2020 ᠣᠨ ᠳ᠋ᠤ᠌ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠬᠣᠷᠢᠶ᠎ᠠ ᠪᠠᠢᠭᠤᠯᠤᠭᠳᠠᠭᠰᠠᠨ 70 ᠵᠢᠯ ᠦ᠋ᠨ ᠣᠢ ᠶ᠋ᠢ ᠤᠭᠲᠤᠨ ᠠᠪᠴᠢᠷᠠᠪᠠ ᠃ ᠡᠷᠬᠢᠮ ᠨᠠᠨᠳᠢᠨ ᠲᠡᠦᠬᠡ ᠶ᠋ᠢ ᠳᠤᠷᠠᠰᠤᠨ ᠰᠠᠨᠠᠭᠠᠯᠵᠠᠵᠤ ᠂ ᠰᠠᠢᠨ ᠰᠠᠢᠬᠠᠨ ᠢᠷᠡᠭᠡᠳᠦᠢ ᠶ᠋ᠢ ᠡᠭᠦᠳᠦᠨ ᠨᠡᠭᠡᠭᠡᠬᠦ ᠂ ᠥᠷᠭᠡᠨ ᠣᠯᠠᠨ ᠺᠠᠲᠷ ᠴᠠᠭᠳᠠᠭ᠎ᠠ ᠶ᠋ᠢ ᠬᠥᠲᠥᠯᠦᠨ ᠳᠠᠭᠠᠭᠤᠯᠵᠤ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠠᠢᠭᠤᠯᠤᠭᠳᠠᠭᠰᠠᠨ 70 ᠵᠢᠯ ᠦ᠋ᠨ ᠲᠤᠷᠰᠢᠬᠢ ᠪᠦᠲᠦᠭᠡᠨ ᠪᠠᠢᠭᠤᠯᠤᠯᠲᠠ ᠶ᠋ᠢᠨ ᠬᠥᠭᠵᠢᠯᠲᠡ ᠶ᠋ᠢᠨ ᠯᠤᠲᠤ ᠶᠡᠬᠡ ᠬᠤᠪᠢᠷᠠᠯᠲᠠ ᠶ᠋ᠢ ᠭᠦᠨᠵᠡᠭᠡᠢ ᠰᠤᠷᠤᠯᠴᠠᠭᠤᠯᠵᠤ ᠂ ᠰᠢᠨ᠎ᠡ ᠴᠠᠭ ᠦᠶ᠎ᠡ ᠶ᠋ᠢᠨ ᠠᠷᠠᠳ ᠤ᠋ᠨ ᠰᠢᠭᠦᠬᠦ ᠬᠣᠷᠢᠶ᠎ᠠ ᠂ ᠠᠷᠠᠳ ᠤ᠋ᠨ ᠰᠢᠭᠦᠬᠦ ᠰᠢᠨ᠎ᠡ ᠲᠤᠰᠢᠶᠠᠯᠲᠠᠨ ᠤ᠋ ᠢᠳᠡᠪᠬᠢᠲᠡᠢ ᠲᠡᠮᠡᠴᠡᠭᠰᠡᠨ ᠵᠣᠷᠢᠭ ᠰᠠᠨᠠᠭ᠎ᠠ ᠶ᠋ᠢ ᠪᠦᠬᠦ ᠲᠠᠯ᠎ᠠ ᠪᠠᠷ ᠬᠠᠷᠠᠭᠤᠯᠬᠤ ᠢ᠋ᠢᠨ ᠲᠥᠯᠦᠭᠡ ᠥᠨᠥ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠠᠢᠭᠤᠯᠤᠭᠳᠠᠭᠰᠠᠨ 70 ᠵᠢᠯ ᠦ᠋ᠨ ᠣᠢ ᠶ᠋ᠢ ᠪᠡᠯᠭᠡᠯᠡᠬᠦ 《ᠣᠷᠭᠢᠯ ᠨᠠᠰᠤ ᠳᠠᠯᠠᠨ ᠵᠢᠯ · ᠪᠢ ᠰᠢᠭᠦᠬᠦ ᠬᠣᠷᠢᠶ᠎ᠠ ᠲᠠᠢ ᠬᠠᠮᠲᠤᠪᠠᠷ ᠦᠰᠦᠨ ᠪᠣᠢᠵᠢᠬᠤ 》 ᠭᠣᠣᠯ ᠰᠡᠳᠦᠪᠲᠦ ᠵᠣᠬᠢᠶᠠᠯ ᠡᠯᠰᠡᠬᠦ ᠤᠷᠤᠯᠳᠤᠭᠠᠨ ᠢ᠋ ᠶᠠᠪᠤᠭᠤᠯᠤᠨ᠎ᠠ ᠃ ᠡᠳᠦᠭᠡ ᠬᠣᠯᠪᠣᠭᠳᠠᠯ ᠪᠦᠬᠦᠢ ᠤᠴᠢᠷ ᠢ᠋ ᠳᠣᠣᠷᠠᠬᠢ ᠮᠡᠲᠦ ᠮᠡᠳᠡᠭᠳᠡᠶ᠎ᠡ ᠄
ᠵᠣᠬᠢᠶᠠᠯ ᠡᠯᠰᠡᠬᠦ ᠴᠠᠭ
2020 ᠣᠨ ᠤ᠋ 4 — 5 ᠳ᠋ᠤᠭᠠᠷ ᠰᠠᠷ᠎ᠠ ᠶ᠋ᠢᠨ ᠰᠡᠭᠦᠯᠴᠢ ᠪᠡᠷ ᠵᠣᠬᠢᠶᠠᠯ ᠪᠦᠲᠦᠭᠡᠯ ᠴᠤᠭᠯᠠᠭᠤᠯᠬᠤ ︔ 6 ᠰᠠᠷ᠎ᠠ ᠳ᠋ᠤ᠌ ᠵᠣᠬᠢᠶᠠᠨ ᠪᠠᠢᠭᠤᠯᠵᠤ ᠬᠢᠨᠠᠨ ᠲᠣᠭᠲᠠᠭᠠᠬᠤ ᠶ᠋ᠢᠨ ᠬᠠᠮᠲᠤ ᠵᠣᠬᠢᠶᠠᠯ ᠪᠦᠲᠦᠭᠡᠯ ᠢ᠋ ᠲᠥᠪᠯᠡᠷᠡᠩᠭᠦᠢ ᠤᠬᠠᠭᠤᠯᠤᠨ᠎ᠠ᠃
ᠵᠣᠬᠢᠶᠠᠯ ᠡᠯᠰᠡᠬᠦ ᠬᠡᠪᠴᠢᠶ᠎ᠡ
ᠪᠦᠬᠦ ᠬᠣᠲᠠ ᠶ᠋ᠢᠨ ᠰᠢᠭᠦᠬᠦ ᠬᠣᠷᠢᠢ᠎ᠠ ᠢ᠋ᠢᠨ ᠲᠤᠰᠢᠶᠠᠯ ᠳ᠋ᠤ᠌ ᠪᠠᠢᠭ᠎ᠠ ᠺᠠᠲᠷ ᠴᠠᠭᠳᠠᠭ᠎ᠠ ᠂ ᠠᠵᠢᠯ ᠠ᠋ᠴᠠ ᠪᠠᠨ ᠠᠮᠠᠷᠠᠭᠰᠠᠨ ᠺᠠᠲᠷ᠂ ᠡᠠᠷᠠᠣᠠ ᠤ᠋ᠨ ᠲᠥᠯᠦᠭᠡᠯᠡᠭᠴᠢᠳ ᠤ᠋ᠨ ᠶᠡᠬᠡ ᠬᠤᠷᠠᠯ ᠤ᠋ᠨ ᠲᠥᠯᠦᠭᠡᠯᠡᠭᠴᠢ ᠂ ᠡᠣᠯᠣᠰ ᠲᠥᠷᠦ ᠶ᠋ᠢᠨ ᠵᠥᠪᠯᠡᠯᠭᠡᠨ ᠤ᠋ ᠭᠡᠰᠢᠭᠦᠨ᠂ ᠬᠠᠤᠯᠢᠴᠢ ᠂ ᠬᠠᠤᠯᠢ ᠴᠠᠭᠠᠵᠠ ᠶ᠋ᠢᠨ ᠡᠠᠵᠢᠯᠳᠠᠠ ᠵᠠᠷᠬᠡ᠃
ᠱᠠᠩᠨᠠᠯ ᠤ᠋ᠨ ᠵᠦᠢᠯ ᠲᠣᠬᠢᠷᠠᠭᠤᠯᠬᠤ
ᠤᠷᠤᠯᠳᠤᠭᠠᠨ ᠳ᠋ᠤ᠌ ᠨᠢᠭᠡᠳᠦᠭᠡᠷ ᠳᠡᠰ ᠦ᠋ᠨ ᠱᠠᠩᠨᠠᠯ᠂ ᠬᠣᠶᠠᠳᠤᠭᠠᠷ ᠳᠡᠰ ᠦ᠋ᠨ ᠱᠠᠩᠨᠠᠯ᠂ ᠭᠤᠷᠪᠠᠳᠤᠭᠠᠷ ᠳᠡᠰ ᠦ᠋ᠨ ᠱᠠᠩᠨᠠᠯ ᠪᠠ ᠰᠢᠯᠢᠳᠡᠭ ᠱᠠᠩᠨᠠᠯ ᠢ᠋ ᠡᠳᠦᠢ ᠲᠡᠳᠦᠢ ᠭᠠᠷᠭᠠᠵᠤ᠂ ᠱᠠᠩᠨᠠᠯ ᠣᠯᠤᠭᠰᠠᠨ ᠪᠦᠲᠦᠭᠡᠯ ᠢ᠋ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠯᠪᠠᠨ ᠤ᠋ ᠰᠦᠯᠵᠢᠶ᠎ᠡ᠂ ᠣᠯᠠᠨ ᠨᠡᠢᠲᠡ ᠶ᠋ᠢᠨ ᠨᠣᠮᠧᠷ ᠪᠠ 《 ᠣᠷᠳᠣᠰ ᠤ᠋ᠨ ᠰᠢᠭᠦᠨ ᠲᠠᠰᠤᠯᠤᠯᠲᠠ 》 ᠳᠡᠭᠡᠷ᠎ᠡ ᠨᠡᠢᠲᠡᠯᠡᠨ᠎ᠡ᠃
ᠵᠣᠬᠢᠶᠠᠯ ᠡᠯᠰᠡᠬᠦ ᠠᠭᠤᠯᠭ᠎ᠠ
1.ᠡᠣᠷᠳᠣᠰ ᠬᠣᠲᠠ ᠶ᠋ᠢᠨ ᠡᠠᠷᠠᠣᠠ ᠤ᠋ᠨ ᠳᠤᠮᠳᠠ ᠵᠠᠷᠬᠡ ᠶ᠋ᠢᠨ ᠰᠢᠭᠦᠬᠦ ᠬᠣᠷᠢᠢ᠎ᠠ ᠪᠠᠢᠭᠤᠯᠤᠭᠳᠠᠭᠰᠠᠨ 70 ᠵᠢᠯ ᠦ᠋ᠨ ᠤᠢ ᠶ᠋ᠢ ᠪᠠᠶᠠᠷᠯᠠᠨ ᠪᠡᠯᠭᠡᠯᠡᠬᠦ ᠪᠡᠷ ᠭᠣᠣᠯ ᠰᠡᠳᠦᠪ ᠪᠣᠯᠭᠠᠵᠤ ᠂ ᠭᠡᠷᠡᠴᠢᠯᠡᠭᠴᠢ ᠪᠤᠶᠤ ᠪᠡᠶ᠎ᠡ ᠪᠡᠷ ᠥᠩᠭᠡᠷᠡᠭᠦᠯᠦᠭᠴᠢ ᠢ᠋ᠢᠨ ᠲᠠᠯ᠎ᠠ ᠪᠠᠷ ᠬᠤᠪᠢ ᠬᠥᠮᠦᠨ ᠬᠢᠭᠡᠳ ᠡᠣᠷᠳᠣᠰ ᠬᠣᠲᠠ ᠶ᠋ᠢᠨ ᠳᠤᠮᠳᠠ ᠵᠠᠷᠬᠡ ᠶ᠋ᠢᠨ ᠰᠢᠭᠦᠬᠦ ᠬᠣᠷᠢᠢ᠎ᠠ ᠪᠠᠢᠭᠤᠯᠤᠭᠳᠠᠭᠰᠠᠨ ᠠ᠋ᠴᠠ ᠨᠠᠰᠢᠬᠢ ᠨᠢᠭᠲᠠ ᠬᠣᠯᠪᠣᠭ᠎ᠠ ᠲᠠᠢ ᠦᠯᠢᠭᠡᠷ ᠢ᠋ ᠶᠠᠷᠢᠵᠤ ᠂ ᠥᠭᠡᠷᠡᠴᠢᠯᠡᠯᠲᠡ ᠨᠡᠭᠡᠭᠡᠯᠲᠡ ᠂ ᠬᠠᠤᠯᠢ ᠴᠠᠭᠠᠵᠠ ᠶ᠋ᠢᠨ ᠪᠠᠢᠭᠤᠯᠤᠯ ᠤ᠋ᠨ ᠥᠭᠡᠷᠡᠴᠢᠯᠡᠯᠲᠡ ᠵᠢᠴᠢ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠠ᠋ᠴᠠ ᠨᠠᠰᠢ ᠂ ᠠᠷᠠᠳ ᠤ᠋ᠨ ᠰᠢᠭᠦᠬᠦ ᠬᠣᠷᠢᠶ᠎ᠠ ᠬᠠᠤᠯᠢ ᠴᠠᠭᠠᠵᠠ ᠶ᠋ᠢᠨ ᠦᠢᠯᠡᠳᠦᠯᠭᠡ ᠶ᠋ᠢᠨ ᠳᠤᠮᠳᠠ ᠴᠣᠯᠭᠣᠷᠠᠨ ᠭᠠᠷᠤᠭᠰᠠᠨ ᠢᠯᠡ ᠲᠣᠳᠤ ᠲᠥᠪ ᠭᠣᠣᠯᠴᠢ ᠂ ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠬᠦ ᠂ ᠠᠵᠢᠯ ᠦᠢᠯᠡᠰ ᠢ᠋ᠶ᠋ᠡᠨ ᠳᠡᠭᠡᠳᠦᠯᠡᠵᠦ ᠬᠤᠪᠢ ᠨᠡᠮᠡᠷᠢ ᠦᠵᠡᠭᠦᠯᠬᠦ ᠂ ᠬᠠᠲᠠᠭᠤᠵᠢᠨ ᠳᠠᠪᠰᠢᠬᠤ ᠰᠢᠭᠦᠬᠦ ᠬᠣᠷᠢᠶᠠᠨ ᠤ᠋ ᠬᠥᠮᠦᠨ ᠦ᠌ ᠳᠦᠷᠢ ᠲᠥᠷᠬᠦ ᠂ ᠲᠥᠯᠥᠭᠡᠯᠡᠬᠦ ᠴᠢᠨᠠᠷᠲᠠᠢ ᠬᠣᠲᠠ ᠶ᠋ᠢᠨ ᠳᠤᠮᠳᠠ ᠵᠡᠷᠭᠡ ᠢ᠋ᠢᠨ ᠰᠢᠭᠦᠬᠦ ᠬᠣᠷᠢᠶᠠᠨ ᠤ᠋ ᠲᠡᠦᠬᠡ ᠶ᠋ᠢᠨ ᠬᠡᠷᠡᠭ ᠤᠴᠢᠷ ᠂ ᠬᠥᠭᠵᠢᠯᠲᠡ ᠶ᠋ᠢᠨ ᠠᠮᠵᠢᠯᠲᠠ ᠪᠦᠲᠦᠮᠵᠢ ᠵᠡᠷᠭᠡ ᠶ᠋ᠢ ᠲᠡᠮᠳᠡᠭᠯᠡᠵᠦ ᠂ ᠥᠷᠭᠡᠨ ᠣᠯᠠᠨ ᠺᠠᠲᠷ ᠴᠠᠭᠳᠠᠭ᠎ᠠ ᠶ᠋ᠢᠨ ᠴᠢᠷᠮᠠᠢᠨ ᠳᠠᠪᠰᠢᠬᠤ᠂ ᠢᠳᠡᠪᠬᠢᠲᠡᠢ ᠤᠷᠤᠭᠰᠢᠯᠠᠬᠤ ᠵᠥᠪ ᠡᠨᠧᠷᠭᠢ ᠶ᠋ᠢ ᠬᠥᠭᠵᠢᠭᠡᠨ᠎ᠡ ᠃
2. ᠵᠣᠬᠢᠶᠠᠯ ᠤ᠋ᠨ ᠠᠭᠤᠯᠭ᠎ᠠ ᠶ᠋ᠢ ᠦᠨᠳᠦᠰᠦᠯᠡᠨ ᠲᠡᠦᠬᠡ ᠶ᠋ᠢᠨ ᠮᠠᠲ᠋ᠧᠷᠢᠶᠠᠯ ᠪᠤᠶᠤ ᠰᠢᠭᠦᠬᠦ ᠬᠣᠷᠢᠶᠠᠨ ᠤ᠋ ᠬᠥᠭᠵᠢᠯᠲᠡ ᠶ᠋ᠢ ᠬᠠᠷᠠᠭᠤᠯᠤᠭᠰᠠᠨ ᠭᠡᠷᠡᠯ ᠵᠢᠷᠤᠭ ᠢ᠋ ᠲᠦᠭᠡᠭᠡᠨ ᠥᠭᠴᠦ᠂ ᠪᠠᠰᠠ ᠴᠠᠭ᠂ ᠭᠠᠵᠠᠷ᠂ ᠬᠥᠮᠦᠨ᠂ ᠬᠡᠷᠡᠭ ᠶᠠᠪᠤᠳᠠᠯ ᠵᠡᠷᠭᠡ ᠲᠣᠪᠴᠢ ᠦᠰᠦᠭ ᠪᠢᠴᠢᠭ᠌ ᠦ᠋ᠨ ᠲᠣᠳᠣᠷᠬᠠᠢᠯᠠᠯᠲᠠ ᠶ᠋ᠢ ᠳᠠᠭᠠᠯᠳᠤᠭᠤᠯᠤᠨ᠎ᠠ᠃
ᠵᠣᠬᠢᠶᠠᠯ ᠡᠯᠰᠡᠬᠦ ᠱᠠᠭᠠᠷᠳᠠᠯᠭ᠎ᠠ
1. ᠵᠣᠬᠢᠶᠠᠯ ᠤ᠋ᠨ ᠭᠠᠷᠴᠠᠭ ᠂ ᠰᠲ᠋ᠢᠯᠢ ᠶ᠋ᠢ ᠬᠢᠵᠠᠭᠠᠷᠯᠠᠬᠤ ᠦᠭᠡᠢ ᠂ ᠤᠭ ᠪᠦᠲᠦᠭᠡᠯ ᠂ ᠠᠭᠤᠯᠭ᠎ᠠ ᠨᠢ ᠦᠨᠡᠨ ᠪᠣᠳᠠᠲᠠᠢ ᠂ ᠦᠨᠡᠨ ᠰᠡᠳᠭᠢᠯᠭᠡ ᠶ᠋ᠢ ᠤᠶᠠᠩᠭᠠᠯᠠᠵᠤ ᠂ ᠲᠣᠭ᠎ᠠ ᠶ᠋ᠢ ᠨᠢ 3000 ᠦᠰᠦᠭ ᠠ᠋ᠴᠠ ᠳᠠᠪᠠᠬᠤ ᠦᠭᠡᠢ ᠪᠡᠷ ᠱᠠᠭᠠᠷᠳᠠᠨ᠎ᠠ᠃
2. ᠵᠣᠬᠢᠶᠠᠯ ᠡᠯᠰᠡᠭᠰᠡᠨ ᠭᠠᠷᠴᠠᠭ ᠤ᠋ᠨ ᠳᠡᠭᠡᠷ᠎ᠡ ᠲᠠᠯ᠎ᠠ ᠨᠢ ᠨᠢᠭᠡᠳᠦᠯᠲᠡᠢ ᠲᠤᠲᠤᠷᠬᠠᠢᠯᠠᠬᠤ ᠨᠢ ᠄ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠠᠢᠭᠤᠯᠤᠭᠳᠠᠭᠰᠠᠨ 70 ᠵᠢᠯ ᠦ᠋ᠨ ᠣᠢ ᠶ᠋ᠢ ᠪᠡᠯᠭᠡᠯᠡᠬᠦ 《 ᠣᠷᠭᠢᠯ ᠨᠠᠰᠤ ᠳᠠᠯᠠᠨ ᠵᠢᠯ · ᠪᠢ ᠪᠣᠯᠤᠨ ᠰᠢᠭᠦᠬᠦ ᠬᠣᠷᠢᠶ᠎ᠠ ᠬᠠᠮᠲᠤᠪᠡᠷ ᠦᠰᠦᠨ ᠪᠣᠢᠵᠢᠬᠤ》 ᠭᠣᠣᠯ ᠰᠡᠳᠦᠪᠲᠦ ᠵᠣᠬᠢᠶᠠᠯ ᠃ ᠭᠠᠷᠴᠠᠭ ᠤ᠋ᠨ ᠳᠣᠣᠷ᠎ᠠ ᠲᠠᠯ᠎ᠠ ᠨᠢ ᠵᠣᠬᠢᠶᠠᠭᠴᠢ ᠶ᠋ᠢᠨ ᠮᠠᠳᠠᠬᠡ ᠵᠠᠩᠭᠢ ᠪᠠᠢᠵᠤ ᠂ ᠪᠠᠢᠭᠤᠯᠤᠯᠭ᠎ᠠ᠂ ᠨᠡᠷ᠎ᠡ ᠂ ᠬᠠᠷᠢᠯᠴᠠᠬᠤ ᠡᠠᠷᠭ᠎ᠠ᠂ ᠡᠯᠧᠺᠲ᠋ᠷᠣᠨ ᠰᠢᠦᠳᠠᠨ ᠬᠠᠢᠷᠴᠠᠭ ᠵᠡᠷᠭᠡ ᠳᠠᠷᠠᠭᠠᠯᠠᠨ ᠪᠠᠢᠬᠤ ᠬᠡᠷᠡᠭᠲᠡᠢ︔ ᠳᠠᠷᠠᠭ᠎ᠠ ᠨᠢ ᠵᠣᠬᠢᠶᠠᠯ ᠤ᠋ᠨ ᠠᠭᠤᠯᠭ᠎ᠠ ᠪᠣᠯᠤᠨ᠎ᠠ ᠃
3. ᠵᠢᠷᠤᠭ ᠨᠢ ᠲᠣᠳᠣᠷᠬᠠᠢ ᠪᠠᠢᠬᠤ ᠪᠥᠭᠡᠳ ᠲᠣᠪᠴᠢ ᠲᠣᠳᠣᠷᠬᠠᠢᠯᠠᠯᠲᠠ ᠬᠢᠬᠦ ᠶ᠋ᠢ ᠱᠠᠭᠠᠷᠳᠠᠵᠤ ᠂ 10 m ᠠ᠋ᠴᠠ ᠬᠡᠲᠦᠷᠡᠬᠦ ᠦᠭᠡᠢ ᠃
4. ᠪᠦᠲᠦᠭᠡᠯ ᠢ᠋ ᠬᠠᠭᠤᠯᠤᠨ ᠬᠤᠯᠠᠭᠠᠢᠯᠠᠵᠤ ᠪᠣᠯᠬᠤ ᠦᠭᠡᠢ ᠂ ᠵᠢᠱ᠌ᠢᠶᠡᠯᠡᠪᠡᠯ ᠵᠣᠬᠢᠶᠠᠯ ᠪᠦᠲᠦᠭᠡᠯ ᠦ᠋ᠨ ᠡᠷᠬᠡ ᠂ ᠬᠡᠪᠯᠡᠯ ᠦ᠋ᠨ ᠡᠷᠬᠡ ᠪᠤᠶᠤ ᠨᠡᠷ᠎ᠡ ᠬᠦᠨᠳᠦ ᠶ᠋ᠢᠨ ᠡᠷᠬᠡ ᠶ᠋ᠢᠨ ᠵᠢᠭᠤᠷᠠᠯᠳᠤᠭᠠᠨ ᠲᠠᠢ ᠬᠣᠯᠪᠣᠭᠳᠠᠪᠠᠯ ᠬᠠᠷᠢᠭᠤᠴᠠᠯᠭ᠎ᠠ ᠶ᠋ᠢ ᠵᠣᠬᠢᠶᠠᠭᠴᠢ ᠠ᠋ᠴᠠ ᠬᠠᠷᠢᠭᠤᠴᠠᠨ᠎ᠠ ᠃
ᠡᠬᠡ ᠪᠢᠴᠢᠭ᠌ ᠥᠭᠬᠦ ᠠᠷᠭ᠎ᠠ ᠮᠠᠶᠢᠭ
ᠵᠣᠬᠢᠶᠠᠯ ᠡᠯᠰᠡᠬᠦ ᠳᠠᠭᠤᠰᠬᠤ ᠴᠠᠭ ᠬᠤᠭᠤᠴᠠᠭ᠎ᠠ ᠨᠢ 2020 ᠣᠨ ᠤ᠋ 5 ᠰᠠᠷ᠎ᠠ ᠶ᠋ᠢᠨ 31 ᠦ᠌ ᠡᠳᠦᠷ ᠪᠣᠯᠤᠨ᠎ᠠ᠃ ᠡᠯᠰᠡᠭᠰᠡᠨ ᠡᠬᠡ ᠪᠢᠴᠢᠭ᠌ ᠦ᠋ᠨ ᠡᠯᠧᠺᠲ᠋ᠷᠣᠨ ᠬᠡᠪᠯᠡᠯ ᠨᠢ 2020 ᠣᠨ ᠤ᠋ 5 ᠰᠠᠷ᠎ᠠ ᠶ᠋ᠢᠨ 31 ᠦ᠌ ᠡᠳᠦᠷ ᠡᠴᠡ ᠡᠮᠦᠨ᠎ᠡ ᠂ ᠰᠢᠦᠳᠠᠨ ᠤ᠋ ᠬᠠᠢᠷᠴᠠᠭ 1934 879200 @ qq .com ᠳ᠋ᠦ ᠬᠦᠷᠭᠡᠨ᠎ᠡ ᠃
ᠬᠠᠷᠢᠯᠴᠠᠬᠤ ᠬᠥᠮᠦᠨ ᠄ ᠴᠢᠶᠣᠤ ᠰᠧ ᠾᠧ 176 0477 6705
ᠦᠨᠡᠯᠡᠬᠦ 0ᠦᠨᠡᠯᠡᠯᠲᠡ ᠲᠠᠢ