6 ᠰᠠᠷ᠎ᠠ ᠶ᠋ᠢᠨ 11 ᠦ᠌ ᠡᠳᠦᠷ ᠂ ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶᠠᠨ ᠤ᠋ ᠪᠠᠢᠩᠭᠤ ᠶ᠋ᠢᠨ ᠳᠡᠳ᠋ ᠱᠦᠵᠢ ᠸᠠᠨ ᠱᠢ ᠪᠢᠨ ᠨᠠᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠬᠦᠷᠴᠦ 《 ᠴᠢᠩᠭ᠎ᠠ ᠴᠡᠭᠴᠡᠯᠡᠨ ᠰᠠᠢᠵᠢᠷᠠᠭᠤᠯᠬᠤ ᠂ ᠳᠡᠭᠡᠭᠰᠢᠯᠡᠭᠦᠯᠬᠦ ᠶ᠋ᠢ ᠠᠬᠢᠭᠤᠯᠬᠤ ᠂ᠬᠡᠪ ᠳᠠᠭᠤᠷᠢᠶᠠᠯ ᠪᠣᠯᠬᠤ》 ᠰᠠᠬᠢᠯᠭ᠎ᠠ ᠪᠠᠲᠤ ᠣᠪᠣᠷ ᠰᠤᠷᠲᠠᠯ ᠤ᠋ᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠪᠠᠢᠴᠠᠭᠠᠨ ᠰᠤᠳᠤᠯᠵᠤ ᠬᠢᠨᠠᠨ ᠵᠢᠯᠣᠭᠣᠳᠬᠤ ᠶ᠋ᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ ᠃ ᠣᠷᠳᠣᠰ ᠬᠣᠲᠠ ᠶ᠋ᠢᠨ ᠳᠤᠮᠳᠠ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠬᠣᠷᠢᠶᠠᠨ ᠳᠠᠷᠤᠭ᠎ᠠ ᠰᠦ᠍ ᠯᠢ ᠵᠢᠶᠦ᠋ᠨ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠪᠠᠢ ᠯᠠᠨ ᠵᠣ᠌ ᠵᠢᠴᠢ ᠬᠣᠲᠠ ᠶ᠋ᠢᠨ ᠳᠤᠮᠳᠠ ᠬᠣᠷᠢᠶᠠᠨ ᠤ᠋ ᠬᠣᠯᠪᠣᠭᠳᠠᠯ ᠪᠦᠬᠦᠢ ᠰᠠᠯᠠᠭ᠎ᠠ ᠮᠥᠴᠢᠷ ᠦ᠋ᠨ ᠺᠠᠲᠠᠷ ᠴᠠᠭᠳᠠᠭ᠎ᠠ ᠬᠤᠷᠠᠯ ᠳ᠋ᠤ᠌ ᠣᠷᠣᠯᠴᠠᠵᠠᠢ᠃
ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶᠠᠨ ᠤ᠋ ᠪᠠᠢᠩᠭᠤ ᠳᠡᠳ᠋ ᠱᠦᠵᠢ ᠸᠠᠨ ᠱᠢ ᠪᠢᠨ
ᠬᠣᠲᠠ ᠶ᠋ᠢᠨ ᠳᠤᠮᠳᠠ ᠵᠡᠷᠭᠡ ᠵᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ
ᠬᠤᠷᠠᠯ ᠳ᠋ᠤ᠂ ᠯᠢ ᠵᠢᠩ ᠭᠦᠸᠧ ᠣᠷᠳᠣᠰ ᠬᠣᠲᠠ ᠶ᠋ᠢᠨ ᠳᠤᠮᠳᠠ ᠵᠡᠷᠭᠡ ᠵᠢᠨ ᠰᠢᠭᠦᠬᠦ ᠬᠣᠷᠢᠶ᠎ᠠ ᠶ᠋ᠢᠨ 《 ᠴᠢᠩᠭ᠎ᠠ ᠴᠡᠭᠴᠡᠯᠡᠨ ᠵᠠᠰᠠᠬᠤ ᠂ ᠳᠡᠭᠡᠭᠰᠢᠯᠡᠭᠦᠯᠬᠦ ᠶ᠋ᠢ ᠠᠬᠢᠭᠤᠯᠬᠤ ᠂ ᠬᠡᠪ ᠳᠠᠭᠤᠷᠢᠶᠠᠯ ᠪᠣᠯᠬᠤ 》 ᠰᠠᠬᠢᠯᠭ᠎ᠠ ᠪᠠᠲᠤ ᠣᠪᠣᠷ ᠰᠤᠷᠲᠠᠯ ᠤ᠋ᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ ᠥᠷᠨᠢᠭᠦᠯᠦᠭᠰᠡᠨ ᠪᠠᠢᠳᠠᠯ ᠤ᠋ᠨ ᠲᠤᠬᠠᠢ ᠳᠥᠭᠥᠮ ᠬᠠᠷᠢᠭᠤ ᠮᠡᠳᠡᠭᠦᠯᠦᠯᠲᠡ ᠬᠢᠵᠦ ᠂ ᠬᠤᠷᠠᠯ ᠳ᠋ᠤ᠌ ᠣᠷᠣᠯᠴᠠᠭᠰᠠᠳ ᠤ᠋ᠨ ᠰᠠᠬᠢᠯᠭ᠎ᠠ ᠪᠠᠲᠤ ᠣᠪᠣᠷ ᠰᠤᠷᠲᠠᠯ ᠤ᠋ᠨ ᠰᠤᠷᠭᠠᠨ ᠬᠥᠮᠦᠵᠢᠯ ᠢ᠋ ᠴᠡᠭᠴᠡᠯᠡᠬᠦ ᠠᠵᠢᠯ ᠵᠢᠴᠢ ᠡᠩᠨᠡᠭᠡ ᠶ᠋ᠢᠨ ᠪᠠᠢᠭᠤᠯᠤᠯᠲᠠ ᠶ᠋ᠢᠨ ᠳᠤᠮᠳᠠ ᠣᠷᠤᠰᠢᠵᠤ ᠪᠠᠢᠭ᠎ᠠ ᠠᠰᠠᠭᠤᠳᠠᠯ ᠂ ᠠᠰᠠᠭᠤᠳᠠᠯ ᠤ᠋ᠨ ᠭᠣᠣᠯ ᠰᠢᠯᠲᠠᠭᠠᠨ ᠂ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢ ᠬᠡᠷᠬᠢᠨ ᠭᠦᠨᠵᠡᠭᠡᠢᠷᠡᠭᠦᠯᠬᠦ ᠂ ᠳᠣᠪᠣᠢᠮ᠎ᠠ ᠠᠰᠠᠭᠤᠳᠠᠯ ᠢ᠋ ᠰᠢᠢᠳᠪᠦᠷᠢᠯᠡᠬᠦ ᠂ ᠠᠵᠢᠯ ᠤ᠋ᠨ ᠨᠠᠢᠳᠠᠪᠤᠷᠢᠵᠢᠭᠤᠯᠤᠯᠲᠠ ᠳ᠋ᠤ ᠪᠤᠲᠠᠲᠠᠢ ᠰᠠᠨᠠᠭᠤᠯᠭ᠎ᠠ ᠳᠤᠷᠠᠳᠤᠭᠰᠠᠨ ᠪᠠᠢᠨ᠎ᠠ᠃
ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ ᠂ ᠳᠡᠳ᠋ ᠳᠠᠷᠤᠭ᠎ᠠ ᠯᠢ ᠵᠢᠩ ᠭᠦᠸᠧ
ᠪᠠᠢᠴᠠᠭᠠᠨ ᠰᠤᠳᠤᠯᠵᠤ ᠬᠢᠨᠠᠨ ᠵᠢᠯᠣᠭᠣᠳᠬᠤ ᠳᠤᠭᠤᠢᠯᠠᠩ ᠠ᠋ᠴᠠ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠰᠠᠬᠢᠯᠭ᠎ᠠ ᠪᠠᠲᠤ ᠣᠪᠣᠷ ᠰᠤᠷᠲᠠᠯ ᠤ᠋ᠨ ᠬᠥᠮᠦᠵᠢᠯ ᠴᠡᠭᠴᠡᠯᠡᠯᠲᠡ ᠶ᠋ᠢᠨ ᠠᠵᠢᠯ ᠳ᠋ᠤ ᠥᠨᠳᠦᠷ ᠦᠨᠡᠯᠡᠯᠲᠡ ᠥᠭᠴᠦ ᠂ ᠠᠵᠢᠯ ᠤ᠋ᠨ ᠰᠤᠷᠲᠠᠯ ᠢ᠋ ᠤᠯᠠᠮ ᠨᠢᠭᠡ ᠠᠯᠬᠤᠮ ᠴᠡᠭᠴᠡᠯᠡᠨ ᠵᠠᠰᠠᠬᠤ ᠶ᠋ᠢ ᠱᠠᠭᠠᠷᠳᠠᠵᠤ ᠂ ᠬᠡᠷᠡᠭ ᠢ᠋ ᠰᠢᠭᠦᠨ ᠲᠠᠰᠤᠯᠬᠤ ᠶᠠᠪᠤᠴᠠ ᠶ᠋ᠢ ᠰᠢᠯᠢᠳᠡᠭᠵᠢᠭᠦᠯᠦᠨ ᠳᠠᠬᠢᠨ ᠪᠠᠢᠭᠤᠯᠬᠤ ᠶ᠋ᠢ ᠲᠡᠭᠦᠯᠳᠡᠷᠵᠢᠭᠦᠯᠵᠦ ᠂ ᠣᠶᠤᠨᠴᠢ ᠰᠢᠭᠦᠬᠦ ᠬᠣᠷᠢᠶ᠎ᠠ ᠶ᠋ᠢ ᠶᠡᠬᠡᠪᠡᠷ ᠪᠦᠲᠦᠭᠡᠨ ᠪᠠᠢᠭᠤᠯᠵᠤ ᠂ ᠮᠡᠳᠡᠭᠡ ᠵᠠᠩᠭᠢᠴᠢᠯᠠᠯᠲᠠ ᠶ᠋ᠢᠨ ᠬᠢᠷᠢ ᠲᠦᠪᠰᠢᠨ ᠢ᠋ᠶ᠋ᠡᠨ ᠳᠡᠭᠡᠭᠰᠢᠯᠡᠭᠦᠯᠵᠦ ᠂ ᠺᠠᠲᠠᠷ ᠴᠠᠭᠳᠠᠭ᠎ᠠ ᠶ᠋ᠢᠨ ᠠᠵᠢᠯ ᠤ᠋ᠨ ᠳᠠᠷᠤᠯᠲᠠ ᠶ᠋ᠢ ᠡᠬᠢ ᠡᠭᠦᠰᠦᠯ ᠡᠴᠡ ᠨᠢ ᠬᠥᠩᠭᠡᠷᠡᠭᠦᠯᠵᠦ ᠂ ᠬᠡᠷᠡᠭ ᠢ᠋ ᠰᠢᠭᠦᠨ ᠲᠠᠰᠤᠯᠬᠤ ᠠᠵᠢᠯ ᠤ᠋ᠨ ᠴᠢᠨᠠᠷ ᠦᠷ᠎ᠡ ᠠᠰᠢᠭ ᠢ᠋ ᠳᠡᠭᠡᠭᠰᠢᠯᠡᠭᠦᠯᠬᠦ ᠵᠢ ᠱᠠᠭᠠᠷᠳᠠᠭᠰᠠᠨ ᠪᠠᠢᠨ᠎ᠠ᠃
ᠪᠠᠢᠴᠠᠭᠠᠨ ᠰᠤᠳᠤᠯᠵᠤ ᠬᠢᠨᠠᠨ ᠵᠢᠯᠣᠭᠣᠳᠬᠤ ᠳᠤᠭᠤᠢᠯᠠᠩ ᠠ᠋ᠴᠠ ᠰᠠᠬᠢᠯᠭ᠎ᠠ ᠪᠠᠲᠤ ᠣᠪᠣᠷ ᠰᠤᠷᠲᠠᠯ ᠤ᠋ᠨ ᠰᠤᠷᠭᠠᠨ ᠬᠥᠮᠦᠵᠢᠯ ᠦ᠋ᠨ ᠴᠡᠭᠴᠡᠯᠡᠬᠦ ᠠᠵᠢᠯ ᠤ᠋ᠨ ᠮᠠᠲ᠋ᠸᠷᠢᠶᠠᠯ ᠢ᠋ ᠪᠠᠢᠴᠠᠭᠠᠵᠤ ᠪᠠᠢᠭ᠎ᠠ ᠨᠢ
ᠬᠤᠷᠠᠯ ᠤ᠋ᠨ ᠳᠠᠷᠠᠭ᠎ᠠ ᠂ ᠪᠠᠢᠴᠠᠭᠠᠨ ᠰᠤᠳᠤᠯᠵᠤ ᠬᠢᠨᠠᠨ ᠵᠢᠯᠣᠭᠣᠳᠬᠤ ᠳᠤᠭᠤᠢᠯᠠᠩ ᠨᠢ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠤᠳᠤᠷᠢᠳᠬᠤ ᠪᠠᠭ ᠤ᠋ᠨ ᠭᠡᠰᠢᠭᠦᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠲᠠᠢ ᠲᠤᠰ ᠲᠤᠰ ᠶᠠᠷᠢᠯᠴᠠᠭ᠎ᠠ ᠶᠠᠪᠤᠭᠳᠠᠭᠤᠯᠬᠤ ᠵᠢᠨ ᠬᠠᠮᠲᠤ ᠬᠠᠮᠢᠶ᠎ᠠ ᠪᠦᠬᠦᠢ ᠠᠵᠢᠯ ᠤ᠋ᠨ ᠮᠠᠲ᠋ᠧᠷᠢᠶᠠᠯ ᠢ᠋ ᠪᠠᠢᠴᠠᠭᠠᠨ ᠦᠵᠡᠪᠡ᠃
ᠦᠨᠡᠯᠡᠬᠦ 0ᠦᠨᠡᠯᠡᠯᠲᠡ᠎ᠲᠠᠢ