7 ᠰᠠᠷ᠎ᠠ ᠶ᠋ᠢᠨ 14 ᠦ᠌ ᠡᠳᠦᠷ ᠦ᠋ᠨ ᠦᠳᠡ ᠶ᠋ᠢᠨ ᠬᠣᠢᠨ᠎ᠠ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠲᠦᠩᠯᠢᠶᠣᠣ ᠬᠣᠲᠠ ᠶ᠋ᠢᠨ ᠤᠯᠤᠰ ᠲᠥᠷᠥ ᠶ᠋ᠢᠨ ᠵᠥᠪᠯᠡᠯᠭᠡᠨ ᠦ᠌ ᠤᠤᠯ ᠤ᠋ᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠲᠡᠷᠢᠭᠦᠯᠡᠭᠴᠢ ᠭᠣᠣ ᠴᠧᠨ ᠦ᠌ ᠬᠡᠭᠡᠯᠢ ᠢᠳᠡᠭᠰᠡᠨ ᠶᠠᠯ᠎ᠠ ᠳ᠋ᠤ᠌ ᠬᠣᠯᠪᠣᠭᠳᠠᠭᠰᠠᠨ ᠬᠡᠷᠡᠭ ᠢ᠋ ᠨᠢᠭᠡᠳᠦᠭᠡᠷ ᠰᠢᠭᠦᠯᠲᠡ ᠪᠡᠷ ᠢᠯᠡ ᠪᠡᠷ ᠲᠠᠩᠬᠢᠮ ᠨᠡᠭᠡᠭᠡᠵᠦ ᠰᠢᠭᠦᠪᠡ ᠃
ᠠᠯᠪᠠᠨ ᠵᠠᠭᠠᠯᠳᠤᠯᠭ᠎ᠠ ᠵᠢᠨ ᠪᠠᠢᠭᠤᠯᠭ᠎ᠠ ᠵᠢᠨ ᠵᠠᠭᠠᠯᠳᠤᠭᠰᠠᠨ ᠢ᠋ᠢᠠᠷ᠂ ᠵᠠᠭᠠᠯᠳᠤᠭᠳᠠᠭᠴᠢ ᠭᠤᠤ ᠴᠸᠨ 1995 ᠣᠨ ᠠ᠋ᠴᠠ2019 ᠣᠨ ᠪᠣᠯᠲᠠᠯᠠᠬᠢ ᠬᠤᠭᠤᠴᠠᠭᠠᠨ ᠳ᠋ᠤ ᠡᠭᠦᠷᠭᠡ ᠲᠤᠰᠢᠶᠠᠯ ᠪᠠᠢᠷᠢ ᠰᠠᠭᠤᠷᠢ ᠠ᠋ᠴᠠ ᠪᠣᠯᠤᠭᠰᠠᠨ ᠳᠥᠭᠦᠮ ᠨᠥᠬᠦᠴᠡᠯ ᠢ᠋ᠢᠡᠨ ᠠᠰᠢᠭᠯᠠᠨ᠂ ᠪᠤᠰᠤᠳ ᠤᠯᠤᠰ ᠤ᠋ᠨ ᠠᠵᠢᠯᠲᠠᠨ ᠤ᠋ ᠡᠭᠦᠷᠭᠡ ᠲᠤᠰᠢᠶᠠᠯ ᠪᠡᠷ ᠳᠠᠮᠵᠢᠭᠤᠯᠤᠨ᠂ ᠲᠤᠰᠢᠶᠠᠯ ᠤ᠋ᠨ ᠲᠣᠬᠢᠷᠠᠭᠤᠯᠤᠯᠲᠠ᠂ ᠢᠨᠵᠢᠨᠧᠷᠢᠩ ᠳᠠᠭᠠᠭᠠᠴᠢᠯᠠᠬᠤ ᠲᠠᠯ᠎ᠠ ᠪᠡᠷ ᠪᠤᠰᠤᠳ ᠲᠤ ᠠᠰᠢᠭ ᠲᠤᠰᠠ ᠣᠯᠭᠤᠵᠤ᠂ ᠬᠠᠤᠯᠢ ᠪᠤᠰᠤ ᠪᠡᠷ ᠪᠤᠰᠤᠳ ᠤ᠋ᠨ ᠵᠣᠭᠤᠰ ᠮᠥᠩᠭᠦ ᠡᠳ᠋ ᠪᠣᠳᠠᠰ᠂ ᠠᠷᠠᠳ ᠤ᠋ᠨ ᠵᠣᠭᠤᠰ ᠢ᠋ᠢᠠᠷ ᠨᠤᠭᠤᠯᠤᠨ ᠪᠣᠳᠤᠪᠠᠯ ᠪᠠᠷᠤᠭ756.57 ᠲᠥᠭᠦᠷᠢᠭ ᠢ᠋ ᠬᠦᠯᠢᠶᠡᠨ ᠠᠪᠤᠭᠰᠠᠨ ᠪᠠᠢᠨ᠎ᠠ᠃ᠬᠡᠭᠡᠯᠢ ᠢᠳᠡᠭᠰᠡᠨ ᠵᠣᠭᠤᠰ ᠤ᠋ᠨ ᠲᠣᠭ᠎ᠠ ᠯᠤᠲᠤ ᠶᠡᠬᠡ ᠪᠣᠯᠬᠣᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
ᠲᠤᠰ ᠤᠳᠠᠭᠠᠨ ᠤ᠋ ᠰᠢᠭᠦᠨ ᠲᠠᠰᠤᠯᠤᠯᠲᠠ ᠳ᠋ᠤ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠣᠷᠢᠶᠠᠨ ᠳᠠᠷᠤᠭ᠎ᠠ ᠰᠦ᠍ ᠯᠢ ᠵᠢᠶᠦ᠋ᠨ ᠰᠢᠭᠦᠨ ᠲᠠᠰᠤᠯᠬᠤ ᠳᠠᠷᠤᠭ᠎ᠠ ᠶ᠋ᠢᠨ ᠲᠤᠰᠢᠶᠠᠯ ᠢ᠋ ᠡᠭᠦᠷᠭᠡᠯᠡᠵᠦ ᠂ ᠣᠷᠳᠣᠰ ᠬᠣᠲᠠ ᠶ᠋ᠢᠨ ᠠᠷᠠᠳ ᠤ᠋ᠨ ᠪᠠᠢᠴᠠᠭᠠᠬᠤ ᠬᠣᠷᠢᠶᠠᠨ ᠤ᠋ ᠪᠠᠢᠴᠠᠭᠠᠬᠤ ᠳᠠᠷᠤᠭ᠎ᠠ ᠶᠠᠩ ᠱᠢ ᠯᠢᠨ ᠰᠢᠭᠦᠯᠲᠡ ᠳ᠋ᠦ᠍ ᠣᠷᠣᠯᠴᠠᠨ ᠠᠯᠪᠠᠨ ᠵᠠᠭᠠᠯᠳᠤᠯᠭ᠎ᠠ ᠶ᠋ᠢ ᠳᠡᠮᠵᠢᠵᠦ ᠂ ᠰᠢᠭᠦᠬᠦ ᠬᠣᠷᠢᠶ᠎ᠠ ᠪᠠᠢᠴᠠᠭᠠᠬᠤ ᠬᠣᠷᠢᠶᠠᠨ ᠤ᠋《 ᠬᠣᠶᠠᠷ ᠳᠠᠷᠤᠭ᠎ᠠ 》 ᠬᠠᠮᠲᠤᠪᠠᠷ ᠰᠢᠭᠦᠨ ᠲᠠᠰᠤᠯᠤᠭᠰᠠᠨ ᠶᠤᠮ ᠃ ᠲᠢᠩᠬᠢᠮ ᠦ᠋ᠨ ᠰᠢᠭᠦᠯᠲᠡ ᠳ᠋ᠦ᠍ ᠂ ᠠᠯᠪᠠᠨ ᠵᠠᠭᠠᠯᠳᠤᠯᠭ᠎ᠠ ᠶ᠋ᠢᠨ ᠪᠠᠢᠭᠤᠯᠭ᠎ᠠ ᠠ᠋ᠴᠠ ᠶᠠᠯ᠎ᠠ ᠲᠣᠭᠲᠠᠭᠠᠵᠤ ᠡᠷᠡᠭᠦᠦ ᠣᠨᠣᠭᠠᠬᠤ ᠬᠠᠮᠢᠶ᠎ᠠ ᠪᠦᠬᠦᠢ ᠭᠡᠷᠡᠴᠢ ᠪᠠᠷᠢᠮᠲᠠ ᠶ᠋ᠢ ᠦᠵᠡᠭᠦᠯᠵᠦ ᠂ ᠠᠯᠪᠠᠨ ᠵᠠᠭᠠᠯᠳᠤᠯᠭ᠎ᠠ ᠶ᠋ᠢᠨ ᠰᠠᠨᠠᠯ ᠢ᠋ᠢᠡᠨ ᠭᠠᠷᠭᠠᠵᠤ ᠂ ᠰᠢᠭᠦᠨ ᠲᠠᠰᠤᠯᠬᠤ ᠳᠠᠷᠤᠭ᠎ᠠ ᠨᠢ ᠬᠡᠷᠡᠭ ᠢ᠋ ᠰᠢᠭᠦᠬᠦ ᠪᠦᠬᠦ ᠶᠠᠪᠤᠴᠠ ᠶ᠋ᠢ ᠡᠵᠡᠮᠳᠡᠵᠦ ᠂ ᠵᠠᠭᠠᠯᠳᠤᠵᠤ ᠮᠠᠷᠭᠤᠯᠳᠤᠬᠤ ᠬᠣᠶᠠᠷ ᠲᠠᠯ᠎ᠠ ᠶ᠋ᠢ ᠬᠥᠲᠥᠯᠦᠨ ᠵᠢᠯᠣᠭᠣᠳᠴᠤ ᠭᠡᠷᠡᠴᠢ ᠳᠤᠷᠠᠳᠬᠤ ᠂ ᠲᠤᠯᠭᠠᠨ ᠭᠡᠷᠡᠴᠢᠯᠡᠬᠦ ᠂ ᠰᠢᠭᠦᠬᠦ ᠲᠢᠩᠬᠢᠮ ᠦ᠋ᠨ ᠮᠠᠷᠭᠤᠯᠳᠤᠭᠠᠨ ᠵᠡᠷᠭᠡ ᠭᠣᠭᠴᠣᠭ᠎ᠠ ᠪᠠᠷ ᠳᠠᠮᠵᠢᠭᠤᠯᠤᠨ᠂ ᠵᠠᠭᠠᠯᠳᠤᠭᠳᠠᠭᠴᠢ ᠶ᠋ᠢᠨ ᠡᠯ᠎ᠡ ᠵᠦᠢᠯ ᠦ᠋ᠨ ᠵᠠᠷᠭᠤᠯᠳᠤᠬᠤ ᠡᠷᠬᠡ ᠶ᠋ᠢ ᠭᠦᠢᠴᠡᠳ ᠪᠠᠲᠤᠯᠠᠪᠠ ᠃ ᠵᠠᠭᠠᠯᠳᠤᠭᠳᠠᠭᠴᠢ ᠬᠠᠮᠤᠭ ᠡᠴᠦᠰ ᠦ᠋ᠨ ᠲᠣᠭᠠᠴᠢᠯᠲᠠ ᠬᠢᠵᠦ᠂ ᠲᠤᠬᠠᠢ ᠶ᠋ᠢᠨ ᠲᠠᠯᠠᠪᠠᠢ ᠳ᠋ᠤ᠌ ᠶᠠᠯ᠎ᠠ ᠪᠠᠨ ᠮᠡᠳᠡᠷᠡᠭᠰᠡᠨ ᠪᠠᠢᠨ᠎ᠠ᠃
ᠲᠢᠩᠬᠢᠮ ᠦ᠋ᠨ ᠰᠢᠭᠦᠯᠲᠡ ᠳᠠᠭᠤᠰᠤᠭᠰᠠᠨ ᠤ᠋ ᠳᠠᠷᠠᠭ᠎ᠠ ᠂ ᠰᠢᠭᠦᠬᠦ ᠲᠢᠩᠬᠢᠮ ᠰᠢᠭᠦᠯᠲᠡ ᠵᠠᠪᠰᠠᠷᠯᠠᠬᠤ ᠶ᠋ᠢ ᠵᠠᠷᠯᠠᠵᠤ ᠂ ᠬᠠᠮᠲᠤᠷᠠᠨ ᠵᠥᠪᠯᠡᠬᠦ ᠲᠢᠩᠬᠢᠮ ᠬᠠᠤᠯᠢ ᠶᠣᠰᠣᠭᠠᠷ ᠬᠤᠭᠤᠴᠠᠭ᠎ᠠ ᠰᠣᠩᠭᠣᠨ ᠲᠠᠰᠤᠯᠤᠯᠲᠠ ᠵᠢ ᠨᠡᠢᠲᠡᠯᠡᠨ᠎ᠡ᠃
ᠦᠨᠡᠯᠡᠬᠦ 0ᠦᠨᠡᠯᠡᠯᠲᠡ ᠲᠠᠢ