ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠠᠵᠢᠯ ᠤ᠋ᠨ ᠬᠤᠷᠠᠯ
2020.05.26 ᠲᠣᠰ ᠥᠷᠲᠡᠭᠡᠨ ᠦ ᠨᠠᠢᠷᠠᠭᠤᠯᠤᠭᠴᠢ

      4 ᠰᠠᠷ᠎ᠠ ᠶ᠋ᠢᠨ 24 ᠦ᠌ ᠡᠳᠦᠷ ᠦ᠋ᠨ ᠦᠳᠡ ᠶ᠋ᠢᠨ ᠡᠮᠦᠨ᠎ᠡ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠰᠤᠷᠲᠠᠯ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠢᠭᠤᠯᠤᠯᠲᠠ ᠪᠣᠯᠤᠨ ᠢᠯᠵᠠᠷᠠᠯ ᠢ᠋ ᠡᠰᠡᠷᠭᠦᠴᠡᠬᠦ ᠠᠵᠢᠯ ᠵᠢᠴᠢ ᠡᠩᠨᠡᠭᠡᠨ ᠦ᠌ ᠪᠠᠢᠭᠤᠯᠤᠯᠲᠠ ᠶ᠋ᠢᠨ ᠠᠵᠢᠯ ᠤ᠋ᠨ ᠳᠦᠷᠰᠦ ᠰᠢᠩᠭᠡᠭᠡᠯᠲᠡ ᠶ᠋ᠢᠨ ᠬᠤᠷᠠᠯ ᠬᠤᠷᠠᠯᠳᠤᠭᠤᠯᠵᠤ ᠂ 2019 ᠣᠨ ᠤ᠋ ᠠᠵᠢᠯ ᠢ᠋ᠶ᠋ᠠᠨ ᠳ᠋ᠦᠩᠨᠡᠵᠦ ᠂ 2020 ᠣᠨ ᠤ᠋ ᠡᠭᠦᠷᠭᠡ ᠪᠡᠨ ᠪᠠᠢᠷᠢᠯᠠᠭᠤᠯᠵᠤ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠳ᠋ᠤ᠌ ᠣᠷᠣᠯᠴᠠᠵᠤ ᠶᠠᠷᠢᠶ᠎ᠠ ᠲᠠᠯᠪᠢᠪᠠ ᠃

      ᠬᠤᠷᠠᠯ ᠠ᠋ᠴᠠ ᠵᠢᠭᠠᠵᠤ ᠭᠠᠷᠭᠠᠭᠰᠠᠨ ᠨᠢ ᠂ 2019 ᠣᠨ ᠳ᠋ᠤ᠌ ᠂ ᠬᠣᠲᠠ ᠶ᠋ᠢᠨ ᠨᠠᠮ ᠤ᠋ᠨ ᠬᠣᠷᠢᠶᠠᠨ ᠤ᠋ ᠵᠥᠪ ᠣᠨᠣᠪᠴᠢᠲᠠᠢ ᠤᠳᠤᠷᠢᠳᠤᠯᠭ᠎ᠠ ᠪᠠ ᠳᠡᠭᠡᠳᠦ ᠱᠠᠲᠤᠨ ᠤ᠋ ᠰᠢᠭᠦᠬᠦ ᠬᠣᠷᠢᠶᠠᠨ ᠤ᠋ ᠬᠦᠴᠦᠲᠡᠢ ᠵᠢᠯᠣᠭᠣᠳᠤᠯᠭ᠎ᠠ ᠳᠣᠣᠷ᠎ᠠ ᠂ ᠪᠦᠬᠦ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ  ᠰᠢ ᠵᠢᠨ ᠫᠢᠩ ᠦ᠋ᠨ  ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶ᠋ᠢ ᠪᠠᠷᠢᠮᠲᠠᠯᠠᠵᠤ ᠂ 《 ᠨᠠᠮ ᠤ᠋ᠨ ᠪᠠᠢᠭᠤᠯᠤᠯᠲᠠ ᠶ᠋ᠢ ᠠᠳᠭᠤᠬᠤ ᠂ ᠠᠩᠭᠢ ᠳᠠᠭᠠᠭᠤᠯᠤᠨ ᠪᠠᠢᠭᠤᠯᠬᠤ ᠂  ᠰᠢᠭᠦᠨ ᠲᠠᠰᠤᠯᠬᠤ ᠶ᠋ᠢ ᠠᠬᠢᠭᠤᠯᠬᠤ ᠂ ᠳᠦᠷᠢ ᠲᠥᠷᠬᠦ ᠶ᠋ᠢ ᠪᠣᠢ ᠪᠣᠯᠭᠠᠬᠤ》 ᠠᠵᠢᠯ ᠤ᠋ᠨ ᠰᠡᠳᠭᠢᠴᠡ  ᠲᠡᠢ ᠨᠢᠭᠲᠠ ᠤᠶᠠᠯᠳᠤᠭᠤᠯᠵᠤ ᠂ ᠨᠠᠮ ᠤ᠋ᠨ ᠤᠯᠤᠰ ᠲᠥᠷᠥ ᠶ᠋ᠢᠨ ᠪᠠᠢᠭᠤᠯᠤᠯᠲᠠ ᠪᠠᠷ ᠵᠢᠯᠣᠭᠣᠳᠤᠭᠤᠯᠬᠤ ᠶ᠋ᠢ ᠪᠠᠷᠢᠮᠲᠠᠯᠠᠵᠤ ᠂ ᠪᠥᠬᠥ ᠲᠠᠯ᠎ᠠ ᠪᠠᠷ ᠨᠠᠮ ᠢ᠋ ᠴᠢᠩᠭ᠎ᠠ ᠵᠠᠰᠠᠬᠤ 《ᠬᠣᠶᠠᠷ ᠬᠠᠷᠢᠭᠤᠴᠠᠯᠭ᠎ᠠ 》 ᠶ᠋ᠢ ᠰᠤᠯᠠᠷᠠᠭᠤᠯᠤᠯ ᠦᠭᠡᠢ ᠴᠢᠩᠭ᠎ᠠ ᠠᠳᠭᠤᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠰᠤᠷᠲᠠᠯ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠢᠭᠤᠯᠤᠯᠲᠠ ᠪᠠ ᠢᠯᠵᠠᠷᠠᠯ ᠢ᠋ ᠡᠰᠡᠷᠭᠦᠴᠡᠬᠦ ᠠᠵᠢᠯ  ᠰᠢᠨ᠎ᠡ ᠦᠷ᠎ᠡ ᠪᠦᠲᠦᠮᠵᠢ ᠣᠯᠵᠤ ᠂ ᠰᠢᠭᠦᠬᠦ ᠬᠣᠷᠢᠶᠠᠨ ᠤ᠋ ᠡᠩᠨᠡᠭᠡᠨ ᠦ᠌ ᠪᠠᠢᠭᠤᠯᠤᠯᠲᠠ  ᠰᠢᠨ᠎ᠡ ᠬᠥᠭᠵᠢᠯᠲᠡ ᠶ᠋ᠢ  ᠪᠡᠶᠡᠯᠡᠭᠦᠯᠦᠨ᠎ᠡ᠃

      ᠬᠤᠷᠠᠯ ᠠ᠋ᠴᠠ ᠂ 2020 ᠣᠨ ᠳ᠋ᠤ᠌ ᠂ ᠪᠦᠬᠦ ᠬᠣᠲᠠ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠰᠤᠷᠲᠠᠯ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠢᠭᠤᠯᠤᠯᠲᠠ ᠪᠣᠯᠤᠨ ᠢᠯᠵᠠᠷᠠᠯ ᠢ᠋ ᠡᠰᠡᠷᠭᠦᠴᠡᠬᠦ ᠲᠡᠮᠡᠴᠡᠯ ᠵᠢᠴᠢ ᠡᠩᠨᠡᠭᠡᠨ ᠦ᠌ ᠪᠠᠢᠭᠤᠯᠤᠯᠲᠠ ᠶ᠋ᠢᠨ ᠠᠵᠢᠯ ᠤ᠋ᠨ ᠶᠡᠷᠦᠩᠬᠡᠢ ᠱᠠᠭᠠᠷᠳᠠᠯᠭ᠎ᠠ ᠪᠣᠯ ᠄  ᠰᠢ ᠵᠢᠨ ᠫᠢᠩ ᠦ᠋ᠨ  ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶ᠋ᠢ ᠪᠠᠷᠢᠮᠲᠠᠯᠠᠵᠤ ᠂ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ᠋ ᠬᠣᠶᠠᠳᠤᠭᠠᠷ ᠂ ᠭᠤᠷᠪᠠᠳᠤᠭᠠᠷ ᠂ ᠳᠥᠷᠪᠡᠳᠦᠭᠡᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠲᠤᠤᠱᠯᠠᠭᠤᠯᠵᠤ ᠂ ᠡᠯ᠎ᠡ ᠱᠠᠲᠤᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠳᠡᠭᠡᠳᠦ ᠱᠠᠲᠤᠨ ᠤ᠋ ᠰᠢᠭᠦᠬᠦ ᠬᠣᠷᠢᠶᠠᠨ ᠤ᠋ ᠠᠵᠢᠯ ᠤ᠋ᠨ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠶᠣᠰᠣᠭᠠᠷ ᠂ 《 ᠳᠥᠷᠪᠡᠨ ᠤᠬᠠᠮᠰᠠᠷ 》 ᠢ᠋ ᠴᠢᠩᠭᠠᠷᠠᠭᠤᠯᠤᠨ ᠂ 《 ᠳᠥᠷᠪᠡᠨ ᠢᠲᠡᠭᠡᠯ 》 ᠢ᠋ ᠪᠠᠲᠤᠳᠭᠠᠵᠤ ᠂ 《 ᠬᠣᠶᠠᠷ ᠬᠠᠮᠠᠭᠠᠯᠠᠯᠲᠠ 》 ᠶ᠋ᠢ ᠪᠡᠶᠡᠯᠡᠭᠦᠯᠦᠭᠡᠳ ᠂ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠳ᠋ᠠᠬᠢ ᠨᠠᠮ ᠤ᠋ᠨ  ᠬᠠᠷᠢᠴᠠᠯᠠᠰᠢ ᠦᠭᠡᠢ ᠤᠳᠤᠷᠢᠳᠤᠯᠭ᠎ᠠ ᠶ᠋ᠢ ᠪᠠᠷᠢᠮᠲᠠᠯᠠᠵᠤ ᠂ ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠂ ᠰᠢᠭᠦᠬᠦ ᠬᠣᠷᠢᠶ᠎ᠠ ᠶ᠋ᠢ ᠴᠢᠩᠭ᠎ᠠ ᠵᠠᠰᠠᠬᠤ ᠂ ᠴᠢᠩᠭ᠎ᠠ ᠬᠠᠮᠢᠶᠠᠷᠬᠤ ᠶ᠋ᠢ ᠡᠷᠡᠰ  ᠭᠤᠢᠪᠠᠰᠢ ᠦᠭᠡᠢ ᠠᠬᠢᠭᠤᠯᠵᠤ ᠂ ᠲᠥᠪ ᠰᠤᠷᠲᠠᠯ ᠰᠠᠬᠢᠯᠭ᠎ᠠ ᠪᠠᠲᠤ ᠶ᠋ᠢ ᠴᠡᠭᠴᠡᠯᠡᠨ ᠢᠯᠵᠠᠷᠠᠯ ᠢ᠋ ᠡᠰᠡᠷᠭᠦᠴᠡᠬᠦ ᠳ᠋ᠦ᠍ ᠠᠩᠬᠠᠷᠤᠯ ᠢ᠋ᠶ᠋ᠠᠨ ᠲᠥᠪᠯᠡᠷᠡᠭᠦᠯᠵᠦ ᠂  ᠰᠢᠭᠦᠨ ᠲᠠᠰᠤᠯᠬᠤ ᠡᠷᠬᠡ ᠶ᠋ᠢᠨ ᠠᠵᠢᠯᠯᠠᠭᠠᠨ ᠳ᠋ᠤ᠌ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶ᠋ᠢ ᠲᠡᠭᠦᠯᠳᠡᠷᠵᠢᠭᠦᠯᠵᠦ ᠂ ᠡᠩᠨᠡᠭᠡᠨ ᠦ᠌ ᠪᠠᠢᠭᠤᠯᠤᠯᠲᠠ ᠶ᠋ᠢᠨ ᠭᠣᠣᠯ ᠡᠭᠦᠷᠭᠡ ᠶ᠋ᠢ ᠡᠵᠡᠮᠳᠡᠵᠦ ᠂ 《 ᠤᠯᠤᠰ ᠲᠥᠷᠥ ᠶ᠋ᠢ ᠡᠷᠬᠢᠮᠯᠡᠬᠦ ᠂ ᠣᠪᠣᠷ ᠰᠤᠷᠲᠠᠯ ᠢ᠋ ᠬᠤᠪᠢᠷᠠᠭᠤᠯᠬᠤ ᠂ ᠬᠢᠨᠠᠯᠲᠠ ᠲᠠᠯᠪᠢᠬᠤ ᠶ᠋ᠢ ᠴᠢᠩᠭᠠᠳᠭᠠᠬᠤ ᠂ ᠢᠯᠵᠠᠷᠠᠯ ᠢ᠋ ᠴᠢᠩᠭ᠎ᠠ ᠪᠠᠢᠴᠠᠭᠠᠨ  ᠰᠢᠢᠡᠳᠪᠦᠷᠢᠯᠡᠬᠦ ᠂ ᠬᠡᠪ ᠴᠢᠨᠠᠷ ᠢ᠋  ᠳᠡᠭᠡᠭᠰᠢᠯᠡᠭᠦᠯᠬᠦ᠂ ᠠᠵᠢᠯ ᠬᠢᠵᠦ ᠴᠢᠳᠠᠬᠤ ᠂  ᠰᠢᠨ᠎ᠡ ᠬᠡᠪ ᠰᠤᠷᠲᠠᠯ ᠢ᠋ ᠪᠣᠢ ᠪᠣᠯᠭᠠᠬᠤ 》 ᠠᠵᠢᠯ ᠤ᠋ᠨ ᠬᠠᠷᠠᠯᠲᠠ ᠶ᠋ᠢᠨ ᠲᠣᠭᠣᠷᠢᠨ ᠳ᠋ᠤ᠌ ᠨᠢᠭᠡ ᠴᠣᠭᠴᠠ ᠢᠯᠵᠠᠷᠠᠯ ᠢ᠋ ᠡᠰᠡᠷᠭᠦᠴᠡᠬᠦ ᠂ ᠢᠯᠵᠠᠷᠠᠵᠤ ᠪᠣᠯᠬᠤ ᠦᠭᠡᠢ ᠂ ᠢᠯᠵᠠᠷᠠᠬᠤ ᠰᠠᠨᠠᠭ᠎ᠠ ᠦᠭᠡᠢ ᠪᠠᠢᠬᠤ ᠪᠠᠢᠭᠤᠯᠤᠮᠵᠢ ᠲᠣᠭᠲᠠᠴᠠ ᠶ᠋ᠢ ᠪᠠᠢᠭᠤᠯᠵᠤ ᠂ ᠡᠩᠨᠡᠭᠡ ᠪᠡᠨ ᠬᠤᠪᠢᠰᠭᠠᠯᠵᠢᠭᠤᠯᠬᠤ ᠂ ᠵᠢᠩᠬᠢᠨᠢᠴᠢᠯᠡᠬᠦ ᠂ ᠲᠤᠰᠭᠠᠢᠵᠢᠭᠤᠯᠬᠤ ᠂ ᠲᠤᠰᠭᠠᠢᠵᠢᠭᠤᠯᠬᠤ ᠪᠠᠢᠭᠤᠯᠤᠯᠲᠠ ᠶ᠋ᠢ ᠲᠦᠷᠭᠡᠳᠭᠡᠨ ᠠᠬᠢᠭᠤᠯᠵᠤ ᠂ ᠨᠠᠮ ᠪᠠ ᠠᠷᠠᠳ ᠲᠦᠮᠡᠨ ᠦ᠌ ᠢᠲᠡᠭᠡᠮᠵᠢᠲᠡᠢ ᠂ ᠨᠠᠢᠳᠠᠪᠤᠷᠢᠲᠠᠢ ᠂ ᠰᠠᠨᠠᠭ᠎ᠠ ᠠᠮᠤᠷ ᠰᠢᠭᠦᠬᠦ ᠬᠣᠷᠢᠶᠠᠨ ᠤ᠋ ᠨᠢᠭᠡᠨ ᠰᠠᠯᠠᠭ᠎ᠠ ᠡᠩᠨᠡᠭᠡ ᠶ᠋ᠢ ᠴᠢᠷᠮᠠᠢᠨ ᠪᠠᠢᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠠ ᠢᠯᠵᠢᠷᠡᠯ ᠢ᠋ ᠡᠰᠡᠷᠭᠦᠴᠡᠬᠦ ᠠᠵᠢᠯ ᠤ᠋ᠨ  ᠰᠢᠨ᠎ᠡ ᠪᠠᠢᠳᠠᠯ ᠢ᠋ ᠴᠢᠷᠮᠠᠢᠨ  ᠡᠭᠦᠳᠦᠨ᠎ᠡ ᠃

      ᠰᠦ᠍ ᠯᠢ ᠵᠢᠶᠦ᠋ᠨ ᠴᠢᠬᠤᠯᠠᠴᠢᠯᠠᠭᠰᠠᠨ ᠨᠢ ᠂ ᠪᠥᠬᠥ ᠬᠣᠲᠠ ᠶ᠋ᠢᠨ ᠰᠢᠭᠦᠬᠦ ᠬᠣᠷᠢᠶ᠎ᠠ 《 ᠪᠥᠬᠥ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠂ ᠬᠣᠷᠢᠶ᠎ᠠ ᠶ᠋ᠢ ᠴᠢᠩᠭ᠎ᠠ ᠵᠠᠰᠠᠬᠤ ᠂ ᠬᠠᠮᠢᠶᠠᠷᠤᠯᠲᠠ ᠶ᠋ᠢ ᠴᠢᠩᠭᠠᠳᠭᠠᠬᠤ 》ᠬᠠᠳᠠᠨ ᠵᠣᠷᠢᠭ ᠢ᠋ᠢᠠᠷ ᠡᠷᠡᠰ ᠪᠠᠲᠤ ᠪᠠᠢᠵᠤ ᠂ 《 ᠡᠩᠨᠡᠭᠡ ᠪᠡᠨ ᠢᠮᠠᠭᠲᠠ ᠲᠣᠭᠲᠠᠭᠤᠨ ᠪᠠᠢᠯᠭᠠᠵᠤ ᠂ ᠠᠮᠢᠵᠢᠷᠠᠯ ᠤ᠋ᠨ ᠬᠦᠴᠦᠨ ᠢ᠋ᠶ᠋ᠡᠨ ᠬᠥᠭᠵᠢᠭᠡᠨ ᠂ ᠨᠡᠢᠯᠡᠮᠡᠯ ᠬᠦᠴᠦᠨ ᠢ᠋ᠶ᠋ᠡᠨ ᠨᠢᠭᠲᠠᠷᠠᠭᠤᠯᠬᠤ 》ᠢᠲᠡᠭᠡᠯ ᠢ᠋ᠢᠡᠨ ᠢᠮᠠᠭᠲᠠ ᠪᠠᠷᠢᠮᠲᠠᠯᠠᠵᠤ ᠂ 《 ᠴᠢᠩᠭ᠎ᠠ ᠪᠠᠢᠬᠤ 》 ᠭᠣᠣᠯ ᠬᠥᠭ ᠠᠶᠠᠰ ᠢ᠋ ᠤᠷᠲᠤ ᠬᠤᠭᠤᠴᠠᠭ᠎ᠠ ᠪᠠᠷ ᠪᠠᠷᠢᠮᠲᠠᠯᠠᠵᠤ ᠂ 《 ᠴᠢᠩᠭ᠎ᠠ ᠪᠠᠢᠬᠤ 》 ᠶ᠋ᠢ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠢᠯᠡ ᠲᠣᠳᠣ ᠲᠡᠮᠳᠡᠭ ᠪᠣᠯᠭᠠᠬᠤ ᠬᠡᠷᠡᠭᠲᠡᠢ ᠃

      ᠰᠦ᠍ ᠯᠢ ᠵᠢᠶᠦ᠋ᠨ ᠱᠠᠭᠠᠷᠳᠠᠭᠰᠠᠨ ᠨᠢ ᠄ᠨᠢᠭᠡ᠂ ᠨᠠᠮ ᠤ᠋ᠨ ᠤᠯᠤᠰ ᠲᠥᠷᠥ ᠶ᠋ᠢᠨ ᠪᠠᠢᠭᠤᠯᠤᠯᠲᠠ ᠶ᠋ᠢ ᠲᠡᠷᠢᠭᠦᠨ ᠴᠢᠬᠤᠯᠠ ᠪᠠᠢᠷᠢᠨ ᠳ᠋ᠤ᠌ ᠲᠠᠯᠪᠢᠬᠤ ᠶ᠋ᠢ ᠪᠠᠷᠢᠮᠲᠠᠯᠠᠵᠤ᠂ ᠦᠨᠡᠨᠴᠢ  ᠰᠢᠳᠤᠷᠭᠤ ᠠᠷᠢᠭᠤᠨ ᠴᠡᠪᠡᠷ ᠨᠠᠢᠳᠠᠪᠤᠷᠢᠲᠠᠢ ᠤᠯᠤᠰ ᠲᠥᠷᠥ ᠶ᠋ᠢᠨ ᠰᠠᠭᠤᠷᠢ ᠶ᠋ᠢ ᠪᠠᠲᠤᠳᠭᠠᠬᠤ ᠬᠡᠷᠡᠭᠲᠡᠢ᠃ 《 ᠬᠣᠶᠠᠷ ᠬᠠᠮᠠᠭᠠᠯᠠᠯᠲᠠ 》  ᠶ᠋ᠢᠨ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ ᠢ᠋ᠶ᠋ᠠᠨ ᠲᠠᠰᠤᠷᠠᠯᠲᠠ ᠦᠭᠡᠢ ᠨᠡᠮᠡᠭᠳᠡᠭᠦᠯᠵᠦ ᠂ 《 ᠬᠣᠶᠠᠷ ᠬᠠᠮᠠᠭᠠᠯᠠᠯᠲᠠ 》  ᠶ᠋ᠢ ᠴᠢᠭᠯᠡᠯᠲᠦ ᠴᠢᠨᠠᠷ ᠂ ᠵᠠᠷᠴᠢᠮ ᠤ᠋ᠨ ᠴᠢᠨᠠᠷᠲᠠᠢ ᠠᠰᠠᠭᠤᠳᠠᠯ ᠪᠣᠯᠭᠠᠵᠤ ᠂ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠪᠦᠬᠦ ᠶᠠᠪᠤᠴᠠ ᠶ᠋ᠢᠨ ᠡᠯ᠎ᠡ ᠲᠠᠯ᠎ᠠ ᠳ᠋ᠤ᠌ ᠦᠨᠡᠨ ᠬᠦ᠌ ᠲᠤᠤᠱᠯᠠᠭᠤᠯᠵᠤ ᠂ ᠥᠷᠭᠡᠨ ᠣᠯᠠᠨ  ᠺᠠᠲᠷ ᠴᠠᠭᠳᠠᠭ᠎ᠠ ᠶ᠋ᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠪᠣᠳᠠᠲᠠᠢ ᠠᠵᠢᠯᠯᠠᠭ᠎ᠠ ᠳᠡᠭᠡᠷ᠎ᠡ ᠨᠠᠢᠳᠠᠪᠤᠷᠢᠵᠢᠭᠤᠯᠬᠤ ᠬᠡᠷᠡᠭᠲᠡᠢ ᠃ ᠨᠠᠮ ᠤ᠋ᠨ ᠲᠥᠪ ᠬᠣᠷᠢᠶ᠎ᠠ ᠶ᠋ᠢᠨ ᠴᠢᠬᠤᠯᠠ ᠶᠡᠬᠡ  ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠡᠷᠡᠰ ᠲᠤᠤᠱᠯᠠᠭᠤᠯᠤᠨ ᠨᠠᠢᠳᠠᠪᠤᠷᠢᠵᠢᠭᠤᠯᠵᠤ᠂ ᠨᠠᠮ ᠤ᠋ᠨ ᠲᠥᠪ ᠬᠣᠷᠢᠶ᠎ᠠ ᠶ᠋ᠢᠨ ᠰᠠᠨᠠᠭᠠᠴᠢᠯᠠᠭ᠎ᠠ ᠶ᠋ᠢ ᠡᠷᠡᠰ ᠴᠤᠤᠷᠢᠶᠠᠲᠤᠨ ᠳᠠᠭᠠᠬᠤ᠂ ᠨᠠᠮ ᠤ᠋ᠨ ᠲᠥᠪ ᠬᠣᠷᠢᠶ᠎ᠠ ᠶ᠋ᠢᠨ ᠲᠣᠭᠲᠠᠭᠠᠯ ᠢ᠋ ᠡᠷᠡᠰ ᠬᠡᠷᠡᠭᠵᠢᠭᠦᠬᠦ᠂ ᠨᠠᠮ ᠤ᠋ᠨ ᠲᠥᠪ ᠬᠣᠷᠢᠶ᠎ᠠ ᠴᠠᠭᠠᠵᠠᠯᠠᠬᠤ ᠠᠵᠢᠯ ᠢ᠋ ᠡᠷᠡᠰ ᠬᠢᠬᠦ ᠦᠭᠡᠢ ᠪᠠᠢᠬᠤ ᠬᠡᠷᠡᠭᠲᠡᠢ᠃

      ᠬᠣᠶᠠᠷ ᠂ 《 ᠬᠣᠶᠠᠷ ᠬᠠᠷᠢᠭᠤᠴᠠᠯᠭ᠎ᠠ》 ᠶ᠋ᠢᠨ ᠨᠠᠢᠳᠠᠪᠤᠷᠢᠵᠢᠭᠤᠯᠤᠯᠲᠠ ᠶ᠋ᠢ ᠳᠣᠪᠣᠢᠮ᠎ᠠ ᠪᠠᠢᠷᠢᠨ ᠳ᠋ᠤ᠌ ᠲᠠᠯᠪᠢᠬᠤ ᠶ᠋ᠢ ᠪᠠᠷᠢᠮᠲᠠᠯᠠᠵᠤ ᠂ ᠪᠥᠬᠥ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠶ᠋ᠢ ᠭᠦᠨᠵᠡᠭᠡᠢᠷᠡᠭᠦᠯᠦᠨ ᠬᠥᠭᠵᠢᠭᠦᠯᠦᠨ᠎ᠡ ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠬᠠᠤᠯᠢ ᠰᠠᠬᠢᠯᠭ᠎ᠠ ᠶ᠋ᠢ ᠵᠥᠷᠢᠴᠡᠭᠰᠡᠨ ᠬᠡᠷᠡᠭ ᠦ᠋ᠨ ᠵᠢᠱ᠌ᠢᠶ᠎ᠡ ᠢ᠋ᠢᠨ ᠰᠤᠷᠭᠠᠮᠵᠢ ᠶ᠋ᠢ ᠭᠦᠨᠵᠡᠭᠡᠢ  ᠰᠢᠩᠭᠡᠭᠡᠨ ᠠᠪᠴᠤ ᠂ ᠨᠠᠮ ᠢ᠋ ᠬᠠᠮᠢᠶᠠᠷᠴᠤ ᠨᠠᠮ ᠢ᠋ ᠵᠠᠰᠠᠬᠤ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠪᠥᠬᠥ ᠲᠠᠯ᠎ᠠ ᠪᠠᠷ ᠳᠠᠷᠤᠵᠤ ᠂ ᠨᠠᠮ ᠤ᠋ᠨ ᠤᠳᠤᠷᠢᠳᠤᠯᠭ᠎ᠠ ᠪᠠ ᠬᠠᠤᠯᠢ ᠴᠠᠭᠠᠵᠠ ᠶ᠋ᠢᠨ ᠡᠷᠬᠡ ᠶ᠋ᠢᠨ ᠬᠢᠨᠠᠯᠲᠠ ᠶ᠋ᠢ ᠴᠢᠩᠭᠠᠳᠭᠠᠵᠤ ᠂ ᠲᠥᠪ ᠭᠣᠣᠯᠴᠢ ᠠᠷᠢᠭᠤᠨ ᠴᠢᠬᠡᠴᠢ ᠪᠡᠷ ᠬᠠᠤᠯᠢ ᠪᠠᠷᠢᠬᠤ ᠶ᠋ᠢ ᠦᠨᠡᠨ ᠬᠦ᠌ ᠪᠠᠲᠤᠯᠠᠬᠤ ᠬᠡᠷᠡᠭᠲᠡᠢ ᠃ ᠣᠪᠣᠷ ᠰᠤᠷᠲᠠᠯ ᠤ᠋ᠨ ᠲᠠᠯ᠎ᠠ ᠪᠠᠷ ᠨᠠᠮ ᠢ᠋ ᠪᠥᠬᠥ ᠲᠠᠯ᠎ᠠ ᠪᠠᠷ ᠴᠢᠩᠭ᠎ᠠ ᠵᠠᠰᠠᠬᠤ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠴᠢᠩᠭ᠎ᠠ ᠨᠠᠢᠳᠠᠪᠤᠷᠢᠵᠢᠭᠤᠯᠵᠤ ᠂ ᠲᠣᠭᠲᠠᠴᠠ ᠶ᠋ᠢ ᠲᠡᠭᠦᠯᠳᠡᠷᠵᠢᠭᠦᠯᠦᠨ ᠬᠠᠤᠯᠢ ᠴᠠᠭᠠᠵᠠ ᠶ᠋ᠢᠨ ᠡᠷᠬᠡ ᠶ᠋ᠢᠨ ᠠᠵᠢᠯᠯᠠᠭᠠᠨ ᠳ᠋ᠤ᠌ ᠬᠢᠨᠠᠯᠲᠠ ᠲᠠᠯᠪᠢᠵᠤ ᠬᠢᠵᠠᠭᠠᠷᠯᠠᠬᠤ ᠶ᠋ᠢ ᠴᠢᠩᠭᠠᠳᠭᠠᠵᠤ ᠂ ᠬᠠᠤᠯᠢ ᠶ᠋ᠢᠨ  ᠲᠤᠰᠢᠶᠠᠯᠲᠠᠨ  ᠤ᠋ ᠴᠢᠯᠥᠭᠡᠲᠦ ᠲᠠᠰᠤᠯᠤᠯᠲᠠ ᠶ᠋ᠢᠨ ᠡᠷᠬᠡ ᠳ᠋ᠦ᠍ ᠲᠠᠯᠪᠢᠬᠤ ᠬᠢᠨᠠᠯᠲᠠ ᠶ᠋ᠢ ᠴᠢᠩᠭ᠎ᠠ ᠰᠢᠰᠲ᠋ᠸᠮ ᠢ᠋ᠶ᠋ᠡᠷ ᠴᠢᠩᠭᠠᠳᠭᠠᠵᠤ ᠂ ᠴᠢᠯᠥᠭᠡᠲᠦ ᠲᠠᠰᠤᠯᠤᠯᠲᠠ ᠶ᠋ᠢᠨ ᠡᠷᠬᠡ ᠪᠣᠯ ᠡᠷᠬᠡ ᠮᠠᠲᠠᠯ ᠮᠥᠨ ᠂ ᠨᠡᠩ ᠴᠤ᠌ ᠬᠠᠷᠢᠭᠤᠴᠠᠯᠭ᠎ᠠ ᠮᠥᠨ ᠂ ᠴᠢᠯᠥᠭᠡᠲᠦ ᠲᠠᠰᠤᠯᠤᠯᠲᠠ ᠶ᠋ᠢᠨ ᠡᠷᠬᠡ ᠶ᠋ᠢ ᠳᠤᠷ᠎ᠠ ᠪᠠᠷ ᠢ᠋ᠶ᠋ᠠᠨ  ᠬᠡᠷᠡᠭᠯᠡᠪᠡᠯ᠂  ᠡᠷᠬᠡᠪᠰᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃

      ᠭᠤᠷᠪᠠ ᠂ ᠰᠠᠬᠢᠯᠭ᠎ᠠ ᠪᠠᠲᠤ ᠣᠪᠣᠷ ᠰᠤᠷᠲᠠᠯ ᠤ᠋ᠨ ᠪᠠᠢᠭᠤᠯᠤᠯᠲᠠ ᠶ᠋ᠢ ᠴᠢᠬᠤᠯᠠ ᠪᠠᠢᠷᠢᠨ ᠳ᠋ᠤ᠌ ᠲᠠᠯᠪᠢᠬᠤ ᠶ᠋ᠢ ᠪᠠᠷᠢᠮᠲᠠᠯᠠᠵᠤ ᠂ ᠬᠠᠤᠯᠢ ᠴᠠᠭᠠᠵᠠ ᠶ᠋ᠢᠨ ᠴᠢᠨᠠᠷ ᠴᠢᠨᠰᠠᠭ᠎ᠠ ᠪᠠ ᠬᠠᠤᠯᠢ ᠴᠠᠭᠠᠵᠠ ᠶ᠋ᠢᠨ ᠨᠡᠢᠲᠡ ᠶ᠋ᠢᠨ ᠢᠲᠡᠭᠡᠮᠵᠢ ᠶ᠋ᠢᠨ ᠬᠦᠴᠦᠨ ᠢ᠋ ᠬᠦᠴᠦᠯᠡᠨ   ᠳᠡᠭᠡᠭᠰᠢᠯᠡᠭᠦᠯᠦᠨ᠎ᠡ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠬᠡᠪ ᠰᠤᠷᠲᠠᠯ ᠢ᠋ ᠴᠡᠭᠴᠡᠯᠡᠨ ᠵᠠᠰᠠᠬᠤ ᠠᠵᠢᠯ ᠢ᠋ ᠬᠣᠢᠨ᠎ᠠ ᠬᠣᠢᠨ᠎ᠠ ᠠ᠋ᠴᠠ ᠪᠠᠨ ᠲᠠᠰᠤᠷᠠᠯᠲᠠ ᠦᠭᠡᠢ ᠥᠷᠨᠢᠭᠦᠯᠵᠦ ᠂ 《ᠳᠥᠷᠪᠡᠨ ᠰᠤᠷᠲᠠᠯ 》 ᠤ᠋ᠨ ᠠᠰᠠᠭᠤᠳᠠᠯ ᠢ᠋ ᠴᠡᠭᠴᠡᠯᠡᠨ ᠵᠠᠰᠠᠬᠤ ᠂ 《ᠳᠥᠷᠪᠡᠨ ᠡᠷᠬᠡᠲᠡᠨ 》 ᠦ᠌ ᠠᠰᠠᠭᠤᠳᠠᠯ ᠢ᠋ ᠴᠡᠭᠴᠡᠯᠡᠨ ᠵᠠᠰᠠᠬᠤ ᠂ ᠣᠯᠠᠨ ᠲᠦᠮᠡᠨ ᠦ᠌ ᠲᠤᠰᠭᠠᠯ ᠴᠢᠩᠭ᠎ᠠ ᠳᠣᠪᠣᠢᠮ᠎ᠠ ᠠᠰᠠᠭᠤᠳᠠᠯ ᠢ᠋ ᠴᠡᠭᠴᠡᠯᠡᠨ ᠵᠠᠰᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ ᠃ ᠨᠠᠮ ᠤ᠋ᠨ ᠤᠯᠤᠰ ᠲᠥᠷᠥ ᠶ᠋ᠢᠨ ᠰᠠᠬᠢᠯᠭ᠎ᠠ ᠪᠠᠲᠤ ᠪᠠ ᠤᠯᠤᠰ ᠲᠥᠷᠥ ᠶ᠋ᠢᠨ ᠶᠣᠰᠣ ᠳᠦᠷᠢᠮ ᠢ᠋ ᠤᠷᠲᠤ ᠬᠤᠭᠤᠴᠠᠭ᠎ᠠ ᠪᠠᠷ ᠴᠢᠩᠭ᠎ᠠ ᠰᠠᠬᠢᠬᠤ ᠬᠡᠷᠡᠭᠲᠡᠢ ᠃ ᠢᠮᠠᠭᠲᠠ ᠤᠯᠤᠰ ᠲᠥᠷᠥ ᠶ᠋ᠢᠨ ᠰᠠᠬᠢᠯᠭ᠎ᠠ ᠪᠠᠲᠤ ᠪᠣᠯᠤᠨ ᠤᠯᠤᠰ ᠲᠥᠷᠥ ᠶ᠋ᠢᠨ ᠶᠣᠰᠣ ᠳᠦᠷᠢᠮ ᠢ᠋ ᠲᠡᠷᠢᠭᠦᠨ ᠳ᠋ᠦ᠍ ᠲᠠᠯᠪᠢᠵᠤ ᠂ ᠴᠢᠩᠭ᠎ᠠ ᠰᠠᠬᠢᠯᠭ᠎ᠠ ᠪᠠᠲᠤ ᠪᠡᠷ ᠳᠦᠷᠢᠮ ᠢ᠋ ᠬᠠᠮᠠᠭᠠᠯᠠᠬᠤ ᠂ ᠰᠠᠬᠢᠯᠭ᠎ᠠ ᠪᠠᠲᠤ ᠶ᠋ᠢᠨ ᠬᠥᠮᠦᠵᠢᠯ ᠪᠣᠯᠤᠨ ᠠᠷᠢᠭᠤᠨ ᠴᠢᠬᠡᠴᠢ ᠪᠡᠷ ᠵᠠᠰᠠᠭ ᠪᠠᠷᠢᠬᠤ ᠬᠥᠮᠦᠵᠢᠯ ᠢ᠋ ᠭᠦᠨᠵᠡᠭᠡᠢ  ᠠᠬᠢᠭᠤᠯᠤᠨ᠎ᠠ᠃

      ᠳᠥᠷᠪᠡ ᠂ ᠢᠯᠵᠠᠷᠠᠯ ᠢ᠋ ᠵᠠᠯᠬᠠᠭᠠᠨ  ᠰᠢᠢᠳᠭᠡᠬᠦ ᠠᠵᠢᠯ ᠢ᠋ ᠵᠠᠩᠭᠢᠯᠠᠭ᠎ᠠ ᠶ᠋ᠢᠨ ᠪᠠᠢᠷᠢᠨ ᠳ᠋ᠤ᠌ ᠲᠠᠯᠪᠢᠬᠤ ᠶ᠋ᠢ ᠪᠠᠷᠢᠮᠲᠠᠯᠠᠵᠤ᠂ ᠢᠯᠵᠠᠷᠠᠯ ᠢ᠋ ᠡᠰᠡᠷᠭᠦᠴᠡᠬᠦ ᠲᠡᠮᠡᠴᠡᠯ ᠦ᠋ᠨ ᠳᠠᠪᠠᠭᠤ ᠢᠯᠠᠯᠲᠠ ᠶ᠋ᠢ ᠬᠦᠴᠦᠯᠡᠨ ᠪᠡᠬᠢᠵᠢᠭᠦᠯᠵᠦ ᠬᠥᠭᠵᠢᠭᠦᠯᠬᠦ ᠬᠡᠷᠡᠭᠲᠡᠢ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠢᠯᠵᠠᠷᠠᠯ ᠢ᠋ ᠡᠰᠡᠷᠭᠦᠴᠡᠨ ᠠᠷᠢᠭᠤᠨ ᠴᠢᠬᠡᠴᠢ ᠶ᠋ᠢ ᠡᠷᠬᠢᠮᠯᠡᠬᠦ ᠠᠵᠢᠯ ᠢ᠋  ᠴᠥᠬᠦᠷᠡᠰᠢ ᠦᠭᠡᠢ ᠠᠳᠭᠤᠵᠤ ᠂ ᠡᠷᠡᠰ ᠴᠢᠩᠭ᠎ᠠ ᠲᠡᠮᠡᠴᠡᠯ ᠦ᠋ᠨ ᠵᠣᠷᠢᠭ ᠂ ᠡᠷᠡᠰ ᠪᠠᠲᠤ ᠣᠪᠣᠷ ᠢ᠋ᠶ᠋ᠠᠷ ᠵᠠᠷᠢᠮ  ᠺᠠᠲᠷ ᠴᠠᠭᠳᠠᠭ᠎ᠠ ᠶ᠋ᠢᠨ 《 ᠢᠯᠵᠠᠷᠠᠯ ᠢ᠋ ᠡᠰᠡᠷᠭᠦᠴᠡᠬᠦ ᠨᠢᠭᠡ ᠬᠡᠰᠡᠭ  ᠬᠠᠯᠠᠮᠰᠢᠯ》 ᠤ᠋ᠨ   ᠳᠠᠯᠢᠮᠳᠠᠭᠤᠯᠬᠤ ᠰᠡᠳᠭᠢᠯᠭᠡ ᠶ᠋ᠢ ᠲᠤᠢᠯᠪᠤᠷᠢᠲᠠᠢ ᠠᠷᠢᠯᠭᠠᠵᠤ ᠂ ᠢᠯᠵᠠᠷᠠᠯ ᠢ᠋ ᠡᠰᠡᠷᠭᠦᠴᠡᠬᠦ ᠲᠡᠮᠡᠴᠡᠯ ᠦ᠋ᠨ ᠳᠡᠢᠯᠦᠩᠭᠦᠢ ᠪᠠᠢᠳᠠᠯ ᠢ᠋ 《 ᠬᠡᠵᠢᠶᠡᠳᠡ ᠵᠠᠮ ᠳ᠋ᠠᠭᠠᠨ ᠪᠠᠢᠬᠤ 》  ᠰᠢᠨ᠎ᠡ ᠬᠡᠪ ᠪᠠᠢᠳᠠᠯ ᠪᠣᠯᠭᠠᠬᠤ ᠬᠡᠷᠡᠭᠲᠡᠢ ᠃ ᠴᠢᠩᠭ᠎ᠠ ᠦᠰᠦᠭ ᠦ᠋ᠨ ᠬᠠᠷᠢᠭᠤᠴᠠᠯᠭ᠎ᠠ ᠶ᠋ᠢ ᠦᠨᠡᠨ ᠬᠦ᠌ ᠪᠠᠲᠤᠯᠠᠵᠤ ᠂  ᠺᠠᠲᠷ ᠴᠠᠭᠳᠠᠭ᠎ᠠ ᠶ᠋ᠢᠨ ᠰᠠᠬᠢᠯᠭ᠎ᠠ ᠪᠠᠲᠤ ᠬᠠᠤᠯᠢ ᠴᠠᠭᠠᠵᠠ ᠶ᠋ᠢ ᠵᠥᠷᠢᠴᠡᠭᠰᠡᠨ ᠬᠡᠷᠡᠭ ᠢ᠋ ᠪᠠᠢᠴᠠᠭᠠᠨ  ᠰᠢᠢᠳᠪᠦᠷᠢᠯᠡᠬᠦ  ᠳ᠋ᠦ᠍ ᠭᠠᠷ ᠵᠥᠭᠡᠯᠡᠨ ᠪᠠᠢᠬᠤ᠂ ᠰᠡᠷᠭᠡᠢᠯᠡᠬᠦ ᠦᠰᠦᠭ ᠢ᠋ᠢᠠᠷ ᠭᠣᠣᠯᠳᠠᠯᠭ᠎ᠠ ᠪᠣᠯᠭᠠᠵᠤ ᠂ ᠠᠷᠢᠭᠤᠨ ᠴᠢᠬᠡᠴᠢ ᠪᠡᠷ ᠵᠠᠰᠠᠭ ᠪᠠᠷᠢᠬᠤ ᠠᠶᠤᠯ  ᠲᠦᠭᠰᠢᠭᠦᠷᠢ ᠶ᠋ᠢ ᠰᠡᠷᠭᠡᠢᠯᠡᠨ ᠬᠢᠵᠠᠭᠠᠷᠯᠠᠬᠤ ᠲᠣᠭᠲᠠᠴᠠ ᠶ᠋ᠢ  ᠪᠦᠷᠢᠯᠳᠦᠭᠦᠯᠬᠦ  ᠳ᠋ᠦ᠍ ᠰᠤᠯᠠᠷᠠᠭᠤᠯᠬᠤ ᠦᠭᠡᠢ ᠃ ᠰᠡᠷᠡᠮᠵᠢᠯᠡᠭᠦᠯᠬᠦ ᠬᠥᠮᠦᠵᠢᠯ ᠦ᠋ᠨ ᠦᠨᠳᠦᠰᠦᠨ ᠡᠴᠡ ᠨᠢ ᠵᠠᠰᠠᠬᠤ ᠦᠢᠯᠡᠳᠦᠯ ᠢ᠋ ᠴᠢᠩᠭᠠᠳᠭᠠᠬᠤ ᠬᠡᠷᠡᠭᠲᠡᠢ᠃

      ᠲᠠᠪᠤ ᠂ ᠬᠡᠪ ᠴᠢᠨᠠᠷ ᠤ᠋ᠨ ᠴᠢᠳᠠᠪᠤᠷᠢ ᠶ᠋ᠢᠨ ᠪᠠᠢᠭᠤᠯᠤᠯᠲᠠ ᠶ᠋ᠢ ᠲᠡᠷᠢᠭᠦᠨ ᠪᠠᠢᠷᠢᠨ ᠳ᠋ᠤ᠌ ᠲᠠᠯᠪᠢᠬᠤ ᠶ᠋ᠢ ᠪᠠᠷᠢᠮᠲᠠᠯᠠᠵᠤ ᠂  ᠺᠠᠲᠷ ᠴᠠᠭᠳᠠᠭ᠎ᠠ ᠶ᠋ᠢᠨ ᠠᠵᠢᠯ ᠮᠡᠷᠭᠡᠵᠢᠯ ᠦ᠋ᠨ ᠬᠡᠪ ᠪᠣᠯᠪᠠᠰᠤᠷᠠᠯ ᠪᠠ ᠲᠤᠰᠭᠠᠢ ᠮᠡᠷᠭᠡᠵᠢᠯ ᠦ᠋ᠨ ᠬᠢᠷᠢ ᠬᠡᠮᠵᠢᠶ᠎ᠡ ᠶ᠋ᠢ ᠬᠦᠴᠦᠯᠡᠨ  ᠳᠡᠭᠡᠭᠰᠢᠯᠡᠭᠦᠯᠬᠦ ᠬᠡᠷᠡᠭᠲᠡᠢ ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠨᠠᠮ ᠤ᠋ᠨ ᠪᠠᠢᠭᠤᠯᠤᠯᠲᠠ ᠶ᠋ᠢ ᠪᠥᠬᠥ ᠲᠠᠯ᠎ᠠ ᠪᠠᠷ ᠴᠢᠩᠭᠠᠳᠭᠠᠬᠤ ᠬᠡᠷᠡᠭᠲᠡᠢ ᠃ ᠨᠠᠮ ᠤ᠋ᠨ ᠪᠠᠢᠭᠤᠯᠤᠯᠲᠠ ᠶ᠋ᠢ ᠠᠳᠭᠤᠬᠤ ᠂ ᠠᠩᠭᠢ ᠳᠠᠭᠠᠭᠤᠯᠤᠨ ᠪᠠᠢᠭᠤᠯᠬᠤ ᠂  ᠰᠢᠭᠦᠨ ᠲᠠᠰᠤᠯᠬᠤ ᠶ᠋ᠢ ᠠᠬᠢᠭᠤᠯᠬᠤ ᠂ ᠳᠦᠷᠢ ᠲᠥᠷᠬᠦ ᠶ᠋ᠢ ᠪᠣᠢ ᠪᠣᠯᠭᠠᠬᠤ ᠶ᠋ᠢ ᠪᠠᠷᠢᠮᠲᠠᠯᠠᠵᠤ ᠂ ᠨᠠᠮ ᠤ᠋ᠨ ᠪᠠᠢᠭᠤᠯᠤᠯᠲᠠ ᠶ᠋ᠢᠨ ᠠᠵᠢᠯ ᠪᠠ  ᠰᠢᠭᠦᠨ ᠲᠠᠰᠤᠯᠬᠤ ᠲᠤᠬᠠᠢᠯᠠᠭᠰᠠᠨ ᠠᠵᠢᠯ ᠢ᠋ ᠵᠡᠷᠭᠡᠪᠡᠷ ᠪᠠᠢᠷᠢᠯᠠᠭᠤᠯᠬᠤ ᠂ ᠵᠡᠷᠭᠡᠪᠡᠷ ᠠᠬᠢᠭᠤᠯᠬᠤ ᠂ ᠬᠠᠮᠲᠤ ᠪᠠᠷ ᠬᠢᠨᠠᠨ  ᠰᠢᠯᠭᠠᠬᠤ  ᠶ᠋ᠢ ᠦᠨᠡᠨ ᠬᠦ᠌ ᠪᠠᠲᠤᠯᠠᠪᠠ ᠃  ᠺᠠᠲᠷ ᠴᠠᠭᠳᠠᠭ᠎ᠠ ᠶ᠋ᠢᠨ ᠬᠡᠪ ᠴᠢᠨᠠᠷ ᠤ᠋ᠨ ᠴᠢᠳᠠᠪᠤᠷᠢ ᠶ᠋ᠢᠨ ᠪᠠᠢᠭᠤᠯᠤᠯᠲᠠ ᠶ᠋ᠢ ᠪᠦᠬᠦ ᠲᠠᠯ᠎ᠠ ᠪᠠᠷ ᠴᠢᠩᠭᠠᠳᠭᠠᠵᠤ ᠃ 《  ᠺᠠᠲᠷ ᠤ᠋ᠨ ᠬᠥᠮᠦᠵᠢᠯ ᠪᠣᠯᠪᠠᠰᠤᠷᠠᠯ ᠤ᠋ᠨ ᠠᠵᠢᠯ ᠤ᠋ᠨ ᠳᠦᠷᠢᠮ 》 ᠢ᠋ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ ᠂ ᠪᠦᠬᠦ ᠤᠯᠤᠰ ᠂ ᠪᠦᠬᠦ ᠣᠷᠣᠨ ᠤ᠋ ᠰᠢᠭᠦᠬᠦ ᠬᠣᠷᠢᠶᠠᠨ ᠤ᠋ ᠬᠥᠮᠦᠵᠢᠯ ᠪᠣᠯᠪᠠᠰᠤᠷᠠᠯ ᠤ᠋ᠨ ᠲᠥᠯᠥᠪᠵᠢᠭᠦᠯᠭᠡ ᠲᠡᠢ ᠤᠶᠠᠯᠳᠤᠭᠤᠯᠤᠨ ᠂ ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋  ᠰᠢᠷᠢᠰ ᠪᠣᠯᠪᠠᠰᠤᠷᠠᠯ ᠤ᠋ᠨ ᠲᠥᠯᠥᠪᠯᠡᠭᠡ ᠶ᠋ᠢ ᠲᠣᠭᠲᠠᠭᠠᠪᠠ ᠃  ᠺᠠᠲᠷ ᠴᠠᠭᠳᠠᠭ᠎ᠠ ᠶ᠋ᠢ ᠬᠥᠮᠦᠵᠢᠭᠦᠯᠬᠦ ᠠᠵᠢᠯ ᠪᠣᠯᠤᠨ ᠡᠭᠦᠷᠭᠡ  ᠲᠤᠰᠢᠶᠠᠯ  ᠢ᠋ᠶ᠋ᠠᠨ ᠭᠦᠢᠴᠡᠳᠭᠡᠬᠦ ᠶ᠋ᠢ ᠪᠠᠲᠤᠯᠠᠬᠤ ᠲᠣᠭᠲᠠᠴᠠ ᠶ᠋ᠢᠨ ᠪᠠᠢᠭᠤᠯᠤᠯᠲᠠ ᠶ᠋ᠢ ᠪᠦᠬᠦ ᠲᠠᠯ᠎ᠠ ᠪᠠᠷ ᠴᠢᠩᠭᠠᠳᠭᠠᠵᠤ ᠃ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠪᠣᠳᠠᠲᠤ ᠪᠠᠢᠳᠠᠯ ᠲᠠᠢ ᠤᠶᠠᠯᠳᠤᠭᠤᠯᠤᠨ ᠂ ᠠᠵᠢᠯ ᠤ᠋ᠨ ᠪᠠᠢᠷᠢ ᠶ᠋ᠢ ᠲᠣᠭᠲᠠᠮᠠᠯ ᠬᠤᠭᠤᠴᠠᠭ᠎ᠠ ᠲᠠᠢ ᠪᠠᠷ ᠡᠭᠡᠯᠵᠢᠯᠡᠨ ᠰᠣᠯᠢᠬᠤ ᠂  ᠲᠤᠰᠢᠶᠠᠯ ᠲᠣᠮᠢᠯᠠᠨ ᠰᠣᠯᠢᠯᠴᠠᠬᠤ ᠳᠦᠷᠢᠮ ᠢ᠋ ᠪᠠᠢᠭᠤᠯᠵᠤ ᠂  ᠺᠠᠲᠷ ᠴᠠᠭᠳᠠᠭ᠎ᠠ ᠶ᠋ᠢᠨ ᠠᠵᠢᠯ ᠤ᠋ᠨ ᠢᠳᠡᠪᠬᠢᠵᠢᠯ ᠢ᠋ ᠳᠠᠢᠴᠢᠯᠠᠵᠤ ᠂  ᠺᠠᠲᠷ ᠴᠠᠭᠳᠠᠭ᠎ᠠ ᠶ᠋ᠢᠨ ᠡᠩᠨᠡᠭᠡ ᠶ᠋ᠢ 《  ᠬᠥᠳᠡᠯᠦᠯᠴᠡᠨ ᠂  ᠠᠮᠢᠳᠤᠴᠢᠯᠠᠨ᠂ ᠬᠦᠴᠦᠷᠬᠡᠭᠵᠢᠭᠦᠯᠬᠦ》 ᠂ ᠨᠡᠩ ᠣᠯᠠᠨ ᠬᠠᠮ ᠴᠢᠳᠠᠪᠤᠷᠢᠲᠠᠨ ᠢ᠋ ᠪᠥᠬᠥ ᠲᠠᠯ᠎ᠠ ᠪᠠᠷ ᠬᠥᠮᠦᠵᠢᠭᠦᠯᠦᠨ᠎ᠡ ᠃

      ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠳᠠᠷᠤᠭ᠎ᠠ ᠹᠠᠨ  ᠶᠧᠦ ᠹᠠ ᠬᠤᠷᠠᠯ ᠡᠷᠬᠢᠯᠡᠪᠡ ᠃

      ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠨᠥᠬᠥᠷ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠡᠩᠨᠡᠭᠡ ᠶ᠋ᠢᠨ ᠪᠠᠢᠭᠤᠯᠤᠯᠲᠠ ᠶ᠋ᠢᠨ ᠠᠵᠢᠯ ᠢ᠋ ᠲᠣᠬᠢᠷᠠᠭᠤᠯᠤᠨ ᠪᠠᠢᠷᠢᠯᠠᠭᠤᠯᠵᠠᠢ ᠃

      ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠪᠠᠢ ᠯᠠᠨ ᠵᠣ᠌ ᠨᠥᠬᠥᠷ ᠬᠣᠲᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ ᠤ᠋ ᠳᠥᠷᠪᠡᠳᠦᠭᠡᠷ ᠬᠤᠭᠤᠴᠠᠭᠠᠨ ᠤ᠋ ᠵᠢᠷᠭᠤᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠳᠠᠮᠵᠢᠭᠤᠯᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ 2019 ᠣᠨ ᠤ᠋ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ ᠢ᠋ ᠳ᠋ᠦᠩᠨᠡᠵᠦ ᠂ 2020 ᠣᠨ ᠤ᠋ ᠠᠵᠢᠯ ᠢ᠋ ᠪᠠᠢᠷᠢᠯᠠᠭᠤᠯᠵᠠᠢ ᠃

      ᠬᠣᠲᠠ ᠶ᠋ᠢᠨ  ᠳᠤᠮᠳᠠ ᠵᠡᠷᠭᠡ ᠢ᠋ᠢᠨ ᠰᠢᠭᠦᠬᠦ ᠬᠣᠷᠢᠶ᠎ᠠ ᠶ᠋ᠢᠨ ᠪᠦᠬᠦ ᠪᠠᠭ ᠤ᠋ᠨ ᠪᠦᠷᠢᠯᠳᠦᠬᠦᠨ ᠪᠣᠯᠤᠨ ᠪᠦᠬᠦ  ᠺᠠᠲᠷ ᠴᠠᠭᠳᠠᠭ᠎ᠠ ᠭᠣᠣᠯ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠤ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠤᠳᠤᠷᠢᠳᠬᠤ ᠪᠠᠭ ᠤ᠋ᠨ ᠪᠦᠷᠢᠯᠳᠦᠬᠦᠨ ᠂ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠵᠢᠴᠢ ᠤᠯᠤᠰ ᠲᠥᠷᠥ ᠶ᠋ᠢᠨ ᠬᠡᠯᠲᠡᠰ ᠦ᠋ᠨ ᠪᠦᠬᠦ  ᠺᠠᠲᠷ ᠴᠠᠭᠳᠠᠭ᠎ᠠ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠪᠠ ᠃

      ᠬᠤᠷᠠᠯ ᠤ᠋ᠨ ᠳᠠᠷᠠᠭ᠎ᠠ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋  ᠰᠢᠨ᠎ᠡ  ᠪᠡᠷ  ᠲᠤᠰᠢᠶᠠᠯ  ᠡᠭᠦᠷᠭᠡᠯᠡᠭᠰᠡᠨ ᠬᠠᠤᠯᠢ ᠶ᠋ᠢᠨ  ᠲᠤᠰᠢᠶᠠᠯᠲᠠᠨ ᠤ᠋ ᠦᠨᠳᠦᠰᠦᠨ ᠬᠠᠤᠯᠢ ᠳ᠋ᠤ᠌ ᠲᠠᠩᠭᠠᠷᠢᠭᠯᠠᠬᠤ ᠶᠣᠰᠣᠯᠠᠯ ᠶᠠᠪᠤᠭᠤᠯᠪᠠ ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )