ᠦᠨᠳᠦᠰᠦᠨ ᠱᠠᠲᠤᠨ ᠢ᠋ ᠬᠠᠯᠠᠮᠵᠢᠯᠠᠵᠤ᠂ ᠲᠥᠯᠦᠭᠡᠯᠡᠭᠴᠢᠳ ᠤ᠋ᠨ ᠰᠠᠨᠠᠯ ᠢ᠋ ᠰᠣᠨᠤᠰᠬᠤ—ᠰᠦ ᠯᠢ ᠵᠢᠶᠦ᠋ᠨ ᠬᠣᠷᠢᠶᠠᠨ ᠳᠠᠷᠤᠭ᠎ᠠ ᠪᠦᠬᠦ ᠤᠯᠤᠰ ᠤ᠋ᠨ ᠠᠷᠠᠳ ᠤ᠋ᠨ ᠲᠥᠯᠦᠭᠡᠯᠡᠭᠴᠢ ᠯᠢᠦ ᠯᠢ ᠹᠸᠨ ᠢ᠋ ᠤᠷᠢᠵᠤ ᠴᠢ ᠫᠠᠨ ᠵᠢᠩ ᠤ᠋ᠨ ᠰᠢᠭᠦᠬᠦ ᠲᠠᠩᠬᠢᠮ ᠳ᠋ᠤ ᠪᠠᠢᠴᠠᠭᠠᠨ ᠰᠤᠳᠤᠯᠤᠯᠲᠠ ᠬᠢᠵᠦ ᠠᠵᠢᠯ ᠢ᠋ ᠵᠢᠭᠠᠨ ᠵᠢᠯᠤᠭᠤᠳᠪᠠ
2020.07.14 ᠲᠣᠰ ᠥᠷᠲᠡᠭᠡᠨ᠎ᠦ ᠨᠠᠢᠷᠠᠭᠤᠯᠤᠭᠴᠢ

      7 ᠰᠠᠷ᠎ᠠ ᠶ᠋ᠢᠨ 3  ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠵᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠪᠣᠯᠤᠨ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠯᠢᠦ ᠯᠢ ᠹᠸᠨ ᠴᠢ ᠫᠠᠨ ᠵᠢᠩ ᠦ᠋ᠨ ᠠᠷᠠᠳ ᠤ᠋ᠨ ᠰᠢᠭᠦᠬᠦ ᠲᠢᠩᠬᠢᠮ ᠳ᠋ᠦ᠍ ᠪᠠᠢᠴᠠᠭᠠᠨ ᠰᠤᠳᠤᠯᠤᠯᠲᠠ ᠬᠢᠬᠦ ᠵᠢᠯᠣᠭᠣᠳᠬᠤ ᠠᠵᠢᠯ ᠢ᠋ᠶ᠋ᠠᠨ ᠡᠬᠢᠯᠡᠭᠦᠯᠪᠡ ᠃ᠣᠲᠣᠭ ᠬᠣᠰᠢᠭᠤᠨ  ᠤ᠋ ᠨᠠᠮ ᠤ᠋ᠨ ᠬᠣᠷᠢᠶᠠᠨ ᠤ᠋ ᠳᠡᠳ᠋  ᠱᠦᠵᠢ ᠂ ᠤᠯᠤᠰ ᠲᠥᠷᠥ ᠬᠠᠤᠯᠢ ᠴᠠᠭᠠᠵᠠ ᠶ᠋ᠢᠨ ᠵᠥᠪᠯᠡᠯ ᠦ᠋ᠨ ᠱᠦᠵᠢ ᠡᠦ ᠵᠠᠨ ᠺᠤᠸᠠᠨ ᠂ ᠣᠲᠣᠭ ᠬᠣᠰᠢᠭᠤᠨ ᠤ᠋ ᠠᠷᠠᠳ ᠤ᠋ᠨ  ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠬᠣᠷᠢᠶᠠᠨ ᠳᠠᠷᠤᠭ᠎ᠠ ᠯᠢᠦ ᠶᠦᠩ ᠵᠢᠶᠦ᠋ᠨ ᠂ ᠣᠲᠣᠭ ᠤ᠋ᠨ ᠠᠵᠤ ᠠᠬᠤᠢ ᠶ᠋ᠢᠨ ᠨᠡᠭᠡᠭᠡᠯᠲᠡ ᠶ᠋ᠢᠨ ᠲᠣᠭᠣᠷᠢᠭ ᠤ᠋ᠨ ᠬᠠᠮᠢᠶᠠᠷᠤᠯᠲᠠ ᠶ᠋ᠢᠨ ᠵᠥᠪᠯᠡᠯ ᠦ᠋ᠨ ᠳᠡᠳ᠋ ᠡᠷᠬᠢᠯᠡᠭᠴᠢ ᠸᠠᠩ ᠹᠦ ᠨᠠᠷ ᠪᠠᠷ᠎ᠠ ᠪᠣᠯᠤᠨ ᠪᠠᠢᠴᠠᠭᠠᠨ ᠰᠤᠳᠤᠯᠪᠠ᠃


   

      ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠴᠢ ᠫᠠᠨ ᠵᠢᠩ ᠦ᠋ᠨ ᠠᠷᠠᠳ ᠤ᠋ᠨ ᠰᠢᠭᠦᠬᠦ ᠲᠢᠩᠬᠢᠮ ᠂ ᠣᠲᠣᠭ  ᠬᠣᠰᠢᠭᠤᠨ ᠤ᠋ ᠰᠢᠭᠦᠬᠦ ᠬᠣᠷᠢᠶᠠᠨ ᠤ᠋ ᠭᠦᠢᠴᠡᠳᠭᠡᠬᠦ ᠬᠣᠶᠠᠳᠤᠭᠠᠷ ᠬᠤᠪᠢᠶᠠᠷᠢ ᠲᠣᠪᠴᠢᠶ᠎ᠠ ᠶ᠋ᠢ ᠲᠤᠬᠠᠢ ᠶ᠋ᠢᠨ ᠭᠠᠵᠠᠷ ᠲᠤᠨᠢ ᠪᠠᠢᠴᠠᠭᠠᠨ ᠦᠵᠡᠵᠦ ᠂ ᠣᠲᠣᠭ  ᠬᠣᠰᠢᠭᠤᠨ ᠤ᠋  ᠰᠢᠭᠦᠬᠦ ᠬᠣᠷᠢᠶᠠᠨ ᠤ᠋ ᠬᠢᠨᠠᠨ ᠭᠦᠢᠴᠡᠳᠬᠡᠬᠦ ᠶᠠᠰᠤ ᠴᠢᠨᠠᠷ ᠦᠷ᠎ᠡ ᠠᠰᠢᠭ᠂ᠰᠣᠶᠣᠯ ᠤ᠋ᠨ ᠪᠦᠲᠦᠭᠡᠨ ᠪᠠᠢᠭᠤᠯᠤᠯᠲᠠ ᠂ ᠺᠠᠲ᠋ᠷ ᠴᠠᠭᠳᠠᠭ᠎ᠠ ᠶ᠋ᠢᠨ ᠠᠵᠢᠯ ᠤ᠋ᠨ ᠪᠠᠢᠳᠠᠯ ᠳ᠋ᠤ ᠳᠡᠭᠡᠳᠦ  ᠬᠡᠮᠵᠢᠶᠡᠨ ᠤ᠋ ᠦᠨᠡᠯᠡᠯᠲᠡ ᠥᠭᠭᠦᠭᠰᠡᠨ ᠪᠠᠢᠨ᠎ᠠ᠃ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠢᠭ᠎ᠠ ᠨᠢᠭᠡᠳᠦᠭᠡᠷ ᠹᠷᠣᠨᠲ ᠤ᠋ᠨ ᠺᠠᠲ᠋ᠷ ᠴᠠᠭᠳᠠᠭ᠎ᠠ ᠶ᠋ᠢ ᠳᠣᠲᠣᠨᠣ ᠪᠠᠷ ᠲᠣᠬᠣᠨᠢᠭᠤᠯᠵᠤ ᠂ ᠲᠡᠳᠡᠨ ᠢ᠋ ᠦᠷᠭᠦᠯᠵᠢᠯᠡᠨ ᠡᠷᠳᠡᠮ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ ᠂ ᠠᠵᠢᠯ ᠢ᠋ᠶ᠋ᠠᠨ ᠯᠠᠪᠳᠠᠭᠤᠨ ᠪᠠᠲᠤᠲᠠᠢ ᠬᠢᠬᠦ ᠬᠡᠷᠡᠭᠲᠡᠢ ᠭᠡᠮᠡᠨ ᠵᠣᠷᠢᠭᠵᠢᠭᠤᠯᠤᠭᠰᠠᠨ ᠪᠠᠢᠨ᠎ᠠ᠃


     

     ᠰᠦ᠍ ᠯᠢ ᠵᠢᠶᠦ᠋ᠨ ᠵᠢᠭᠠᠵᠤ ᠭᠠᠷᠭᠠᠭᠰᠠᠨ ᠨᠢ᠂ᠦᠨᠳᠦᠰᠦᠨ ᠱᠠᠲᠤᠨ ᠤ᠋ ᠠᠷᠠᠳ ᠤ᠋ᠨ ᠰᠢᠭᠦᠬᠦ ᠲᠢᠩᠬᠢᠮ ᠨᠢ ᠮᠠᠯᠵᠢᠬᠤ ᠲᠠᠷᠢᠶᠠᠯᠠᠬᠤ ᠣᠷᠣᠨ ᠤ᠋ ᠣᠯᠠᠨ ᠲᠦᠮᠡᠨ ᠳ᠋ᠦ᠍ ᠦᠢᠯᠡᠴᠢᠯᠡᠬᠦ ᠂ ᠬᠠᠤᠯᠢ ᠴᠠᠭᠠᠵᠠ ᠶ᠋ᠢᠨ ᠦᠢᠯᠡᠴᠢᠯᠡᠭᠡᠨ ᠳ᠋ᠦ᠍ ᠦᠢᠯᠡᠴᠢᠯᠡᠬᠦ《 ᠬᠠᠮᠤᠭ ᠡᠴᠦᠰ ᠦ᠋ᠨ ᠨᠢᠭᠡ ᠺᠢᠯᠣᠮᠧᠲ᠋ᠷ》 ᠦ᠋ᠨ ᠵᠢᠭᠰᠠᠭᠠᠯ ᠤ᠋ᠨ ᠭᠠᠵᠠᠷ ᠪᠣᠯᠤᠭᠰᠠᠨ ᠤ᠋ ᠬᠤᠪᠢ ᠳ᠋ᠤ᠌ ᠂ ᠲᠥᠪ ᠭᠣᠣᠯᠴᠢ  ᠰᠢᠳᠤᠷᠭᠤ ᠶᠣᠰᠣ ᠶ᠋ᠢ ᠬᠠᠮᠠᠭᠠᠯᠠᠬᠤ ᠂ ᠨᠠᠮ ᠤ᠋ᠨ ᠳᠠᠭᠤᠨ ᠢ᠋ ᠳᠠᠮᠵᠢᠭᠤᠯᠬᠤ ᠂ ᠭᠠᠵᠠᠷ ᠣᠷᠣᠨ ᠤ᠋ ᠲᠣᠭᠲᠠᠭᠤᠨ ᠪᠠᠢᠳᠠᠯ ᠢ᠋ ᠬᠠᠮᠠᠭᠠᠯᠠᠬᠤ ᠵᠡᠷᠭᠡ ᠲᠠᠯ᠎ᠠ ᠪᠠᠷ ᠲᠤᠢᠯ ᠤ᠋ᠨ ᠴᠢᠬᠤᠯᠠ ᠠᠴᠢ ᠬᠣᠯᠪᠣᠭᠳᠠᠯ ᠲᠠᠢ ᠶᠤᠮ ᠂ᠡᠢᠮᠦ ᠤᠴᠢᠷ ᠠ᠋ᠴᠠ ᠤᠯᠠᠮ ᠨᠢᠭᠡ ᠠᠯᠬᠤᠮ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠂ ᠠᠷᠠᠳ ᠣᠯᠠᠨ ᠳ᠋ᠤ ᠬᠠᠤᠯᠢ ᠴᠠᠭᠠᠵᠠ ᠵᠢᠨ ᠲᠥᠪ ᠭᠣᠣᠯᠴᠢ ᠵᠢ ᠡᠳ᠋ᠯᠡᠭᠦᠯᠬᠦ ᠪᠡᠷ ᠴᠢᠷᠮᠠᠢᠬᠤ ᠬᠡᠷᠡᠭᠲᠡᠢ᠃


     

    ᠰᠦ᠍ ᠯᠢ ᠵᠢᠶᠣᠢᠠ ᠡᠣᠨᠣᠯ ᠤ᠋ᠨ ᠰᠤᠷᠤᠯᠴᠠᠯᠭ᠎ᠠ ᠪᠠᠷ ᠰᠠᠭᠤᠷᠢ  ᠪᠣᠯᠭᠠᠬᠤ ᠬᠡᠷᠡᠭᠲᠡᠢ ᠬᠡᠮᠡᠨ ᠴᠢᠬᠤᠯᠠᠴᠢᠯᠠᠪᠠ᠃ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠡᠷᠡᠰ ᠲᠤᠤᠱᠯᠠᠭᠤᠯᠵᠤ ᠂《ᠳᠥᠷᠪᠡᠨ ᠤᠬᠠᠮᠰᠠᠷ 》 ᠢ᠋ ᠪᠠᠲᠤ ᠪᠡᠬᠢ ᠪᠣᠢ ᠪᠣᠯᠭᠠᠵᠤ ᠂ 《ᠳᠥᠷᠪᠡᠨ ᠢᠲᠡᠭᠡᠯ 》 ᠢ᠋ ᠪᠠᠲᠤᠳᠭᠠᠵᠤ ᠂《ᠬᠣᠶᠠᠷ ᠢ᠋ ᠬᠠᠮᠠᠭᠠᠯᠠᠬᠤ》 ᠰᠢᠭᠦᠬᠦ ᠬᠣᠷᠢᠶᠠᠨ ᠤ᠋ ᠦᠵᠡᠯ ᠤᠬᠠᠮᠰᠠᠷ ᠤ᠋ᠨ ᠬᠡᠯᠪᠡᠷᠢ ᠶ᠋ᠢᠨ ᠵᠢᠭᠰᠠᠭᠠᠯ ᠤ᠋ᠨ ᠭᠠᠵᠠᠷ ᠢ᠋ ᠪᠠᠲᠤ ᠰᠠᠬᠢᠵᠤ ᠂ ᠬᠤᠪᠢᠰᠭᠠᠯᠵᠢᠭᠰᠠᠨ ᠂ᠵᠢᠩᠬᠢᠨᠢᠴᠢᠯᠡᠭᠰᠡᠨ ᠂ ᠲᠤᠰᠭᠠᠢᠵᠢᠭᠰᠠᠨ  ᠰᠢᠭᠦᠬᠦ ᠬᠣᠷᠢᠶᠠᠨ ᠤ᠋ ᠡᠩᠨᠡᠭᠡ ᠶ᠋ᠢ ᠪᠥᠬᠥ ᠬᠦᠴᠦᠨ ᠢ᠋ᠶ᠋ᠡᠷ ᠡᠭᠦᠳᠦᠨ ᠪᠠᠢᠭᠤᠯᠬᠤ ᠬᠡᠷᠡᠭᠲᠡᠢ᠃ᠶᠡᠬᠡ ᠲᠠᠯ᠎ᠠ ᠳ᠋ᠤ᠌ ᠦᠢᠯᠡᠴᠢᠯᠡᠬᠦ ᠪᠡᠷ ᠵᠣᠷᠢᠯᠲᠠ ᠪᠣᠯᠭᠠᠨ᠂ ᠨᠡᠭᠡᠭᠡᠯᠲᠡ ᠶ᠋ᠢᠨ ᠲᠣᠭᠣᠷᠢᠭ ᠤ᠋ᠨ ᠡᠠᠵᠣ ᠡᠣᠢᠯᠠᠣᠠᠪᠤᠷᠢ ᠡᠠᠭᠣᠷᠬᠠᠢ ᠶ᠋ᠢᠨ ᠡᠠᠵᠣ ᠡᠠᠬᠣᠢᠯᠠᠯ ᠡᠣᠯᠠᠠ ᠂ ᠭᠠᠳᠠᠨ᠎ᠠ ᠠ᠋ᠴᠠ ᠢᠷᠡᠭᠰᠡᠨ  ᠬᠥᠮᠦᠰ ᠡᠣᠯᠠᠠ ᠂ ᠡᠠᠵᠣ ᠡᠠᠬᠣᠢ ᠵᠢᠨ  ᠲᠦᠷᠭᠡᠨ ᠡᠷᠭᠢᠯᠲᠡ ᠵᠢᠨ ᠡᠣᠠᠴᠠᠯᠢᠬ  ᠲᠠᠢ ᠤᠶᠠᠯᠳᠤᠭᠤᠯᠤᠨ᠂ ᠭᠠᠷᠴᠤ ᠮᠡᠳᠡᠬᠦ ᠡᠠᠰᠠᠭᠣᠳᠠᠯ ᠳᠡᠭᠡᠷ᠎ᠡ ᠤᠷᠢᠳᠴᠢᠯᠠᠨ ᠰᠤᠳᠤᠯᠤᠨ ᠮᠠᠭᠠᠳᠯᠠᠵᠤ᠂ᠴᠠᠭ ᠲᠤᠬᠠᠢ ᠳ᠋ᠤᠨᠢ ᠰᠡᠷᠡᠮᠵᠢᠯᠡᠵᠦ᠂ᠨᠠᠮ ᠤ᠋ᠨ ᠬᠣᠷᠢᠢ᠎ᠠ ᠶ᠋ᠢᠨ ᠪᠣᠳᠣᠯᠭ᠎ᠠ ᠲᠣᠭᠲᠠᠭᠠᠬᠤ ᠳ᠋ᠤ᠌ ᠬᠠᠤᠯᠢ ᠴᠠᠭᠠᠵᠠ ᠶ᠋ᠢᠨ ᠳᠡᠮᠵᠢᠯᠭᠡ ᠬᠠᠩᠭᠠᠭᠰᠠᠨ ᠪᠠᠢᠬᠤ ᠬᠡᠷᠡᠭᠲᠡᠢ᠃ ᠠᠷᠠᠳ ᠤ᠋ᠨ ᠲᠥᠯᠥᠭᠡ ᠬᠠᠤᠯᠢ ᠪᠠᠷᠢᠬᠤ ᠪᠠᠷ ᠬᠠᠷᠠᠯᠲᠠ ᠪᠣᠯᠭᠠᠵᠤ᠂ ᠠᠷᠠᠳ ᠲᠦᠮᠡᠨ ᠢ᠋ᠶ᠋ᠡᠷ ᠭᠣᠣᠯ ᠪᠣᠯᠭᠠᠬᠤ ᠶ᠋ᠢ ᠪᠠᠷᠢᠮᠲᠠᠯᠠᠵᠤ ᠂ ᠣᠯᠠᠨ ᠲᠦᠮᠡᠨ ᠦ᠌ ᠬᠡᠷᠡᠭᠴᠡᠭᠡ ᠪᠡᠷ ᠤᠳᠤᠷᠢᠳᠤᠮᠵᠢ ᠪᠣᠯᠭᠠᠨ ᠂《 ᠬᠣᠶᠠᠷ ᠨᠢᠭᠡ ᠥᠷᠲᠡᠭᠡᠨ ᠦ᠌ ᠮᠠᠶᠢᠭ 》 ᠤ᠋ᠨ ᠪᠦᠲᠦᠭᠡᠨ ᠪᠠᠢᠭᠤᠯᠤᠯᠲᠠ ᠶ᠋ᠢ ᠪᠥᠬᠥ ᠲᠠᠯ᠎ᠠ ᠪᠠᠷ ᠭᠦᠨᠵᠡᠭᠡᠢᠷᠡᠭᠦᠯᠵᠦ᠂ ᠬᠢᠵᠢᠭ᠌ ᠦ᠋ᠨ ᠬᠤᠭᠤᠴᠠᠭᠠᠨ ᠳ᠋ᠤ᠌ ᠯᠤᠲᠤ ᠶᠡᠬᠡ ᠦᠢᠯᠡᠳᠦᠯ ᠦᠵᠡᠭᠦᠯᠦᠭᠰᠡᠨ《 ᠡᠭᠦᠯᠡᠨ 》 ᠰᠢᠰᠲᠸᠮ ᠢ᠋ ᠬᠡᠷᠡᠭᠯᠡᠭᠰᠡᠨ  ᠲᠤᠷᠰᠢᠯᠭ᠎ᠠ ᠪᠠᠨ ᠳ᠋ᠦᠩᠨᠡᠵᠦ ᠂ ᠣᠯᠠᠨ ᠲᠦᠮᠡᠨ ᠦ᠌ ᠵᠣᠭᠰᠣᠴᠠ ᠠ᠋ᠴᠠ ᠬᠡᠷᠡᠭ ᠶᠠᠪᠤᠳᠠᠯ ᠪᠠ ᠠᠰᠠᠭᠤᠳᠠᠯ ᠢ᠋ ᠦᠵᠡᠵᠦ ᠂ ᠲᠣᠭ᠎ᠠ ᠪᠠᠷᠢᠮᠲᠠ ᠶ᠋ᠢ ᠦᠨᠡᠨ ᠬᠦ᠌ ᠢᠯᠡᠭᠦᠦ ᠶᠠᠪᠤᠭᠤᠯᠵᠤ ᠂ ᠣᠯᠠᠨ ᠲᠦᠮᠡᠨ ᠢ᠋ ᠳᠤᠲᠠᠭᠤ ᠬᠦᠶᠦᠯᠭᠡᠬᠦ ᠪᠡᠷ ᠴᠢᠷᠮᠠᠢᠨ᠎ᠠ᠃ ᠡᠩᠨᠡᠭᠡᠨ ᠦ᠌ ᠪᠠᠢᠭᠤᠯᠤᠯᠲᠠ ᠪᠠᠷ ᠦᠨᠳᠦᠰᠦ ᠪᠣᠯᠭᠠᠵᠤ᠂ᠴᠢᠳᠠᠪᠤᠷᠢᠲᠠᠨ ᠤ᠋ ᠡᠩᠨᠡᠭᠡ ᠶ᠋ᠢᠨ ᠬᠥᠮᠦᠵᠢᠭᠦᠯᠦᠯ ᠪᠠ ᠵᠠᠯᠠᠭᠤ ᠺᠠᠲ᠋ᠷ ᠴᠠᠭᠳᠠᠭ᠎ᠠ ᠶ᠋ᠢᠨ ᠨᠠᠮᠲᠠᠷ ᠢ᠋ ᠴᠢᠬᠤᠯᠠᠴᠢᠯᠠᠨ᠂ᠰᠤᠷᠭᠠᠨ ᠬᠥᠮᠦᠵᠢᠭᠦᠯᠬᠦ ᠠᠷᠭ᠎ᠠ ᠮᠠᠶᠢᠭ ᠤ᠋ᠨ ᠲᠠᠯ᠎ᠠ ᠪᠡᠷ  ᠰᠢᠨ᠎ᠡ ᠶ᠋ᠢ ᠡᠭᠦᠳᠴᠦ ᠂  ᠪᠣᠯᠪᠠᠰᠤᠷᠠᠯ ᠤ᠋ᠨ ᠦᠷ᠎ᠡ ᠪᠦᠲᠦᠮᠵᠢ ᠶ᠋ᠢ ᠴᠢᠩᠭᠠᠷᠠᠭᠤᠯᠤᠨ ᠂ ᠲᠤᠰᠭᠠᠢ ᠮᠡᠷᠭᠡᠵᠢᠯ ᠦ᠋ᠨ ᠬᠡᠪ ᠪᠣᠯᠪᠠᠰᠤᠷᠠᠯ ᠢ᠋ ᠳᠡᠭᠡᠭᠰᠢᠯᠡᠭᠦᠯᠦᠨ᠎ᠡ᠃ᠴᠢᠩᠭ᠎ᠠ ᠬᠠᠮᠢᠶᠠᠷᠤᠯᠲᠠ ᠵᠢᠨ ᠰᠠᠭᠤᠷᠢᠨ ᠳᠡᠭᠡᠷ᠎ᠡ ᠂ ᠬᠡᠷᠡᠭ ᠰᠢᠢᠳᠪᠦᠷᠢᠯᠡᠭᠰᠡᠨ ᠦᠷ᠎ᠡ ᠪᠦᠲᠦᠮᠵᠢ ᠂ ᠶᠠᠰᠤ ᠴᠢᠨᠠᠷ ᠪᠠ ᠦᠷ᠎ᠡ ᠪᠦᠲᠦᠮᠵᠢ ᠶ᠋ᠢ ᠴᠢᠬᠤᠯᠠᠴᠢᠯᠠᠵᠤ ᠂ ᠺᠠᠲ᠋ᠷ ᠴᠠᠭᠳᠠᠭ᠎ᠠ ᠶ᠋ᠢ ᠬᠠᠯᠠᠮᠵᠢᠯᠠᠨ ᠬᠠᠢᠷᠠᠯᠠᠵᠤ ᠂ ᠺᠠᠲ᠋ᠷ ᠴᠠᠭᠳᠠᠭ᠎ᠠ ᠶ᠋ᠢᠨ ᠳᠣᠲᠣᠭᠠᠳᠤ ᠶ᠋ᠢᠨ ᠬᠥᠳᠡᠯᠭᠡᠬᠦ ᠬᠦᠴᠦᠨ ᠢ᠋ ᠤᠯᠠᠮ ᠨᠢᠭᠡ ᠠᠯᠬᠤᠮ ᠬᠥᠭᠵᠢᠭᠡᠨ᠎ᠡ ᠃ ᠬᠣᠯᠪᠣᠭ᠎ᠠ ᠬᠠᠷᠢᠯᠴᠠᠭ᠎ᠠ ᠶ᠋ᠢ ᠣᠢᠯᠠᠭᠠᠯᠴᠠᠬᠤ ᠪᠠᠷ ᠭᠠᠷᠳᠠᠴᠠ ᠪᠣᠯᠭᠠᠵᠤ ᠬᠠᠷᠢᠯᠴᠠᠬᠤ ᠠᠷᠭ᠎ᠠ ᠮᠠᠶᠢᠭ ᠢ᠋ᠶ᠋ᠠᠨ ᠲᠠᠰᠤᠷᠠᠯᠲᠠ ᠦᠭᠡᠢ ᠰᠢᠨᠡᠴᠢᠯᠡᠵᠦ᠂ ᠪᠠᠢᠳᠠᠯ ᠢ᠋ᠶ᠋ᠠᠨ ᠴᠢᠩᠭᠠᠳᠭᠠᠵᠤ ᠂  ᠰᠢᠭᠦᠬᠦ ᠬᠣᠷᠢᠶᠠᠨ ᠤ᠋ ᠠᠵᠢᠯ ᠤ᠋ᠨ ᠳᠤᠮᠳᠠᠬᠢ  ᠰᠢᠨ᠎ᠡ ᠬᠥᠳᠡᠯᠦᠯ ᠪᠠᠢᠳᠠᠯ ᠪᠣᠯᠤᠨ  ᠰᠢᠨ᠎ᠡ ᠭᠢᠯᠠᠰ ᠴᠡᠭ ᠢ᠋ ᠴᠠᠭ ᠲᠤᠬᠠᠢ ᠳ᠋ᠤᠨᠢ ᠳ᠋ᠦᠩᠨᠡᠵᠦ ᠂ ᠰᠠᠨᠠᠯ ᠰᠠᠨᠠᠭᠤᠯᠭ᠎ᠠ ᠶ᠋ᠢ ᠰᠣᠨᠣᠰᠴᠤ ᠂ ᠲᠥᠯᠥᠭᠡᠯᠡᠭᠴᠢ  ᠭᠡᠰᠢᠭᠦᠨ ᠢ᠋ ᠲᠣᠭᠲᠠᠮᠠᠯ ᠬᠤᠭᠤᠴᠠᠭ᠎ᠠ ᠲᠠᠢ ᠪᠠᠷ ᠤᠷᠢᠵᠤ  ᠰᠢᠭᠦᠬᠦ ᠲᠢᠩᠬᠢᠮ ᠦ᠋ᠨ  ᠰᠢᠭᠦᠯᠲᠡ ᠶ᠋ᠢ ᠰᠤᠯᠠ  ᠰᠤᠨᠤᠰᠤᠭᠤᠯᠵᠤ ᠂  ᠰᠢᠭᠦᠬᠦ ᠬᠣᠷᠢᠶᠠᠨ ᠤ᠋ ᠠᠵᠢᠯ ᠳ᠋ᠤ᠌ ᠬᠢᠨᠠᠯᠲᠠ ᠲᠠᠯᠪᠢᠬᠤ ᠬᠡᠷᠡᠭᠲᠡᠢ ᠃


      ᠯᠢᠦ ᠯᠢ ᠹᠸᠨ ᠴᠢᠬᠤᠯᠠᠴᠢᠯᠠᠭᠰᠠᠨ ᠨᠢ ᠂ ᠬᠠᠷᠠᠯᠲᠠ ᠡᠭᠦᠷᠭᠡ ᠪᠠ ᠡᠭᠦᠷᠭᠡ ᠴᠢᠳᠠᠪᠬᠢ ᠶ᠋ᠢᠨ ᠣᠷᠣᠨ ᠪᠠᠢᠷᠢ ᠶ᠋ᠢᠨ ᠲᠣᠭᠲᠠᠯᠴᠠᠭ᠎ᠠ ᠶ᠋ᠢ ᠤᠯᠠᠮ ᠨᠢᠭᠡ ᠠᠯᠬᠤᠮ ᠲᠣᠳᠣᠷᠬᠠᠢᠯᠠᠵᠤ ᠂ 《 ᠬᠠᠤᠯᠢ ᠴᠠᠭᠠᠵᠠ ᠶ᠋ᠢᠨ ᠬᠡᠷᠡᠭ ᠨᠢᠭᠡᠪᠦᠷᠢ ᠳ᠋ᠦ᠍ ᠠᠷᠠᠳ ᠣᠯᠠᠨ ᠳ᠋ᠤ᠌ ᠲᠥᠪ ᠭᠣᠣᠯᠴᠢ ᠰᠢᠳᠤᠷᠭᠤ ᠶᠣᠰᠣ ᠶ᠋ᠢ ᠮᠡᠳᠡᠷᠡᠭᠦᠯᠬᠦ ᠪᠡᠷ ᠴᠢᠷᠮᠠᠢᠬᠤ 》 ᠠᠵᠢᠯ ᠤ᠋ᠨ ᠬᠠᠷᠠᠯᠲᠠ ᠶ᠋ᠢ ᠦᠢᠯᠡᠳᠦᠯᠭᠡᠵᠢᠭᠦᠯᠵᠦ ᠂ ᠣᠯᠠᠨ ᠡᠰᠢᠴᠢᠯᠡᠭᠰᠡᠨ ᠵᠢᠭᠤᠷᠠᠯᠳᠤᠭᠠᠨ ᠢ᠋  ᠰᠢᠢᠳᠪᠦᠷᠢᠯᠡᠬᠦ ᠲᠣᠭᠲᠠᠴᠠ ᠶ᠋ᠢ ᠤᠯᠠᠮ ᠲᠡᠭᠦᠯᠳᠡᠷᠵᠢᠭᠦᠯᠵᠦ ᠂ ᠦᠨᠳᠦᠰᠦᠨ ᠱᠠᠲᠤᠨ ᠤ᠋ ᠨᠡᠢᠭᠡᠮ ᠦ᠋ᠨ ᠵᠠᠰᠠᠯᠲᠠ ᠳ᠋ᠤ᠌ ᠢᠳᠡᠪᠬᠢᠲᠡᠢ ᠣᠷᠣᠯᠴᠠᠵᠤ ᠂ ᠵᠥᠷᠢᠴᠡᠯ ᠢ᠋ ᠦᠨᠳᠦᠰᠦᠨ ᠱᠠᠲᠤᠨ ᠳ᠋ᠤ᠌ ᠰᠢᠢᠳᠪᠦᠷᠢᠯᠡᠵᠦ ᠂ ᠠᠷᠠᠳ ᠣᠯᠠᠨ ᠤ᠋ ᠵᠣᠯ ᠵᠢᠷᠭᠠᠯ ᠢ᠋ ᠨᠡᠮᠡᠭᠳᠡᠭᠦᠯᠬᠦ ᠳ᠋ᠦ᠍ ᠬᠤᠪᠢ ᠨᠡᠮᠡᠷᠢ ᠦᠵᠡᠭᠦᠯᠬᠦ ᠬᠡᠷᠡᠭᠲᠡᠢ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )