠᠭᠤᠷᠢᠶᠠᠯ ᠪᠣᠯᠵᠤ ᠂ ᠨᠠᠮ ᠪᠠ ᠡᠠᠷᠠᠣᠠ ᠲᠦᠮᠡᠨ ᠤ᠋ ᠬᠦᠰᠡᠯ ᠨᠠᠢᠳᠠᠯᠭ᠎ᠠ ᠶ᠋ᠢ ᠬᠥᠰᠡᠷᠳᠡᠭᠦᠯᠬᠦ ᠦᠭᠡᠢ᠃
ᠳᠥᠷᠪᠡ ᠳ᠋ᠦ᠍ ᠪᠦᠬᠦ ᠲᠠᠯ᠎ᠠ ᠶ᠋ᠢᠨ ᠦᠵᠡᠯᠲᠡ ᠶ᠋ᠢ ᠪᠠᠷᠢᠮᠲᠠᠯᠠᠵᠤ ᠂ ᠪᠠᠭ ᠤ᠋ᠨ ᠪᠦᠯᠬᠦᠮᠳᠡᠯ ᠢ᠋ ᠬᠠᠮᠠᠭᠠᠯᠠᠨ᠎ᠠ᠃ ᠪᠠᠭ ᠤ᠋ᠨ ᠪᠦᠷᠢᠯᠳᠦᠬᠦᠨ ᠬᠣᠭᠣᠷᠣᠨᠳᠣ ᠪᠠᠨ ᠬᠠᠮᠲᠤ ᠶ᠋ᠢᠨ ᠲᠠᠨᠢᠯᠲᠠ ᠶ᠋ᠢᠨ ᠳᠤᠮᠳᠠ ᠪᠦᠯᠬᠦᠮᠳᠡᠯ ᠢ᠋ ᠡᠷᠢᠯᠬᠢᠯᠡᠵᠦ ᠂ ᠢᠲᠡᠭᠡᠮᠵᠢ ᠶ᠋ᠢᠨ ᠳᠤᠮᠳᠠ ᠡᠶ᠎ᠡ ᠡᠪᠲᠡᠢ ᠪᠠᠢᠬᠤ ᠶ᠋ᠢ ᠪᠠᠲᠤᠯᠠᠬᠤ ᠬᠡᠷᠡᠭᠲᠡᠢ ᠃ ᠶᠡᠬᠡ ᠶᠠᠪᠤᠳᠠᠯ ᠢ᠋ᠶ᠋ᠠᠷ ᠵᠠᠷᠴᠢᠮ ᠢ᠋ ᠡᠷᠬᠢᠮᠯᠡᠵᠦ ᠂ ᠪᠠᠭ᠎ᠠ ᠶᠠᠪᠤᠳᠠᠯ ᠢ᠋ᠶ᠋ᠠᠷ ᠬᠡᠪ ᠰᠤᠷᠲᠠᠯ ᠢ᠋ ᠡᠷᠬᠢᠮᠯᠡᠵᠦ ᠂ ᠬᠠᠷᠢᠯᠴᠠᠨ ᠬᠦᠨᠳᠦᠳᠭᠡᠵᠦ ᠂ ᠬᠠᠷᠢᠯᠴᠠᠨ ᠠᠭᠤᠴᠢᠯᠠᠵᠤ ᠂ ᠴᠠᠭ ᠲᠤᠬᠠᠢ ᠳ᠋ᠤᠨᠢ ᠬᠠᠪᠰᠤᠷᠠᠨ ᠳᠡᠮᠵᠢᠵᠤ᠂ ᠪᠠᠭ ᠤ᠋ᠨ ᠪᠦᠯᠬᠦᠮᠳᠡᠯ ᠢ᠋ ᠤᠬᠠᠮᠰᠠᠷ ᠠ᠋ᠴᠠ ᠪᠠᠨ ᠬᠠᠮᠠᠭᠠᠯᠠᠵᠤ ᠂ ᠢᠳᠡᠪᠬᠢᠲᠡᠢ ᠥᠭᠡᠳᠡᠷᠬᠡᠭ ᠠᠵᠢᠯ ᠤ᠋ᠨ ᠠᠭᠤᠷ ᠠᠮᠢᠰᠭᠤᠯ ᠢ᠋ ᠴᠢᠷᠮᠠᠢᠨ ᠪᠣᠢ ᠪᠣᠯᠭᠠᠬᠤ ᠬᠡᠷᠡᠭᠲᠡᠢ ᠃
ᠦᠨᠡᠯᠡᠬᠦ 0ᠦᠨᠡᠯᠡᠯᠲᠡ᠎ᠲᠠᠢ