2020 ᠣᠨ ᠤ᠋ 6 ᠰᠠᠷ᠎ᠠ ᠶ᠋ᠢᠨ 24 ᠦ᠌ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠵᠢᠨ ᠰᠢᠭᠦᠬᠦ ᠬᠣᠷᠢᠶ᠎ᠠ ᠪᠣᠯᠤᠨ ᠺᠠᠩᠪᠠᠱ ᠲᠣᠭᠣᠷᠢᠭ ᠤ᠋ᠨ ᠰᠢᠭᠦᠬᠦ ᠬᠣᠷᠢᠶ᠎ᠠ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ ᠂ 《 ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠴᠠᠭᠠᠨ ᠭᠠᠳᠠᠷᠲᠤ ᠪᠢᠴᠢᠭ᠌ — ᠣᠷᠳᠣᠰ ᠬᠣᠲᠠ ᠶ᠋ᠢᠨ ᠣᠷᠣᠨ ᠠᠯᠤᠰᠯᠠᠵᠤ ᠲᠥᠪᠯᠡᠷᠡᠭᠦᠯᠦᠨ ᠬᠠᠮᠢᠶᠠᠷᠬᠤ ᠵᠠᠰᠠᠭ ᠵᠠᠬᠢᠷᠭᠠᠨ ᠤ᠋ ᠵᠠᠷᠭᠤ ᠶ᠋ᠢᠨ ᠬᠡᠷᠡᠭ 2019 ᠣᠨ ᠤ᠋ ᠬᠠᠤᠯᠢ ᠴᠠᠭᠠᠵᠠ ᠶ᠋ᠢᠨ ᠬᠢᠨᠠᠨ ᠪᠠᠢᠴᠠᠭᠠᠯᠲᠠ ᠶ᠋ᠢᠨ ᠮᠡᠳᠡᠭᠦᠯᠦᠯᠲᠡ 》 ᠶ᠋ᠢ ᠨᠡᠢᠭᠡᠮ ᠳ᠋ᠦ᠍ ᠢᠯᠡ ᠪᠡᠷ ᠨᠡᠢᠲᠡᠯᠡᠵᠦ ᠂ ᠣᠷᠣᠨ ᠠᠯᠤᠰᠯᠠᠨ ᠲᠥᠪᠯᠡᠷᠡᠭᠦᠯᠦᠨ ᠬᠠᠮᠢᠶᠠᠷᠬᠤ ᠵᠠᠰᠠᠭ ᠵᠠᠬᠢᠷᠭᠠᠨ ᠤ᠋ ᠵᠠᠷᠭᠤ ᠶ᠋ᠢᠨ ᠬᠡᠷᠡᠭ ᠢ᠋ ᠲᠤᠷᠰᠢᠨ ᠬᠠᠮᠢᠶᠠᠷᠬᠤ ᠶ᠋ᠢ ᠭᠣᠣᠯᠳᠠᠯᠭ᠎ᠠ ᠪᠣᠯᠭᠠᠨ ᠨᠡᠢᠲᠡᠯᠡᠨ ᠬᠡᠷᠡᠭᠵᠢᠭᠦᠯᠪᠡ ᠃ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ᠂ ᠳᠡᠳ᠋ ᠬᠣᠷᠢᠶᠠᠨ ᠳᠠᠷᠤᠭ᠎ᠠ ᠹᠠᠨ ᠶᠢᠤ ᠹᠠ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠭᠡᠰᠢᠭᠦᠨ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠵᠢᠴᠢ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠂ᠺᠠᠩᠪᠠᠱ ᠲᠣᠭᠣᠷᠢᠭ ᠤ᠋ᠨ ᠰᠢᠭᠦᠬᠦ ᠬᠣᠷᠢᠶ᠎ᠠ ᠶ᠋ᠢᠨ ᠵᠠᠰᠠᠭ ᠵᠠᠬᠢᠷᠭᠠᠨ ᠤ᠋ ᠰᠢᠭᠦᠨ ᠲᠠᠰᠤᠯᠬᠤ ᠪᠦᠯᠬᠦᠮ ᠦ᠋ᠨ ᠪᠦᠬᠦ ᠺᠠᠲ᠋ᠷ ᠴᠠᠭᠳᠠᠭ᠎ᠠ ᠂ ᠬᠣᠲᠠ ᠬᠣᠰᠢᠭᠤ ᠲᠣᠭᠣᠷᠢᠭ ᠤ᠋ᠨ ᠬᠠᠤᠯᠢ ᠴᠠᠭᠠᠵᠠ ᠶ᠋ᠢᠨ ᠲᠣᠪᠴᠢᠶ᠎ᠠ ᠶ᠋ᠢᠨ ᠠᠵᠢᠯᠲᠠᠳ ᠬᠤᠷᠠᠯ ᠳ᠋ᠤ᠌ ᠣᠷᠣᠯᠴᠠᠪᠠ ᠃ ᠤᠮᠠᠷᠠᠲᠤ ᠶ᠋ᠢᠨ ᠰᠣᠨᠢᠨ ᠂ ᠥᠪᠥᠷ ᠮᠣᠩᠭᠣᠯ ᠤ᠋ᠨ ᠬᠠᠤᠯᠢ ᠳᠦᠷᠢᠮ ᠦ᠋ᠨ ᠰᠣᠨᠢᠨ ᠂ ᠣᠷᠳᠣᠰ ᠡᠳᠦᠷ ᠦ᠋ᠨ ᠰᠣᠨᠢᠨ ᠂ ᠣᠷᠳᠣᠰ ᠬᠣᠲᠠ ᠶ᠋ᠢᠨ ᠷᠠᠳᠢᠣ᠋ ᠲᠧᠯᠸᠢᠰ ᠬᠣᠷᠢᠶ᠎ᠠ ᠂ ᠣᠷᠳᠤᠰ ᠬᠣᠲᠠ ᠶ᠋ᠢᠨ ᠰᠣᠨᠢᠨ ᠮᠡᠳᠡᠭᠡᠨ ᠦ᠌ ᠰᠦᠯᠵᠢᠶ᠎ᠡ ᠂ ᠣᠷᠳᠣᠰ ᠬᠣᠲᠠ ᠶ᠋ᠢᠨ ᠵᠠᠮ ᠬᠠᠷᠢᠯᠴᠠᠭ᠎ᠠ ᠰᠣᠶᠣᠯ ᠪᠡᠶ᠎ᠡ ᠶ᠋ᠢᠨ ᠲᠠᠮᠢᠷ ᠷᠠᠳᠢᠣ᠋ ᠨᠡᠪᠲᠡᠷᠡᠭᠦᠯᠭᠡ ᠂ ᠣᠷᠳᠣᠰ ᠬᠣᠲᠠ ᠶ᠋ᠢᠨ ᠮᠣᠩᠭᠣᠯ ᠬᠡᠯᠡᠨ ᠦ᠌ ᠷᠠᠳᠢᠣ᠋ ᠨᠡᠪᠲᠡᠷᠡᠭᠦᠯᠭᠡ ᠂ ᠣᠷᠳᠣᠰ ᠬᠣᠲᠠ ᠶ᠋ᠢᠨ ᠰᠢᠨ᠎ᠡ ᠵᠠᠭᠤᠴᠢᠯᠠᠭᠤᠷ ᠤ᠋ᠨ ᠲᠥᠪ ᠂ ᠺᠠᠩᠪᠠᠱ ᠲᠣᠭᠣᠷᠢᠭ ᠤ᠋ᠨ ᠮᠡᠳᠡᠭᠡ ᠵᠠᠭᠤᠴᠢ ᠶ᠋ᠢᠨ ᠲᠥᠪ ᠵᠡᠷᠭᠡ ᠰᠣᠨᠢᠨ ᠮᠡᠳᠡᠭᠡᠨ ᠦ᠌ ᠵᠠᠭᠤᠴᠢᠯᠠᠭᠤᠷ ᠬᠤᠷᠠᠯ ᠳ᠋ᠤ᠌ ᠣᠷᠣᠯᠴᠠᠪᠠ ᠃
2019 ᠣᠨ ᠤ᠋ 1 ᠰᠠᠷ᠎ᠠ ᠶ᠋ᠢᠨ 2 ᠤ᠋ ᠡᠳᠦᠷ ᠪᠥᠬᠥ ᠬᠣᠲᠠ ᠶ᠋ᠢᠨ ᠰᠢᠭᠦᠬᠦ ᠬᠣᠷᠢᠶ᠎ᠠ ᠣᠷᠣᠨ ᠠᠯᠤᠰᠯᠠᠨ ᠲᠥᠪᠯᠡᠷᠡᠭᠦᠯᠦᠨ ᠬᠠᠮᠢᠶᠠᠷᠬᠤ ᠥᠭᠡᠷᠡᠴᠢᠯᠡᠯᠲᠡ ᠶ᠋ᠢ ᠵᠢᠩᠬᠢᠨᠢ ᠪᠡᠷ ᠬᠡᠷᠡᠭᠵᠢᠭᠦᠯᠦᠭᠰᠡᠨ ᠡᠴᠡ ᠨᠠᠰᠢ ᠂ ᠭᠠᠳᠠᠭᠠᠳᠤ ᠳ᠋ᠤ᠌ ᠨᠡᠢᠲᠡᠯᠡᠭᠰᠡᠨ ᠠᠩᠬᠠᠳᠠᠭᠴᠢ ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠴᠠᠭᠠᠨ ᠭᠠᠳᠠᠷᠲᠤ ᠪᠢᠴᠢᠭ᠌ ᠪᠣᠯᠤᠨ᠎ᠠ᠃
ᠣᠨᠴᠠᠭᠠᠢᠯᠠᠨ ᠳᠤᠷᠠᠳᠤᠭᠤᠰᠢᠲᠠᠢ ᠵᠦᠢᠯ ᠭᠡᠪᠡᠯ ᠂ ᠣᠷᠳᠣᠰ ᠬᠣᠲᠠ ᠶ᠋ᠢᠨ ᠨᠠᠮ ᠤ᠋ᠨ ᠬᠣᠷᠢᠶ᠎ᠠ ᠂ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠂ ᠵᠠᠰᠠᠭ ᠤ᠋ᠨ ᠣᠷᠳᠣᠨ ᠂ ᠤᠯᠤᠰ ᠲᠥᠷᠥ ᠶ᠋ᠢᠨ ᠵᠥᠪᠯᠡᠯᠭᠡᠨ ᠦ᠌ ᠭᠣᠣᠯ ᠤᠳᠤᠷᠢᠳᠬᠤ ᠨᠥᠬᠥᠳ ᠲᠤᠰ ᠲᠤᠰ 《 ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠴᠠᠭᠠᠨ ᠭᠠᠳᠠᠷᠲᠤ ᠪᠢᠴᠢᠭ᠌ 》 ᠲᠤ ᠴᠣᠬᠣᠯᠠᠪᠤᠷᠢ ᠥᠭᠴᠦ᠂ ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠣᠷᠣᠨ ᠪᠦᠰᠡ ᠠᠯᠤᠰᠯᠠᠨ ᠲᠥᠪᠯᠡᠷᠡᠭᠦᠯᠦᠨ ᠬᠠᠮᠢᠶᠠᠷᠬᠤ ᠵᠠᠰᠠᠭ ᠵᠠᠬᠢᠷᠭᠠᠨ ᠤ᠋ ᠵᠠᠷᠭᠤ ᠬᠡᠷᠡᠭ ᠦ᠋ᠨ ᠥᠭᠡᠷᠡᠴᠢᠯᠡᠯᠲᠡ ᠶ᠋ᠢᠨ ᠲᠤᠷᠰᠢᠯᠲᠠ ᠶ᠋ᠢᠨ ᠠᠵᠢᠯ ᠳ᠋ᠤ ᠣᠯᠤᠭᠰᠠᠨ ᠱᠠᠲᠤ ᠦᠶ᠎ᠡ ᠶ᠋ᠢᠨ ᠴᠢᠨᠠᠷᠲᠠᠢ ᠥᠭᠡᠷᠡᠴᠢᠯᠡᠯᠲᠡ ᠶ᠋ᠢᠨ ᠦᠷ᠎ᠡ ᠪᠦᠲᠦᠮᠵᠢ ᠶ᠋ᠢ ᠭᠦᠢᠴᠡᠳ ᠨᠤᠲᠠᠯᠠᠵᠠᠢ ᠃ ᠬᠣᠲᠠ ᠶ᠋ᠢᠨ ᠳᠥᠷᠪᠡᠨ ᠶᠡᠬᠡ ᠤᠳᠤᠷᠢᠳᠬᠤ ᠪᠠᠭ ᠤ᠋ᠨ ᠭᠣᠣᠯ ᠤᠳᠤᠷᠢᠳᠤᠯᠭ᠎ᠠ ᠨᠠᠷ ᠴᠠᠭᠠᠨ ᠭᠠᠳᠠᠷᠲᠤ ᠪᠢᠴᠢᠭ᠌ ᠲᠦ᠍ ᠴᠣᠬᠣᠯᠠᠪᠤᠷᠢ ᠬᠢᠭᠰᠡᠨ ᠨᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠠᠤᠯᠢ ᠴᠠᠭᠠᠵᠠ ᠶ᠋ᠢᠨ ᠬᠦᠷᠢᠶᠡᠨ ᠳ᠋ᠦ᠍ ᠠᠩᠬ᠎ᠠ ᠤᠳᠠᠭ᠎ᠠ ᠪᠠᠢᠵᠤ ᠂ ᠣᠷᠣᠨ ᠪᠦᠰᠡ ᠠᠯᠤᠰᠯᠠᠨ ᠲᠥᠪᠯᠡᠷᠡᠭᠦᠯᠦᠨ ᠬᠠᠮᠢᠶᠠᠷᠬᠤ ᠥᠭᠡᠷᠡᠴᠢᠯᠡᠯᠲᠡ ᠶ᠋ᠢᠨ ᠰᠢᠨ᠎ᠡ ᠵᠠᠮ ᠢ᠋ ᠬᠠᠢᠨ ᠰᠦᠪᠡᠭᠴᠢᠯᠡᠵᠦ ᠂ ᠰᠢᠨ᠎ᠡ ᠴᠠᠭ ᠦᠶ᠎ᠡ ᠶ᠋ᠢᠨ ᠬᠠᠤᠯᠢ ᠴᠠᠭᠠᠵᠠ ᠶ᠋ᠢᠨ ᠥᠭᠡᠷᠡᠴᠢᠯᠡᠯᠲᠡ ᠶ᠋ᠢᠨ ᠰᠢᠨ᠎ᠡ ᠵᠠᠭᠪᠤᠷ ᠢ᠋ ᠬᠦᠴᠦᠯᠡᠨ ᠪᠣᠢ ᠪᠣᠯᠭᠠᠬᠤ ᠂ ᠬᠠᠤᠯᠢ ᠪᠠᠷ ᠬᠣᠲᠠ ᠶ᠋ᠢ ᠵᠠᠰᠠᠬᠤ ᠠᠬᠢᠴᠠ ᠶ᠋ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳ᠋ᠤ᠌ ᠴᠢᠭᠯᠡᠯ ᠵᠢᠭᠠᠵᠤ ᠂ ᠱᠠᠭᠠᠷᠳᠠᠯᠭ᠎ᠠ ᠳᠤᠷᠠᠳᠤᠭᠰᠠᠨ ᠪᠠᠢᠨ᠎ᠠ ︕ ᠡᠨᠡ ᠨᠢ ᠮᠠᠰᠢ ᠴᠢᠬᠤᠯᠠ ᠠᠴᠢ ᠬᠣᠯᠪᠣᠭᠳᠠᠯ ᠲᠠᠢ ᠪᠠᠢᠳᠠᠭ᠃
《 ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠴᠠᠭᠠᠨ ᠭᠠᠳᠠᠷᠲᠤ ᠪᠢᠴᠢᠭ᠌ 》 ᠲᠦ᠍ ᠵᠢᠭᠠᠨ ᠭᠠᠷᠭᠠᠭᠰᠠᠨ ᠨᠢ ᠂ 2019 ᠣᠨ ᠳ᠋ᠤ᠌ ᠂ ᠬᠣᠲᠠ ᠶ᠋ᠢᠨ ᠨᠠᠮ ᠤ᠋ᠨ ᠬᠣᠷᠢᠶᠠᠨ ᠤ᠋ ᠡᠷᠡᠰ ᠴᠢᠩᠭ᠎ᠠ ᠤᠳᠤᠷᠢᠳᠤᠯᠭ᠎ᠠ ᠂ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠂ ᠤᠯᠤᠰ ᠲᠥᠷᠥ ᠶ᠋ᠢᠨ ᠵᠥᠪᠯᠡᠯᠭᠡᠨ ᠦ᠌ ᠬᠦᠴᠦᠲᠡᠢ ᠬᠢᠨᠠᠯᠲᠠ ᠂ ᠵᠠᠰᠠᠭ ᠤ᠋ᠨ ᠣᠷᠳᠣᠨ ᠤ᠋ ᠢᠳᠡᠪᠬᠢᠲᠡᠢ ᠳᠡᠮᠵᠢᠯᠭᠡ ᠂ ᠳᠡᠭᠡᠳᠦ ᠱᠠᠲᠤᠨ ᠤ᠋ ᠰᠢᠭᠦᠬᠦ ᠬᠣᠷᠢᠶᠠᠨ ᠤ᠋ ᠨᠠᠷᠢᠨ ᠨᠢᠮᠪᠠᠢ ᠵᠢᠯᠣᠭᠣᠳᠤᠯᠭ᠎ᠠ ᠳᠣᠣᠷ᠎ᠠ ᠂ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶ᠋ᠢ ᠪᠠᠷᠢᠮᠲᠠᠯᠠᠵᠤ ᠂ 《 ᠠᠷᠠᠳ ᠲᠦᠮᠡᠨ ᠢ᠋ ᠬᠡᠷᠡᠭ ᠪᠣᠯᠭᠠᠨ ᠳ᠋ᠤ᠌ ᠮᠡᠳᠡᠭᠦᠯᠬᠦ》 ᠭᠡᠰᠡᠨ ᠪᠠᠢᠨ᠎ᠠ ᠃ ᠨᠢᠭᠡ ᠵᠢᠯ ᠭᠠᠷᠤᠢ ᠶ᠋ᠢᠨ ᠬᠤᠭᠤᠴᠠᠭᠠᠨ ᠳ᠋ᠤ᠌ 《 ᠡᠷᠡᠭᠦᠯ ᠮᠡᠨᠳᠦ ᠶ᠋ᠢᠨ ᠬᠠᠤᠯᠢ ᠶ᠋ᠢᠨ ᠠᠶᠠᠯᠠᠯ 》 ᠤ᠋ᠨ ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠲᠥᠷᠥᠯ ᠲᠡᠮᠳᠡᠭ ᠂ 《 ᠵᠠᠰᠠᠭ ᠵᠠᠬᠢᠷᠭᠠᠨ ᠤ᠋ ᠮᠠᠷᠭᠤᠭᠠᠨ ᠢ᠋ ᠡᠶᠡᠳᠡᠭᠦᠯᠦᠨ ᠰᠢᠢᠳᠪᠦᠷᠢᠯᠡᠬᠦ ᠲᠥᠪ + ᠵᠠᠰᠠᠭ ᠵᠠᠬᠢᠷᠭᠠᠨ ᠤ᠋ ᠮᠠᠷᠭᠤᠯᠳᠤᠭᠠᠨ ᠢ᠋ ᠡᠶᠡᠳᠡᠭᠦᠯᠦᠨ ᠰᠢᠢᠳᠪᠦᠷᠢᠯᠡᠬᠦ ᠴᠡᠭ + ᠲᠣᠭᠣᠷᠢᠨ ᠰᠢᠭᠦᠨ ᠲᠠᠰᠤᠯᠬᠤ ᠠᠵᠢᠯ ᠤ᠋ᠨ ᠭᠡᠷ 》 ᠦ᠋ᠨ ᠬᠡᠪ ᠵᠠᠭᠪᠤᠷ ᠂ ᠪᠥᠬᠥ ᠬᠣᠲᠠ ᠶ᠋ᠢᠨ ᠠᠩᠬᠠᠳᠠᠭᠴᠢ ᠬᠠᠤᠯᠢ ᠶᠣᠰᠣᠭᠠᠷ ᠵᠠᠰᠠᠭ ᠶᠠᠪᠤᠭᠤᠯᠬᠤ ᠰᠤᠷᠭᠠᠨ ᠬᠥᠮᠦᠵᠢᠯ ᠦ᠋ᠨ ᠦᠢᠯᠡᠳᠦᠯᠭᠡ ᠶ᠋ᠢᠨ ᠰᠠᠭᠤᠷᠢᠨ ᠭᠠᠵᠠᠷ ᠂ ᠵᠠᠰᠠᠭ ᠵᠠᠬᠢᠷᠭᠠᠨ ᠤ᠋ ᠵᠠᠷᠭᠤ ᠶ᠋ᠢᠨ 《 ᠣᠷᠣᠨ ᠠᠯᠤᠰᠯᠠᠨ ᠬᠡᠷᠡᠭ ᠪᠣᠯᠭᠠᠨ ᠳᠠᠩᠰᠠᠯᠠᠬᠤ + ᠰᠦᠯᠵᠢᠶᠡᠨ ᠳᠡᠭᠡᠷ᠎ᠡ ᠲᠢᠩᠬᠢᠮ ᠨᠡᠭᠡᠭᠡᠬᠦ 》 ᠁ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠣᠯᠤᠨ ᠺᠠᠩᠪᠠᠱ ᠲᠣᠭᠣᠷᠢᠭ ᠤ᠋ᠨ ᠰᠢᠭᠦᠬᠦ ᠬᠣᠷᠢᠶ᠎ᠠ ᠠᠯᠢ ᠣᠯᠠᠨ ᠰᠢᠨ᠎ᠡ ᠶ᠋ᠢ ᠡᠭᠦᠳᠬᠦ ᠬᠦᠴᠦᠨ ᠪᠦᠬᠦᠢ ᠥᠭᠡᠷᠡᠴᠢᠯᠡᠯᠲᠡ ᠶ᠋ᠢᠨ ᠠᠷᠭ᠎ᠠ ᠬᠡᠮᠵᠢᠶ᠎ᠡ ᠪᠡᠷ ᠣᠷᠳᠣᠰ ᠤ᠋ᠨ ᠣᠨᠴᠠᠯᠢᠭ ᠪᠦᠬᠦᠢ ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠰᠢᠨ᠎ᠡ ᠠᠷᠭ᠎ᠠ ᠵᠠᠮ ᠢ᠋ ᠠᠩᠬ᠎ᠠ ᠠᠯᠬᠤᠮ ᠬᠠᠢᠨ ᠰᠦᠪᠡᠭᠴᠢᠯᠡᠪᠡ ᠃ ᠲᠥᠪᠯᠡᠷᠡᠩᠭᠦᠢ ᠬᠠᠮᠢᠶᠠᠷᠤᠯᠲᠠ ᠶ᠋ᠢᠨ ᠥᠭᠡᠷᠡᠴᠢᠯᠡᠯᠲᠡ ᠶ᠋ᠢᠨ ᠲᠤᠷᠰᠢᠯᠲᠠ ᠶ᠋ᠢᠨ ᠠᠵᠢᠯ ᠢ᠋ ᠤᠷᠢᠳ ᠬᠣᠵᠢᠳ 2018 ᠣᠨ ᠤ᠋ ᠣᠷᠳᠣᠰ ᠬᠣᠲᠠ ᠶ᠋ᠢᠨ 《 ᠠᠷᠪᠠᠨ ᠶᠡᠬᠡ ᠬᠠᠤᠯᠢ ᠪᠠᠷ ᠵᠠᠰᠠᠬᠤ ᠬᠡᠷᠡᠭ 》 ᠂ 2019 ᠣᠨ ᠤ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 《 ᠠᠷᠪᠠᠨ ᠶᠡᠬᠡ ᠬᠠᠤᠯᠢ ᠪᠠᠷ ᠵᠠᠰᠠᠬᠤ ᠬᠡᠷᠡᠭ 》 ᠢ᠋ᠶ᠋ᠡᠷ ᠦᠨᠡᠯᠡᠭᠳᠡᠵᠦ ᠂ ᠬᠣᠲᠠ ᠶ᠋ᠢᠨ ᠨᠠᠮ ᠤ᠋ᠨ ᠬᠣᠷᠢᠶ᠎ᠠ ᠂ ᠬᠣᠲᠠ ᠶ᠋ᠢᠨ ᠵᠠᠰᠠᠭ ᠤ᠋ᠨ ᠣᠷᠳᠣᠨ ᠤ᠋ 《 ᠲᠠᠪᠤ ᠶ᠋ᠢ ᠨᠢᠭᠡ ᠴᠣᠭᠴᠠᠵᠢᠭᠤᠯᠬᠤ》 ᠶᠡᠷᠦᠩᠬᠡᠢᠯᠡᠭᠰᠡᠨ ᠬᠢᠨᠠᠨ ᠰᠢᠯᠭᠠᠷᠠᠭᠤᠯᠤᠯᠲᠠ ᠶ᠋ᠢᠨ ᠰᠢᠨ᠎ᠡ ᠶ᠋ᠢ ᠡᠭᠦᠳᠦᠭᠰᠡᠨ ᠱᠠᠩᠨᠠᠯ ᠢ᠋ ᠬᠦᠷᠲᠡᠪᠡ᠃《 ᠵᠠᠰᠠᠭ ᠵᠠᠬᠢᠷᠭᠠᠨ ᠤ᠋ ᠬᠡᠷᠡᠭ ᠦ᠋ᠨ ᠰᠢᠭᠦᠨ ᠲᠠᠰᠤᠯᠤᠯᠲᠠ ᠶ᠋ᠢᠨ ᠴᠠᠭᠠᠨ ᠭᠠᠳᠠᠷᠲᠤ ᠪᠢᠴᠢᠭ᠌ 》 ᠲᠤ ᠂ 2019 ᠣᠨ ᠳ᠋ᠤ᠌ ᠪᠦᠬᠦ ᠬᠣᠲᠠ ᠶ᠋ᠢᠨ ᠰᠢᠭᠦᠬᠦ ᠬᠣᠷᠢᠶ᠎ᠠ ᠡᠯ᠎ᠡ ᠲᠥᠷᠥᠯ ᠦ᠋ᠨ ᠵᠠᠰᠠᠭ ᠵᠠᠬᠢᠷᠭᠠᠨ ᠤ᠋ ᠵᠠᠷᠭᠤ ᠶ᠋ᠢᠨ ᠬᠡᠷᠡᠭ ᠢ᠋ ᠨᠡᠢᠲᠡ 452 ᠬᠤᠪᠢ ᠬᠦᠯᠢᠶᠡᠨ ᠠᠪᠴᠤ ᠂ 402 ᠬᠤᠪᠢ ᠵᠠᠷᠭᠤ ᠵᠢᠨ ᠬᠡᠷᠡᠭ ᠢ᠋ ᠰᠢᠭᠦᠨ ᠳᠠᠭᠤᠰᠭᠠᠵᠤ ᠂ ᠰᠢᠭᠦᠵᠦ ᠳᠠᠭᠤᠰᠭᠠᠭᠰᠠᠨ ᠨᠣᠷᠮ᠎ᠠ ᠨᠢ 8 8. 9 3% ᠪᠣᠯᠤᠨ᠎ᠠ ᠃ ᠡᠭᠦᠨ ᠳ᠋ᠦ᠍ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠵᠠᠰᠠᠭ ᠵᠠᠬᠢᠷᠭᠠᠨ ᠤ᠋ ᠵᠠᠷᠭᠤ 19 4 ( ᠨᠢᠭᠡᠳᠦᠭᠡᠷ ᠵᠠᠷᠭᠤ ᠵᠢᠨ ᠰᠢᠭᠦᠯᠲᠡ 82 ᠬᠤᠪᠢ ᠂ ᠬᠣᠶᠠᠳᠤᠭᠠᠷ ᠵᠠᠷᠭᠤ ᠵᠢᠨ ᠰᠢᠭᠦᠯᠲᠡ 112 ᠬᠤᠪᠢ ) ᠂ 185 ᠬᠤᠪᠢ ᠵᠠᠷᠭᠤ ᠵᠢᠨ ᠬᠡᠷᠡᠭ ᠢ᠋ ᠰᠢᠭᠦᠨ ᠳᠠᠭᠤᠰᠭᠠᠵᠤ ᠂ ᠰᠢᠭᠦᠵᠦ ᠳᠠᠭᠤᠰᠭᠠᠭᠰᠠᠨ ᠨᠣᠷᠮ᠎ᠠ 9 6. 31 % ᠳ᠋ᠦ᠍ ᠬᠦᠷᠴᠡᠢ ᠃ ᠺᠠᠩᠪᠠᠱ ᠲᠣᠭᠣᠷᠢᠭ ᠤ᠋ᠨ ᠰᠢᠭᠦᠬᠦ ᠬᠣᠷᠢᠶ᠎ᠠ ᠵᠠᠰᠠᠭ ᠵᠠᠬᠢᠷᠭᠠᠨ ᠤ᠋ ᠵᠠᠷᠭᠤ ᠶ᠋ᠢᠨ ᠬᠡᠷᠡᠭ 258 ᠬᠤᠪᠢ ( ᠣᠷᠣᠨ ᠪᠦᠰᠡ ᠠᠯᠤᠰᠯᠠᠨ ᠲᠥᠪᠯᠡᠷᠡᠭᠦᠯᠦᠨ ᠬᠠᠮᠢᠶᠠᠷᠬᠤ ᠬᠡᠷᠡᠭ 2 14 ᠬᠤᠪᠢ ) ᠶ᠋ᠢ ᠬᠦᠯᠢᠶᠡᠨ ᠠᠪᠴᠤ ᠰᠢᠢᠳᠪᠦᠷᠢᠯᠡᠵᠦ ᠂ 217 ᠬᠤᠪᠢ ᠶ᠋ᠢ ᠨᠢ ᠰᠢᠭᠦᠵᠦ ᠳᠠᠭᠤᠰᠭᠠᠭᠠᠳ ᠂ ᠰᠢᠭᠦᠵᠦ ᠳᠠᠭᠤᠰᠭᠠᠭᠰᠠᠨ ᠨᠣᠷᠮ᠎ᠠ ᠨᠢ 8 4. 11 % ᠬᠦᠷᠴᠦ ᠂ ᠠᠳᠠᠯᠢ ᠬᠤᠭᠤᠴᠠᠭᠠᠨ ᠤ᠋ ᠬᠢ ᠡᠴᠡ 11. 4 6% ᠪᠠᠷ ᠳᠡᠭᠡᠭᠱᠢᠯᠡᠵᠦ ᠂ ᠪᠥᠬᠥ ᠵᠢᠯ ᠳ᠋ᠦ᠍ ᠥᠭᠡᠷᠡᠴᠢᠯᠡᠨ ᠲᠠᠰᠤᠯ ᠤᠭᠠᠳᠤᠢ ᠪᠠ ᠵᠠᠬᠢᠳᠠᠯ ᠰᠤᠷᠪᠤᠯᠵᠢᠯᠠᠭ᠎ᠠ ᠶ᠋ᠢᠨ ᠬᠡᠷᠡᠭ ᠢ᠋ ᠪᠡᠶᠡᠯᠡᠭᠦᠯᠪᠡ ᠃
ᠵᠢᠷᠤᠭᠲᠤ ᠬᠦᠰᠦᠨᠦᠭ ᠄ 2018 ᠣᠨ ᠂ 2019 ᠣᠨ ᠤ᠋ ᠲᠥᠪᠯᠡᠷᠡᠭᠦᠯᠦᠨ ᠬᠠᠮᠢᠶᠠᠷᠤᠭᠰᠠᠨ ᠤ᠋ ᠡᠮᠦᠨ᠎ᠡ ᠬᠣᠢᠨᠠᠬᠢ ᠵᠠᠰᠠᠭ ᠵᠠᠬᠢᠷᠭᠠᠨ ᠤ᠋ ᠵᠠᠷᠭᠤ ᠶ᠋ᠢᠨ ᠬᠡᠷᠡᠭ ᠦ᠋ᠨ ᠦᠨᠳᠦᠰᠦᠨ ᠪᠠᠢᠳᠠᠯ ᠤ᠋ᠨ ᠬᠠᠷᠢᠴᠠᠭᠤᠯᠤᠯ ᠵᠢᠷᠤᠭ ᠄
ᠵᠢᠷᠤᠭᠲᠤ ᠬᠦᠰᠦᠨᠦᠭ ᠄ 2019 ᠣᠨ ᠤ᠋ ᠺᠠᠩᠪᠠᠱ ᠲᠣᠭᠣᠷᠢᠭ ᠤ᠋ᠨ ᠬᠣᠷᠢᠶᠠᠨ ᠤ᠋ ᠪᠦᠬᠦ ᠬᠣᠲᠠ ᠶ᠋ᠢᠨ ᠵᠠᠰᠠᠭ ᠵᠠᠬᠢᠷᠭᠠᠨ ᠤ᠋ ᠵᠠᠷᠭᠤ ᠶ᠋ᠢᠨ ᠬᠡᠷᠡᠭ ᠤ᠋ᠨ ᠲᠣᠭ᠎ᠠ᠄
ᠵᠢᠷᠤᠭᠲᠤ ᠬᠦᠰᠦᠨᠦᠭ ᠄ 2019 ᠣᠨ ᠤ᠋ ᠺᠠᠩᠪᠠᠱ ᠲᠣᠭᠣᠷᠢᠭ ᠤ᠋ᠨ ᠰᠢᠭᠦᠬᠦ ᠬᠣᠷᠢᠶᠠᠨ ᠤ᠋ ᠪᠦᠬᠦ ᠬᠣᠲᠠ ᠶ᠋ᠢᠨ ᠵᠠᠰᠠᠭ ᠵᠠᠬᠢᠷᠭᠠᠨ ᠤ᠋ ᠵᠠᠷᠭᠤ ᠶ᠋ᠢᠨ ᠬᠡᠷᠡᠭ ᠦ᠋ᠨ ᠲᠥᠷᠥᠯ ᠵᠦᠢᠯ᠄
ᠲᠣᠭ᠎ᠠ ᠪᠠᠷᠢᠮᠲᠠ ᠶ᠋ᠢᠨ ᠢᠯᠡᠷᠬᠡᠢᠯᠡᠭᠰᠡᠨ ᠢ᠋ᠶ᠋ᠡᠷ ᠂ ᠲᠥᠪᠯᠡᠷᠡᠭᠦᠯᠦᠨ ᠬᠠᠮᠢᠶᠠᠷᠬᠤ ᠬᠠᠷᠢᠶᠠᠨ ᠤ᠋ ᠥᠭᠡᠷᠡᠴᠢᠯᠡᠯᠲᠡ ᠬᠢᠭᠰᠡᠨ ᠡᠨᠡ ᠨᠢᠭᠡ ᠵᠢᠯ ᠳ᠋ᠦ᠍ ᠂ ᠨᠢᠭᠡᠳᠦᠭᠡᠷ ᠰᠢᠭᠦᠯᠲᠡ ᠶ᠋ᠢᠨ ᠵᠠᠰᠠᠭ ᠵᠠᠬᠢᠷᠭᠠᠨ ᠤ᠋ ᠵᠠᠷᠭᠤ ᠶ᠋ᠢᠨ ᠬᠡᠷᠡᠭ ᠦ᠋ᠨ ᠳᠡᠭᠡᠭᠰᠢ ᠵᠠᠭᠠᠯᠳᠤᠬᠤ ᠨᠣᠷᠮ᠎ᠠ ᠨᠢ ᠠᠳᠠᠯᠢ ᠬᠤᠭᠤᠴᠠᠭᠠᠨ ᠤ᠋ ᠬᠢ ᠡᠴᠡ 9% ᠪᠡᠷ ᠪᠠᠭᠤᠷᠠᠵᠤ ᠂ ᠬᠥᠭᠵᠢᠯᠲᠡ ᠥᠭᠡᠷᠡᠴᠢᠯᠡᠯᠲᠡ ᠶ᠋ᠢᠨ ᠨᠣᠷᠮ᠎ᠠ ᠨᠢ ᠠᠳᠠᠯᠢ ᠬᠤᠭᠤᠴᠠᠭᠠᠨ ᠤ᠋ ᠬᠢ ᠡᠴᠡ 11 % ᠪᠠᠭᠤᠷᠠᠵᠤ ᠂ ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠬᠡᠷᠡᠭ ᠦ᠋ᠨ ᠴᠢᠨᠠᠷ ᠪᠦᠲᠦᠮᠵᠢ ᠢᠯᠡᠳᠲᠡ ᠳᠡᠭᠡᠭᠰᠢᠯᠡᠪᠡ ᠃ ᠵᠠᠰᠠᠭ ᠵᠠᠬᠢᠷᠭᠠᠨ ᠤ᠋ ᠪᠠᠶ᠋ᠢᠭᠤᠯᠭ᠎ᠠ ᠶ᠋ᠢᠨ ᠬᠠᠷᠢᠭᠤᠴᠠᠯᠭᠠᠲᠠᠨ ᠤ᠋ ᠰᠢᠭᠦᠯᠲᠡ ᠳ᠋ᠦ᠍ ᠣᠷᠣᠯᠴᠠᠨ ᠵᠠᠷᠭᠤ ᠬᠦᠯᠢᠶᠡᠬᠦ ᠨᠣᠷᠮ᠎ᠠ ᠨᠢ 19. 33 % ᠳ᠋ᠤ᠌ ᠬᠦᠷᠴᠦ ᠂ ᠠᠳᠠᠯᠢ ᠬᠤᠭᠤᠴᠠᠭᠠᠨ ᠤ᠋ ᠬᠢ ᠡᠴᠡ 13 % ᠪᠠᠷ ᠳᠡᠭᠡᠭᠰᠢᠯᠡᠵᠡᠢ ︔ ᠵᠠᠰᠠᠭ ᠵᠠᠬᠢᠷᠭᠠᠨ ᠤ᠋ ᠪᠠᠢᠭᠤᠯᠭ᠎ᠠ ᠶ᠋ᠢᠨ ᠵᠠᠷᠭᠤ ᠢᠯᠠᠭᠳᠠᠭᠰᠠᠨ ᠨᠣᠷᠮ᠎ᠠ ᠨᠢ 3 1. 2 1% ᠂ ᠳᠡᠭᠡᠷ᠎ᠡ ᠵᠢᠯ ᠦ᠋ᠨ ᠠᠳᠠᠯᠢ ᠬᠤᠭᠤᠴᠠᠭᠠᠨ ᠤ᠋ ᠬᠢ ᠡᠴᠡ 14 % ᠪᠡᠷ ᠳᠡᠭᠡᠭᠰᠢᠯᠡᠵᠦ ᠵᠠᠷᠭᠤ ᠢᠯᠠᠭᠳᠠᠭᠰᠠᠨ ᠬᠦᠷᠢᠶ᠎ᠡ ᠴᠠᠷᠢᠶ᠎ᠠ ᠂ ᠲᠥᠷᠥᠯ ᠬᠡᠯᠪᠡᠷᠢ ᠨᠢ ᠬᠠᠷᠢᠴᠠᠩᠭᠤᠢ ᠪᠠᠷ ᠲᠥᠪᠯᠡᠷᠡᠭᠰᠡᠨ ᠪᠠᠢᠨ᠎ᠠ ᠃ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ᠋ ᠤᠯᠠᠮ ᠨᠢᠭᠡ ᠠᠯᠬᠤᠮ ᠵᠢᠷᠤᠮᠵᠢᠭᠤᠯᠬᠤ ᠶ᠋ᠢᠨ ᠲᠤᠰᠠᠳᠠ ᠂ 《 ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠴᠠᠭᠠᠨ ᠭᠠᠳᠠᠷᠲᠤ ᠪᠢᠴᠢᠭ᠌ 》 ᠲᠤ ᠪᠠᠰᠠ ᠬᠡᠰᠡᠭ ᠵᠠᠰᠠᠭ ᠵᠠᠬᠢᠷᠭᠠᠨ ᠤ᠋ ᠪᠠᠢᠭᠤᠯᠭ᠎ᠠ ᠶ᠋ᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠶ᠋ᠢ ᠪᠤᠰᠤᠳᠴᠢ ᠪᠠᠷ ᠡᠮᠬᠢᠯᠡᠵᠦ ᠂ ᠵᠠᠷᠢᠮ ᠵᠠᠰᠠᠭ ᠵᠠᠬᠢᠷᠭᠠᠨ ᠤ᠋ ᠪᠠᠢᠭᠤᠯᠭ᠎ᠠ ᠶ᠋ᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤ᠋ᠨ ᠳᠤᠮᠳᠠ 《 ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳ᠋ᠤ ᠬᠠᠷᠢᠭᠤᠴᠠᠯᠭ᠎ᠠ ᠠᠯᠳᠠᠵᠤ ᠪᠠᠢᠨ᠎ᠠ᠂ ᠵᠠᠰᠠᠭ ᠵᠠᠬᠢᠷᠭᠠᠨ ᠤ᠋ ᠠᠵᠢᠯᠯᠠᠭ᠎ᠠ ᠬᠢᠭᠰᠡᠨ ᠭᠡᠷᠡᠴᠢ ᠪᠠᠷᠢᠮᠲᠠ ᠨᠢ ᠭᠦᠢᠴᠡᠳ ᠪᠤᠰᠤ ᠪᠠᠢᠨ᠎ᠠ ᠂ ᠬᠠᠤᠯᠢ ᠪᠠᠷ ᠲᠣᠭᠲᠠᠭᠠᠭᠰᠠᠨ ᠵᠠᠷᠴᠢᠮ ᠶᠠᠪᠤᠴᠠ ᠠ᠋ᠴᠠ ᠵᠥᠷᠢᠴᠡᠵᠦ ᠪᠠᠢᠨ᠎ᠠ ᠂ ᠬᠠᠤᠯᠢ ᠴᠠᠭᠠᠵᠠ ᠵᠢᠨ ᠴᠢᠳᠠᠪᠤᠷᠢ ᠵᠢᠨ ᠬᠡᠷᠡᠭᠯᠡᠯᠲᠡ ᠳ᠋ᠤ ᠣᠨᠤᠪᠴᠢᠲᠤ ᠴᠢᠨᠠᠷ ᠢ᠋ᠢᠠᠷ ᠲᠤᠲᠠᠮᠠᠭ ᠪᠠᠢᠨ᠎ᠠ》 ᠵᠡᠷᠭᠡ 6 ᠲᠠᠯ᠎ᠠ ᠵᠢᠨ ᠠᠰᠠᠭᠤᠳᠠᠯ ᠢ᠋ ᠳᠤᠷᠠᠳᠤᠨ ᠭᠠᠷᠭᠠᠬᠤ ᠵᠢᠨ ᠳᠠᠭᠠᠤ ᠬᠠᠨᠳᠤᠯᠭᠠᠲᠤ ᠴᠢᠨᠠᠷ ᠲᠠᠢ ᠬᠠᠤᠯᠢ ᠪᠡᠷ ᠵᠠᠰᠠᠬᠤ ᠰᠡᠳᠭᠢᠭᠦᠷ ᠪᠠ ᠬᠠᠤᠯᠢ ᠪᠡᠷ ᠵᠠᠰᠠᠬᠤ ᠠᠷᠭ᠎ᠠ ᠮᠠᠶᠢᠭ ᠢ᠋ ᠭᠦᠢᠴᠡᠳ ᠬᠡᠷᠡᠭᠯᠡᠨ᠎ᠡ᠂ ᠵᠠᠰᠠᠭ ᠵᠠᠬᠢᠷᠭᠠᠨ ᠤ᠋ ᠵᠠᠷᠭᠤ ᠵᠢᠨ ᠬᠠᠤᠯᠢ ᠵᠢ ᠤᠯᠠᠮ ᠨᠢᠭᠡ ᠠᠯᠬᠤᠮ ᠲᠤᠤᠱᠯᠠᠭᠤᠯᠤᠨ ᠨᠠᠢᠳᠠᠪᠤᠷᠢᠵᠢᠭᠤᠯᠵᠤ᠂ ᠬᠠᠤᠯᠢ ᠳ᠋ᠤ ᠲᠣᠭᠲᠠᠭᠰᠠᠨ ᠡᠭᠦᠷᠭᠡ ᠪᠠᠨ ᠪᠦᠬᠦ ᠲᠠᠯ᠎ᠠ ᠪᠡᠷ ᠭᠦᠢᠴᠡᠳᠭᠡᠨ᠎ᠡ᠂ ᠬᠠᠤᠯᠢ ᠵᠢ ᠴᠢᠩᠭ᠎ᠠ ᠵᠢᠷᠥᠮᠵᠢᠭᠤᠨ ᠲᠥᠪ ᠭᠣᠣᠯᠴᠢ ᠪᠣᠯᠪᠠᠰᠤᠨ ᠢ᠋ᠢᠠᠷ ᠬᠡᠷᠡᠭᠵᠢᠭᠦᠯᠬᠦ ᠵᠢ ᠢᠮᠠᠭᠲᠠ ᠪᠠᠷᠢᠮᠲᠠᠯᠠᠬᠤ ᠬᠡᠷᠡᠭᠲᠡᠢ᠃ ᠪᠦᠬᠦ ᠲᠠᠯ᠎ᠠ ᠪᠡᠷ ᠵᠠᠰᠠᠭ ᠵᠠᠬᠢᠷᠭᠠᠨ ᠤ᠋ ᠰᠢᠭᠦᠯᠲᠡ ᠳ᠋ᠤ ᠣᠷᠤᠯᠴᠠᠨ ᠵᠠᠷᠭᠤ ᠬᠦᠯᠢᠶᠡᠬᠦ ᠶᠠᠰᠤ ᠴᠢᠨᠠᠷ ᠢ᠋ ᠳᠡᠭᠡᠭᠰᠢᠯᠡᠭᠦᠯᠬᠦ ᠵᠡᠷᠭᠡ ᠰᠠᠨᠠᠯ ᠰᠠᠨᠠᠭᠤᠯᠭ᠎ᠠ ᠳᠤᠷᠠᠳᠴᠤ ᠬᠠᠤᠯᠢ ᠪᠡᠷ ᠵᠠᠰᠠᠭᠰᠠᠨ ᠣᠷᠳᠤᠰ ᠤ᠋ᠨ ᠪᠦᠲᠦᠭᠡᠨ ᠪᠠᠢᠭᠤᠯᠤᠯᠲᠠ ᠳ᠋ᠤ ᠨᠡᠩ ᠰᠠᠢᠨ ᠬᠠᠤᠯᠢ ᠴᠠᠭᠠᠵᠠ ᠵᠢᠨ ᠪᠠᠲᠤᠯᠠᠭ᠎ᠠ ᠬᠠᠩᠭᠠᠨ᠎ᠠ᠃ ᠡᠭᠦᠨ ᠡᠴᠡ ᠭᠠᠳᠠᠨ᠎ᠠ ᠂ 《 ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠴᠠᠭᠠᠨ ᠭᠠᠳᠠᠷᠲᠤ ᠪᠢᠴᠢᠭ᠌》 ᠪᠠᠰᠠ 6 ᠬᠤᠪᠢ ᠬᠠᠤᠯᠢ ᠠ᠋ᠴᠠ ᠵᠥᠷᠢᠴᠡᠭᠰᠡᠨ ᠰᠢᠯᠲᠠᠭᠠᠨ ᠠ᠋ᠴᠠ ᠪᠣᠯᠵᠤ ᠢᠯᠠᠭᠳᠠᠭᠰᠠᠨ ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠨᠡᠢᠲᠡᠯᠢᠭ ᠵᠢᠱ᠌ᠢᠶ᠎ᠡ ᠶ᠋ᠢ ᠰᠣᠩᠭᠣᠵᠤ ᠨᠡᠢᠭᠡᠮ ᠳ᠋ᠦ᠍ ᠨᠡᠢᠲᠡᠯᠡᠵᠦ ᠂ ᠵᠠᠰᠠᠭ ᠵᠠᠬᠢᠷᠭᠠᠨ ᠤ᠋ ᠪᠠᠢᠭᠤᠯᠭ᠎ᠠ ᠶ᠋ᠢᠨ ᠬᠠᠤᠯᠢ ᠬᠡᠷᠡᠭᠵᠢᠭᠦᠯᠬᠦ ᠵᠢᠷᠤᠮ ᠪᠣᠯᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶ᠋ᠢ ᠤᠯᠠᠮ ᠨᠢᠭᠡ ᠠᠯᠬᠤᠮ ᠵᠢᠷᠤᠮᠵᠢᠭᠤᠯᠵᠤ ᠂ ᠵᠠᠰᠠᠭ ᠵᠠᠬᠢᠷᠭᠠᠨ ᠤ᠋ ᠪᠠᠢᠭᠤᠯᠭ᠎ᠠ ᠶ᠋ᠢᠨ ᠬᠠᠤᠯᠢ ᠶᠣᠰᠣᠭᠠᠷ ᠡᠭᠦᠷᠭᠡ ᠲᠤᠰᠢᠶᠠᠯ ᠢ᠋ᠶ᠋ᠠᠨ ᠭᠦᠢᠴᠡᠳᠭᠡᠬᠦ ᠶ᠋ᠢ ᠠᠬᠢᠭᠤᠯᠵᠤ ᠂ ᠠᠷᠠᠳ ᠢᠷᠭᠡᠳ ᠂ ᠬᠠᠤᠯᠢ ᠶ᠋ᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠢᠭᠤᠯᠤᠯᠲᠠ ᠶ᠋ᠢᠨ ᠬᠠᠤᠯᠢ ᠪᠠᠷ ᠵᠠᠰᠠᠬᠤ ᠦᠵᠡᠯᠲᠡ ᠶ᠋ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃
ᠨᠡᠢᠲᠡᠯᠡᠬᠦ ᠬᠤᠷᠠᠯ ᠳᠡᠭᠡᠷ᠎ᠡ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠂ ᠺᠠᠩᠪᠠᠱ ᠲᠣᠭᠣᠷᠢᠭ ᠤ᠋ᠨ ᠰᠢᠭᠦᠬᠦ ᠬᠣᠷᠢᠶᠠᠨ ᠤ᠋ ᠤᠳᠤᠷᠢᠳᠤᠯᠭ᠎ᠠ ᠵᠢᠴᠢ ᠬᠣᠯᠪᠣᠭᠳᠠᠯ ᠪᠦᠬᠦᠢ ᠬᠠᠷᠢᠭᠤᠴᠠᠯᠭᠠᠲᠠᠨ 《 ᠵᠠᠰᠠᠭ ᠵᠠᠬᠢᠷᠭᠠᠨ ᠤ᠋ ᠰᠢᠭᠦᠨ ᠲᠠᠰᠤᠯᠤᠯᠲᠠ ᠶ᠋ᠢᠨ ᠴᠠᠭᠠᠨ ᠭᠠᠳᠠᠷᠳᠤ ᠪᠢᠴᠢᠭ᠌ 》 ᠪᠠ ᠨᠡᠢᠲᠡᠯᠢᠭ ᠬᠡᠷᠡᠭ ᠦ᠋ᠨ ᠵᠢᠱ᠌ᠢᠶ᠎ᠡ ᠶ᠋ᠢᠨ ᠲᠤᠬᠠᠢ ᠰᠤᠷᠪᠤᠯᠵᠢᠯᠠᠭᠴᠢ ᠶ᠋ᠢᠨ ᠠᠰᠠᠭᠤᠯᠲᠠ ᠶ᠋ᠢ ᠬᠠᠷᠢᠭᠤᠯᠤᠭᠰᠠᠨ ᠪᠠᠢᠨ᠎ᠠ᠃
ᠦᠨᠡᠯᠡᠬᠦ 0ᠦᠨᠡᠯᠡᠯᠲᠡ᠎ᠲᠠᠢ