8 ᠰᠠᠷ᠎ᠠ ᠶ᠋ᠢᠨ 11 ᠦ᠌ ᠡᠳᠦᠷ ᠂ ᠠᠷᠠᠳ ᠤ᠋ᠨ ᠳᠡᠭᠡᠳᠦ ᠵᠡᠷᠭᠡ ᠵᠢᠨ ᠰᠢᠭᠦᠬᠦ ᠬᠣᠷᠢᠶᠠᠨ ᠤ᠋ ᠮᠡᠳᠡᠭᠡ ᠵᠠᠩᠭᠢ ᠶ᠋ᠢᠨ ᠲᠥᠪ ᠦ᠋ᠨ ᠲᠥᠯᠥᠪᠵᠢᠭᠦᠯᠭᠡ ᠶ᠋ᠢᠨ ᠬᠠᠮᠢᠶᠠᠷᠤᠯᠲᠠ ᠶ᠋ᠢᠨ ᠭᠠᠵᠠᠷ ᠤ᠋ᠨ ᠳᠠᠷᠤᠭ᠎ᠠ ᠬᠤᠸᠠᠩ ᠭᠦᠸᠧ ᠳ᠋ᠦᠩ ᠂ ᠭᠠᠨᠰᠦ ᠶ᠋ᠢᠨ ᠳᠡᠭᠡᠳᠦ ᠰᠤᠷᠭᠠᠭᠤᠯᠢ ᠶ᠋ᠢᠨ ᠮᠡᠳᠡᠭᠡ ᠵᠠᠩᠭᠢ ᠶ᠋ᠢᠨ ᠮᠡᠷᠭᠡᠵᠢᠯ ᠦ᠋ᠨ ᠭᠠᠵᠠᠷ ᠤ᠋ᠨ ᠳᠠᠷᠤᠭ᠎ᠠ ᠵᠣ᠌ ᠺᠧ ᠵᠢᠶᠧ ᠵᠡᠷᠭᠡ 8 ᠬᠥᠮᠦᠨ ᠣᠷᠳᠣᠰ ᠬᠣᠲᠠ ᠶ᠋ᠢᠨ ᠳᠤᠮᠳᠠ ᠵᠡᠷᠭᠡ ᠵᠢᠨ ᠰᠢᠭᠦᠬᠦ ᠬᠣᠷᠢᠶᠠᠨ ᠳ᠋ᠤ ᠬᠦᠷᠴᠦ ᠰᠤᠳᠤᠯᠤᠨ ᠪᠠᠢᠴᠠᠭᠠᠯᠲᠠ ᠬᠢᠵᠦ ᠠᠵᠢᠯ ᠤ᠋ᠨ ᠲᠠᠯ᠎ᠠ ᠪᠡᠷ ᠵᠢᠭᠠᠨ ᠵᠢᠯᠤᠭᠤᠳᠤᠯᠭ᠎ᠠ ᠥᠭᠪᠡ᠂ ᠥᠪᠥᠷ ᠮᠣᠩᠭᠣᠯ ᠤ᠋ᠨ ᠠᠷᠠᠳ ᠤ᠋ᠨ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠮᠡᠳᠡᠭᠡ ᠵᠠᠩᠭᠢ ᠶ᠋ᠢᠨ ᠮᠡᠷᠭᠡᠵᠢᠯ ᠦ᠋ᠨ ᠭᠠᠵᠠᠷ ᠤ᠋ᠨ ᠳᠠᠷᠤᠭ᠎ᠠ ᠰᠥᠩ ᠵᠢᠶᠠᠨ ᠪᠦᠸᠧ ᠂ ᠣᠷᠳᠣᠰ ᠬᠣᠲᠠ ᠶ᠋ᠢᠨ ᠳᠤᠮᠳᠠ ᠵᠡᠷᠭᠡ ᠵᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠤ᠋ ᠳᠠᠷᠤᠭ᠎ᠠ ᠰᠦ᠍ ᠯᠢ ᠵᠢᠶᠦ᠋ᠨ ᠵᠡᠷᠭᠡ 8 ᠬᠥᠮᠦᠨ ᠪᠠᠷ᠎ᠠ ᠪᠣᠯᠵᠤ ᠰᠤᠳᠤᠯᠤᠨ ᠪᠠᠢᠴᠠᠭᠠᠪᠠ᠃
ᠵᠠᠷᠭᠤ ᠶ᠋ᠢᠨ ᠦᠢᠯᠡᠴᠢᠯᠡᠭᠡᠨ ᠦ᠌ ᠲᠥᠪ ᠢ᠋ ᠲᠣᠭᠣᠷᠢᠨ ᠦᠵᠡᠬᠦ
ᠣᠶᠤᠨᠴᠢ ᠡᠭᠦᠯᠡᠨ ᠬᠣᠷᠰᠢᠯ ᠤ᠋ᠨ ᠪᠦᠲᠦᠭᠡᠨ ᠪᠠᠢᠭᠤᠯᠤᠯᠲᠠ ᠶ᠋ᠢ ᠲᠣᠭᠣᠷᠢᠨ ᠦᠵᠡᠬᠦ
ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠢᠭᠡᠳᠦᠭᠡᠷ ᠰᠢᠭᠦᠬᠦ ᠲᠠᠩᠬᠢᠮ ᠂ ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠭᠦᠢᠴᠡᠳᠭᠡᠬᠦ ᠶ᠋ᠢ ᠵᠢᠯᠣᠭᠣᠳᠬᠤ ᠲᠥᠪ ᠂ ᠮᠡᠳᠡᠭᠡ ᠵᠠᠩᠭᠢ ᠶ᠋ᠢᠨ ᠬᠠᠮᠢᠶᠠᠷᠤᠯᠲᠠ ᠶ᠋ᠢᠨ ᠲᠥᠪ ᠵᠡᠷᠭᠡ ᠲᠠᠯᠠᠪᠤᠷ ᠢ᠋ ᠲᠣᠭᠣᠷᠢᠨ ᠦᠵᠡᠪᠡ ᠃
ᠭᠦᠢᠴᠡᠳᠭᠡᠨ ᠵᠢᠯᠤᠭᠤᠳᠬᠤ ᠲᠥᠪ ᠢ᠋ ᠲᠣᠭᠤᠷᠢᠨ ᠦᠵᠡᠵᠦ ᠪᠠᠢᠭ᠎ᠠ ᠨᠢ
ᠶᠠᠷᠢᠯᠴᠠᠬᠤ ᠬᠤᠷᠠᠯ ᠳᠡᠭᠡᠷ᠎ᠡ ᠂ ᠳᠡᠳ᠋ ᠬᠣᠷᠢᠶᠠᠨ ᠳᠠᠷᠤᠭ᠎ᠠ ᠯᠢ ᠵᠢᠩ ᠭᠦᠸᠧ ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠳ᠋ᠦ᠍ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶ᠋ᠢᠨ ᠮᠡᠳᠡᠭᠡ ᠵᠠᠩᠭᠢᠵᠢᠯᠲᠡ ᠶ᠋ᠢᠨ ᠪᠠᠢᠭᠤᠯᠤᠯᠲᠠ ᠶ᠋ᠢᠨ ᠠᠵᠢᠯ ᠤ᠋ᠨ ᠪᠠᠢᠳᠠᠯ ᠢ᠋ ᠨᠠᠷᠢᠨ ᠲᠠᠨᠢᠯᠴᠠᠭᠤᠯᠵᠤ ᠂ ᠣᠶᠤᠨᠴᠢᠯᠠᠭᠰᠠᠨ ᠰᠢᠭᠦᠬᠦ ᠬᠣᠷᠢᠶᠠᠨ ᠤ᠋ ᠬᠠᠲᠠᠭᠤ ᠲᠣᠨᠣᠭ ᠤ᠋ᠨ ᠰᠢᠰᠲ᠋ᠧᠮ ᠦ᠋ᠨ ᠪᠠᠢᠭᠤᠯᠤᠯᠲᠠ ᠂ ᠣᠶᠤᠨᠴᠢᠯᠠᠭᠰᠠᠨ ᠠᠵᠢᠯ ᠤ᠋ᠨ ᠲᠠᠪᠴᠠᠩ ᠂ ᠵᠥᠭᠡᠯᠡᠨ ᠲᠣᠨᠣᠭ ᠬᠡᠷᠡᠭᠯᠡᠬᠦ ᠰᠢᠨ᠎ᠡ ᠲᠣᠭᠲᠠᠴᠠ ᠂ ᠣᠳᠣᠬᠠᠨ ᠳ᠋ᠤ᠌ ᠣᠷᠤᠰᠢᠵᠤ ᠪᠠᠢᠭ᠎ᠠ ᠠᠰᠠᠭᠤᠳᠠᠯ ᠪᠠ ᠳᠠᠷᠠᠭᠠᠴᠢ ᠶ᠋ᠢᠨ ᠠᠯᠬᠤᠮ ᠤ᠋ᠨ ᠠᠵᠢᠯ ᠤ᠋ᠨ ᠰᠡᠳᠭᠢᠴᠡ ᠵᠡᠷᠭᠡ ᠲᠠᠯ᠎ᠠ ᠪᠠᠷ ᠬᠠᠷᠢᠭᠤ ᠮᠡᠳᠡᠭᠦᠯᠦᠯᠲᠡ ᠬᠢᠪᠡ ᠃ ᠰᠥᠩ ᠵᠢᠶᠠᠨ ᠪᠦᠸᠧ ᠂ ᠪᠦᠬᠦ ᠣᠷᠣᠨ ᠤ᠋ ᠰᠢᠭᠦᠬᠦ ᠬᠣᠷᠢᠶᠠᠨ ᠤ᠋ ᠮᠡᠳᠡᠭᠡ ᠵᠠᠩᠭᠢᠴᠢᠯᠠᠯᠲᠠ ᠶ᠋ᠢᠨ ᠪᠠᠢᠭᠤᠯᠤᠯᠲᠠ ᠶ᠋ᠢᠨ ᠲᠥᠯᠥᠪᠵᠢᠭᠦᠯᠭᠡ ᠂ ᠲᠣᠮᠣ ᠳ᠋ᠠᠢᠲ᠋ᠠ ᠶ᠋ᠢᠨ ᠲᠠᠪᠴᠠᠩ ᠤ᠋ᠨ ᠪᠠᠢᠭᠤᠯᠤᠯᠲᠠ ᠶ᠋ᠢᠨ ᠰᠡᠳᠭᠢᠴᠡ ᠵᠢᠴᠢ ᠳᠡᠭᠡᠳᠦ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠬᠡᠷᠡᠭ ᠦ᠋ᠨ ᠵᠢᠱ᠌ᠢᠶ᠎ᠡ ᠳ᠋ᠠᠢᠲ᠋ᠠ ᠶ᠋ᠢᠨ ᠬᠥᠮᠥᠷᠭᠡ ᠶ᠋ᠢᠨ ᠪᠠᠢᠭᠤᠯᠤᠯᠲᠠ ᠶ᠋ᠢᠨ ᠪᠠᠢᠳᠠᠯ ᠢ᠋ ᠲᠠᠨᠢᠯᠴᠠᠭᠤᠯᠪᠠ ᠃
ᠬᠠᠮᠤᠭ ᠰᠡᠭᠦᠯ ᠳ᠋ᠦ᠍ ᠨᠢ ᠭᠠᠵᠠᠷ ᠤ᠋ᠨ ᠳᠠᠷᠤᠭ᠎ᠠ ᠬᠤᠸᠠᠩ ᠭᠦᠸᠧ ᠳ᠋ᠦᠩ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶ᠋ᠢᠨ ᠮᠡᠳᠡᠭᠡ ᠵᠠᠡᠭᠬᠢᠵᠢᠯᠳᠡ ᠶ᠋ᠢᠨ ᠪᠦᠲᠦᠭᠡᠨ ᠪᠠᠢᠭᠤᠯᠤᠯᠲᠠ ᠶ᠋ᠢ ᠭᠦᠢᠴᠡᠳ ᠨᠤᠲᠠᠯᠠᠵᠤ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶ᠋ᠢᠨ ᠮᠡᠳᠡᠭᠡ ᠵᠠᠡᠭᠢᠵᠢᠯᠳᠠ ᠶ᠋ᠢᠨ ᠪᠦᠲᠦᠭᠡᠨ ᠪᠠᠢᠭᠤᠯᠤᠯᠲᠠ ᠶ᠋ᠢᠨ ᠲᠥᠯᠥᠪᠵᠢᠭᠦᠯᠭᠡ ᠶ᠋ᠢᠨ ᠪᠣᠷᠣ ᠵᠢᠷᠤᠭ ᠲᠤ᠌ ᠵᠢᠯᠣᠭᠣᠳᠬᠤ ᠰᠠᠨᠠᠯ ᠳᠤᠷᠠᠳᠴᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠺᠠᠲ᠋ᠷ ᠴᠠᠭᠳᠠᠭ᠎ᠠ ᠶ᠋ᠢᠨ ᠪᠡᠶ᠎ᠡ ᠪᠡᠨ ᠳᠠᠭᠠᠭᠠᠵᠤ ᠰᠤᠳᠤᠯᠤᠨ ᠨᠡᠭᠡᠭᠡᠭᠰᠡᠨ ᠣᠷᠳᠣᠰ ᠬᠣᠲᠠ ᠶ᠋ᠢᠨ ᠬᠠᠤᠯᠢ ᠴᠠᠭᠠᠵᠠ ᠶ᠋ᠢᠨ ᠬᠡᠷᠡᠭ ᠦ᠋ᠨ ᠵᠢᠱ᠌ᠢᠶᠡᠨ ᠦ᠌ ᠵᠢᠯᠣᠭᠣᠳᠤᠮᠵᠢ ᠂ ᠣᠷᠳᠣᠰ ᠬᠣᠲᠠ ᠶ᠋ᠢᠨ ᠰᠢᠭᠦᠬᠦ ᠬᠣᠷᠢᠶ᠎ᠠ ᠶ᠋ᠢᠨ ᠡᠴᠦᠰ ᠦ᠋ᠨ ᠲᠤᠰ ᠬᠡᠷᠡᠭ ᠦ᠋ᠨ ᠬᠠᠮᠢᠶᠠᠷᠤᠯᠲᠠ ᠶ᠋ᠢᠨ ᠰᠢᠰᠲ᠋ᠧᠮ ᠵᠡᠷᠭᠡ ᠵᠥᠭᠡᠯᠡᠨ ᠲᠣᠨᠣᠭ ᠢ᠋ ᠥᠨᠳᠥᠷ ᠦᠨᠡᠯᠡᠭᠰᠡᠨ ᠶᠤᠮ ᠃ ᠬᠤᠸᠠᠩ ᠭᠦᠸᠧ ᠳ᠋ᠦᠩ ᠠ᠋ᠴᠠ ᠰᠢᠭᠦᠬᠦ ᠬᠣᠷᠢᠶᠠᠨ ᠤ᠋ ᠰᠤᠷᠠᠭ ᠵᠠᠩᠭᠢᠴᠢᠯᠠᠯᠲᠠ ᠶ᠋ᠢᠨ ᠪᠠᠢᠭᠤᠯᠤᠯᠲᠠ ᠶ᠋ᠢᠨ ᠰᠢᠨᠡᠡᠭᠦᠳᠦᠯᠲᠡ ᠨᠢ ᠦᠨᠳᠦᠰᠦᠨ ᠱᠠᠲᠤᠨ ᠳ᠋ᠤ᠌ ᠪᠠᠢᠵᠤ ᠂ ᠦᠨᠳᠦᠰᠦᠨ ᠱᠠᠲᠤᠨ ᠤ᠋ ᠬᠣᠷᠢᠶ᠎ᠠ ᠳᠠᠪᠠᠭᠤᠯᠢᠭ ᠢ᠋ᠶ᠋ᠠᠨ ᠭᠦᠢᠴᠡᠳ ᠪᠠᠳᠠᠷᠠᠭᠤᠯᠵᠤ ᠂ ᠰᠢᠭᠦᠬᠦ ᠬᠣᠷᠢᠶᠠᠨ ᠤ᠋ ᠪᠣᠳᠠᠲᠠᠢ ᠠᠵᠢᠯ ᠪᠠ ᠮᠡᠳᠡᠭᠡ ᠵᠠᠩᠭᠢᠴᠢᠯᠠᠯᠲᠠ ᠶ᠋ᠢ ᠤᠶᠠᠯᠳᠤᠭᠤᠯᠵᠤ ᠂ ᠠᠯᠢᠪᠠ ᠠᠵᠢᠯ ᠤ᠋ᠨ ᠪᠣᠳᠠᠲᠠᠢ ᠪᠠᠢᠳᠠᠯ ᠢ᠋ ᠪᠠᠢᠭᠤᠯᠵᠤ ᠂ ᠪᠦᠬᠦ ᠣᠷᠣᠨ ᠳ᠋ᠤ᠌ ᠳᠡᠯᠭᠡᠷᠡᠭᠦᠯᠦᠨ ᠬᠡᠷᠡᠭᠯᠡᠵᠦ ᠪᠣᠯᠬᠤ ᠰᠢᠨ᠎ᠡ ᠶ᠋ᠢ ᠡᠭᠦᠳᠴᠦ ᠬᠡᠷᠡᠭᠯᠡᠵᠦ ᠂ ᠣᠶᠤᠨᠴᠢ ᠰᠢᠭᠦᠬᠦ ᠬᠣᠷᠢᠶᠠᠨ ᠤ᠋ ᠬᠡᠷᠡᠭᠯᠡᠭᠡᠨ ᠦ᠌ ᠨᠣᠷᠮ᠎ᠠ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠭᠠᠨᠰᠦ ᠶ᠋ᠢᠨ ᠳᠡᠭᠡᠳᠦ ᠰᠤᠷᠭᠠᠭᠤᠯᠢ ᠶ᠋ᠢᠨ ᠳᠥᠷᠪᠡᠳᠦᠭᠡᠷ ᠳᠡᠰ ᠦ᠋ᠨ ᠪᠠᠢᠴᠠᠭᠠᠨ ᠰᠤᠳᠤᠯᠤᠭᠴᠢ ᠵᠠᠩ ᠶᠦᠩ ᠲᠤᠤ ᠂ ᠭᠤᠸᠠᠩᠳᠦ᠋ᠩ ᠦ᠋ᠨ ᠳᠡᠭᠡᠳᠦ ᠰᠤᠷᠭᠠᠭᠤᠯᠢ ᠶ᠋ᠢᠨ ᠮᠡᠳᠡᠭᠡ ᠵᠠᠩᠭᠢ ᠶ᠋ᠢᠨ ᠲᠥᠪ ᠦ᠋ᠨ ᠳᠡᠳ᠋ ᠡᠷᠬᠢᠯᠡᠭᠴᠢ ᠵᠧᠩ ᠵᠦᠩ ᠴᠦᠨ ᠂ ᠱᠧᠨᠵᠧᠨ ᠦ᠌ ᠶᠠᠨ ᠲᠢᠶᠠᠨ ᠲᠣᠭᠣᠷᠢᠭ ᠤ᠋ᠨ ᠰᠢᠭᠦᠬᠦ ᠬᠣᠷᠢᠶᠠᠨ ᠤ᠋ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠵᠠᠩ ᠮᠢᠩ ᠵᠢᠶᠦ᠋ᠨ ᠂ ᠭᠤᠸᠠᠩᠵᠧᠦ ᠶ᠋ᠢᠨ ᠢᠨᠲ᠋ᠧᠷ ᠰᠦᠯᠵᠢᠶᠡᠨ ᠦ᠌ ᠰᠢᠭᠦᠬᠦ ᠬᠣᠷᠢᠶᠠᠨ ᠤ᠋ ᠶᠡᠷᠦᠩᠬᠡᠢᠯᠡᠭᠰᠡᠨ ᠠᠯᠪᠠᠨ ᠭᠡᠷ ᠦ᠋ᠨ ᠡᠷᠬᠢᠯᠡᠭᠴᠢ ᠬᠤ᠌ ᡁᠢ ᠢᠦᠢ ᠂ ᠥᠪᠥᠷ ᠮᠣᠩᠭᠣᠯ ᠤ᠋ᠨ ᠤᠯᠠᠭᠠᠨᠬᠠᠳᠠ ᠬᠣᠲᠠ ᠶ᠋ᠢᠨ ᠣᠩᠨᠢᠭᠤᠳ ᠬᠤᠱᠢᠭᠤᠨ ᠤ᠋ ᠰᠢᠭᠦᠬᠦ ᠬᠣᠷᠢᠶᠠᠨ ᠤ᠋ ᠳᠠᠷᠤᠭ᠎ᠠ ᠬᠠᠨ ᠶᠤᠸᠠᠢ ᠵᠢᠶᠧ ᠨᠠᠷ ᠪᠠᠷ᠎ᠠ ᠪᠣᠯᠤᠨ ᠪᠠᠢᠴᠠᠭᠠᠨ ᠰᠤᠳᠤᠯᠤᠯᠲᠠ ᠬᠢᠪᠡ ᠃
ᠦᠨᠡᠯᠡᠬᠦ 0ᠦᠨᠡᠯᠡᠯᠲᠡ᠎ᠲᠠᠢ