《 ᠬᠣᠶᠠᠷ ᠬᠤᠷᠠᠯ ᠤ᠋ᠨ ᠣᠨᠴᠠ ᠡᠮᠬᠢᠳᠭᠡᠯ 》 ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠣᠷᠣᠯᠠᠭᠴᠢ ᠳᠠᠷᠤᠭ᠎ᠠ ᠰᠦ᠍ ᠯᠢ ᠵᠢᠶᠦ᠋ᠨ ᠦ᠌ ᠠᠵᠢᠯ ᠤ᠋ᠨ ᠢᠯᠡᠳᠭᠡᠯ
2020.04.30 ᠲᠣᠰ ᠥᠷᠲᠡᠭᠡᠨ᠎ᠦ ᠨᠠᠢᠷᠠᠭᠤᠯᠤᠭᠴᠢ

      4 ᠰᠠᠷ᠎ᠠ ᠶ᠋ᠢᠨ 22 ᠤ᠋ ᠡᠳᠦᠷ ᠦ᠋ᠨ ᠦᠳᠡ ᠶ᠋ᠢᠨ ᠬᠣᠢᠨ᠎ᠠ ᠂ ᠡᠣᠷᠳᠣᠰ ᠬᠣᠲᠠ ᠶ᠋ᠢᠨ ᠳᠥᠷᠪᠡᠳᠦᠭᠡᠷ ᠬᠤᠭᠤᠴᠠᠭᠠᠨ ᠤ᠋ ᠡᠠᠷᠠᠣᠠ ᠶ᠋ᠢᠨ ᠲᠥᠯᠦᠭᠡᠯᠡᠭᠴᠢᠳ ᠤ᠋ᠨ ᠶᠠᠬᠡ ᠬᠤᠷᠠᠯ ᠤ᠋ᠨ ᠭᠤᠷᠪᠠᠳᠤᠭᠠᠷ ᠬᠤᠷᠠᠯᠳᠤᠭᠠᠨ ᠳᠡᠭᠡᠷ᠎ᠡ ᠂ ᠡᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠠᠷᠬᠡ᠎ ᠶ᠋ᠢᠨ  ᠰᠢᠭᠦᠬᠦ ᠬᠣᠷᠢᠢ᠎ᠠ ᠶ᠋ᠢᠨ ᠨᠠᠮ ᠤ᠋ᠨ ᠡᠣᠳᠣᠷᠢᠣᠠᠬᠣ  ᠳᠤᠭᠤᠢᠯᠠᠩ ᠤ᠋ᠨ ᠱᠦᠵᠢ᠂ ᠡᠣᠷᠣᠯᠠᠬᠴᠢ ᠳᠠᠷᠤᠭ᠎ᠠ ᠰᠦ᠍ ᠯᠢ  ᠵᠢᠶᠦ᠋ᠨ ᠶᠠᠬᠡ᠎ ᠬᠤᠷᠠᠯ ᠳ᠋ᠤ᠌ ᠠᠵᠢᠯ ᠤ᠋ᠨ ᠮᠡᠳᠡᠭᠦᠯᠦᠯᠲᠡ ᠬᠢᠪᠡ ᠃

      ᠰᠦ᠍ ᠯᠢ ᠵᠢᠶᠦ᠋ᠨ ᠢᠯᠡᠷᠬᠡᠢᠯᠡᠬᠦ ᠳ᠋ᠡᠭᠡᠨ ᠂ 2019 ᠣᠨ ᠳ᠋ᠤ᠌ ᠂ ᠪᠥᠬᠥ ᠬᠣᠲᠠ ᠶ᠋ᠢᠨ ᠰᠢᠭᠦᠬᠦ ᠬᠣᠷᠢᠶ᠎ᠠ  ᠰᠢ ᠵᠢᠨ ᠫᠢᠩ ᠦ᠋ᠨ  ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶ᠋ᠢ ᠪᠠᠷᠢᠮᠲᠠᠯᠠᠵᠤ ᠂ ᠶᠡᠷᠦᠩᠬᠡᠢ ᠱᠦᠵᠢ  ᠰᠢ ᠵᠢᠨ ᠫᠢᠩ ᠦ᠋ᠨ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠂ ᠥᠪᠥᠷ ᠮᠣᠩᠭᠣᠯ ᠤ᠋ᠨ ᠠᠵᠢᠯ ᠳ᠋ᠤ᠌ ᠲᠠᠯᠪᠢᠭᠰᠠᠨ ᠴᠢᠬᠤᠯᠠ ᠶᠠᠷᠢᠶ᠎ᠠ ᠂ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠳᠡᠭᠡᠳᠦ ᠱᠠᠲᠤᠨ ᠤ᠋ ᠰᠢᠭᠦᠬᠦ ᠬᠣᠷᠢᠶ᠎ᠠ ᠪᠠ ᠬᠣᠲᠠ ᠶ᠋ᠢᠨ ᠨᠠᠮ ᠤ᠋ᠨ ᠬᠣᠷᠢᠶᠠᠨ ᠤ᠋  ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢᠨ ᠲᠣᠭᠣᠷᠢᠨ ᠳ᠋ᠤ᠌ ᠂ ᠠᠷᠠᠳ ᠤ᠋ᠨ ᠲᠥᠯᠥᠭᠡ ᠲᠥᠪ ᠭᠣᠣᠯᠴᠢ ᠪᠠᠷ ᠬᠠᠤᠯᠢ ᠪᠠᠷᠢᠬᠤ ᠶ᠋ᠢ ᠪᠠᠷᠢᠮᠲᠠᠯᠠᠨ ᠂ᠦᠨᠳᠦᠰᠦᠨ ᠬᠠᠤᠯᠢ ᠬᠠᠤᠯᠢ ᠴᠠᠭᠠᠵᠠ ᠠ᠋ᠴᠠ ᠣᠯᠭᠣᠭᠰᠠᠨ  ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠡᠷ ᠭᠦᠢᠴᠡᠳᠭᠡᠵᠦ ᠂  ᠰᠢᠭᠦᠨ  ᠲᠠᠰᠤᠯᠬᠤ ᠭᠦᠢᠴᠡᠳᠭᠡᠬᠦ ᠵᠡᠷᠭᠡ ᠡᠯ᠎ᠡ ᠵᠦᠢᠯ ᠦ᠋ᠨ ᠠᠵᠢᠯ  ᠰᠢᠨ᠎ᠡ ᠠᠮᠵᠢᠯᠲᠠ ᠣᠯᠪᠠ ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠡᠯ᠎ᠡ ᠲᠥᠷᠥᠯ ᠦ᠋ᠨ ᠬᠡᠷᠡᠭ ᠢ᠋ ᠨᠡᠢᠲᠡ 90218 ᠬᠦᠯᠢᠶᠡᠨ ᠠᠪᠴᠤ ᠂ 83011  ᠶ᠋ᠢ ᠨᠢ  ᠰᠢᠭᠦᠨ  ᠳᠠᠭᠤᠰᠭᠠᠭᠠᠳ ᠂ ᠠᠳᠠᠯᠢ ᠬᠤᠭᠤᠴᠠᠭᠠᠨ ᠤ᠋ ᠬᠢ ᠡᠴᠡ ᠲᠤᠰ ᠲᠤᠰ 2.82%  ᠳᠣᠷᠤᠭᠰᠢᠯᠠᠵᠤ᠂ 3.69% ᠪᠡᠷ  ᠳᠡᠭᠡᠭᠰᠢᠯᠡᠵᠡᠢ᠃ ᠪᠥᠬᠥ ᠬᠣᠲᠠ ᠶ᠋ᠢᠨ ᠣᠷᠣᠨ ᠲᠣᠭᠠᠨ ᠤ᠋  ᠰᠢᠭᠦᠭᠴᠢ  ᠲᠤᠰᠢᠶᠠᠯᠲᠠᠨ ᠬᠥᠮᠦᠨ ᠪᠦᠷᠢ  ᠲᠡᠭᠰᠢᠳᠭᠡᠭᠡᠳ 219 ᠬᠡᠷᠡᠭ ᠢ᠋  ᠰᠢᠭᠦᠨ  ᠳᠠᠭᠤᠰᠭᠠᠪᠠ ᠃ ᠬᠣᠲᠠ ᠶ᠋ᠢᠨ ᠳᠤᠮᠳᠠ ᠵᠠᠷᠬᠡ᠎ ᠶ᠋ᠢᠨ ᠰᠢᠭᠦᠬᠦ ᠬᠣᠷᠢᠢ᠎ᠠ 6418 ᠬᠤᠪᠢ ᠡᠯ᠎ᠡ  ᠲᠥᠷᠦᠯ ᠤ᠋ᠨ ᠬᠡᠷᠡᠭ ᠢ᠋ ᠬᠦᠯᠢᠶᠡᠨ ᠠᠪᠴᠤ ᠂ 57 70  ᠶ᠋ᠢ  ᠰᠢᠭᠦᠨ  ᠰᠢᠢᠳᠪᠦᠷᠢᠯᠡᠵᠦ᠂  ᠰᠢᠭᠦᠵᠦ ᠳᠠᠭᠤᠰᠭᠠᠭᠰᠠᠨ ᠨᠣᠷᠮ᠎ᠠ 8 9. 9% ᠬᠦᠷᠴᠡᠢ ᠃

      2020 ᠣᠨ ᠳ᠋ᠤ᠌ ᠪᠦᠬᠦ ᠬᠣᠲᠠ ᠶ᠋ᠢᠨ ᠰᠢᠭᠦᠬᠦ ᠬᠣᠷᠢᠶ᠎ᠠ  ᠰᠢ ᠵᠢᠨ ᠫᠢᠩ ᠦ᠋ᠨ  ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶ᠋ᠢ ᠪᠠᠷᠢᠮᠲᠠᠯᠠᠵᠤ ᠂ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ᠋ ᠬᠣᠶᠠᠳᠤᠭᠠᠷ ᠂ ᠭᠤᠷᠪᠠᠳᠤᠭᠠᠷ ᠪᠥᠬᠥᠳᠡ ᠬᠤᠷᠠᠯ ᠂ ᠳᠥᠷᠪᠡᠳᠦᠭᠡᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠵᠤ ᠂ ᠳᠡᠭᠡᠳᠦ ᠱᠠᠲᠤᠨ ᠤ᠋ ᠨᠠᠮ ᠤ᠋ᠨ ᠬᠣᠷᠢᠶ᠎ᠠ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠬᠤᠷᠠᠯ ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠶ᠋ᠢᠨ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠬᠢᠨᠠᠮᠠᠭᠠᠢ ᠨᠠᠢᠳᠠᠪᠤᠷᠢᠵᠢᠭᠤᠯᠵᠤ ᠂ ᠳᠡᠭᠡᠳᠦ ᠱᠠᠲᠤᠨ ᠤ᠋ ᠰᠢᠭᠦᠬᠦ ᠬᠣᠷᠢᠶ᠎ᠠ ᠶ᠋ᠢᠨ ᠪᠠᠢᠷᠢᠯᠠᠭᠤᠯᠤᠯᠲᠠ ᠶᠣᠰᠣᠭᠠᠷ  ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠂  ᠰᠢᠭᠦᠨ ᠲᠠᠰᠤᠯᠬᠤ ᠪᠡᠷ ᠭᠣᠣᠯᠳᠠᠯᠭ᠎ᠠ ᠪᠣᠯᠭᠠᠬᠤ ᠂ ᠨᠠᠮ ᠤ᠋ᠨ ᠪᠠᠢᠭᠤᠯᠤᠯᠲᠠ ᠪᠠᠷ ᠬᠥᠲᠥᠯᠦᠮᠵᠢ ᠪᠣᠯᠭᠠᠬᠤ ᠂ ᠥᠭᠡᠷᠡᠴᠢᠯᠡᠯᠲᠡ ᠪᠡᠷ ᠬᠥᠳᠡᠯᠭᠡᠬᠦ ᠬᠦᠴᠦᠨ ᠪᠣᠯᠭᠠᠬᠤ ᠂ ᠰᠣᠶᠣᠯ ᠢ᠋ᠶ᠋ᠠᠷ ᠠᠴᠢᠶᠠᠯᠠᠪᠤᠷᠢ ᠪᠣᠯᠭᠠᠬᠤ ᠂ ᠴᠢᠬᠡᠴᠢ ᠵᠠᠰᠠᠭ ᠢ᠋ᠶ᠋ᠠᠷ ᠪᠠᠲᠤᠯᠠᠭ᠎ᠠ ᠪᠣᠯᠭᠠᠬᠤ ᠂ ᠵᠣᠬᠢᠶᠠᠨ ᠪᠠᠢᠭᠤᠯᠤᠯᠲᠠ ᠪᠠᠷ ᠦᠨᠳᠦᠰᠦ ᠪᠣᠯᠭᠠᠬᠤ ᠶ᠋ᠢ ᠪᠠᠷᠢᠮᠲᠠᠯᠠᠵᠤ ᠂  ᠰᠢᠭᠦᠨ ᠲᠠᠰᠤᠯᠬᠤ  ᠰᠢᠰᠲ᠋ᠧᠮ ᠪᠠ  ᠰᠢᠭᠦᠨ ᠲᠠᠰᠤᠯᠬᠤ ᠴᠢᠳᠠᠪᠤᠷᠢ ᠶ᠋ᠢᠨ ᠣᠳᠣᠬᠢᠴᠢᠯᠠᠯᠲᠠ ᠶ᠋ᠢ ᠲᠦᠷᠭᠡᠳᠭᠡᠨ ᠠᠬᠢᠭᠤᠯᠵᠤ ᠂ ᠣᠷᠳᠣᠰ ᠤ᠋ᠨ ᠠᠵᠤ ᠠᠬᠤᠢ ᠨᠡᠢᠭᠡᠮ ᠦ᠋ᠨ ᠬᠥᠭᠵᠢᠯᠲᠡ ᠶ᠋ᠢᠨ ᠬᠢᠷᠢ  ᠲᠦᠪᠰᠢᠨ  ᠲᠡᠢ ᠲᠣᠬᠢᠷᠠᠯᠴᠠᠬᠤ ᠂ ᠬᠠᠷᠢᠯᠴᠠᠨ ᠵᠣᠬᠢᠴᠠᠯᠳᠤᠭᠰᠠᠨ ᠲᠡᠷᠢᠭᠦᠨ ᠵᠡᠷᠭᠡ ᠶ᠋ᠢᠨ ᠰᠢᠭᠦᠬᠦ ᠬᠣᠷᠢᠶᠠᠨ ᠤ᠋ ᠠᠵᠢᠯ ᠢ᠋ ᠪᠥᠬᠥ ᠬᠦᠴᠦᠨ ᠢ᠋ᠶ᠋ᠡᠷ ᠢ᠋ᠶ᠋ᠡᠨ ᠡᠭᠦᠳᠦᠨ ᠪᠠᠢᠭᠤᠯᠵᠤ᠂  ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠷᠠᠳ ᠤ᠋ᠨ ᠲᠡᠢᠨ ᠂ ᠶᠡᠷᠦᠩᠬᠡᠢ ᠲᠡᠢᠨ ᠂ ᠬᠣᠷᠢᠭᠯᠠᠨ ᠴᠣᠬᠢᠬᠤ ᠪᠠᠢᠯᠳᠤᠭᠠᠨ ᠢ᠋ ᠰᠠᠢᠲᠤᠷ ᠢᠯᠠᠬᠤ ᠂ ᠣᠷᠳᠣᠰ ᠤ᠋ᠨ ᠠᠵᠤ ᠠᠬᠤᠢ ᠨᠡᠢᠭᠡᠮ ᠦ᠋ᠨ ᠴᠢᠨᠠᠷ ᠰᠠᠢᠲᠠᠢ ᠬᠥᠭᠵᠢᠯᠲᠡ ᠶ᠋ᠢ ᠪᠡᠶᠡᠯᠡᠭᠦᠯᠬᠦ ᠳ᠋ᠦ᠍ ᠬᠠᠤᠯᠢ ᠴᠠᠭᠠᠵᠠ ᠶ᠋ᠢᠨ ᠬᠦᠴᠦᠲᠡᠢ ᠪᠠᠲᠤᠯᠠᠭ᠎ᠠ ᠬᠠᠩᠭᠠᠨ᠎ᠠ ᠃

 

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )