ᠳᠤᠮᠳᠠᠳᠤ ᠤᠯᠤᠰ ᠤ᠋ᠨ ᠡᠪ ᠬᠠᠮᠲᠤ ᠨᠠᠮ ᠪᠠᠢᠭᠤᠯᠤᠭᠳᠠᠭᠰᠠᠨ 99 ᠵᠢᠯ ᠦ᠋ᠨ ᠣᠢ ᠶ᠋ᠢ ᠳᠤᠷᠠᠰᠭᠠᠬᠤ ᠶ᠋ᠢᠨ ᠲᠥᠯᠥᠭᠡ ᠂6 ᠰᠠᠷ᠎ᠠ ᠶ᠋ᠢᠨ 30 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠ᠋ᠴᠠ ᠨᠠᠮ ᠪᠠᠢᠭᠤᠯᠤᠭᠳᠠᠭᠰᠠᠨ 99 ᠵᠢᠯ ᠦ᠋ᠨ ᠣᠢ ᠶ᠋ᠢ ᠳᠤᠷᠠᠰᠭᠠᠬᠤ《7. 1》 ᠦ᠌ ᠱᠠᠩᠨᠠᠨ ᠬᠥᠬᠢᠭᠦᠯᠬᠦ ᠶᠡᠬᠡ ᠬᠤᠷᠠᠯ ᠵᠢᠴᠢ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠶ᠋ᠢᠨ ᠨᠠᠮ ᠤ᠋ᠨ ᠬᠢᠴᠢᠶᠡᠯ ᠲᠠᠢᠯᠪᠤᠷᠢᠯᠠᠬᠤ ᠠᠵᠢᠯᠯᠠᠭ᠎ᠠ ᠶ᠋ᠢ ᠵᠣᠬᠢᠶᠠᠨ ᠪᠠᠢᠭᠤᠯᠵᠤ ᠬᠤᠷᠠᠯᠳᠤᠭᠤᠯᠪᠠ ᠃ ᠬᠣᠲᠠ ᠶ᠋ᠢᠨ ᠳᠤᠮᠳᠠ ᠵᠡᠷᠭᠡ ᠵᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠳ᠋ᠤ᠌ ᠣᠷᠣᠯᠴᠠᠭᠰᠠᠨ ᠪᠥᠭᠡᠳ ᠨᠠᠮ ᠤ᠋ᠨ ᠬᠢᠴᠢᠶᠡᠯ ᠣᠷᠤᠭᠰᠠᠨ ᠪᠠᠢᠨ᠎ᠠ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ ᠂ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠠ᠋ᠴᠠ ᠬᠤᠷᠠᠯ ᠢ᠋ ᠡᠷᠬᠢᠯᠡᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠤᠳᠤᠷᠢᠳᠬᠤ ᠪᠠᠭ ᠤ᠋ᠨ ᠭᠡᠰᠢᠭᠦᠨ ᠂ ᠠᠵᠢᠯ ᠠ᠋ᠴᠠ ᠪᠠᠨ ᠠᠮᠠᠷᠠᠭᠰᠠᠨ ᠠᠬᠠᠮᠠᠳ ᠨᠠᠮ ᠤ᠋ᠨ ᠭᠡᠰᠢᠭᠦᠨ ᠲᠥᠯᠥᠭᠡᠯᠡᠭᠴᠢ ᠵᠢᠴᠢ ᠪᠦᠬᠦ ᠺᠠᠲ᠋ᠷ ᠴᠠᠭᠳᠠᠭ᠎ᠠ ᠬᠤᠷᠠᠯ ᠳ᠋ᠤ᠌ ᠣᠷᠣᠯᠴᠠᠪᠠ ᠃
ᠬᠤᠷᠠᠯ ᠡᠬᠢᠯᠡᠵᠦ ᠂ ᠪᠦᠬᠦ ᠺᠠᠲ᠋ᠷ ᠴᠠᠭᠳᠠᠭ᠎ᠠ ᠪᠣᠰᠴᠤ ᠂ ᠤᠯᠤᠰ ᠤ᠋ᠨ ᠳᠠᠭᠤᠤ ᠬᠥᠭᠵᠢᠮᠳᠡᠪᠡ᠃ ᠬᠣᠲᠠ ᠶ᠋ᠢᠨ ᠳᠤᠮᠳᠠ ᠵᠡᠷᠭᠡ ᠶ᠋ᠢᠨ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠠᠢ ᠹᠧᠢ ᠰᠠᠢᠰᠢᠶᠠᠨ ᠬᠥᠬᠢᠭᠦᠯᠬᠦ ᠲᠣᠭᠲᠠᠭᠠᠯ ᠢ᠋ ᠤᠩᠰᠢᠨ ᠨᠡᠢᠲᠡᠯᠡᠵᠦ ᠂ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ 3 ᠳᠠᠪᠰᠢᠭᠰᠠᠨ ᠨᠢᠭᠡᠴᠡ᠂ 13 ᠨᠡᠷ᠎ᠡ ᠰᠢᠯᠢᠳᠡᠭ ᠨᠠᠮ ᠤ᠋ᠨ ᠠᠵᠢᠯᠲᠠᠨ᠂3 ᠨᠡᠷ᠎ᠡ ᠰᠢᠯᠢᠳᠡᠭ ᠨᠠᠮ ᠤ᠋ᠨ ᠭᠡᠰᠢᠭᠦᠨ ᠪᠠ ᠰᠢᠨ᠎ᠡ ᠲᠢᠲᠢᠮ ᠠᠭᠤᠰᠭᠢᠨ ᠦᠷᠪᠢᠰᠦᠯ ᠦ᠋ᠨ ᠬᠢᠵᠢᠭ᠌ ᠢ᠋ ᠡᠰᠡᠷᠭᠦᠴᠡᠬᠦ ᠳᠤᠮᠳᠠ ᠳᠣᠪᠣᠢᠮ᠎ᠠ ᠢᠯᠡᠷᠡᠯ ᠲᠡᠢ 8 ᠨᠡᠷ᠎ᠡ ᠰᠢᠯᠢᠳᠡᠭ ᠡᠪ ᠬᠠᠮᠲᠤ ᠨᠠᠮ ᠤ᠋ᠨ ᠭᠡᠰᠢᠭᠦᠨ ᠂ ᠶᠠᠳᠠᠭᠤ ᠠ᠋ᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠤᠮᠳᠠ ᠳᠣᠪᠣᠢᠮ᠎ᠠ ᠢᠯᠡᠷᠡᠯ ᠲᠡᠢ 1 ᠨᠡᠷ᠎ᠡ ᠰᠢᠯᠢᠳᠡᠭ ᠡᠪ ᠬᠠᠮᠲᠤ ᠨᠠᠮ ᠤ᠋ᠨ ᠭᠡᠰᠢᠭᠦᠨ ᠢ᠋ ᠬᠥᠬᠢᠭᠦᠯᠦᠨ ᠰᠠᠢᠰᠢᠶᠠᠪᠠ ᠃
ᠨᠠᠮ ᠤ᠋ᠨ ᠪᠠᠢᠭᠤᠯᠤᠯᠲᠠ ᠶ᠋ᠢᠨ ᠳᠠᠪᠰᠢᠭᠰᠠᠨ ᠨᠢᠭᠡᠴᠡ
ᠰᠢᠯᠢᠳᠡᠭ ᠨᠠᠮ ᠤ᠋ᠨ ᠠᠵᠢᠯ ᠤ᠋ᠨ ᠠᠵᠢᠯᠲᠠᠨ
ᠰᠢᠯᠢᠳᠡᠭ ᠡᠪ ᠬᠠᠮᠲᠤ ᠨᠠᠮ ᠤ᠋ᠨ ᠭᠡᠰᠢᠭᠦᠨ
ᠪᠦᠬᠦ ᠨᠠᠮ ᠤ᠋ᠨ ᠠ᠋ᠴᠠ ᠲᠩᠭᠠᠷᠢᠭᠯᠠᠵᠤ ᠪᠠᠢᠭ᠎ᠠ ᠨᠢ
ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠠ᠋ᠴᠠ ᠨᠠᠮ ᠤ᠋ᠨ ᠬᠢᠴᠢᠶᠡᠯ ᠣᠷᠤᠪᠠ
ᠰᠦ᠍ ᠯᠢ ᠵᠢᠶᠦ᠋ᠨ《ᠬᠠᠤᠯᠢ ᠴᠠᠭᠠᠵᠠ ᠵᠢᠨ ᠠᠷᠢᠭᠤᠨ ᠴᠢᠭᠡᠴᠢ ᠵᠢ ᠬᠢᠴᠢᠶᠡᠩᠭᠦᠢᠯᠡᠨ ᠰᠠᠬᠢᠵᠤ᠂ ᠰᠢᠭᠦᠨ ᠲᠤᠰᠢᠶᠠᠯᠲᠠᠨ ᠤ᠋ ᠤᠤᠯ ᠴᠢᠢᠨᠠᠷ ᠢ᠋ ᠡᠭᠦᠷᠢᠳᠡ ᠬᠠᠳᠠᠭᠠᠯᠠᠬᠤ》 ᠭᠣᠣᠯ ᠰᠡᠳᠦᠪ ᠢ᠋ᠢᠠᠷ《 ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠢᠳᠠᠯ ᠢ᠋ ᠲᠣᠳᠤᠷᠬᠠᠢ ᠲᠠᠨᠢᠵᠤ᠂ᠠᠵᠠ ᠵᠠᠪᠰᠢᠶᠠᠨ ᠲᠠᠭᠠᠷᠠᠬᠤ ᠰᠡᠳᠭᠢᠴᠡ ᠵᠢ ᠡᠷᠡᠰ ᠴᠡᠭᠡᠷᠯᠡᠬᠦ᠂ᠨᠢᠭᠡ ᠨᠠᠰᠤᠨ ᠤ᠋ ᠠᠵᠢᠯ ᠢ᠋ ᠰᠠᠢᠲᠤᠷ ᠬᠢᠬᠦ 》 ᠵᠡᠷᠭᠡ ᠭᠤᠷᠪᠠᠨ ᠲᠠᠯ᠎ᠠ ᠠ᠋ᠴᠠ ᠬᠢᠴᠢᠶᠡᠯ ᠢ᠋ᠢᠡᠨ ᠡᠬᠢᠯᠡᠭᠦᠯᠦᠭᠰᠡᠨ ᠪᠠᠢᠨ᠎ᠠ᠃ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠢᠯᠵᠠᠷᠠᠯ ᠢ᠋ ᠡᠰᠡᠷᠭᠦᠴᠡᠬᠦ ᠠᠵᠢᠯ ᠤ᠋ᠨ ᠬᠣᠯᠪᠣᠭᠳᠠᠯ ᠪᠦᠬᠦᠢ ᠲᠡᠦᠬᠡᠨ ᠠᠬᠤᠢ ᠪᠠᠢᠳᠠᠯ ᠂ ᠬᠣᠯᠪᠣᠭᠳᠠᠯ ᠪᠦᠬᠦᠢ ᠳᠦᠷᠢᠮ ᠬᠠᠤᠯᠢ ᠲᠣᠭᠲᠠᠭᠠᠯ ᠤ᠋ᠨ ᠬᠥᠭᠵᠢᠯᠲᠡ ᠶ᠋ᠢᠨ ᠥᠩᠭᠡᠷᠡᠯᠲᠡ ᠂ ᠣᠳᠣᠬᠠᠨ ᠤ᠋ ᠬᠠᠤᠯᠢ ᠴᠠᠭᠠᠵᠠ ᠶ᠋ᠢᠨ ᠬᠦᠷᠢᠶᠡᠨ ᠳ᠋ᠡᠬᠢ ᠢᠯᠵᠠᠷᠠᠯ ᠢ᠋ ᠵᠠᠯᠬᠠᠭᠠᠨ ᠰᠢᠢᠳᠭᠡᠬᠦ ᠴᠢᠩᠭ᠎ᠠ ᠪᠠᠢᠳᠠᠯ ᠤ᠋ᠨ ᠲᠤᠬᠠᠢ ᠰᠢᠰᠲ᠋ᠧᠮ ᠲᠡᠢ ᠪᠡᠷ ᠲᠠᠨᠢᠯᠴᠠᠭᠤᠯᠪᠠ ᠃ ᠪᠦᠬᠦ ᠺᠠᠲ᠋ᠷ ᠴᠠᠭᠳᠠᠭ᠎ᠠ ᠳ᠋ᠤ᠌ ᠨᠢᠭᠡᠳᠦᠭᠡᠷ ᠰᠡᠷᠭᠡᠢᠯᠡᠯᠲᠡ ᠶ᠋ᠢᠨ ᠱᠤᠭᠤᠮ ᠢ᠋ ᠰᠠᠬᠢᠵᠤ᠂ ᠪᠡᠶ᠎ᠡ ᠪᠡᠨ ᠴᠢᠩᠭ᠎ᠠ ᠱᠠᠭᠠᠷᠳᠠᠨ《 ᠲᠥᠪ ᠭᠣᠣᠯᠴᠢ᠂ ᠠᠷᠢᠭᠤᠨ ᠴᠢᠬᠡᠴᠢ᠂ ᠠᠷᠠᠳ ᠤ᠋ᠨ ᠲᠥᠯᠥᠭᠡ ᠵᠢᠳᠭᠦᠬᠦ ᠬᠡᠷᠡᠭᠲᠡᠢ》 ᠭᠡᠮᠡᠨ ᠬᠢᠴᠢᠶᠡᠩᠭᠦᠢᠯᠡᠨ ᠵᠠᠬᠢᠭᠰᠠᠨ ᠪᠠᠢᠨ᠎ᠠ ᠃
ᠬᠠᠮᠤᠭ ᠰᠡᠭᠦᠯ ᠳ᠋ᠦ᠍ ᠂ ᠰᠦ᠍ ᠯᠢ ᠵᠢᠶᠦ᠋ᠨ ᠠ᠋ᠴᠠ ᠪᠦᠬᠦ ᠺᠠᠲ᠋ᠷ ᠴᠠᠭᠳᠠᠭ᠎ᠠ ᠳ᠋ᠤ《ᠰᠢᠷᠬᠡᠭ ᠮᠥᠬᠦᠯᠢᠭ ᠪᠦᠷᠢ ᠮᠢᠨᠤ ᠨᠡᠷ᠎ᠡ ᠲᠥᠷᠦ ᠲᠠᠢ ᠬᠣᠯᠪᠤᠭᠳᠠᠨ᠎ᠠ᠂ ᠨᠢᠭᠡ ᠮᠥᠬᠦᠯᠢᠭ ᠨᠢᠭᠡ ᠮᠥᠩᠭᠦ ᠴᠤ ᠠᠷᠠᠳ ᠤ᠋ᠨ ᠬᠦᠴᠦ ᠬᠥᠯᠦᠰᠦ ᠮᠥᠨ᠂ ᠬᠡᠷᠪᠡ ᠵᠢᠷᠥᠮ ᠪᠤᠰᠤ ᠡᠳ᠋ ᠠᠰᠢᠭ ᠲᠤ ᠳᠤᠷᠠᠯᠠᠪᠠᠯ᠂ ᠬᠥᠮᠦᠨ ᠴᠢᠨᠠᠷ ᠰᠣᠬᠤᠷ ᠵᠣᠭᠤᠰ ᠴᠤ ᠬᠦᠷᠬᠦ ᠦᠭᠡᠢ ᠪᠣᠯᠤᠨ᠎ᠠ 》ᠭᠡᠮᠡᠨ ᠺᠠᠲ᠋ᠷ ᠴᠠᠭᠳᠠᠭ᠎ᠠ ᠨᠠᠷ ᠲᠤ 《 ᠤᠭ ᠰᠠᠨᠠᠭ᠎ᠠ ᠪᠠᠨ ᠮᠠᠷᠲᠠᠯ ᠦᠭᠡᠢ᠂ ᠠᠷᠠᠳ ᠤ᠋ᠨ ᠲᠥᠯᠦᠭᠡ ᠦᠢᠯᠡᠴᠢᠯᠡᠬᠦ ᠵᠢ ᠪᠠᠷᠢᠮᠲᠠᠯᠠᠬᠤ ᠬᠡᠷᠡᠭᠲᠡᠢ 》 ᠭᠡᠳᠡᠭ ᠬᠦᠰᠡᠯ ᠱᠠᠭᠠᠷᠳᠠᠯᠭ᠎ᠠ ᠵᠢ ᠲᠠᠯᠪᠢᠭᠰᠠᠨ ᠪᠠᠢᠨ᠎ᠠ᠃
ᠦᠨᠡᠯᠡᠬᠦ 0ᠦᠨᠡᠯᠡᠯᠲᠡ᠎ᠲᠠᠢ