ᠳᠠᠯᠠᠨ ᠵᠢᠯ ᠤ᠋ᠨ ᠲᠤᠷᠰᠢ ᠰᠠᠯᠬᠢ ᠪᠣᠷᠣᠭᠠᠨ ᠢ᠋ ᠬᠠᠮᠲᠤ ᠳ᠋ᠤᠨᠢ ᠲᠤᠭᠤᠯᠵᠤ᠂ ᠳᠠᠯᠠᠨ ᠵᠢᠯ ᠤ᠋ᠨ ᠲᠤᠷᠰᠢ ᠬᠠᠲᠠᠭᠤᠵᠢᠯᠲᠠᠢ ᠵᠣᠷᠢᠭ ᠢ᠋ᠢᠠᠷ ᠤᠷᠤᠭᠰᠢᠯᠠᠨ ᠳᠠᠪᠰᠢᠭᠰᠠᠨ ᠶᠤᠮ᠃ 2020 ᠣᠨ ᠳ᠋ᠤ᠌ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠬᠣᠷᠢᠶ᠎ᠠ ᠪᠠᠢᠭᠤᠯᠤᠭᠳᠠᠭᠰᠠᠨ 70 ᠵᠢᠯ ᠦ᠋ᠨ ᠣᠢ ᠶ᠋ᠢ ᠤᠭᠲᠤᠨ ᠠᠪᠴᠢᠷᠠᠪᠠ ᠃ᠨᠠᠨᠳᠢᠨ ᠲᠡᠦᠬᠡ ᠪᠠᠨ ᠳᠤᠷᠠᠳᠭᠠᠵᠤ ᠂ᠰᠠᠷᠠᠭᠤᠯ ᠢᠷᠡᠭᠡᠳᠦᠢ ᠪᠠᠨ ᠴᠣᠭᠴᠠᠯᠠᠬᠤ ᠶ᠋ᠢᠨ ᠲᠥᠯᠥᠭᠡ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠠᠢᠭᠤᠯᠤᠭᠳᠠᠭᠰᠠᠨ 70 ᠵᠢᠯ ᠦ᠋ᠨ ᠣᠢ ᠶ᠋ᠢᠨ ᠭᠣᠣᠯ ᠰᠡᠳᠦᠪᠲᠦ ᠭᠡᠷᠡᠯ ᠵᠢᠷᠤᠭ ᠤ᠋ᠨ ᠤᠷᠤᠯᠳᠤᠭᠠᠨ ᠡᠷᠬᠢᠯᠡᠬᠦ ᠪᠡᠷ ᠲᠣᠭᠲᠠᠭᠰᠠᠨ ᠪᠠᠢᠨ᠎ᠠ ᠂ ᠬᠠᠮᠢᠶ᠎ᠠ ᠪᠦᠬᠦᠢ ᠤᠴᠢᠷ ᠢ᠋ ᠳᠣᠣᠷᠠᠬᠢ ᠮᠡᠲᠦ ᠮᠡᠳᠡᠭᠳᠡᠶ᠎ᠡ ᠄
ᠨᠢᠭᠡ ᠂ ᠴᠠᠭ
ᠲᠤᠰ ᠡᠳᠦᠷ ᠡᠴᠡ ᠡᠬᠢᠯᠡᠨ 5 ᠰᠠᠷ᠎ᠠ ᠶ᠋ᠢᠨ 31 ᠦ᠌ ᠡᠳᠦᠷ ᠪᠣᠯᠲᠠᠯ᠎ᠠ ᠂ ᠵᠣᠬᠢᠶᠠᠯ ᠪᠦᠲᠦᠭᠡᠯ ᠴᠤᠭᠯᠠᠭᠤᠯᠤᠨ᠎ᠠ ︔ 6 ᠰᠠᠷ᠎ᠠ ᠳ᠋ᠤ᠌ ᠬᠢᠨᠠᠨ ᠲᠣᠭᠲᠠᠭᠠᠯ ᠢ᠋ ᠵᠣᠬᠢᠶᠠᠨ ᠪᠠᠢᠭᠤᠯᠵᠤ᠂ ᠪᠦᠲᠦᠭᠡᠯ ᠤ᠋ᠨ ᠲᠥᠪᠯᠡᠷᠡᠩᠭᠦᠢ ᠤᠬᠠᠭᠤᠯᠭ᠎ᠠ ᠵᠢ ᠶᠠᠪᠤᠭᠳᠠᠭᠤᠯᠤᠨ᠎ᠠ᠃
ᠬᠣᠶᠠᠷ ᠂ ᠬᠡᠪᠴᠢᠶ᠎ᠡ
ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠲᠤᠰᠢᠶᠠᠯ ᠳ᠋ᠤ᠌ ᠪᠠᠢᠭ᠎ᠠ ᠺᠠᠲᠠᠷ ᠴᠠᠭᠳᠠᠭ᠎ᠠ ᠂ ᠠᠵᠢᠯ ᠠ᠋ᠴᠠ ᠪᠠᠨ ᠠᠮᠠᠷᠠᠭᠰᠠᠨ ᠺ ᠺᠠᠲᠠᠷ ᠠᠷᠠᠳ ᠤ᠋ᠨ ᠲᠥᠯᠥᠭᠡᠯᠡᠭᠴᠢ ᠂ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠨ ᠂ ᠬᠠᠤᠯᠢᠴᠢ ᠂ ᠬᠠᠤᠯᠢ ᠴᠠᠭᠠᠵᠠ ᠶ᠋ᠢᠨ ᠠᠵᠢᠯᠲᠠᠨ ᠵᠡᠷᠭᠡ ᠃
ᠭᠤᠷᠪᠠ ᠂ ᠱᠠᠭᠠᠷᠳᠠᠯᠭ᠎ᠠ
(1) ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠠᠢᠭᠤᠯᠤᠭᠳᠠᠭᠰᠠᠨ 70 ᠵᠢᠯ ᠦ᠋ᠨ ᠣᠢ ᠶ᠋ᠢ ᠪᠡᠯᠭᠡᠯᠡᠬᠦ ᠪᠡᠷ ᠭᠣᠣᠯ ᠰᠡᠳᠦᠪ ᠪᠣᠯᠭᠠᠨ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠠᠢᠭᠤᠯᠤᠭᠳᠠᠭᠰᠠᠨ ᠠ᠋ᠴᠠ ᠨᠠᠰᠢᠬᠢ ᠲᠡᠦᠬᠡᠨ ᠶᠠᠪᠤᠳᠠᠯ᠂ ᠥᠭᠡᠷᠡᠴᠢᠯᠡᠯᠲᠡ ᠨᠡᠭᠡᠭᠡᠯᠲᠡ ᠂ ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠵᠢᠴᠢ ᠬᠠᠤᠯᠢ ᠴᠠᠭᠠᠵᠠ ᠶ᠋ᠢᠨ ᠥᠭᠡᠷᠡᠴᠢᠯᠡᠯᠲᠡ ᠡᠴᠡ ᠨᠠᠰᠢᠬᠢ ᠡᠳᠦᠷ ᠳᠣᠳᠣᠮ ᠤ᠋ᠨ ᠬᠥᠭᠵᠢᠯᠲᠡ ᠬᠤᠪᠢᠷᠠᠯᠲᠠ ᠂ ᠠᠷᠠᠳ ᠤ᠋ᠨ ᠰᠢᠭᠦᠬᠦ ᠬᠣᠷᠢᠶᠠᠨ ᠤ᠋ ᠬᠤᠪᠢᠰᠭᠠᠯᠲᠤ ᠪᠦᠲᠦᠭᠡᠨ ᠪᠠᠢᠭᠤᠯᠤᠯᠲᠠ ᠶ᠋ᠢᠨ ᠬᠦᠴᠦᠲᠦ ᠤᠷᠤᠰᠭᠠᠯ ᠂ ᠥᠭᠡᠷᠡᠴᠢᠯᠡᠯᠲᠡ ᠬᠥᠭᠵᠢᠯᠲᠡ ᠶ᠋ᠢᠨ ᠬᠥᠭ ᠠᠶᠠᠰ ᠢ᠋ ᠲᠤᠰᠭᠠᠭᠰᠠᠨ ᠠᠭᠤᠯᠭ᠎ᠠ ᠲᠠᠢ ᠭᠡᠷᠡᠯ ᠵᠢᠷᠤᠭ ᠂ ᠤᠷᠠᠨ ᠪᠢᠴᠢᠯᠭᠡ ᠂ ᠤᠷᠠᠨ ᠵᠢᠷᠤᠭ ᠪᠡᠷ ᠭᠣᠣᠯᠳᠠᠭᠤᠯᠤᠨᠠ᠃
(2) ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠳᠡᠪᠰᠢᠭᠦᠯᠦᠭᠰᠡᠨ ᠪᠦᠲᠦᠭᠡᠯ ᠳ᠋ᠦ᠍ ᠭᠡᠷᠡᠯ ᠵᠢᠷᠤᠭ ᠠᠪᠬᠤ ᠂ ᠳᠦᠷᠰᠦ ᠰᠢᠩᠭᠡᠭᠡᠬᠦ᠂ ᠬᠡᠪᠯᠡᠯ ᠵᠢᠴᠢ ᠤᠬᠠᠭᠤᠯᠭ᠎ᠠ ᠶ᠋ᠢᠨ ᠡᠷᠬᠡ ᠲᠡᠢ ᠂ ᠳᠡᠪᠰᠢᠭᠦᠯᠦᠭᠰᠡᠨ ᠡᠬᠡ ᠪᠦᠲᠦᠭᠡᠯ ᠨᠢ ᠪᠦᠷᠢᠨ ᠪᠦᠲᠦᠨ ᠬᠡᠪᠯᠡᠯ ᠦ᠋ᠨ ᠡᠷᠬᠡ ᠲᠡᠢ ᠪᠠᠢᠬᠤ ᠬᠡᠷᠡᠭᠲᠡᠢ ᠂ ᠬᠡᠷᠪᠡ ᠬᠡᠪᠯᠡᠯ ᠦ᠋ᠨ ᠡᠷᠬᠡ ᠶ᠋ᠢᠨ ᠵᠢᠭᠤᠷᠠᠯᠳᠤᠭᠠᠨ ᠡᠭᠦᠰᠪᠡᠯ ᠵᠣᠬᠢᠶᠠᠭᠴᠢ ᠥᠪᠡᠷᠲᠡᠭᠡᠨ ᠬᠠᠷᠢᠭᠤᠴᠠᠨ᠎ᠠ ᠃
(3) ᠬᠤᠪᠢ ᠬᠥᠮᠦᠨ ᠦ᠌ ᠡᠬᠡ ᠪᠦᠲᠦᠭᠡᠯ ᠨᠢ 《 ᠭᠣᠣᠯ ᠰᠡᠳᠦᠪᠲᠦ ᠬᠥᠳᠡᠯᠭᠡᠭᠡᠨ + ᠪᠦᠲᠦᠭᠡᠯ ᠦ᠋ᠨ ᠨᠡᠷᠡᠢᠳᠦᠯ + ᠵᠣᠬᠢᠶᠠᠭᠴᠢ ᠶ᠋ᠢᠨ ᠨᠡᠷ᠎ᠡ + ᠬᠠᠷᠢᠯᠴᠠᠬᠤ ᠠᠷᠭ᠎ᠠ ᠮᠠᠶᠢᠭ 》 ᠤ᠋ᠨ ᠬᠡᠯᠪᠡᠷᠢ ᠪᠡᠷ ᠮᠡᠳᠡᠭᠦᠯᠦᠨ ᠬᠦᠷᠭᠡᠨ᠎ᠡ ᠃ ᠨᠢᠭᠡᠳᠦᠯᠲᠡᠢ ᠮᠡᠳᠡᠭᠦᠯᠬᠦ ᠪᠦᠲᠦᠭᠡᠯ ᠪᠠᠢᠪᠠᠯ ᠬᠠᠷᠢᠯᠴᠠᠬᠤ ᠬᠥᠮᠦᠨ ᠪᠠ ᠬᠠᠷᠢᠯᠴᠠᠬᠤ ᠠᠷᠭ᠎ᠠ ᠪᠠᠨ ᠲᠣᠳᠤᠷᠬᠠᠢᠯᠠᠭᠠᠷᠠᠢ᠃
ᠳᠥᠷᠪᠡ ᠂ ᠱᠠᠩᠨᠠᠯ ᠤ᠋ᠨ ᠪᠠᠢᠷᠢᠯᠠᠭᠤᠯᠤᠯᠲᠠ
ᠤᠷᠤᠯᠳᠤᠭᠠᠨ ᠨᠢ ᠨᠢᠭᠡᠳᠦᠭᠡᠷ ᠳᠡᠰ ᠦ᠋ᠨ ᠱᠠᠩᠨᠠᠯ ᠂ ᠬᠣᠶᠠᠳᠤᠭᠠᠷ ᠳᠡᠰ ᠦ᠋ᠨ ᠱᠠᠩᠨᠠᠯ ᠂ ᠭᠤᠷᠪᠠᠳᠤᠭᠠᠷ ᠳᠡᠰ ᠦ᠋ᠨ ᠱᠠᠩᠨᠠᠯ ᠪᠣᠯᠤᠨ ᠰᠢᠯᠢᠳᠡᠭ ᠱᠠᠩᠨᠠᠯ ᠬᠡᠳᠦᠨ ᠨᠡᠷᠡᠰ ᠪᠠᠢᠵᠤ ᠂ ᠱᠠᠩᠨᠠᠯ ᠬᠦᠷᠲᠡᠭᠰᠡᠨ ᠪᠦᠲᠦᠭᠡᠯ ᠢ᠋ 《 ᠣᠷᠳᠣᠰ ᠤ᠋ᠨ ᠰᠢᠭᠦᠨ ᠲᠠᠰᠤᠯᠤᠯᠲᠠ 》 ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠠᠯᠪᠠᠨ ᠤ᠋ ᠰᠦᠯᠵᠢᠶ᠎ᠡ ᠂ ᠨᠡᠢᠲᠡ ᠵᠢᠨ ᠳ᠋ᠤᠭᠠᠷ ᠳᠡᠭᠡᠷ᠎ᠡ ᠨᠡᠢᠲᠡᠯᠡᠬᠦ ᠶ᠋ᠢᠨ ᠬᠠᠮᠲᠤ ᠦᠵᠡᠭᠦᠯᠦᠯᠭᠡ ᠶ᠋ᠢᠨ ᠲᠢᠩᠬᠢᠮ ᠳ᠋ᠤ ᠦᠵᠡᠭᠦᠯᠦᠯᠭᠡ ᠶᠠᠪᠤᠭᠳᠠᠭᠤᠯᠤᠨ᠎ᠠ ᠃
ᠲᠠᠪᠤ ᠂ ᠮᠡᠳᠡᠭᠦᠯᠦᠨ ᠬᠦᠷᠭᠡᠬᠦ ᠵᠢᠴᠢ ᠬᠠᠷᠢᠯᠴᠠᠬᠤ ᠠᠷᠭ᠎ᠠ ᠮᠠᠶᠢᠭ
ᠰᠢᠤᠳᠠᠨ ᠬᠠᠢᠷᠴᠠᠭ ᠄ er do s y j s @ 16 3. co m
ᠬᠠᠷᠢᠯᠴᠠᠬᠤ ᠬᠥᠮᠦᠨ ᠄ ᠯᠢᠦ ᠼᠠᠢ ᠮᠧᠢ
ᠬᠠᠷᠢᠯᠴᠠᠬᠤ ᠤᠲᠠᠰᠤ ᠄ 0 47 7 - 8 16 0 29 9
ᠦᠨᠡᠯᠡᠬᠦ 0ᠦᠨᠡᠯᠡᠯᠲᠡ᠎ᠲᠠᠢ