ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠨᠠᠷ ᠪᠤᠤ ᠯᠢᠶᠠᠨ ᠲᠣᠰᠭᠤᠨ ᠪᠠᠢ ᠨᠢ ᠵᠢᠩ ᠪᠠᠯᠭᠠᠰᠤ ᠴᠢ ᠹᠸᠨ ᠽᠢ ᠲᠣᠰᠭᠤᠨ ᠽᠠᠨᠳᠠᠨ ᠵᠤᠤ ᠰᠤᠮᠤ ᠳ᠋ᠤ ᠬᠦᠷᠴᠦ ᠲᠤᠬᠤᠨᠢᠭᠤᠯᠤᠯᠲᠠ ᠬᠢᠵᠡᠢ
2020.07.16 ᠲᠣᠰ ᠥᠷᠲᠡᠭᠡᠨ ᠦ ᠨᠠᠢᠷᠠᠭᠤᠯᠤᠭᠴᠢ

     6 ᠰᠠᠷ᠎ᠠ ᠶ᠋ᠢᠨ 19  ᠦ᠌ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠨᠠᠷ ᠲᠤᠰ ᠲᠤᠰ ᠳᠠᠯᠠᠳ  ᠬᠣᠰᠢᠭᠤᠨ  ᠤ᠋ ᠪᠠᠢ ᠨᠢ ᠵᠢᠩ ᠪᠠᠯᠭᠠᠰᠤ ᠴᠢ ᠹᠧᠨ ᠽᠢ ᠲᠣᠰᠭᠣᠨ ᠂ ᠽᠠᠨᠳᠠᠨ ᠵᠣᠣ  ᠰᠤᠮᠤ ᠳ᠋ᠤ ᠬᠦᠷᠴᠦ ᠲᠤᠬᠤᠨᠢᠭᠤᠯᠤᠯᠲᠠ ᠬᠢᠭᠰᠡᠨ ᠪᠠᠢᠨ᠎ᠠ ᠃ ᠳᠠᠯᠠᠳ  ᠬᠣᠰᠢᠭᠤᠨ ᠤ᠋ ᠨᠠᠮ ᠤ᠋ᠨ ᠬᠣᠷᠢᠶᠠᠨ ᠤ᠋ ᠳᠡᠳ᠋ ᠱᠦᠵᠢ ᠂ ᠵᠠᠰᠠᠭ ᠤ᠋ᠨ ᠡᠣᠷᠳᠣᠠ ᠤ᠋  ᠬᠣᠰᠢᠭᠤᠨ ᠳᠠᠷᠤᠭ᠎ᠠ ᠭᠣᠣ ᠬᠤᠸᠠᠢ ᠵᠢᠩ ᠂ ᠵᠠᠰᠠᠭ ᠤ᠋ᠨ ᠡᠣᠷᠳᠣᠠ ᠤ᠋ ᠳᠡᠳ᠋ ᠳᠠᠷᠤᠭ᠎ᠠ ᠸᠠᠩ ᠱᠤᠸᠠᠢ ᠂ ᠳᠠᠯᠠᠳ  ᠬᠣᠰᠢᠭᠤᠨ ᠤ᠋  ᠰᠢᠭᠦᠬᠦ ᠬᠣᠷᠢᠶᠠᠨ ᠤ᠋ ᠳᠠᠷᠤᠭ᠎ᠠ ᠶᠠᠩ ᠴᠦᠨ ᠶᠠᠨ ᠨᠠᠷ ᠪᠠᠷ᠎ᠠ ᠪᠣᠯᠵᠤ ᠠᠢᠯᠴᠢᠯᠠᠭᠰᠠᠨ ᠪᠠᠢᠨ᠎ᠠ ᠃


       ᠪᠠᠢ ᠨᠢ ᠵᠢᠩ ᠪᠠᠯᠭᠠᠰᠤᠨ ᠤ᠋ ᠴᠢ ᠹᠧᠨ ᠽᠢ ᠲᠣᠰᠭᠣᠨ ᠳ᠋ᠤ᠌ ᠂ ᠰᠦ᠍ ᠯᠢ ᠵᠢᠶᠦ᠋ᠨ ᠨᠠᠷ ᠶᠠᠳᠠᠭᠤ ᠬᠦᠴᠢᠷᠳᠡᠯᠲᠡᠢ ᠡᠷᠦᠬᠡ ᠪᠡᠷ ᠶᠠᠪᠤᠵᠤ ᠂ ᠪᠠᠢ ᠨᠢ ᠵᠢᠩ ᠤ᠋ᠨ ᠠᠷᠠᠳ ᠤ᠋ᠨ  ᠰᠢᠭᠦᠬᠦ ᠲᠢᠩᠬᠢᠮ ᠢ᠋ ᠪᠠᠢᠴᠠᠭᠠᠨ ᠦᠵᠡᠪᠡ ᠃


        ᠰᠦ᠍ ᠯᠢ ᠵᠢᠶᠦ᠋ᠨ ᠵᠢᠭᠠᠵᠤ ᠭᠠᠷᠭᠠᠭᠰᠠᠨ ᠨᠢ ᠂ ᠣᠷᠳᠣᠰ ᠬᠣᠲᠠ ᠶ᠋ᠢᠨ ᠳᠤᠮᠳᠠ ᠵᠡᠷᠭᠡ ᠵᠢᠨ ᠰᠢᠭᠦᠬᠦ ᠬᠣᠷᠢᠶ᠎ᠠ ᠵᠢᠨ ᠴᠢ ᠹᠧᠨ ᠽᠢ ᠲᠣᠰᠭᠣᠨ ᠳ᠋ᠤ᠌ ᠰᠠᠭᠤᠭ᠎ᠠ ᠠᠵᠢᠯᠯᠠᠬᠤ ᠠᠩᠭᠢ ᠶ᠋ᠢᠨ ᠪᠦᠬᠦ  ᠭᠡᠰᠢᠭᠦᠳ ᠡᠭᠦᠷᠭᠡ  ᠲᠤᠰᠢᠶᠠᠯ ᠢ᠋ᠶ᠋ᠠᠨ ᠬᠢᠴᠢᠶᠡᠩᠭᠦᠢᠯᠡᠨ ᠭᠦᠢᠴᠡᠳᠭᠡᠵᠦ ᠂ ᠦᠨᠡᠨᠴᠢ ᠱᠢᠳᠤᠷᠭᠤ ᠪᠠᠷ ᠬᠠᠨᠳᠤᠵᠤ ᠂ ᠡᠯ᠎ᠡ ᠵᠦᠢᠯ ᠦ᠋ᠨ ᠶᠠᠳᠠᠭᠤ ᠶ᠋ᠢ ᠲᠡᠳᠭᠦᠬᠦ ᠪᠡᠷᠬᠡ ᠰᠡᠳᠦᠪ ᠢ᠋  ᠰᠢᠢᠳᠪᠦᠷᠢᠯᠡᠬᠦ ᠠᠵᠢᠯ ᠢ᠋ ᠯᠠᠪᠳᠠᠭᠤᠨ ᠪᠠᠲᠤᠲᠠᠢ ᠰᠠᠢᠲᠤᠷ ᠬᠢᠵᠦ ᠂ ᠪᠠᠢ ᠨᠢ ᠵᠢᠩ ᠪᠠᠯᠭᠠᠰᠤᠨ ᠤ᠋ ᠨᠠᠮ ᠤ᠋ᠨ ᠬᠣᠷᠢᠶ᠎ᠠ ᠂ ᠵᠠᠰᠠᠭ ᠤ᠋ᠨ ᠣᠷᠳᠣᠨ ᠪᠣᠯᠤᠨ ᠴᠢ ᠹᠧᠨ ᠽᠢ ᠲᠣᠰᠭᠣᠨ ᠤ᠋ ᠥᠷᠭᠡᠨ ᠣᠯᠠᠨ ᠨᠠᠮ ᠤ᠋ᠨ  ᠭᠡᠰᠢᠭᠦᠨ ᠣᠯᠠᠨ ᠲᠦᠮᠡᠨ ᠦ᠌ ᠨᠢᠭᠡᠳᠦᠯᠲᠡᠢ ᠰᠠᠢᠰᠢᠶᠠᠯ ᠪᠠ ᠥᠨᠳᠥᠷ ᠦᠨᠡᠯᠡᠯᠲᠡ ᠶ᠋ᠢ ᠣᠯᠵᠠᠢ ᠃ ᠪᠦᠬᠦ  ᠭᠡᠰᠢᠭᠦᠳ《 ᠬᠣᠶᠠᠷ ᠲᠤ᠌ ᠵᠣᠪᠠᠬᠤ ᠦᠭᠡᠢ ᠭᠤᠷᠪᠠ ᠶ᠋ᠢ  ᠪᠠᠲᠤᠯᠠᠵᠤ 》ᠬᠠᠷᠠᠯᠲᠠ ᠣᠨᠤᠪᠴᠢᠲᠠᠢ ᠶᠠᠳᠠᠭᠤ ᠶ᠋ᠢ ᠲᠡᠳᠭᠦᠵᠦ ᠂ ᠶᠠᠳᠠᠭᠤ ᠠ᠋ᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠵᠢᠯ ᠦ᠋ᠨ ᠦᠨᠳᠦᠰᠦᠨ ᠴᠢᠨᠠᠷᠲᠠᠢ ᠢᠯᠠᠯᠲᠠ ᠶ᠋ᠢ ᠣᠯᠬᠤ ᠪᠠᠷ ᠴᠢᠷᠮᠠᠢᠬᠤ ᠬᠡᠷᠡᠭᠲᠡᠢ ᠭᠡᠵᠦ ᠴᠢᠬᠤᠯᠠᠴᠢᠯᠠᠪᠠ ᠃
        ᠰᠦ᠍ ᠯᠢ ᠵᠢᠶᠦ᠋ᠨ ᠨᠠᠷ ᠽᠠᠨᠳᠠᠨ ᠵᠣᠣ ᠰᠤᠮᠤ ᠵᠢᠨ ᠶᠠᠳᠠᠭᠤ ᠠ᠋ᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠵᠤ ᠦᠢᠯᠡᠰ ᠤ᠋ᠨ ᠬᠥᠭᠵᠢᠯᠲᠡ᠂ ᠲᠥᠷᠦᠯ ᠵᠦᠢᠯ ᠤ᠋ᠨ ᠪᠦᠲᠦᠭᠡᠨ ᠪᠠᠢᠭᠤᠯᠤᠯᠲᠠ ᠵᠡᠷᠭᠡ ᠭᠣᠣᠯᠳᠠᠯᠭ᠎ᠠ ᠲᠠᠢ ᠠᠵᠢᠯ ᠤ᠋ᠨ ᠬᠠᠷᠢᠭᠤ ᠮᠡᠳᠡᠭᠦᠯᠦᠯᠲᠡ ᠵᠢ ᠰᠣᠨᠤᠰᠴᠤ᠂ ᠡᠭᠦᠨ ᠤ᠋ ᠬᠠᠮᠲᠤ ᠵᠢᠭᠠᠵᠤ ᠭᠠᠷᠭᠠᠭᠰᠠᠨ ᠨᠢ ᠽᠠᠨᠳᠠᠨ ᠵᠣᠣ ᠰᠤᠮᠤ ᠵᠢᠨ ᠠᠵᠤ ᠦᠢᠯᠡᠰ ᠤ᠋ᠨ ᠬᠥᠭᠵᠢᠯᠲᠡ ᠵᠢᠨ ᠪᠡᠢᠷᠢ ᠲᠣᠭᠲᠠᠭᠠᠯᠲᠠ ᠲᠣᠳᠤᠷᠬᠠᠢ᠂ ᠭᠣᠣᠯᠳᠠᠯᠭ᠎ᠠ ᠲᠠᠢ ᠠᠵᠢᠯ ᠤ᠋ᠨ ᠲᠥᠯᠦᠪᠯᠡᠭᠡ  ᠪᠤᠲᠠᠲᠠᠢ ᠪᠠᠢᠵᠤ᠂ ᠡᠯ᠎ᠡ ᠵᠦᠢᠯ ᠤ᠋ᠨ ᠠᠵᠢᠯ ᠦᠢᠯᠡᠰ ᠤ᠋ᠨ ᠲᠠᠯ᠎ᠠ ᠪᠡᠷ ᠴᠥᠮ ᠵᠣᠬᠢᠬᠤ ᠦᠷ᠎ᠡ ᠪᠦᠲᠦᠮᠵᠢ ᠣᠯᠵᠠᠢ᠃


        ᠳᠠᠷᠠᠭ᠎ᠠ ᠨᠢ ᠂ ᠰᠦ᠍ ᠯᠢ ᠵᠢᠶᠦ᠋ᠨ ᠨᠠᠷ 《 ᠽᠠᠨᠳᠠᠨ ᠵᠣᠣ ᠶ᠋ᠢᠨ ᠳᠤᠷᠠᠰᠭᠠᠯ》 ᠤ᠋ᠨ ᠳᠡᠯᠭᠡᠨ ᠦᠵᠡᠭᠦᠯᠭᠡ ᠶ᠋ᠢᠨ ᠲᠢᠩᠬᠢᠮ ᠢ᠋ ᠲᠣᠭᠣᠷᠢᠨ ᠦᠵᠡᠵᠦ᠂ ᠽᠠᠨᠳᠠᠨ ᠵᠣᠣ ᠵᠢᠨ ᠡᠨᠡ ᠬᠦ᠌  ᠥᠷᠭᠡᠨ ᠡᠠᠭᠣᠳᠠᠮ ᠭᠠᠵᠠᠷ ᠨᠤᠲᠤᠭ ᠲᠤ  ᠪᠠᠢᠭᠤᠯᠤᠭᠳᠠᠭᠰᠠᠨ ᠠᠩᠬᠠᠳᠠᠭᠴᠢ ᠨᠢᠭᠤᠴᠠ ᠨᠠᠮ ᠤ᠋ᠨ ᠳᠤᠭᠤᠢᠯᠠᠩ ᠠ᠋ᠴᠠ ᠣᠳᠣ ᠲᠤᠯᠲᠠᠯ᠎ᠠ ᠬᠢ ᠡᠪ ᠬᠠᠮᠲᠤᠴᠤᠳ ᠤ᠋ᠨ ᠬᠦᠴᠢᠷ ᠪᠡᠷᠬᠡᠰᠢᠶᠡᠯ ᠢ᠋ ᠦᠯᠦ ᠬᠠᠢᠬᠤᠷᠬᠤ ᠲᠡᠰᠪᠦᠷᠢ ᠲᠡᠪᠴᠢᠶᠡᠷᠢᠲᠡᠢ ᠵᠣᠷᠢᠭ ᠰᠠᠨᠠᠭ᠎ᠠ ᠵᠢ ᠣᠢᠯᠠᠭᠠᠭᠰᠠᠨ ᠶᠤᠮ᠃ 
         ᠰᠦ᠍ ᠯᠢ ᠵᠢᠶᠦ᠋ᠨ ᠢᠯᠡᠷᠬᠡᠢᠯᠡᠭᠰᠡᠨ ᠨᠢ᠂ ᠳᠠᠷᠠᠭᠠᠴᠢ ᠶ᠋ᠢᠨ ᠠᠯᠬᠤᠮ ᠳ᠋ᠤ᠌ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠪᠠᠢ ᠨᠢ ᠵᠢᠩ  ᠪᠠᠯᠭᠠᠰᠤ ᠂ ᠽᠠᠨᠳᠠᠨ ᠵᠣᠣ ᠰᠤᠮᠤ ᠲᠠᠢ ᠬᠠᠷᠢᠯᠴᠠᠭ᠎ᠠ ᠪᠠᠨ ᠦᠷᠭᠦᠯᠵᠢᠯᠡᠨ ᠴᠢᠩᠭᠠᠳᠭᠠᠵᠤ ᠂ ᠲᠣᠰᠭᠣᠨ ᠪᠠᠯᠭᠠᠰᠤ ᠂ ᠰᠤᠮᠤᠨ ᠤ᠋ ᠬᠥᠭᠵᠢᠯᠲᠡ ᠶ᠋ᠢᠨ ᠳᠤᠮᠳᠠ ᠲᠤᠯᠭᠠᠷᠠᠭᠰᠠᠨ ᠬᠦᠴᠢᠷᠳᠡᠯ ᠢ᠋ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ ᠂ ᠶᠠᠳᠠᠭᠤ ᠠ᠋ᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ ᠳ᠋ᠤ᠌ ᠬᠤᠪᠢ ᠨᠡᠮᠡᠷᠢ ᠦᠵᠡᠭᠦᠯᠦᠨ᠎ᠡ ᠭᠡᠵᠡᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )