ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠨᠠᠮ ᠢ᠋ ᠪᠦᠬᠦ ᠲᠠᠯ᠎ᠠ ᠪᠠᠷ ᠴᠢᠩᠭ᠎ᠠ ᠵᠠᠰᠠᠬᠤ ᠲᠤᠰᠭᠠᠢ ᠰᠡᠳᠦᠪᠲᠦ ᠰᠤᠳᠤᠯᠭᠠᠨ ᠤ᠋ ᠬᠤᠷᠠᠯ ᠬᠤᠷᠠᠯᠳᠤᠭᠤᠯᠪᠠ
2020.04.09 ᠲᠣᠰ ᠥᠷᠲᠡᠭᠡᠨ᠎ᠦ ᠨᠠᠢᠷᠠᠭᠤᠯᠤᠭᠴᠢ

      ᠰᠢ ᠵᠢᠨ ᠫᠢᠩ ᠶᠡᠷᠦᠩᠬᠡᠢ ᠱᠦᠵᠢ ᠶ᠋ᠢᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠦ᠋ᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠶ᠋ᠢᠨ ᠳᠥᠷᠪᠡᠳᠦᠭᠡᠷ ᠤᠳᠠᠭᠠᠨ ᠤ᠋ ᠪᠦᠭᠦᠳᠡ ᠬᠤᠷᠠᠯ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠪᠠᠳᠤᠭᠠᠷ ᠬᠤᠭᠤᠴᠠᠭᠠᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠶ᠋ᠢᠨ ᠵᠢᠷᠭᠤᠳᠤᠭᠠᠷ ᠪᠦᠭᠦᠳᠡ ᠬᠤᠷᠠᠯ ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠣᠷᠳᠣᠰ ᠬᠣᠲᠠ ᠶ᠋ᠢᠨ ᠳᠥᠷᠪᠡᠳᠦᠭᠡᠷ ᠬᠤᠭᠤᠴᠠᠭᠠᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠶ᠋ᠢᠨ ᠵᠢᠷᠭᠤᠳᠤᠭᠠᠷ ᠪᠦᠭᠦᠳᠡ ᠬᠤᠷᠠᠯ ᠂ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠨᠢᠭᠡᠳᠦᠭᠡᠷ ᠲᠣᠭᠣᠷᠢᠨ ᠪᠠᠢᠴᠠᠭᠠᠬᠤ ᠳᠤᠭᠤᠢᠯᠠᠩ ᠠ᠋ᠴᠠ ᠣᠷᠳᠣᠰ ᠬᠣᠲᠠ ᠶ᠋ᠢᠨ ᠨᠡᠭᠦᠷᠡᠰᠦᠨ ᠦ᠌ ᠡᠬᠢ ᠪᠠᠶᠠᠯᠢᠭ ᠤ᠋ᠨ ᠬᠦᠷᠢᠶᠡᠨ ᠦ᠌ ᠲᠤᠰᠭᠠᠢ ᠲᠥᠷᠥᠯ ᠦ᠋ᠨ ᠲᠣᠭᠣᠷᠢᠨ ᠪᠠᠢᠴᠠᠭᠠᠬᠤ ᠠᠵᠢᠯ ᠥᠷᠨᠢᠭᠦᠯᠬᠦ ᠳᠠᠢᠴᠢᠯᠠᠯᠲᠠ ᠶ᠋ᠢᠨ ᠬᠤᠷᠠᠯ ᠂ ᠳᠥᠷᠪᠡᠳᠦᠭᠡᠷ ᠬᠤᠭᠤᠴᠠᠭᠠᠨ ᠤ᠋ ᠣᠷᠳᠣᠰ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠨᠠᠢ᠍ᠮᠠᠳᠤᠭᠠᠷ ᠡᠭᠡᠯᠵᠢ ᠶ᠋ᠢᠨ ᠲᠣᠭᠣᠷᠢᠨ ᠪᠠᠢᠴᠠᠭᠠᠬᠤ ᠳᠠᠢᠴᠢᠯᠠᠯᠲᠠ ᠶ᠋ᠢᠨ ᠬᠤᠷᠠᠯ ᠤ᠋ᠨ ᠵᠣᠷᠢᠭ ᠰᠠᠨᠠᠭ᠎ᠠ ᠵᠢᠴᠢ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠬᠢᠨᠠᠨ ᠪᠠᠢᠴᠠᠭᠠᠬᠤ ᠬᠣᠷᠢᠶ᠎ᠠ ᠶ᠋ᠢᠨ ᠵᠣᠷᠢᠭᠲᠠᠢ ᠡᠭᠦᠷᠭᠡᠯᠡᠬᠦ ᠶ᠋ᠢ ᠵᠣᠷᠢᠭᠵᠢᠭᠤᠯᠬᠤ ᠶ᠋ᠢ ᠬᠡᠷᠡᠭᠵᠢᠭᠦᠯᠬᠦ ᠰᠠᠨᠠᠯ 》  ᠤ᠋ᠨ  ᠪᠢᠴᠢᠭ᠌ ᠮᠠᠲ᠋ᠸᠷᠢᠶᠠᠯ ᠤ᠋ᠨ ᠵᠣᠷᠢᠭ ᠰᠠᠨᠠᠭ᠎ᠠ ᠶ᠋ᠢ ᠳᠠᠮᠵᠢᠭᠤᠯᠤᠨ ᠰᠤᠷᠤᠯᠴᠠᠨ᠎ᠠ᠃ ᠬᠣᠲᠠ ᠶ᠋ᠢᠨ ᠳᠤᠮᠳᠠ ᠵᠡᠷᠭᠡ ᠢ᠋ᠢᠨ ᠰᠢᠭᠦᠬᠦ ᠬᠣᠷᠢᠶ᠎ᠠ  ᠶ᠋ᠢᠨ ᠨᠠᠮ ᠤ᠋ᠨ ᠡᠣᠳᠣᠷᠢᠣᠠᠬᠣ  ᠳᠤᠭᠤᠢᠯᠠᠩ ᠤ᠋ᠨ ᠱᠦᠵᠢ᠂ ᠡᠣᠷᠣᠯᠠᠬᠴᠢ ᠳᠠᠷᠤᠭ᠎ᠠ ᠰᠦ᠍ ᠯᠢ ᠵᠢᠶᠣᠢᠠ ᠬᠤᠷᠠᠯ ᠢ᠋ ᠡᠷᠬᠢᠯᠡᠵᠦ ᠂  ᠪᠦᠬᠦ ᠨᠠᠮ ᠤ᠋ᠨ ᠡᠣᠳᠣᠷᠢᠣᠠᠬᠣ ᠳᠤᠭᠤᠢᠯᠠᠩ ᠤ᠋ᠨ  ᠭᠡᠰᠢᠭᠦᠨ ᠬᠤᠷᠠᠯ ᠳ᠋ᠤ᠌ ᠣᠷᠣᠯᠴᠠᠪᠠ ᠃

      ᠬᠤᠷᠠᠯ ᠠ᠋ᠴᠠ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠥᠬᠥ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠰᠠᠢᠲᠤᠷ ᠨᠠᠢᠳᠠᠪᠤᠷᠢᠵᠢᠭᠤᠯᠵᠤ ᠂ ᠳᠡᠭᠡᠳᠦ ᠬᠡᠮᠵᠢᠶᠡᠨ ᠦ᠌ ᠤᠯᠤᠰ ᠲᠥᠷᠥ ᠶ᠋ᠢᠨ ᠤᠬᠠᠮᠰᠠᠷ ᠢ᠋ᠶ᠋ᠠᠷ ᠨᠠᠮ ᠤ᠋ᠨ ᠤᠳᠤᠷᠢᠳᠬᠤ ᠳᠤᠭᠤᠢᠯᠠᠩ ᠤ᠋ᠨ ᠲᠥᠪ ᠰᠤᠷᠲᠠᠯ ᠢ᠋ ᠪᠣᠢ ᠪᠣᠯᠭᠠᠵᠤ ᠂ ᠪᠠᠢᠭᠤᠯᠤᠯᠭ᠎ᠠ ᠶ᠋ᠢᠨ ᠬᠡᠪ ᠰᠤᠷᠲᠠᠯ ᠢ᠋ ᠬᠥᠲᠥᠯᠦᠨ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠬᠤᠷᠠᠯ ᠠ᠋ᠴᠠ ᠴᠢᠬᠤᠯᠠᠴᠢᠯᠠᠭᠰᠠᠨ ᠨᠢ ᠂ ᠣᠨᠣᠯ ᠢ᠋ᠶ᠋ᠠᠷ ᠵᠡᠪᠰᠡᠭᠯᠡᠬᠦ ᠶ᠋ᠢ ᠴᠢᠩᠭᠠᠳᠭᠠᠵᠤ ᠂ ᠨᠠᠮ ᠢ᠋ ᠪᠥᠬᠥ ᠲᠠᠯ᠎ᠠ ᠪᠠᠷ ᠴᠢᠩᠭ᠎ᠠ ᠵᠠᠰᠠᠬᠤ ᠶ᠋ᠢ ᠭᠦᠨᠵᠡᠭᠡᠢᠷᠡᠭᠦᠯᠦᠨ ᠬᠥᠭᠵᠢᠭᠦᠯᠵᠦ ᠂  ᠰᠢ ᠵᠢᠨ ᠫᠢᠩ ᠦ᠋ᠨ  ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠣᠢᠯᠠᠭᠠᠵᠤ ᠂ ᠵᠢᠰᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ᠋ ᠪᠠᠳᠠᠷᠠᠭᠤᠯᠵᠤ ᠂ ᠦᠨᠡᠨᠴᠢ  ᠰᠢᠳᠦᠷᠭᠤ ᠠᠷᠢᠭᠤᠨ ᠴᠡᠪᠡᠷ ᠬᠠᠷᠢᠭᠤᠴᠠᠯᠭ᠎ᠠ ᠲᠠᠢ ᠥᠨᠳᠥᠷ ᠬᠡᠪ ᠴᠢᠨᠠᠷ ᠪᠦᠬᠦᠢ ᠲᠤᠰᠭᠠᠢᠵᠢᠭᠰᠠᠨ  ᠰᠢᠭᠦᠬᠦ ᠬᠣᠷᠢᠶᠠᠨ ᠤ᠋ ᠡᠩᠨᠡᠭᠡ ᠶ᠋ᠢ ᠳᠠᠪᠲᠠᠨ ᠪᠦᠷᠢᠯᠳᠦᠭᠦᠯᠬᠦ ᠬᠡᠷᠡᠭᠲᠡᠢ ᠃

      ᠬᠤᠷᠠᠯ ᠠ᠋ᠴᠠ ᠱᠠᠭᠠᠷᠳᠠᠭᠰᠠᠨ ᠨᠢ ᠂ ᠨᠢᠭᠡ ᠳ᠋ᠦ᠍ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠂ ᠬᠣᠲᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠶ᠋ᠢ ᠦᠷᠭᠦᠯᠵᠢᠯᠡᠨ ᠭᠦᠨᠵᠡᠭᠡᠢ ᠰᠤᠷᠤᠯᠴᠠᠵᠤ ᠂ ᠨᠠᠮ ᠢ᠋ ᠴᠢᠩᠭ᠎ᠠ ᠵᠠᠰᠠᠬᠤ ᠱᠠᠭᠠᠷᠳᠠᠯᠭ᠎ᠠ ᠶ᠋ᠢ ᠪᠥᠬᠥ ᠲᠠᠯ᠎ᠠ ᠪᠠᠷ ᠨᠠᠢᠳᠠᠪᠤᠷᠢᠵᠢᠭᠤᠯᠵᠤ ᠂ ᠪᠥᠬᠥ ᠬᠣᠲᠠ ᠶ᠋ᠢᠨ  ᠰᠢᠭᠦᠬᠦ ᠬᠣᠷᠢᠶᠠᠨ ᠤ᠋ ᠳᠣᠲᠣᠭᠠᠳᠤ ᠶ᠋ᠢᠨ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠶ᠋ᠢᠨ ᠲᠠᠯ᠎ᠠ ᠪᠠᠷ  ᠣᠷᠤᠰᠢᠵᠤ ᠪᠠᠢᠭ᠎ᠠ ᠳᠣᠪᠣᠢᠮ᠎ᠠ ᠠᠰᠠᠭᠤᠳᠠᠯ ᠳ᠋ᠤ᠌ ᠵᠥᠪ ᠢ᠋ᠶ᠋ᠡᠷ ᠬᠠᠨᠳᠤᠵᠤ ᠂  ᠰᠠᠨᠠᠭᠠᠰᠢᠷᠠᠨ ᠵᠣᠪᠠᠨᠢᠬᠤ ᠤᠬᠠᠮᠰᠠᠷ ᠢ᠋ᠶ᠋ᠠᠨ ᠴᠢᠩᠭᠠᠷᠠᠭᠤᠯᠵᠤ ᠂ ᠵᠠᠪᠠᠯ ᠢᠯᠠᠯᠲᠠ ᠣᠯᠬᠤ ᠢᠲᠡᠭᠡᠯ ᠵᠣᠷᠢᠭ ᠢ᠋ᠶ᠋ᠠᠨ ᠪᠠᠲᠤᠳᠭᠠᠨ ᠂ ᠬᠠᠤᠯᠢ ᠪᠠᠷ ᠵᠠᠰᠠᠬᠤ ᠰᠡᠳᠭᠢᠬᠦᠢ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠡᠷ  ᠰᠢᠭᠦᠬᠦ ᠬᠣᠷᠢᠶᠠᠨ ᠤ᠋ ᠢᠯᠵᠠᠷᠠᠯ ᠢ᠋ ᠡᠰᠡᠷᠭᠦᠴᠡᠬᠦ ᠠᠵᠢᠯ ᠢ᠋ ᠭᠦᠨᠵᠡᠭᠡᠢ ᠠᠬᠢᠭᠤᠯᠬᠤ ᠬᠡᠷᠡᠭᠲᠡᠢ ᠃ ᠬᠣᠶᠠᠷ ᠲᠤ᠌ ᠂ ᠤᠯᠤᠰ ᠲᠥᠷᠥ ᠶ᠋ᠢᠨ ᠪᠠᠢᠭᠤᠯᠤᠯᠲᠠ ᠶ᠋ᠢ ᠲᠡᠷᠢᠭᠦᠨ ᠪᠠᠢᠷᠢᠨ ᠳ᠋ᠤ᠌ ᠲᠠᠯᠪᠢᠵᠤ ᠂ ᠨᠠᠮ ᠢ᠋ ᠴᠢᠩᠭ᠎ᠠ ᠵᠠᠰᠠᠬᠤ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠴᠢᠩᠭ᠎ᠠ ᠳᠠᠷᠤᠵᠤ ᠂ ᠬᠠᠷᠢᠭᠤᠴᠠᠯᠭ᠎ᠠ ᠶ᠋ᠢᠨ  ᠰᠢᠰᠲ᠋ᠧᠮ ᠢ᠋ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠬᠠᠷᠢᠭᠤᠴᠠᠯᠭ᠎ᠠ ᠶ᠋ᠢᠨ ᠡᠷᠭᠢ ᠱᠤᠷᠠᠭ ᠢ᠋ ᠴᠢᠩᠭᠠᠯᠠᠵᠤ ᠂ ᠬᠠᠷᠢᠭᠤᠴᠠᠯᠭ᠎ᠠ ᠶ᠋ᠢ ᠴᠢᠩᠭ᠎ᠠ ᠢᠯᠭᠠᠵᠤ ᠂ ᠭᠣᠣᠯ ᠴᠣᠭᠴᠠ ᠶ᠋ᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶ᠋ᠢ ᠵᠣᠬᠢᠴᠠᠭᠤᠯᠤᠨ ᠲᠤᠤᠱᠯᠠᠭᠤᠯᠬᠤ ᠶ᠋ᠢ ᠠᠬᠢᠭᠤᠯᠵᠤ᠂ᠨᠡᠢᠯᠡᠮᠡᠯ ᠬᠦᠴᠦᠨ ᠢ᠋ ᠪᠦᠷᠢᠯᠳᠦᠭᠦᠯᠬᠦ ᠶ᠋ᠢ ᠠᠬᠢᠭᠤᠯᠵᠤ᠂ᠬᠠᠷᠢᠭᠤᠴᠠᠬᠤ᠂ᠬᠠᠷᠢᠭᠤᠴᠠᠯᠭ᠎ᠠ ᠪᠠᠨ  ᠰᠠᠬᠢᠬᠤ ᠂ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠳᠠᠯ ᠢ᠋ ᠵᠣᠬᠢᠶᠠᠨ ᠪᠠᠢᠭᠤᠯᠤᠯᠲᠠ ᠂ ᠠᠵᠢᠯ ᠤ᠋ᠨ ᠪᠠᠢᠷᠢ ᠪᠦᠷᠢ ᠳ᠋ᠦ᠍ ᠢᠯᠡᠷᠡᠭᠦᠯᠬᠦ ᠬᠡᠷᠡᠭᠲᠡᠢ ︔ ᠭᠤᠷᠪᠠ ᠳ᠋ᠤ᠌  ᠰᠢᠭᠦᠨ ᠲᠠᠰᠤᠯᠬᠤ ᠪᠠ ᠭᠦᠢᠴᠡᠳᠭᠡᠬᠦ ᠶᠠᠪᠤᠴᠠ ᠳ᠋ᠠᠬᠢ ᠢᠯᠵᠠᠷᠠᠯ ᠪᠠ ᠰᠤᠷᠲᠠᠯ ᠤ᠋ᠨ ᠠᠰᠠᠭᠤᠳᠠᠯ ᠢ᠋ ᠴᠢᠩᠭ᠎ᠠ ᠴᠡᠭᠴᠡᠯᠡᠨ ᠰᠠᠢᠵᠢᠷᠠᠭᠤᠯᠵᠤ ᠂《ᠳᠥᠷᠪᠡᠨ ᠰᠤᠷᠲᠠᠯ》 ᠵᠡᠷᠭᠡ ᠭᠣᠣᠯᠳᠠᠯᠭ᠎ᠠ ᠲᠠᠢ ᠠᠰᠠᠭᠤᠳᠠᠯ ᠤ᠋ᠨ ᠳᠠᠯᠳᠠ ᠳᠦᠷᠰᠦ ᠬᠤᠪᠢᠷᠠᠬᠤ ᠂ ᠳᠠᠬᠢᠨ  ᠳᠡᠭᠡᠭᠰᠢᠯᠡᠬᠦ  ᠬᠠᠨᠳᠤᠰᠢ ᠶ᠋ᠢ ᠴᠢᠩᠭ᠎ᠠ ᠰᠡᠷᠭᠡᠢᠯᠡᠬᠦ ᠬᠡᠷᠡᠭᠲᠡᠢ ; ᠳᠥᠷᠪᠡ ᠳ᠋ᠦ᠍ ᠺᠠᠲᠷ ᠴᠠᠭᠳᠠᠭ᠎ᠠ ᠶ᠋ᠢᠨ ᠠᠵᠢᠯ ᠦᠢᠯᠡᠰ ᠪᠦᠲᠦᠭᠡᠬᠦ ᠬᠠᠯᠠᠭᠤᠨ ᠰᠡᠳᠭᠢᠯᠭᠡ ᠶ᠋ᠢ ᠦᠷᠭᠦᠯᠵᠢᠯᠡᠨ ᠬᠦᠴᠦᠯᠡᠨ ᠬᠥᠭᠵᠢᠭᠡᠵᠦ ᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠬᠢᠨᠠᠨ ᠪᠠᠢᠴᠠᠭᠠᠬᠤ ᠬᠣᠷᠢᠶ᠎ᠠ ᠶ᠋ᠢᠨ ᠵᠣᠷᠢᠭᠲᠠᠢ ᠡᠭᠦᠷᠭᠡᠯᠡᠬᠦ ᠶ᠋ᠢ ᠵᠣᠷᠢᠭᠵᠢᠭᠤᠯᠬᠤ ᠶ᠋ᠢ ᠬᠡᠷᠡᠭᠵᠢᠭᠦᠯᠬᠦ ᠰᠠᠨᠠᠯ 》 ᠢ᠋ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠵᠢᠨ ᠫᠢᠩ ᠦ᠋ᠨ 《 ᠭᠤᠷᠪᠠ ᠶ᠋ᠢ ᠰᠠᠯᠭᠠᠬᠤ 》 ᠲᠤᠬᠠᠢ ᠴᠢᠬᠤᠯᠠ ᠱᠠᠭᠠᠷᠳᠠᠯᠭ᠎ᠠ ᠶ᠋ᠢ ᠨᠠᠷᠢᠨ ᠣᠨᠣᠪᠴᠢᠲᠠᠢ ᠨᠠᠢᠳᠠᠪᠤᠷᠢᠵᠢᠭᠤᠯᠵᠤ ᠂ ᠱᠠᠩᠨᠠᠬᠤ ᠪᠠᠷ ᠭᠣᠣᠯ ᠪᠣᠯᠭᠠᠭᠰᠠᠨ ᠂ ᠵᠠᠯᠬᠠᠭᠠᠬᠤ ᠪᠠᠷ ᠳᠡᠳ᠋ ᠪᠣᠯᠭᠠᠭᠰᠠᠨ  ᠤᠷᠠᠮᠰᠢᠭᠤᠯᠤᠨ ᠬᠢᠵᠠᠭᠠᠷᠯᠠᠬᠤ ᠲᠣᠭᠲᠠᠴᠠ ᠶ᠋ᠢ ᠪᠠᠢᠭᠤᠯᠵᠤ ᠂ ᠵᠣᠷᠢᠭᠲᠠᠢ ᠪᠠᠷ ᠤᠳᠤᠷᠢᠳᠤᠯᠭ᠎ᠠ ᠠ᠋ᠴᠠ ᠰᠠᠯᠠᠭ᠎ᠠ ᠮᠥᠴᠢᠷ  ᠲᠡᠭᠡᠨ ᠡᠭᠦᠷᠭᠡᠯᠡᠵᠦ ᠂ ᠰᠠᠯᠠᠭ᠎ᠠ ᠮᠥᠴᠢᠷ ᠦ᠋ᠳ ᠦᠨᠳᠦᠰᠦᠨ ᠱᠠᠲᠤᠨ ᠳ᠋ᠤ᠌ ᠡᠭᠦᠷᠭᠡᠯᠡᠵᠦ ᠂ ᠵᠣᠷᠢᠭᠲᠠᠢ ᠡᠭᠦᠷᠭᠡᠯᠡᠵᠦ ᠂ ᠡᠭᠦᠷᠭᠡᠯᠡᠵᠦ ᠳᠡᠢᠯᠬᠦ ᠂ ᠡᠭᠦᠷᠭᠡᠯᠡᠬᠦ ᠳᠤᠷᠠᠲᠠᠢ ᠬᠥᠮᠦᠨ ᠬᠡᠷᠡᠭᠯᠡᠬᠦ ᠤᠳᠤᠷᠢᠳᠤᠮᠵᠢ ᠶ᠋ᠢ ᠦᠨᠡᠨᠬᠦ ᠨᠡᠩ ᠲᠣᠳᠣᠷᠬᠠᠢ ᠪᠣᠯᠭᠠᠨ᠎ᠠ᠃ ᠲᠠᠪᠤ ᠳ᠋ᠤ᠌ ᠨᠡᠭᠦᠷᠡᠰᠦᠨ ᠦ᠌ ᠡᠬᠢ ᠪᠠᠶᠠᠯᠢᠭ ᠤ᠋ᠨ ᠬᠦᠷᠢᠶᠡᠨ ᠦ᠌ ᠬᠠᠤᠯᠢ ᠲᠣᠭᠲᠠᠭᠠᠯ ᠠ᠋ᠴᠠ ᠵᠥᠷᠢᠴᠡᠭᠰᠡᠨ ᠠᠰᠠᠭᠤᠳᠠᠯ ᠢ᠋ ᠲᠤᠰᠭᠠᠢᠯᠠᠨ  ᠴᠡᠭᠴᠡᠯᠡᠨ ᠵᠠᠰᠠᠬᠤ ᠠᠵᠢᠯ ᠢ᠋ ᠦᠨᠡᠨᠬᠦ ᠰᠠᠢᠲᠤᠷ ᠬᠢᠵᠦ ᠂ ᠬᠣᠲᠠ ᠶ᠋ᠢᠨ ᠨᠠᠮ ᠤ᠋ᠨ ᠬᠣᠷᠢᠶᠠᠨ ᠤ᠋ ᠨᠢᠭᠡᠳᠦᠯᠲᠡᠢ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠨᠢᠭᠡᠳᠦᠭᠡᠷ ᠲᠣᠭᠣᠷᠢᠨ ᠪᠠᠢᠴᠠᠭᠠᠬᠤ ᠳᠤᠭᠤᠢᠯᠠᠩ ᠂ ᠬᠣᠲᠠ ᠶ᠋ᠢᠨ ᠨᠠᠮ ᠤ᠋ᠨ ᠬᠣᠷᠢᠶᠠᠨ ᠤ᠋ ᠲᠣᠭᠣᠷᠢᠨ ᠪᠠᠢᠴᠠᠭᠠᠬᠤ ᠳᠤᠭᠤᠢᠯᠠᠩ ᠤ᠋ᠨ ᠠᠵᠢᠯ ᠤ᠋ᠨ ᠱᠠᠭᠠᠷᠳᠠᠯᠭ᠎ᠠ ᠶᠣᠰᠣᠭᠠᠷ ᠂  ᠰᠢᠭᠦᠬᠦ ᠬᠣᠷᠢᠶᠠᠨ ᠤ᠋  ᠰᠢᠰᠲ᠋ᠧᠮ ᠦ᠋ᠨ ᠬᠡᠷᠡᠭ ᠦ᠋ᠨ ᠰᠦᠪᠡᠭᠴᠢ ᠶ᠋ᠢ ᠬᠢᠨᠠᠨ ᠪᠠᠢᠴᠠᠭᠠᠬᠤ ᠂ ᠠᠵᠢᠯᠲᠠᠨ ᠢ᠋ ᠵᠢᠭᠰᠠᠭᠠᠨ ᠪᠠᠢᠴᠠᠭᠠᠬᠤ ᠠᠵᠢᠯ ᠢ᠋ ᠪᠦᠬᠦ ᠬᠦᠴᠦᠨ ᠢ᠋ᠶ᠋ᠡᠷ ᠢ᠋ᠶ᠋ᠡᠨ ᠰᠠᠢᠲᠤᠷ ᠬᠢᠬᠦ ᠶ᠋ᠢᠨ ᠬᠠᠮᠲᠤ ᠂ ᠵᠣᠬᠢᠴᠠᠭᠤᠯᠤᠨ ᠬᠠᠮᠵᠢᠯᠴᠠᠬᠤ ᠠᠵᠢᠯ ᠢ᠋ ᠰᠠᠢᠲᠤᠷ ᠬᠢᠵᠦ ᠂ ᠡᠨᠡ ᠬᠦ᠌ ᠠᠵᠢᠯ ᠤ᠋ᠨ ᠢᠯᠠᠯᠲᠠ ᠶ᠋ᠢ ᠣᠯᠵᠤ ᠳᠡᠢᠯᠬᠦ ᠶ᠋ᠢ ᠦᠨᠡᠨᠬᠦ ᠪᠠᠲᠤᠯᠠᠬᠤ ᠬᠡᠷᠡᠭᠲᠡᠢ ᠃ ᠵᠢᠷᠭᠤᠭ᠎ᠠ ᠳ᠋ᠤ᠌ ᠂ ᠣᠢᠷ᠎ᠠ ᠶ᠋ᠢᠨ ᠬᠤᠭᠤᠴᠠᠭᠠᠨ ᠳ᠋ᠤ᠌ ᠪᠥᠬᠥ ᠬᠣᠲᠠ ᠶ᠋ᠢᠨ  ᠰᠢᠭᠦᠬᠦ ᠬᠣᠷᠢᠶ᠎ᠠ ᠶ᠋ᠢᠨ ᠨᠠᠮ ᠤ᠋ᠨ ᠰᠤᠷᠲᠠᠯ ᠴᠢᠬᠡᠴᠢ ᠵᠠᠰᠠᠭ ᠪᠠ ᠢᠯᠵᠢᠷᠡᠯ ᠢ᠋ ᠡᠰᠡᠷᠭᠦᠴᠡᠬᠦ ᠲᠡᠮᠡᠴᠡᠯ ᠦ᠋ᠨ ᠠᠵᠢᠯ ᠤ᠋ᠨ ᠬᠤᠷᠠᠯ ᠢ᠋ ᠵᠣᠬᠢᠶᠠᠨ ᠪᠠᠢᠭᠤᠯᠤᠨ ᠬᠤᠷᠠᠯᠳᠤᠭᠤᠯᠵᠤ ᠂ ᠪᠥᠬᠥ ᠬᠣᠲᠠ ᠶ᠋ᠢᠨ  ᠰᠢᠭᠦᠬᠦ  ᠬᠣᠷᠢᠶ᠎ᠠ ᠶ᠋ᠢᠨ ᠨᠠᠮ ᠤ᠋ᠨ ᠰᠤᠷᠲᠠᠯ ᠴᠢᠬᠡᠴᠢ ᠵᠠᠰᠠᠭ ᠪᠠ ᠢᠯᠵᠢᠷᠡᠯ ᠢ᠋ ᠡᠰᠡᠷᠭᠦᠴᠡᠬᠦ ᠲᠡᠮᠡᠴᠡᠯ ᠦ᠋ᠨ ᠠᠵᠢᠯ ᠳ᠋ᠤ᠌ ᠪᠣᠳᠠᠲᠠᠢ ᠲᠣᠳᠣᠷᠬᠠᠢ ᠱᠠᠭᠠᠷᠳᠠᠯᠭ᠎ᠠ ᠪᠠ ᠠᠷᠭ᠎ᠠ ᠬᠡᠮᠵᠢᠶ᠎ᠡ ᠶ᠋ᠢ ᠳᠤᠷᠠᠳᠪᠠ ᠃

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )