6 ᠰᠠᠷ᠎ᠠ ᠶ᠋ᠢᠨ 17 ᠤ᠋ ᠡᠳᠦᠷ ᠂ ᠦᠬᠠᠢ ᠬᠣᠲᠠ ᠶ᠋ᠢᠨ ᠳᠤᠮᠳᠠ ᠵᠡᠷᠭᠡ ᠵᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠹᠠᠨ ᠴᠢᠶᠣᠤ ᠯᠠᠨ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ᠂ ᠳᠡᠳ᠋ ᠬᠣᠷᠢᠶᠠᠨ ᠳᠠᠷᠤᠭ᠎ᠠ ᠵᠦᠩ ᠬᠤᠸᠠ ᠵᠡᠷᠭᠡ ᠲᠠᠪᠤᠨ ᠬᠥᠮᠦᠨ ᠣᠷᠳᠣᠰ ᠬᠣᠲᠠ ᠶ᠋ᠢᠨ ᠳᠤᠮᠳᠠ ᠵᠡᠷᠭᠡ ᠵᠢᠨ ᠰᠢᠭᠦᠬᠦ ᠬᠣᠷᠢᠶᠠᠨ ᠳ᠋ᠤ᠌ ᠬᠦᠷᠴᠦ ᠰᠢᠭᠦᠨ ᠲᠠᠰᠤᠯᠬᠤ ᠲᠢᠩᠬᠢᠮ ᠦ᠋ᠨ ᠪᠦᠲᠦᠭᠡᠨ ᠪᠠᠢᠭᠤᠯᠤᠯᠲᠠ ᠵᠢᠴᠢ《ᠬᠣᠶᠠᠷ ᠨᠢᠭᠡ ᠥᠷᠲᠡᠭᠡ》ᠶ᠋ᠢᠨ ᠪᠦᠲᠦᠭᠡᠨ ᠪᠠᠢᠭᠤᠯᠤᠯᠲᠠ ᠶ᠋ᠢᠨ ᠠᠵᠢᠯ ᠢ᠋ ᠰᠢᠨᠵᠢᠯᠡᠨ ᠪᠠᠢᠴᠠᠭᠠᠵᠤ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠵᠡᠷᠭᠡ ᠬᠥᠮᠦᠰ ᠪᠠᠷ᠎ᠠ ᠪᠣᠯᠵᠤ ᠰᠢᠨᠵᠢᠯᠡᠨ ᠪᠠᠢᠴᠠᠭᠠᠪᠠ ᠃
ᠰᠢᠨᠵᠢᠯᠡᠨ ᠪᠠᠢᠴᠠᠭᠠᠬᠤ ᠪᠠᠭ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠰᠢᠭᠦᠨ ᠲᠠᠰᠤᠯᠬᠤ ᠲᠠᠩᠬᠢᠮ ᠂ ᠮᠡᠳᠡᠭᠡ ᠵᠠᠩᠭᠢ ᠶ᠋ᠢᠨ ᠬᠠᠮᠢᠶᠠᠷᠤᠯᠲᠠ ᠶ᠋ᠢᠨ ᠲᠥᠪ ᠵᠡᠷᠭᠡ ᠭᠠᠵᠠᠷ ᠢ᠋ ᠪᠠᠢᠴᠠᠭᠠᠨ ᠦᠵᠡᠭᠰᠡᠨ ᠪᠠᠢᠨ᠎ᠠ᠃
ᠰᠢᠭᠦᠨ ᠲᠠᠰᠤᠯᠬᠤ ᠲᠢᠩᠬᠢᠮ ᠢ᠋ ᠲᠣᠭᠣᠷᠢᠨ ᠦᠵᠡᠵᠦ ᠪᠠᠢᠭ᠎ᠠ ᠨᠢ
ᠵᠠᠷᠭᠤ ᠶ᠋ᠢᠨ ᠦᠢᠯᠡᠴᠢᠯᠡᠭᠡᠨ ᠦ᠌ ᠲᠥᠪ ᠢ᠋ ᠲᠣᠭᠣᠷᠢᠨ ᠦᠵᠡᠵᠦ ᠪᠠᠢᠭ᠎ᠠ ᠨᠢ
ᠮᠡᠳᠡᠭᠡ ᠵᠠᠩᠭᠢ ᠵᠢᠨ ᠬᠠᠮᠢᠶᠠᠷᠤᠯᠲᠠ ᠶᠢᠨ ᠲᠥᠪ ᠢ᠋ ᠲᠣᠭᠤᠷᠢᠨ ᠦᠵᠡᠵᠦ ᠪᠠᠢᠭ᠎ᠠ ᠨᠢ
ᠲᠣᠭᠣᠷᠢᠨ ᠪᠠᠢᠴᠠᠭᠠᠵᠤ ᠳᠠᠭᠤᠰᠤᠭᠰᠠᠨ ᠤ᠋ ᠳᠠᠷᠠᠭ᠎ᠠ ᠂ ᠪᠠᠢᠴᠠᠭᠠᠬᠤ ᠳᠤᠭᠤᠢᠯᠠᠩ ᠪᠣᠯᠤᠨ ᠬᠣᠲᠠ ᠶ᠋ᠢᠨ ᠳᠤᠮᠳᠠ ᠵᠡᠷᠭᠡ ᠵᠢᠨ ᠰᠢᠭᠦᠬᠦ ᠬᠣᠷᠢᠶᠠᠨ ᠤ᠋ ᠬᠣᠯᠪᠣᠭᠳᠠᠯ ᠪᠦᠬᠦᠢ ᠬᠥᠮᠦᠰ ᠪᠠᠢᠴᠠᠭᠠᠨ ᠰᠤᠳᠤᠯᠬᠤ ᠰᠠᠭᠤᠳᠠᠯ ᠤ᠋ᠨ ᠬᠤᠷᠠᠯ ᠢ᠋ ᠶᠠᠪᠤᠭᠳᠠᠭᠤᠯᠤᠭᠰᠠᠨ ᠶᠤᠮ ᠃ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠢ᠋ ᠡᠷᠬᠢᠯᠡᠵᠦ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠵᠢᠴᠢ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠣᠯᠪᠣᠭᠳᠠᠯ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠰᠠᠭᠤᠳᠠᠯ ᠤ᠋ᠨ ᠬᠤᠷᠠᠯ ᠳ᠋ᠤ᠌ ᠣᠷᠤᠯᠴᠠᠭᠰᠠᠨ ᠪᠠᠢᠨ᠎ᠠ᠃
ᠬᠤᠷᠠᠯ ᠳᠡᠭᠡᠷ᠎ᠡ᠂ ᠯᠢ ᠵᠢᠩ ᠭᠦᠸᠧ ᠠ᠋ᠴᠠ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠶ᠋ᠢᠨ ᠠᠵᠢᠯ ᠂ ᠲᠥᠷᠥᠯ ᠬᠤᠪᠢᠶᠠᠨ ᠬᠠᠮᠢᠶᠠᠷᠴᠤ ᠬᠢᠨᠠᠨ ᠰᠢᠯᠭᠠᠬᠤ ᠰᠢᠰᠲᠸᠮ᠂ ᠰᠣᠶᠣᠯ ᠤ᠋ᠨ ᠪᠠᠢᠭᠤᠯᠤᠯᠲᠠ ᠂ ᠴᠢᠬᠡᠴᠢ ᠵᠠᠰᠠᠭ ᠤ᠋ᠨ ᠪᠠᠢᠭᠤᠯᠤᠯᠲᠠ ᠵᠡᠷᠭᠡ ᠠᠵᠢᠯ ᠤ᠋ᠨ ᠲᠤᠬᠠᠢ ᠲᠠᠨᠢᠯᠴᠠᠭᠤᠯᠭ᠎ᠠ ᠬᠢᠪᠡ ᠃ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠡᠷᠡᠭ ᠪᠣᠯᠭᠠᠨ ᠳᠠᠩᠰᠠᠯᠠᠬᠤ ᠪᠠ ᠵᠠᠷᠭᠤ ᠶ᠋ᠢᠨ ᠪᠦᠯᠬᠦᠮ ᠦ᠋ᠨ ᠳᠠᠷᠤᠭ᠎ᠠ ᠠᠭᠤᠯᠠ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ 《ᠬᠣᠶᠠᠷ ᠨᠢᠭᠡ ᠥᠷᠲᠡᠭᠡ》 ᠶ᠋ᠢᠨ ᠪᠠᠢᠭᠤᠯᠤᠯᠲᠠ ᠶ᠋ᠢᠨ ᠦᠨᠳᠦᠰᠦᠨ ᠪᠠᠢᠳᠠᠯ ᠤ᠋ᠨ ᠲᠤᠬᠠᠢ ᠪᠠᠢᠴᠠᠭᠠᠬᠤ ᠳᠤᠭᠤᠢᠯᠠᠩ ᠳ᠋ᠤ᠌ ᠬᠠᠷᠢᠭᠤ ᠮᠡᠳᠡᠭᠦᠯᠦᠯᠲᠡ ᠬᠢᠪᠡ ᠃
ᠰᠠᠭᠤᠳᠠᠯ ᠤ᠋ᠨ ᠬᠤᠷᠠᠯ ᠤ᠋ᠨ ᠳᠠᠷᠠᠭ᠎ᠠ ᠂ ᠹᠠᠨ ᠴᠢᠶᠣᠤ ᠯᠠᠨ ᠠ᠋ᠴᠠ ᠲᠤᠰ ᠤᠳᠠᠭ᠎ᠠ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ ᠢᠷᠡᠵᠦ ᠰᠣᠯᠢᠯᠴᠠᠭ᠎ᠠ ᠬᠢᠬᠦ ᠪᠡᠷ ᠳᠠᠮᠵᠢᠭᠤᠯᠤᠨ ᠡᠯᠪᠡᠭ ᠬᠤᠷᠢᠶᠠᠯᠲᠠ ᠣᠯᠤᠭᠰᠠᠨ ᠰᠡᠳᠭᠢᠯ ᠢ᠋ᠢᠡᠨ ᠢᠯᠡᠳᠭᠡᠪᠡ᠃ ᠡᠣᠷᠳᠣᠰ ᠬᠣᠲᠠ ᠶ᠋ᠢᠨ ᠳᠤᠮᠳᠠ ᠵᠠᠷᠬᠡ ᠶ᠋ᠢᠨ ᠰᠢᠭᠦᠬᠦ ᠬᠣᠷᠢᠢ᠎ᠠ ᠶ᠋ᠢᠨ ᠡᠬᠢᠯᠡᠯᠲᠡ ᠶ᠋ᠢᠨ ᠴᠡᠭ ᠥᠨᠳᠦᠷ ᠂ ᠲᠥᠯᠦᠪᠵᠢᠭᠦᠯᠭᠡ ᠥᠨᠳᠦᠷ ᠂ ᠢᠷᠡᠭᠡᠳᠦᠢ ᠶ᠋ᠢᠨ ᠬᠥᠭᠵᠢᠯᠲᠡ ᠶ᠋ᠢᠨ ᠴᠢᠭᠯᠡᠯ ᠲᠣᠳᠣᠷᠬᠠᠢ ᠪᠠᠢᠵᠤ ᠂《ᠬᠣᠶᠠᠷ ᠨᠢᠬᠡ ᠥᠷᠲᠡᠭᠡ 》ᠪᠤᠢᠳᠣᠬᠡᠠ ᠪᠠᠢᠭᠤᠯᠤᠯᠲᠠ ᠂ ᠬᠠᠮᠢᠶᠠᠷᠤᠯᠲᠠ ᠶ᠋ᠢᠨ ᠰᠢᠰᠲ᠋ᠸᠮ ᠦ᠋ᠨ ᠰᠢᠨ᠎ᠡ ᠡᠭᠦᠳᠦᠯᠲᠡ ᠂ ᠮᠠᠳᠠᠬᠡ ᠵᠠᠩᠭᠢᠴᠢᠯᠠᠯᠲᠠ ᠶ᠋ᠢᠨ ᠪᠤᠢᠳᠣᠬᠡᠠ ᠪᠠᠢᠭᠤᠯᠤᠯᠲᠠ ᠶ᠋ᠢᠨ ᠳᠤᠮᠳᠠᠬᠢ ᠬᠠᠢᠨ ᠰᠦᠪᠡᠭᠴᠢᠯᠡᠯᠲᠡ ᠨᠢ ᠦᠬᠠᠢ ᠬᠣᠲᠠ ᠶ᠋ᠢᠨ ᠳᠤᠮᠳᠠ ᠵᠠᠷᠬᠡ ᠶ᠋ᠢᠨ ᠰᠢᠭᠦᠬᠦ ᠬᠣᠷᠢᠶᠠᠨ ᠤ᠋ ᠳᠠᠷᠠᠭ᠎ᠠ ᠠᠯᠬᠤᠮ ᠤ᠋ᠨ ᠠᠵᠢᠯ ᠳ᠋ᠤ᠌ ᠡᠠᠰᠢᠬ ᠳᠠᠢ ᠯᠠᠪᠯᠠᠯᠲᠠ ᠬᠠᠩᠭᠠᠭᠰᠠᠨ ᠪᠠᠢᠨ᠎ᠠ ᠃ ᠬᠤᠢᠰᠢᠲᠠ ᠬᠣᠶᠠᠷ ᠬᠣᠷᠢᠶᠠᠨ ᠤ᠋ ᠨᠡᠪᠲᠡᠷᠡᠯᠴᠡᠭᠡ ᠪᠡᠨ ᠤᠯᠠᠮ ᠨᠢᠭᠡ ᠠᠯᠬᠤᠮ ᠴᠢᠩᠭᠠᠳᠭᠠᠨ ᠂ ᠬᠠᠷᠢᠯᠴᠠᠨ ᠰᠤᠷᠤᠯᠴᠠᠵᠤ ᠂ ᠬᠣᠶᠠᠷ ᠬᠣᠷᠢᠶᠠᠨ ᠤ᠋ ᠡᠯ᠎ᠡ ᠵᠦᠢᠯ ᠦ᠋ᠨ ᠠᠵᠢᠯ ᠢ᠋ ᠬᠠᠮᠲᠤ ᠪᠠᠷ ᠬᠥᠭᠵᠢᠭᠦᠯᠬᠦ ᠶ᠋ᠢ ᠬᠦᠰᠡᠵᠦ ᠪᠠᠢᠨ᠎ᠠ ᠭᠡᠪᠡ᠃
ᠳᠠᠷᠠᠭ᠎ᠠ ᠪᠠᠷ ᠦᠬᠠᠢ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠪᠠᠢᠴᠠᠭᠠᠬᠤ ᠳᠤᠭᠤᠢᠯᠠᠩ ᠤ᠋ᠨ ᠬᠢᠨ ᠺᠠᠩᠪᠠᠱ ᠬᠣᠲᠠ ᠵᠢᠨ ᠰᠢᠭᠦᠬᠦ ᠬᠣᠷᠢᠶᠠᠨ ᠳ᠋ᠤ᠌ ᠬᠦᠷᠴᠦ ᠪᠠᠢᠴᠠᠭᠠᠨ ᠰᠤᠳᠤᠯᠤᠯᠲᠠ ᠬᠢᠪᠡ ᠃
ᠺᠠᠩᠪᠠᠱ ᠬᠣᠲᠠ ᠵᠢᠨ ᠰᠢᠭᠦᠬᠦ ᠬᠣᠷᠢᠶ᠎ᠠ ᠶ᠋ᠢᠨ ᠵᠠᠷᠭᠤ ᠶ᠋ᠢᠨ ᠦᠢᠯᠡᠴᠢᠯᠡᠭᠡᠨ ᠦ᠌ ᠲᠥᠪ ᠢ᠋ ᠲᠣᠭᠣᠷᠢᠨ ᠦᠵᠡᠵᠦ ᠪᠠᠢᠭ᠎ᠠ ᠨᠢ
ᠦᠨᠡᠯᠡᠬᠦ 0ᠦᠨᠡᠯᠡᠯᠲᠡ ᠲᠠᠢ