ᠨᠠᠮ ᠤ᠋ᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠂ ᠬᠣᠲᠠ ᠶ᠋ᠢᠨ ᠨᠠᠮ ᠤ᠋ᠨ ᠬᠣᠷᠢᠶ᠎ᠠ ᠬᠣᠲᠠ ᠶ᠋ᠢᠨ ᠵᠠᠰᠠᠭ ᠤ᠋ᠨ ᠣᠷᠳᠣᠨ ᠤ᠋ ᠠᠵᠢᠯ ᠰᠡᠷᠭᠦᠭᠡᠬᠦ ᠦᠢᠯᠡᠳᠪᠦᠷᠢᠯᠡᠯ ᠰᠡᠷᠭᠦᠭᠡᠬᠦ ᠠᠵᠢᠯ ᠤ᠋ᠨ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠬᠤ ᠢ᠋ᠢᠨ ᠲᠥᠯᠦᠭᠡ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠬᠣᠰᠢᠭᠤ ᠰᠢᠶᠠᠨ ( ᠬᠣᠲᠠ ᠂ ᠲᠣᠭᠣᠷᠢᠭ ) ᠤ᠋ᠨ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠲᠦᠭᠰᠢᠭᠦᠷᠢ ᠶ᠋ᠢᠨ ᠳᠡᠰ ᠢ᠋ ᠲᠣᠬᠢᠷᠠᠭᠤᠯᠬᠤ ᠲᠤᠬᠠᠢ ᠠᠯᠪᠠᠨ ᠵᠠᠷᠯᠠᠯ 》 ( ᠳᠣᠲᠣᠭᠠᠳᠤ ᠵᠠᠰᠠᠭ 2020 ᠣᠨ ᠤ᠋ 14 ᠳ᠋ᠤᠭᠡᠷ ᠲᠣᠭᠠᠲᠤ ) ᠶ᠋ᠢᠨ ᠵᠣᠷᠢᠭ ᠰᠠᠨᠠᠭ᠎ᠠ ᠶ᠋ᠢ ᠦᠨᠳᠦᠰᠦᠯᠡᠵᠦ ᠂ ᠠᠷᠠᠳ ᠣᠯᠠᠨ ᠤ᠋ ᠬᠢᠵᠢᠭ᠌ ᠤ᠋ᠨ ᠲᠦᠭᠰᠢᠭᠦᠷᠢ ᠶ᠋ᠢᠨ ᠳᠡᠰ ᠳᠣᠣᠷ᠎ᠠ ᠪᠠᠢᠬᠤ ᠬᠤᠭᠤᠴᠠᠭᠠᠨ ᠳ᠋ᠤ᠌ ᠵᠠᠷᠭᠤᠯᠳᠤᠬᠤ ᠡᠷᠬᠡ ᠪᠡᠨ ᠵᠣᠬᠢᠰᠲᠠᠢ ᠬᠡᠷᠡᠭᠵᠢᠭᠦᠯᠬᠦ ᠶ᠋ᠢ ᠦᠨᠡᠨ ᠬᠦ᠌ ᠪᠠᠲᠤᠯᠠᠬᠤ ᠶ᠋ᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ ᠂ᠣᠳᠣ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠡᠷᠡᠭ ᠪᠣᠯᠭᠠᠨ ᠳᠠᠩᠰᠠᠯᠠᠬᠤ ᠪᠠ ᠵᠠᠷᠭᠤ ᠶ᠋ᠢᠨ ᠦᠢᠯᠡᠴᠢᠯᠡᠭᠡᠨ ᠦ᠌ ᠲᠥᠪ ᠢ᠋ ᠰᠡᠷᠭᠦᠭᠡᠬᠦ ᠂ ᠬᠡᠷᠡᠭ ᠪᠣᠯᠭᠠᠨ ᠳᠠᠩᠰᠠᠯᠠᠬᠤ ᠴᠣᠩᠬᠤ ᠶ᠋ᠢ ᠬᠡᠷᠡᠭᠵᠢᠭᠦᠯᠬᠦ ᠬᠣᠯᠪᠤᠭᠳᠠᠯ ᠪᠦᠬᠦᠢ ᠵᠦᠢᠯ ᠢ᠋ ᠳᠣᠣᠷᠠᠬᠢ ᠮᠡᠲᠦ ᠵᠠᠷᠯᠠᠪᠠ ᠄
ᠨᠢᠭᠡ ᠂ 2020 ᠣᠨ ᠤ᠋ 3 ᠰᠠᠷ᠎ᠠ ᠶ᠋ᠢᠨ 30 ᠤ᠋ ᠡᠳᠦᠷ ᠦ᠋ᠨ 9 ᠄ 00 ᠠ᠋ᠴᠠ ᠡᠬᠢᠯᠡᠵᠦ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠡᠷᠡᠭ ᠪᠣᠯᠭᠠᠨ ᠳᠠᠩᠰᠠᠯᠠᠬᠤ ᠪᠠ ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠬᠡᠷᠡᠭ ᠪᠣᠯᠭᠠᠨ ᠳᠠᠩᠰᠠᠯᠠᠬᠤ ᠴᠣᠩᠬᠤ ᠶ᠋ᠢ ᠰᠡᠷᠭᠦᠭᠡᠵᠦ ᠡᠯ᠎ᠡ ᠲᠥᠷᠥᠯ ᠦ᠋ᠨ ᠵᠠᠷᠭᠤ ᠶ᠋ᠢᠨ ᠬᠡᠷᠡᠭ ᠢ᠋ ᠭᠦᠢᠴᠡᠳᠭᠡᠨ᠎ᠡ ᠃
ᠬᠣᠶᠠᠷ ᠂ ᠣᠯᠠᠨ ᠬᠥᠮᠦᠨ ᠴᠤᠭᠯᠠᠷᠠᠬᠤ ᠶ᠋ᠢ ᠬᠠᠮᠤᠭ ᠤ᠋ᠨ ᠶᠡᠬᠡ ᠬᠡᠮᠵᠢᠶ᠎ᠡ ᠪᠡᠷ ᠵᠠᠢᠯᠠᠰᠬᠢᠬᠦ ᠶ᠋ᠢᠨ ᠲᠥᠯᠥᠭᠡ ᠵᠠᠷᠭᠤ ᠶ᠋ᠢᠨ ᠲᠤᠬᠠᠢ ᠶ᠋ᠢᠨ ᠬᠥᠮᠦᠨ ᠪᠤᠶᠤ ᠣᠷᠣᠯᠠᠭᠴᠢ ᠶ᠋ᠢᠨ ᠰᠦᠯᠵᠢᠶᠡᠨ ᠳᠡᠭᠡᠷᠡᠬᠢ ᠠᠷᠭ᠎ᠠ ᠬᠡᠯᠪᠡᠷᠢ ᠪᠡᠷ ᠳᠠᠮᠵᠢᠨ ᠡᠯ᠎ᠡ ᠲᠥᠷᠥᠯ ᠦ᠋ᠨ ᠵᠠᠷᠭᠤ ᠶ᠋ᠢᠨ ᠵᠦᠢᠯᠡᠰ ᠢ᠋ ᠭᠦᠢᠴᠡᠳᠭᠡᠬᠦ ᠶ᠋ᠢ ᠦᠷᠭᠦᠯᠵᠢᠯᠡᠨ ᠰᠠᠨᠠᠭᠠᠴᠢᠯᠠᠨ ᠵᠣᠷᠢᠭᠵᠢᠭᠤᠯᠵᠤ᠂《ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠲᠣᠣᠷ ᠰᠦᠯᠵᠢᠶ᠎ᠡ 》 ( http : / / e d s . n m g f y .gov .cn )
ᠪᠣᠯᠤᠨ 《 ᠥᠪᠥᠷ ᠮᠣᠩᠭᠣᠯ ᠤ᠋ᠨ ᠰᠢᠯᠵᠢᠮᠡᠯ ᠬᠣᠯᠪᠣᠭᠠᠨ ᠤ᠋ ᠪᠢᠴᠢᠯ ᠰᠢᠭᠦᠬᠦ ᠬᠣᠷᠢᠶ᠎ᠠ 》 ( ᠸᠢᠴᠠᠲ ᠬᠡᠷᠡᠭᠯᠡᠭᠴᠢᠳ ᠦ᠋ᠨ ᠪᠤᠯᠤᠩ ᠢ᠋ᠶ᠋ᠡᠷ ᠳᠠᠮᠵᠢᠭᠤᠯᠤᠨ 《 ᠥᠪᠥᠷ ᠮᠣᠩᠭᠣᠯ ᠤ᠋ᠨ ᠰᠢᠯᠵᠢᠮᠡᠯ ᠬᠣᠯᠪᠣᠭᠠᠨ ᠤ᠋ ᠪᠢᠴᠢᠯ ᠰᠢᠭᠦᠬᠦ ᠬᠣᠷᠢᠶ᠎ᠠ 》 ᠶ᠋ᠢ ᠡᠷᠢᠨ ᠣᠯᠵᠤ ᠪᠣᠯᠤᠨ᠎ᠠ)᠃
ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠂ ᠰᠦᠯᠵᠢᠶᠡᠨ ᠳᠡᠭᠡᠷ᠎ᠡ ᠡᠶᠡᠳᠡᠭᠦᠯᠬᠦ ᠵᠡᠷᠭᠡ ᠭᠤᠶᠤᠴᠢᠯᠠᠯ ᠤ᠋ᠨ ᠵᠦᠢᠯᠡᠰ ᠢ᠋ ᠭᠦᠢᠴᠡᠳᠭᠡᠨ᠎ᠡ ᠃ ᠰᠢᠢᠳᠪᠦᠷᠢᠯᠡᠬᠦ ᠶᠠᠪᠤᠴᠠ ᠳ᠋ᠤ᠌ ᠶᠠᠮᠠᠷᠪᠠ ᠠᠰᠠᠭᠤᠳᠠᠯ ᠲᠤᠯᠭᠠᠷᠠᠪᠠᠯ 《 12368 》 ᠵᠠᠷᠭᠤ ᠬᠢᠬᠦ ᠦᠢᠯᠡᠴᠢᠯᠡᠭᠡᠨ ᠦ᠌ ᠬᠠᠯᠠᠮᠰᠢᠯ ᠤᠲᠠᠰᠤ ᠪᠤᠶᠤ ᠭᠣᠣᠯ ᠠᠯᠪᠠᠨ ᠠᠵᠢᠯ ᠤ᠋ᠨ ᠤᠲᠠᠰᠤ ᠪᠡᠷ ᠯᠠᠪᠯᠠᠨ ᠠᠰᠠᠭᠤᠭᠠᠷᠠᠢ᠃
ᠭᠤᠷᠪᠠ ᠂ ᠰᠦᠯᠵᠢᠶᠡᠨ ᠳᠡᠭᠡᠷ᠎ᠡ ᠵᠠᠷᠭᠤᠯᠳᠤᠬᠤ ᠠᠵᠢᠯᠯᠠᠭ᠎ᠠ ᠥᠷᠨᠢᠭᠦᠯᠬᠦ ᠳ᠋ᠦ᠍ ᠳᠥᠭᠥᠮ ᠦᠭᠡᠢ ᠪᠠᠢᠪᠠᠯ ᠂ ᠵᠠᠷᠭᠤ ᠶ᠋ᠢᠨ ᠲᠤᠬᠠᠢ ᠶ᠋ᠢᠨ ᠬᠥᠮᠦᠨ ᠪᠤᠶᠤ ᠣᠷᠣᠯᠠᠭᠴᠢ ᠨᠢ ᠰᠢᠤᠳᠠᠨ ᠢ᠋ᠶ᠋ᠠᠷ ᠢᠯᠡᠭᠡᠬᠦ ᠠᠷᠭ᠎ᠠ ᠮᠠᠶᠢᠭ ᠤ᠋ᠨ ᠮᠠᠲ᠋ᠧᠷᠢᠶᠠᠯ ᠢ᠋ᠶ᠋ᠠᠨ ᠳᠡᠪᠰᠢᠭᠦᠯᠵᠦ ᠪᠣᠯᠤᠨ᠎ᠠ ᠂ ᠵᠠᠷᠭᠤ ᠶ᠋ᠢᠨ ᠲᠤᠬᠠᠢ ᠶ᠋ᠢᠨ ᠬᠥᠮᠦᠨ ᠪᠤᠶᠤ ᠣᠷᠣᠯᠠᠭᠴᠢ ᠶ᠋ᠢᠨ ᠣᠨᠣᠪᠴᠢᠲᠠᠢ ᠬᠠᠷᠢᠯᠴᠠᠬᠤ ᠠᠷᠭ᠎ᠠ ᠮᠠᠶᠢᠭ ᠢ᠋ᠶ᠋ᠠᠨ ᠡᠷᠬᠡᠪᠰᠢ ᠲᠣᠳᠣᠷᠬᠠᠢᠯᠠᠬᠤ ᠬᠡᠷᠡᠭᠲᠡᠢ ᠃
ᠳᠥᠷᠪᠡ ᠂ ᠲᠤᠬᠠᠢ ᠶ᠋ᠢᠨ ᠲᠠᠯᠠᠪᠠᠢ ᠳ᠋ᠤ᠌ ᠵᠠᠷᠭᠤᠯᠳᠤᠬᠤ ᠶ᠋ᠢ ᠦᠨᠡᠨᠬᠦ ᠭᠦᠢᠴᠡᠳᠭᠡᠬᠦ ᠴᠢᠬᠤᠯᠠᠲᠠᠢ ᠪᠣᠯ ᠤᠷᠢᠳᠠᠪᠡᠷ ᠳ᠋ᠢᠶᠠᠩᠬᠤᠸᠠ ᠪᠤᠶᠤ 《 ᠣᠶᠤᠨᠴᠢ ᠲᠤᠬᠠᠢᠯᠠᠭᠰᠠᠨ ᠠᠵᠢᠯ ᠤ᠋ᠨ ᠪᠣᠯᠵᠣᠯ 》 APP ᠵᠢᠵᠢᠭ᠌ ᠲᠠᠪᠴᠠᠩ ᠢ᠋ᠶ᠋ᠠᠷ ᠪᠣᠯᠵᠣᠨ ᠰᠢᠢᠳᠪᠦᠷᠢᠯᠡᠵᠦ ᠪᠣᠯᠤᠨ᠎ᠠ ᠃ ᠤᠷᠢᠳᠴᠢᠯᠠᠨ ᠪᠣᠯᠵᠣᠵᠤ ᠲᠣᠭᠲᠠᠭᠰᠠᠨ ᠤ᠋ ᠳᠠᠷᠠᠭ᠎ᠠ ᠂ ᠵᠠᠷᠭᠤ ᠶ᠋ᠢᠨ ᠲᠤᠬᠠᠢ ᠶ᠋ᠢᠨ ᠬᠥᠮᠦᠨ ᠪᠤᠶᠤ ᠣᠷᠣᠯᠠᠭᠴᠢ ᠨᠢ ᠤᠷᠢᠳᠴᠢᠯᠠᠨ ᠪᠣᠯᠵᠣᠭᠰᠠᠨ ᠴᠠᠭ ᠤ᠋ᠨ ᠶᠣᠰᠣᠭᠠᠷ ᠣᠴᠢᠵᠤ ᠰᠢᠢᠳᠪᠦᠷᠢᠯᠡᠬᠦ ᠬᠡᠷᠡᠭᠲᠡᠢ ᠃
ᠲᠠᠪᠤ ᠂ ᠲᠤᠬᠠᠢ ᠶ᠋ᠢᠨ ᠲᠠᠯᠠᠪᠤᠷ ᠲᠤ᠌ ᠣᠴᠢᠵᠤ ᠤᠴᠢᠷ ᠶᠠᠪᠤᠳᠠᠯ ᠭᠦᠢᠴᠡᠳᠭᠡᠬᠦ ᠵᠠᠷᠭᠤ ᠶ᠋ᠢᠨ ᠲᠤᠬᠠᠢ ᠶ᠋ᠢᠨ ᠬᠥᠮᠦᠨ ᠪᠤᠶᠤ ᠣᠷᠣᠯᠠᠭᠴᠢ ᠪᠦᠬᠦᠨ ᠂ ᠰᠠᠨᠠᠭᠠᠴᠢᠯᠠᠭ᠎ᠠ ᠠ᠋ᠴᠠ ᠪᠠᠨ ᠠᠵᠢᠯᠲᠠᠨ ᠤ᠋ ᠲᠣᠬᠢᠷᠠᠭᠤᠯᠤᠯᠲᠠ ᠲᠠᠢ ᠬᠠᠮᠵᠢᠯᠴᠠᠨ ᠂ ᠪᠡᠶ᠎ᠡ ᠶ᠋ᠢᠨ ᠦᠨᠡᠮᠯᠡᠯ ᠢ᠋ᠶ᠋ᠡᠨ ᠠᠪᠴᠤ ᠂ ᠠᠮᠠᠪᠴᠢ ᠵᠡᠭᠦᠬᠦ ᠶ᠋ᠢ ᠵᠢᠷᠤᠮᠯᠠᠵᠤ ᠂ ᠪᠡᠶ᠎ᠡ ᠶ᠋ᠢᠨ ᠳᠤᠯᠠᠭᠠᠨ ᠤ᠋ ᠪᠠᠢᠴᠠᠭᠠᠨ ᠬᠡᠮᠵᠢᠯᠲᠡ ᠪᠠ ᠠᠮᠤᠷ ᠲᠦᠪᠰᠢᠨ ᠦ᠌ ᠪᠠᠢᠴᠠᠭᠠᠯᠲᠠ ᠶ᠋ᠢ ᠬᠦᠯᠢᠶᠡᠵᠦ ᠂ ᠠᠵᠢᠯᠲᠠᠨ ᠤ᠋ ᠵᠢᠯᠣᠭᠣᠳᠤᠯᠭ᠎ᠠ ᠳᠣᠣᠷ᠎ᠠ ᠬᠣᠶᠠᠷ ᠬᠡᠮᠵᠢᠯᠲᠦ ᠺᠣᠳ᠋ ᠢ᠋ᠶ᠋ᠠᠷ ᠡᠷᠡᠭᠦᠯ ᠮᠡᠨᠳᠦ ᠶ᠋ᠢᠨ ᠨᠡᠪᠲᠡᠷᠡᠬᠦ ᠺᠣᠳ᠋ ( ᠨᠣᠭᠣᠭᠠᠨ ᠺᠣᠳ᠋ ) ᠭᠠᠷᠭᠠᠭᠰᠠᠨ ᠤ᠋ ᠳᠠᠷᠠᠭ᠎ᠠ ᠰᠠᠶᠢ ᠣᠷᠣᠵᠤ ᠪᠣᠯᠤᠨ᠎ᠠ ︔ ᠤᠯᠠᠭᠠᠨ ᠲᠡᠮᠳᠡᠭ ᠂ ᠰᠢᠷ᠎ᠠ ᠲᠡᠮᠳᠡᠭ ᠢᠯᠡᠷᠡᠭᠰᠡᠨ ᠬᠥᠮᠦᠰ ᠢ᠋ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠴᠠᠭ ᠲᠤᠬᠠᠢ ᠳ᠋ᠤᠨᠢ ᠮᠡᠳᠡᠭᠦᠯᠬᠦ ᠶ᠋ᠢᠨ ᠬᠠᠮᠲᠤ ᠬᠠᠮᠢᠶᠠᠷᠤᠨ ᠡᠵᠡᠮᠰᠢᠬᠦ ᠠᠷᠭ᠎ᠠ ᠬᠡᠮᠵᠢᠶ᠎ᠡ ᠪᠡᠨ ᠨᠠᠢᠳᠠᠪᠤᠷᠢᠵᠢᠭᠤᠯᠬᠤ ᠬᠡᠷᠡᠭᠲᠡᠢ ᠃ ᠬᠡᠷᠡᠭ ᠡᠷᠬᠢᠯᠡᠬᠦ ᠶᠡᠬᠡ ᠲᠢᠩᠬᠢᠮ ᠳ᠋ᠦ᠍ ᠣᠷᠣᠭᠰᠠᠨ ᠤ᠋ ᠳᠠᠷᠠᠭ᠎ᠠ ᠬᠣᠯᠪᠣᠭᠳᠠᠯ ᠪᠦᠬᠦᠢ ᠲᠣᠭᠲᠠᠭᠠᠯ ᠢ᠋ ᠵᠢᠷᠤᠮᠯᠠᠨ ᠂ ᠠᠵᠢᠯᠲᠠᠨ ᠤ᠋ ᠵᠢᠯᠣᠭᠣᠳᠤᠯᠭ᠎ᠠ ᠶ᠋ᠢ ᠰᠣᠨᠣᠰᠴᠤ ᠂ ᠬᠣᠯᠪᠣᠭᠳᠠᠯ ᠪᠦᠬᠦᠢ ᠵᠠᠷᠭᠤ ᠶ᠋ᠢᠨ ᠶᠠᠪᠤᠳᠠᠯ ᠢ᠋ ᠡᠮᠬᠢ ᠵᠢᠷᠤᠮ ᠲᠠᠢ ᠭᠦᠢᠴᠡᠳᠭᠡᠬᠦ ᠬᠡᠷᠡᠭᠲᠡᠢ ︔ ᠪᠤᠰᠤᠳ ᠲᠠᠢ 1.5 ᠮᠧᠲ᠋ᠷ ᠡᠴᠡ ᠳᠡᠭᠡᠭᠰᠢᠬᠢ ᠠᠮᠤᠷ ᠲᠦᠪᠰᠢᠨ ᠦ᠌ ᠵᠠᠢ ᠶ᠋ᠢ ᠪᠠᠲᠤᠯᠠ ; ᠣᠯᠠᠨ ᠨᠡᠢᠲᠡ ᠶ᠋ᠢᠨ ᠣᠷᠣᠨ ᠪᠦᠰᠡ ᠶ᠋ᠢᠨ ᠵᠣᠭᠰᠣᠩᠭᠢᠷᠠᠬᠤ ᠴᠠᠭ ᠢ᠋ ᠠᠯᠢ ᠴᠢᠳᠠᠬᠤ ᠪᠠᠷ ᠪᠠᠭᠠᠰᠭᠠᠨᠠ; ᠬᠡᠷᠪᠡ ᠪᠡᠶ᠎ᠡ ᠶ᠋ᠢᠨ ᠬᠠᠯᠠᠭᠤᠨ ᠨᠢ ᠬᠡᠪ ᠦ᠋ᠨ ᠪᠤᠰᠤ ᠪᠠᠢᠬᠤ ᠪᠠ ᠬᠠᠨᠢᠶᠠᠬᠤ ᠵᠡᠷᠭᠡ ᠢᠯᠡᠷᠡᠯ ᠲᠡᠢ ᠪᠣᠯ ᠲᠦᠷ ᠲᠢᠩᠬᠢᠮ ᠳ᠋ᠦ᠍ ᠣᠷᠣᠵᠤ ᠪᠣᠯᠬᠤ ᠦᠭᠡᠢ ᠂ ᠠᠵᠢᠭᠯᠠᠬᠤ ᠂ ᠲᠤᠰᠠᠭᠠᠷᠯᠠᠬᠤ ᠂ ᠡᠮᠨᠡᠭᠦᠯᠬᠦ ᠵᠡᠷᠭᠡ ᠠᠵᠢᠯ ᠢ᠋ ᠰᠠᠢᠲᠤᠷ ᠬᠢᠬᠦ ᠬᠡᠷᠡᠭᠲᠡᠢ ᠃
ᠵᠢᠷᠭᠤᠭ᠎ᠠ ᠂ ᠲᠤᠰ ᠬᠣᠷᠢᠶᠠᠨ ᠤ᠋ ᠲᠢᠩᠬᠢᠮ ᠦ᠋ᠨ ᠰᠢᠭᠦᠯᠲᠡ ᠶ᠋ᠢᠨ ᠠᠵᠢᠯᠯᠠᠭ᠎ᠠ ᠳ᠋ᠤ᠌ ᠣᠷᠤᠯᠴᠠᠬᠤ ᠲᠤᠬᠠᠢ ᠶ᠋ᠢᠨ ᠬᠥᠮᠦᠨ ᠂ ᠵᠠᠷᠭᠤ ᠶ᠋ᠢᠨ ᠣᠷᠣᠯᠠᠭᠴᠢ ᠵᠢᠴᠢ ᠵᠠᠷᠭᠤ ᠳ᠋ᠤ᠌ ᠣᠷᠣᠯᠴᠠᠭᠰᠠᠳ ᠂ ᠮᠡᠳᠡᠭᠳᠡᠭᠰᠡᠨ ᠴᠠᠭ ᠂ ᠭᠠᠵᠠᠷ ᠣᠷᠣᠨ ᠳ᠋ᠤ᠌ ᠬᠣᠯᠪᠣᠭᠳᠠᠯ ᠪᠦᠬᠦᠢ ᠮᠡᠳᠡᠭᠳᠡᠯ ᠦ᠋ᠨ ᠪᠢᠴᠢᠭ᠌ ᠢ᠋ ᠠᠪᠴᠤ ᠰᠢᠭᠦᠨ ᠲᠠᠰᠤᠯᠬᠤ ᠲᠢᠩᠬᠢᠮ ᠳ᠋ᠦ᠍ ᠣᠷᠣᠬᠤ ᠬᠡᠷᠡᠭᠲᠡᠢ ᠪᠥᠭᠡᠳ ᠰᠢᠭᠦᠬᠦ ᠲᠢᠩᠬᠢᠮ ᠦ᠋ᠨ ᠠᠵᠢᠯᠲᠠᠨ ᠤ᠋ ᠵᠢᠯᠣᠭᠣᠳᠤᠯᠭ᠎ᠠ ᠳᠣᠣᠷ᠎ᠠ ᠲᠢᠩᠬᠢᠮ ᠦ᠋ᠨ ᠰᠢᠭᠦᠯᠲᠡ ᠶ᠋ᠢᠨ ᠠᠵᠢᠯᠯᠠᠭ᠎ᠠ ᠳ᠋ᠤ᠌ ᠡᠮᠬᠢ ᠵᠢᠷᠤᠮ ᠲᠠᠢ ᠪᠠᠷ ᠣᠷᠣᠯᠴᠠᠬᠤ ᠬᠡᠷᠡᠭᠲᠡᠢ ᠃
ᠳᠣᠯᠣᠭ᠎ᠠ ᠂ ᠪᠢᠴᠢᠭ᠌ ᠮᠠᠲ᠋ᠸᠷᠢᠶᠠᠯ ᠲᠤᠰᠢᠶᠠᠬᠤ᠂ ᠵᠠᠷᠭᠤ ᠶ᠋ᠢᠨ ᠪᠢᠴᠢᠭ᠌ ᠬᠠᠷ᠎ᠠ ᠶ᠋ᠢ ᠠᠪᠬᠤ ᠪᠤᠶᠤ ᠪᠤᠰᠤᠳ ᠬᠡᠷᠡᠭ ᠶᠠᠪᠤᠳᠠᠯ ᠢ᠋ ᠰᠢᠢᠳᠪᠦᠷᠢᠯᠡᠬᠦ ᠵᠠᠷᠭᠤ ᠶ᠋ᠢᠨ ᠲᠤᠬᠠᠢ ᠶ᠋ᠢᠨ ᠬᠥᠮᠦᠨ ᠂ ᠣᠷᠣᠯᠠᠭᠴᠢ ᠨᠢ ᠤᠷᠢᠳᠴᠢᠯᠠᠨ ᠭᠦᠢᠴᠡᠳᠭᠡᠬᠦ ᠰᠢᠭᠦᠭᠴᠢ ᠪᠤᠶᠤ ᠪᠢᠴᠢᠭᠡᠴᠢ ᠲᠡᠢ ᠬᠠᠷᠢᠯᠴᠠᠬᠤ ᠪᠤᠶᠤ ᠴᠣᠩᠬᠣᠨ ᠤ᠋ ᠠᠵᠢᠯᠲᠠᠨ ᠢ᠋ᠶ᠋ᠠᠷ ᠰᠢᠯᠵᠢᠭᠦᠯᠵᠦ ᠰᠢᠢᠳᠪᠦᠷᠢᠯᠡᠭᠦᠯᠬᠦ ᠬᠡᠷᠡᠭᠲᠡᠢ ᠂ ᠵᠠᠷᠭᠤ ᠶ᠋ᠢᠨ ᠤᠴᠢᠷ ᠶᠠᠪᠤᠳᠠᠯ ᠢ᠋ ᠰᠢᠢᠳᠪᠦᠷᠢᠯᠡᠵᠦ ᠳᠠᠭᠤᠰᠤᠭᠰᠠᠨ ᠤ᠋ ᠳᠠᠷᠠᠭ᠎ᠠ ᠴᠠᠭ ᠲᠤᠬᠠᠢ ᠳ᠋ᠤᠨᠢ ᠰᠠᠯᠤᠭᠠᠷᠠᠢ᠃
ᠨᠠᠢ᠍ᠮᠠ ᠂ ᠲᠤᠰ ᠬᠣᠷᠢᠶᠠᠨ ᠤ᠋ ᠲᠢᠩᠬᠢᠮ ᠨᠡᠭᠡᠭᠡᠬᠦ ᠳᠠᠭᠤᠳᠠᠯᠭ᠎ᠠ ᠶ᠋ᠢᠨ ᠬᠠᠭᠤᠳᠠᠰᠤ ᠂ ᠰᠢᠭᠦᠯᠲᠡ ᠳ᠋ᠦ᠍ ᠣᠷᠣᠯᠴᠠᠬᠤ ᠮᠡᠳᠡᠭᠳᠡᠯ ᠦ᠋ᠨ ᠪᠢᠴᠢᠭ᠌ ᠢ᠋ ᠣᠯᠤᠭᠰᠠᠨ ᠲᠤᠬᠠᠢ ᠶ᠋ᠢᠨ ᠬᠥᠮᠦᠨ ᠂ ᠣᠷᠣᠯᠠᠭᠴᠢ ᠪᠤᠶᠤ ᠵᠠᠷᠭᠤ ᠳ᠋ᠤ᠌ ᠣᠷᠣᠯᠴᠠᠭᠰᠠᠳ ᠬᠠᠷᠠᠬᠠᠨ ᠲᠤᠰᠠᠭᠠᠷᠯᠠᠬᠤ ᠬᠤᠭᠤᠴᠠᠭᠠᠨ ᠳ᠋ᠤ᠌ ᠪᠠᠢᠬᠤ ᠪᠠᠢᠪᠠᠯ ᠂ ᠬᠠᠤᠯᠢ ᠶᠣᠰᠣᠭᠠᠷ ᠲᠢᠩᠬᠢᠮ ᠨᠡᠭᠡᠭᠡᠬᠦ ᠴᠠᠭ ᠢ᠋ ᠬᠣᠢᠰᠢᠯᠠᠭᠤᠯᠬᠤ ᠪᠡᠷ ᠭᠤᠶᠤᠴᠢᠯᠠᠵᠤ ᠪᠣᠯᠤᠨ᠎ᠠ ᠃
ᠶᠢᠰᠦ ᠂ ᠵᠥᠪᠰᠢᠶᠡᠷᠡᠯ ᠣᠯᠤᠭᠰᠠᠨ ᠢᠯᠡ ᠪᠡᠷ ᠲᠢᠩᠬᠢᠮ ᠨᠡᠭᠡᠭᠡᠬᠦ ᠳ᠋ᠦ ᠰᠢᠭᠦᠬᠦ ᠬᠡᠷᠡᠭ ᠢ᠋ ᠰᠤᠯᠠ ᠰᠣᠨᠣᠰᠬᠤ ᠣᠯᠠᠨ ᠲᠦᠮᠡᠨ ᠲᠤᠰ ᠵᠠᠷᠯᠠᠯ ᠤ᠋ᠨ ᠲᠠᠪᠤᠳᠤᠭᠠᠷ ᠵᠦᠢᠯ ᠦ᠋ᠨ ᠶᠣᠰᠣᠭᠠᠷ ᠬᠢᠵᠢᠭ᠌ ᠢ᠋ ᠰᠡᠷᠭᠡᠢᠯᠡᠬᠦ ᠠᠷᠭ᠎ᠠ ᠬᠡᠮᠵᠢᠶ᠎ᠡ ᠶ᠋ᠢ ᠬᠠᠮᠵᠢᠯᠴᠠᠨ ᠰᠠᠢᠲᠤᠷ ᠬᠢᠬᠦ ᠬᠡᠷᠡᠭᠲᠡᠢ ᠃
ᠠᠷᠪᠠ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠡᠷᠡᠭ ᠪᠣᠯᠭᠠᠨ ᠳᠠᠩᠰᠠᠯᠠᠬᠤ ᠪᠠ ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠬᠡᠷᠡᠭ ᠪᠣᠯᠭᠠᠨ ᠳᠠᠩᠰᠠᠯᠠᠬᠤ ᠴᠣᠩᠬᠤ ᠨᠢ ᠡᠯᠧᠺᠲᠷᠣᠨ ᠢ᠋ᠢᠠᠷ ᠬᠦᠷᠭᠡᠬᠦ ᠠᠷᠭ᠎ᠠ ᠮᠠᠶᠢᠭ ᠢ᠋ ᠤᠷᠢᠳᠠᠪᠡᠷ ᠬᠡᠷᠡᠭᠯᠡᠵᠦ ᠂ ᠵᠠᠷᠭᠤ ᠶ᠋ᠢᠨ ᠲᠤᠬᠠᠢ ᠶ᠋ᠢᠨ ᠬᠥᠮᠦᠨ ᠪᠤᠶᠤ ᠣᠷᠣᠯᠠᠭᠴᠢ ᠨᠢ ᠢᠳᠡᠪᠬᠢᠲᠡᠢ ᠬᠠᠮᠵᠢᠯᠴᠠᠵᠤ ᠂ ᠬᠠᠷᠢᠯᠴᠠᠬᠤ ᠠᠷᠭ᠎ᠠ ᠬᠡᠯᠪᠡᠷᠢ ᠪᠠ ᠬᠦᠷᠭᠡᠬᠦ ᠬᠠᠶᠢᠭ ᠢ᠋ᠶ᠋ᠠᠨ ᠨᠤᠲᠠᠯᠠᠨ ᠲᠣᠭᠲᠠᠭᠠᠵᠤ ᠂ ᠲᠤᠰ ᠬᠣᠷᠢᠶᠠᠨ ᠤ᠋ ᠳᠦᠷᠰᠦᠲᠦ ᠴᠠᠬᠢᠯᠭᠠᠨ ᠂ ᠢᠮᠸᠯ ᠂ ᠨᠡᠭᠦᠳᠡᠯ ᠴᠢᠮᠡᠭᠡ ᠬᠣᠯᠪᠣᠭ᠎ᠠ ᠵᠡᠷᠭᠡ ᠪᠡᠷ ᠳᠠᠮᠵᠢᠭᠤᠯᠤᠨ ᠴᠠᠬᠢᠮ ᠬᠦᠷᠭᠡᠬᠦ ᠪᠤᠶᠤ ᠰᠢᠤᠳᠠᠨ ᠢ᠋ᠶ᠋ᠠᠷ ᠡᠯ᠎ᠡ ᠲᠥᠷᠦᠯ ᠤ᠋ᠨ ᠵᠠᠷᠭᠤ ᠢ᠋ᠢᠨ ᠪᠢᠴᠢᠭ᠌ ᠮᠠᠲ᠋ᠧᠷᠢᠶᠠᠯ ᠢᠯᠡᠭᠡᠵᠦ ᠬᠦᠷᠭᠡᠬᠦ ᠳ᠋ᠦ᠍ ᠳᠥᠭᠥᠮ ᠦᠵᠡᠭᠦᠯᠦᠨ᠎ᠡ ᠃
ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠬᠤᠭᠤᠴᠠᠭᠠᠨ ᠤ᠋ ᠬᠣᠯᠪᠣᠭᠳᠠᠯ ᠪᠦᠬᠦᠢ ᠠᠷᠭ᠎ᠠ ᠬᠡᠮᠵᠢᠶ᠎ᠡ ᠶ᠋ᠢᠨ ᠠᠪᠴᠢᠷᠠᠭᠰᠠᠨ ᠳᠥᠭᠥᠮ ᠦᠭᠡᠢ ᠵᠦᠢᠯ ᠢ᠋ ᠠᠭᠤᠴᠢᠯᠠᠭᠠᠷᠠᠢ᠂ ᠲᠠ ᠪᠦᠬᠦᠨ ᠤ᠋ ᠣᠢᠯᠠᠭᠠᠨ ᠳᠡᠮᠵᠢᠬᠦ ᠪᠠ ᠬᠠᠮᠵᠢᠯᠴᠠᠵᠤ ᠪᠠᠢᠭ᠎ᠠ ᠳ᠋ᠤ ᠲᠠᠯᠠᠷᠬᠠᠵᠤ ᠪᠠᠢᠨ᠎ᠠ᠃
1. ᠬᠠᠷᠢᠯᠴᠠᠬᠤ ᠠᠷᠭ᠎ᠠ ᠮᠠᠶᠢᠭ ᠄ ( 1 ) ᠬᠡᠷᠡᠭ ᠪᠣᠯᠭᠠᠨ ᠳᠠᠩᠰᠠᠯᠠᠬᠤ ᠪᠠ ᠵᠠᠷᠭᠤ ᠶ᠋ᠢᠨ ᠦᠢᠯᠡᠴᠢᠯᠡᠭᠡᠨ ᠦ᠌ ᠲᠥᠪ ᠄ 0 47 7 — 8 160 23 3 / 8 160 23 4 ( 2 ) ᠬᠡᠷᠡᠭ ᠡᠷᠬᠢᠯᠡᠬᠦ ᠲᠥᠪ ᠄ 0 47 7 — 83 78 23 7
2. ᠰᠢᠤᠳᠠᠨ ᠤ᠋ ᠬᠠᠶᠢᠭ ᠄ ( 1 ) ᠬᠡᠷᠡᠭ ᠪᠣᠯᠭᠠᠬᠤ ᠪᠠ ᠵᠠᠷᠭᠤ ᠶ᠋ᠢᠨ ᠦᠢᠯᠡᠴᠢᠯᠡᠭᠡᠨ ᠦ᠌ ᠲᠥᠪ ᠄ ᠣᠷᠳᠣᠰ ᠬᠣᠲᠠ ᠶ᠋ᠢᠨ ᠬᠢᠶ᠎ᠡ ᠪᠠᠭᠰᠢ ᠲᠣᠭᠣᠷᠢᠭ ᠤ᠋ᠨ ᠳᠥᠷᠪᠡᠳᠦᠭᠡᠷ ᠬᠥᠭᠥᠷᠭᠡ ᠶ᠋ᠢᠨ ᠨᠠᠨ ᠶᠠᠩ ᠭᠤᠸᠠᠩ ᠲᠣᠮᠣ ᠠᠰᠠᠷ ᠤ᠋ᠨ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠲᠥᠪ ( 2 ) ᠬᠡᠷᠡᠭ ᠡᠷᠬᠢᠯᠡᠬᠦ ᠲᠥᠪ ᠄ ᠣᠷᠳᠣᠰ ᠬᠣᠲᠠ ᠶ᠋ᠢᠨ ᠳ᠋ᠦᠩᠱᠧᠩ ᠲᠣᠭᠣᠷᠢᠭ ᠤ᠋ᠨ ᠣᠲᠣᠭ ᠪᠠᠷᠠᠭᠤᠨ ᠵᠡᠭᠡᠯᠢ ᠶ᠋ᠢᠨ ᠯᠧ ᠳ᠋ᠦᠸᠧ ᠯᠧ ᠬᠡᠳᠦ ᠳᠡᠯᠭᠡᠭᠦᠷ ᠠ᠋ᠴᠠ ᠵᠡᠭᠦᠨᠰᠢ 200 ᠮᠧᠲ᠋ᠷ ᠦ᠋ᠨ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶ᠎ᠠ ᠢ᠋ᠢᠨ ᠭᠦᠢᠴᠡᠳᠭᠡᠬᠦ ᠪᠠ ᠵᠠᠬᠢᠳᠠᠯ ᠰᠤᠷᠪᠤᠯᠵᠢᠯᠠᠭ᠎ᠠ ᠶ᠋ᠢᠨ ᠶᠡᠬᠡ ᠠᠰᠠᠷ
3. 《 ᠣᠶᠤᠨᠴᠢ ᠲᠤᠬᠠᠢᠯᠠᠭᠰᠠᠨ ᠠᠵᠢᠯ ᠤ᠋ᠨ ᠪᠣᠯᠵᠣᠯ 》 APP
4. ᠡᠷᠡᠭᠦᠯ ᠮᠡᠨᠳᠦ ᠶ᠋ᠢᠨ ᠺᠣᠳ᠋ ᠡᠭᠦᠰᠭᠡᠬᠦ ᠠᠷᠭ᠎ᠠ ᠮᠠᠶᠢᠭ ᠄ ᠳᠣᠣᠷᠠᠲᠤ ᠲᠠᠯ᠎ᠠ ᠶ᠋ᠢᠨ ᠬᠣᠶᠠᠷ ᠬᠡᠮᠵᠢᠯᠲᠦ ᠺᠣᠳ᠋ ᠢ᠋ ᠰᠢᠷᠪᠢᠬᠦ ᠪᠤᠶᠤ ᠸᠢᠴᠠᠲ ᠤ᠋ᠨ ᠪᠠᠭ᠎ᠠ ᠪᠤᠯᠤᠩ ᠢ᠋ᠢᠠᠷ ᠳᠠᠮᠵᠢᠭᠤᠯᠤᠨ 《 ᠥᠪᠥᠷ ᠮᠣᠩᠭᠣᠯ ᠤ᠋ᠨ ᠲᠦᠷᠭᠡᠨ ᠠᠯᠪᠠᠨ ᠭᠡᠷ 》 ᠢ᠋ ᠬᠠᠢᠨ ᠤᠩᠰᠢᠨ᠎ᠠ᠃
ᠣᠷᠳᠣᠰ ᠬᠣᠲᠠ ᠶ᠋ᠢᠨ ᠠᠷᠠᠳ ᠶ᠋ᠢᠨ ᠳᠤᠮᠳᠠ ᠵᠡᠷᠭᠡ ᠢ᠋ᠢᠨ ᠰᠢᠭᠦᠬᠦ ᠬᠣᠷᠢᠶ᠎ᠠ
2020 ᠣᠨ ᠤ᠋ 3 ᠰᠠᠷ᠎ᠠ ᠶ᠋ᠢᠨ 29 ᠦ᠌ ᠡᠳᠦᠷ
ᠦᠨᠡᠯᠡᠬᠦ 0ᠦᠨᠡᠯᠡᠯᠲᠡ ᠲᠠᠢ