8 ᠰᠠᠷ᠎ᠠ ᠶ᠋ᠢᠨ 27 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶ᠎ᠠ ᠨᠡᠭᠦᠷᠡᠰᠦᠨ ᠦ᠌ ᠡᠬᠢ ᠪᠠᠶᠠᠯᠢᠭ ᠤ᠋ᠨ ᠬᠦᠷᠢᠶ᠎ᠡ ᠶ᠋ᠢ ᠲᠣᠭᠣᠷᠢᠨ ᠪᠠᠢᠴᠠᠭᠠᠵᠤ ᠴᠡᠭᠴᠡᠯᠡᠨ ᠥᠭᠡᠷᠡᠴᠢᠯᠡᠬᠦ ᠲᠤᠰᠭᠠᠢ ᠰᠡᠳᠦᠪᠲᠦ ᠠᠷᠠᠳᠴᠢᠯᠠᠯ ᠤ᠋ᠨ ᠠᠮᠢᠳᠤᠷᠠᠯ ᠤ᠋ᠨ ᠬᠤᠷᠠᠯ ᠬᠢᠵᠦ ᠂ ᠬᠣᠲᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠬᠣᠷᠢᠶ᠎ᠠ ᠠ᠋ᠴᠠ ᠬᠣᠲᠠ ᠶ᠋ᠢᠨ ᠬᠥᠭᠵᠢᠭᠦᠯᠦᠯᠲᠡ ᠥᠭᠡᠷᠡᠴᠢᠯᠡᠯᠲᠡ ᠶ᠋ᠢᠨ ᠵᠥᠪᠯᠡᠯ ᠦ᠋ᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠶᠠᠩ ᠾᠦᠢ ᠴᠢᠶᠠᠩ ᠨᠥᠬᠥᠷ ᠢ᠋ ᠲᠣᠮᠢᠯᠠᠨ ᠬᠤᠷᠠᠯ ᠳ᠋ᠤ᠌ ᠢᠷᠡᠭᠦᠯᠵᠦ ᠵᠢᠭᠠᠨ ᠵᠢᠯᠣᠭᠣᠳᠤᠭᠤᠯᠤᠭᠰᠠᠨ ᠪᠥᠭᠡᠳ ᠶᠠᠷᠢᠶ᠎ᠠ ᠲᠠᠯᠪᠢᠪᠠ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠂ ᠭᠡᠷ ᠦ᠋ᠨ ᠤᠳᠤᠷᠢᠳᠬᠤ ᠪᠠᠭ ᠤ᠋ᠨ ᠪᠦᠷᠢᠯᠳᠦᠬᠦᠨ ᠨᠠᠷ ᠬᠤᠷᠠᠯ ᠳ᠋ᠤ᠌ ᠣᠷᠣᠯᠴᠠᠪᠠ ᠃
ᠬᠣᠲᠠ ᠶ᠋ᠢᠨ ᠳᠤᠮᠳᠠ ᠵᠡᠷᠭᠡ ᠶ᠋ᠢᠨ ᠱᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠡᠨᠡ ᠤᠳᠠᠭᠠᠨ ᠤ᠋ ᠲᠤᠰᠭᠠᠢ ᠰᠡᠳᠦᠪᠲᠦ ᠠᠷᠠᠳᠴᠢᠯᠠᠯ ᠤ᠋ᠨ ᠠᠮᠢᠳᠤᠷᠠᠯ ᠤ᠋ᠨ ᠰᠠᠢᠨ ᠥᠷᠨᠢᠭᠦᠯᠬᠦ ᠶ᠋ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠪᠡ ᠃ ᠬᠤᠷᠠᠯ ᠠ᠋ᠴᠠ ᠡᠮᠦᠨ᠎ᠡ ᠂ ᠬᠦᠷᠢᠶᠡᠯᠡᠩ ᠦ᠋ᠨ ᠨᠠᠮ ᠤ᠋ᠨ ᠤᠳᠤᠷᠢᠳᠬᠤ ᠳᠤᠭᠤᠢᠯᠠᠩ ᠨᠢ ᠨᠡᠭᠦᠷᠡᠰᠦᠨ ᠦ᠌ ᠡᠬᠢ ᠪᠠᠶᠠᠯᠢᠭ ᠤ᠋ᠨ ᠬᠦᠷᠢᠶ᠎ᠡ ᠴᠠᠷᠠᠭ᠎ᠠ ᠶ᠋ᠢ ᠲᠣᠭᠣᠷᠢᠨ ᠪᠠᠢᠴᠠᠭᠠᠵᠤ ᠴᠡᠭᠴᠡᠯᠡᠨ ᠥᠭᠡᠷᠡᠴᠢᠯᠡᠬᠦ ᠲᠥᠪ ᠦ᠋ᠨ ᠳᠤᠭᠤᠢᠯᠠᠩ ᠤ᠋ᠨ ᠰᠤᠷᠤᠯᠴᠠᠬᠤ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠤ᠋ᠨ ᠠᠵᠢᠯ ᠤ᠋ᠨ ᠲᠤᠬᠠᠢ ᠴᠢᠬᠤᠯᠠ ᠶᠠᠷᠢᠶ᠎ᠠ ᠶ᠋ᠢᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ 《 ᠬᠣᠶᠠᠷ ᠬᠠᠮᠠᠭᠠᠯᠠᠬᠤ 》 ᠶ᠋ᠢ ᠦᠨᠳᠦᠰᠦᠨ ᠡᠭᠦᠷᠭᠡ ᠪᠣᠯᠭᠠᠵᠤ ᠂ ᠨᠡᠭᠦᠷᠡᠰᠦᠨ ᠦ᠌ ᠡᠬᠢ ᠪᠠᠶᠠᠯᠢᠭ ᠤ᠋ᠨ ᠬᠦᠷᠢᠶ᠎ᠡ ᠴᠠᠷᠠᠭ᠎ᠠ ᠶ᠋ᠢᠨ ᠳᠣᠪᠣᠢᠮ᠎ᠠ ᠠᠰᠠᠭᠤᠳᠠᠯ ᠢ᠋ ᠴᠡᠭᠴᠡᠯᠡᠨ ᠵᠠᠰᠠᠬᠤ ᠳ᠋ᠤ᠌ ᠠᠩᠬᠠᠷᠤᠯ ᠢ᠋ᠶ᠋ᠠᠨ ᠲᠥᠪᠯᠡᠷᠡᠭᠦᠯᠪᠡ ᠃
ᠬᠤᠷᠠᠯ ᠠ᠋ᠴᠠ ᠲᠤᠰ ᠤᠳᠠᠭᠠᠨ ᠤ᠋ ᠠᠷᠠᠳᠴᠢᠯᠠᠯ ᠤ᠋ᠨ ᠠᠮᠢᠳᠤᠷᠠᠯ ᠤ᠋ᠨ ᠬᠤᠷᠠᠯ ᠤ᠋ᠨ ᠰᠠᠨᠠᠯ ᠬᠤᠷᠢᠶᠠᠭᠰᠠᠨ ᠪᠠᠢᠳᠠᠯ ᠢ᠋ ᠮᠡᠳᠡᠭᠳᠡᠪᠡ ᠃ ᠰᠦ᠍ ᠯᠢ ᠵᠢᠶᠦ᠋ᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠬᠤ ᠪᠠᠭ ᠢ᠋ ᠲᠥᠯᠥᠭᠡᠯᠡᠨ ᠬᠠᠷᠢᠴᠠᠭᠤᠯᠵᠤ ᠪᠠᠢᠴᠠᠭᠠᠬᠤ ᠶ᠋ᠢᠨ ᠬᠠᠮᠲᠤ ᠂ᠲᠦᠷᠦᠭᠦᠯᠡᠨ ᠬᠤᠪᠢ ᠬᠥᠮᠦᠨ ᠬᠠᠷᠢᠴᠠᠭᠤᠯᠤᠨ ᠪᠠᠢᠴᠠᠭᠠᠵᠤ ᠂ ᠪᠤᠰᠤᠳ ᠪᠠᠭ ᠤ᠋ᠨ ᠪᠦᠷᠢᠯᠳᠦᠬᠦᠨ ᠳᠡᠰ ᠳᠠᠷᠠᠭᠠᠯᠠᠨ ᠬᠤᠪᠢ ᠬᠥᠮᠦᠨ ᠬᠠᠷᠢᠴᠠᠭᠤᠯᠤᠨ ᠪᠠᠢᠴᠠᠭᠠᠬᠤ ᠶ᠋ᠢᠨ ᠬᠠᠮᠲᠤ ᠬᠠᠷᠢᠯᠴᠠᠨ ᠰᠢᠭᠦᠮᠵᠢᠯᠡᠵᠡᠢ ᠃
ᠶᠠᠩ ᠬᠤᠢ ᠴᠢᠶᠠᠩ ᠵᠢᠭᠠᠵᠤ ᠭᠠᠷᠭᠠᠭᠰᠠᠨ ᠨᠢ ᠂ ᠨᠡᠭᠦᠷᠡᠰᠦᠨ ᠦ᠌ ᠡᠬᠢ ᠪᠠᠶᠠᠯᠢᠭ ᠤ᠋ᠨ ᠬᠦᠷᠢᠶᠡᠨ ᠳ᠋ᠡᠬᠢ ᠲᠣᠭᠣᠷᠢᠨ ᠪᠠᠢᠴᠠᠭᠠᠵᠤ ᠴᠡᠭᠴᠡᠯᠡᠨ ᠵᠠᠰᠠᠬᠤ ᠲᠤᠰᠭᠠᠢ ᠰᠡᠳᠦᠪᠲᠦ ᠠᠷᠠᠳᠴᠢᠯᠠᠯ ᠤ᠋ᠨ ᠠᠮᠢᠳᠤᠷᠠᠯ ᠪᠣᠯ ᠨᠢᠭᠡ ᠵᠦᠢᠯ ᠦ᠋ᠨ ᠴᠢᠬᠤᠯᠠ ᠶᠡᠬᠡ ᠤᠯᠤᠰ ᠲᠥᠷᠥ ᠶ᠋ᠢᠨ ᠡᠭᠦᠷᠭᠡ ᠮᠥᠨ ᠂ ᠨᠠᠮ ᠤ᠋ᠨ ᠲᠥᠪ ᠬᠣᠷᠢᠶᠠᠨ ᠤ᠋ ᠥᠪᠥᠷ ᠮᠣᠩᠭᠣᠯ ᠤ᠋ᠨ ᠨᠡᠭᠦᠷᠡᠰᠦ ᠶ᠋ᠢ ᠴᠡᠭᠴᠡᠯᠡᠨ ᠵᠠᠰᠠᠬᠤ ᠠᠵᠢᠯ ᠤ᠋ᠨ ᠲᠠᠯ᠎ᠠ ᠪᠠᠷ ᠬᠢ ᠴᠢᠬᠤᠯᠠ ᠱᠠᠭᠠᠷᠳᠠᠯᠭ᠎ᠠ ᠮᠥᠨ ᠂ ᠲᠣᠭᠣᠷᠢᠨ ᠪᠠᠢᠴᠠᠭᠠᠵᠤ ᠴᠡᠭᠴᠡᠯᠡᠨ ᠵᠠᠰᠠᠬᠤ ᠠᠵᠢᠯ ᠥᠩᠭᠡᠷᠡᠭᠡᠭᠰᠡᠨ ᠦ᠌ ᠬᠢ ᠲᠡᠢ ᠠᠳᠠᠯᠢ ᠦᠭᠡᠢ ᠶᠦ᠍ᠮ ᠃ ᠲᠤᠰ ᠤᠳᠠᠭᠠᠨ ᠤ᠋ ᠲᠤᠰᠭᠠᠢ ᠰᠡᠳᠦᠪᠲᠦ ᠠᠷᠠᠳᠴᠢᠯᠠᠯ ᠤ᠋ᠨ ᠠᠮᠢᠳᠤᠷᠠᠯ ᠤ᠋ᠨ ᠬᠤᠷᠠᠯ ᠨᠢ ᠬᠤᠷᠠᠯ ᠠ᠋ᠴᠠ ᠡᠮᠦᠨᠡᠬᠢ ᠪᠡᠯᠡᠳᠭᠡᠯ ᠭᠦᠢᠴᠡᠳ ᠂ ᠪᠠᠭ ᠤ᠋ᠨ ᠪᠦᠷᠢᠯᠳᠦᠬᠦᠨ ᠨᠢ ᠨᠠᠷᠢᠨ ᠬᠢᠨᠠᠮᠠᠭᠠᠢ ᠰᠤᠷᠤᠯᠴᠠᠯᠭ᠎ᠠ ᠳ᠋ᠤ᠌ ᠣᠷᠣᠯᠴᠠᠵᠤ ᠂ ᠬᠠᠷᠢᠴᠠᠭᠤᠯᠤᠨ ᠪᠠᠢᠴᠠᠭᠠᠬᠤ ᠮᠠᠲ᠋ᠸᠷᠢᠶᠠᠯ ᠨᠢ ᠪᠦᠷᠢᠨ ᠭᠦᠢᠴᠡᠳ ᠪᠠᠢᠵᠤ ᠂ ᠰᠠᠨᠠᠯ ᠬᠤᠷᠢᠶᠠᠬᠤ ᠨᠢ ᠥᠷᠭᠡᠨ ᠳᠡᠯᠭᠡᠷ ᠬᠡᠪᠴᠢᠶᠡᠨ ᠳ᠋ᠦ᠍ ᠣᠷᠣᠵᠤ ᠂ ᠡᠯ᠎ᠡ ᠨᠢᠭᠡᠴᠡ ᠨᠢ ᠴᠥᠮ ᠨᠡᠯᠢᠶᠡᠳ ᠣᠨᠣᠪᠴᠢᠲᠠᠢ ᠰᠠᠨᠠᠯ ᠰᠠᠨᠠᠭᠤᠯᠭ᠎ᠠ ᠳᠤᠷᠠᠳᠤᠭᠰᠠᠨ ᠪᠥᠭᠡᠳ ᠤᠳᠤᠷᠢᠳᠤᠯᠭ᠎ᠠ ᠨᠠᠷ ᠲᠤᠰ ᠪᠡᠶ᠎ᠡ ᠶ᠋ᠢᠨ ᠣᠷᠤᠰᠢᠵᠤ ᠪᠠᠢᠭ᠎ᠠ ᠠᠰᠠᠭᠤᠳᠠᠯ ᠤ᠋ᠨ ᠲᠠᠯ᠎ᠠ ᠪᠠᠷ ᠬᠢ ᠲᠠᠨᠢᠯᠲᠠ ᠨᠢ ᠨᠡᠯᠢᠶᠡᠳ ᠲᠣᠳᠣᠷᠬᠠᠢ ᠪᠠᠢᠵᠤ ᠂ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠨᠢ ᠴᠦ᠍ ᠮᠠᠰᠢ ᠪᠣᠳᠠᠲᠠᠢ ᠂ ᠨᠢᠭᠡᠨ ᠤᠳᠠᠭᠠᠨ ᠤ᠋ ᠴᠢᠨᠠᠷ ᠰᠠᠢᠲᠠᠢ ᠠᠷᠠᠳᠴᠢᠯᠠᠯ ᠮᠥᠨ ᠃ ᠬᠣᠲᠠ ᠶ᠋ᠢᠨ ᠳᠤᠮᠳᠠ ᠵᠡᠷᠭᠡ ᠢ᠋ᠢᠨ ᠰᠢᠭᠦᠬᠦ ᠬᠣᠷᠢᠶ᠎ᠠ ᠦᠵᠡᠯ ᠰᠠᠨᠠᠭᠠᠨ ᠤ᠋ ᠲᠠᠨᠢᠯᠲᠠ ᠪᠠᠨ ᠤᠢᠷᠬᠦᠯᠵᠢᠯᠡᠠ ᠲᠡᠭᠡᠭᠰᠢᠯᠡᠭᠦᠯᠵᠦ᠂ ᠪᠠᠢᠴᠠᠭᠠᠵᠤ ᠭᠠᠷᠭᠠᠭᠰᠠᠨ ᠡᠠᠰᠠᠭᠣᠳᠠᠯ ᠤ᠋ᠨ ᠲᠤᠬᠠᠢ ᠳᠠᠷᠤᠢ ᠳᠣᠣᠷ᠎ᠠ ᠪᠠᠨ ᠥᠭᠡᠷᠡᠴᠢᠯᠡᠬᠦ᠂ ᠮᠥᠷ ᠲᠣᠭᠲᠠᠭᠠᠨ ᠥᠭᠡᠷᠡᠴᠢᠯᠡᠬᠦ ᠂ ᠪᠤᠢᠭᠦ ᠲᠠᠯ᠎ᠠ ᠪᠠᠷ ᠴᠡᠭᠴᠡᠯᠡᠨ ᠥᠭᠡᠷᠡᠴᠢᠯᠡᠬᠦ᠂ ᠲᠤᠢᠯᠪᠤᠷᠢᠲᠠᠢ ᠬᠠᠯᠠᠨ ᠰᠠᠢᠵᠢᠷᠠᠭᠤᠯᠬᠤ ᠶ᠋ᠢ ᠪᠠᠲᠤᠯᠠᠬᠤ ᠬᠡᠷᠠᠭᠳᠠᠢ ᠃ ᠲᠣᠭᠲᠠᠴᠠ ᠪᠠ ᠬᠦᠷᠦᠯᠴᠡᠬᠦ ᠥᠬᠡᠢ ᠲᠠᠯ᠎ᠠ ᠶ᠋ᠢ ᠨᠥᠬᠥᠪᠥᠷᠢᠯᠡᠵᠦ ᠂ ᠮᠥᠷ ᠲᠣᠭᠲᠠᠭᠠᠨ ᠥᠭᠡᠷᠡᠴᠢᠯᠡᠬᠦ ᠶ᠋ᠢ ᠤᠷᠲᠤ ᠬᠤᠭᠤᠴᠠᠭ᠎ᠠ ᠪᠠᠷ ᠴᠡᠭᠴᠡᠯᠡᠨ ᠵᠠᠰᠠᠬᠤ ᠲᠠᠢ ᠤᠶᠠᠯᠳᠤᠭᠤᠯᠬᠤ ᠶ᠋ᠢ ᠪᠠᠷᠢᠮᠲᠠᠯᠠᠵᠤ ᠂ ᠴᠡᠭᠴᠡᠯᠡᠨ ᠰᠠᠢᠵᠢᠷᠠᠭᠤᠯᠤᠭᠰᠠᠨ ᠦᠷ᠎ᠡ ᠪᠦᠲᠦᠭᠡᠯ ᠂ ᠳᠦᠷᠢᠮ ᠢ᠋ ᠰᠠᠢᠲᠤᠷ ᠬᠡᠷᠡᠭᠯᠡᠨ ᠂ ᠴᠡᠭᠴᠡᠯᠡᠨ ᠰᠠᠢᠵᠢᠷᠠᠭᠤᠯᠬᠤ ᠠᠵᠢᠯ ᠤ᠋ᠨ ᠤᠷᠲᠤ ᠤᠳᠠᠭᠠᠨ ᠤ᠋ ᠪᠣᠳᠠᠲᠤ ᠦᠷ᠎ᠡ ᠪᠦᠲᠦᠮᠵᠢ ᠣᠯᠬᠤ ᠶ᠋ᠢ ᠦᠨᠡᠨᠬᠦ ᠪᠠᠲᠤᠯᠠᠬᠤ ᠬᠡᠷᠡᠭᠲᠡᠢ ᠃
ᠰᠦ᠍ ᠯᠢ ᠵᠢᠶᠦ᠋ᠨ ᠢᠯᠡᠷᠬᠡᠢᠯᠡᠬᠦ ᠳ᠋ᠡᠭᠡᠨ ᠂ ᠲᠤᠰ ᠤᠳᠠᠭᠠᠨ ᠤ᠋ ᠲᠤᠰᠭᠠᠢ ᠰᠡᠳᠦᠪᠲᠦ ᠠᠷᠠᠳᠴᠢᠯᠠᠯ ᠤ᠋ᠨ ᠠᠮᠢᠳᠤᠷᠠᠯ ᠨᠢ ᠠᠰᠠᠭᠤᠳᠠᠯ ᠢ᠋ ᠰᠢᠢᠳᠪᠦᠷᠢᠯᠡᠬᠦ ᠂ ᠨᠠᠮᠴᠢ ᠴᠢᠨᠠᠷ ᠢ᠋ ᠪᠣᠯᠪᠠᠰᠤᠷᠠᠭᠤᠯᠬᠤ ᠂ ᠠᠷᠠᠳᠴᠢᠯᠠᠯ ᠢ᠋ ᠪᠠᠳᠠᠷᠠᠭᠤᠯᠬᠤ ᠂ ᠪᠦᠯᠬᠦᠮᠳᠡᠯ ᠢ᠋ ᠴᠢᠩᠭᠠᠳᠭᠠᠬᠤ ᠵᠢᠰᠢᠭᠰᠡᠨ ᠦᠷ᠎ᠡ ᠳ᠋ᠦᠩ ᠳ᠋ᠦ᠍ ᠬᠦᠷᠬᠦ ᠪᠣᠯᠤᠨ᠎ᠠ ᠭᠡᠵᠡᠢ ᠃ ᠬᠤᠷᠠᠯ ᠤ᠋ᠨ ᠳᠠᠷᠠᠭ᠎ᠠ ᠂ ᠨᠠᠷᠢᠨ ᠬᠢᠨᠠᠮᠠᠭᠠᠢ ᠣᠢᠯᠠᠭᠠᠵᠤ ᠂ ᠴᠢᠩᠭ᠎ᠠ ᠨᠠᠢᠳᠠᠪᠤᠷᠢᠵᠢᠭᠤᠯᠵᠤ ᠂ ᠬᠣᠲᠠ ᠶ᠋ᠢᠨ ᠨᠠᠮ ᠤ᠋ᠨ ᠬᠣᠷᠢᠶᠠᠨ ᠤ᠋ ᠬᠣᠯᠪᠣᠭᠳᠠᠯ ᠪᠦᠬᠦᠢ ᠱᠠᠭᠠᠷᠳᠠᠯᠭ᠎ᠠ ᠲᠠᠢ ᠬᠠᠷᠢᠴᠠᠭᠤᠯᠵᠤ ᠂ ᠠᠵᠢᠯ ᠤ᠋ᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠂ ᠴᠡᠭᠴᠡᠯᠡᠨ ᠰᠠᠢᠵᠢᠷᠠᠭᠤᠯᠬᠤ ᠨᠠᠷᠢᠨ ᠬᠠᠭᠤᠳᠠᠰᠤ ᠶ᠋ᠢ ᠱᠠᠯᠠᠪᠳᠠᠨ ᠵᠢᠭᠰᠠᠭᠠᠵᠤ ᠂ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠨ ᠂ ᠴᠡᠭᠴᠡᠯᠡᠨ ᠰᠠᠢᠵᠢᠷᠠᠭᠤᠯᠬᠤ ᠴᠠᠭ ᠬᠤᠭᠤᠴᠠᠭ᠎ᠠ ᠶ᠋ᠢ ᠳᠤᠷᠠᠳᠤᠨ ᠭᠠᠷᠭᠠᠵᠤ ᠂ ᠣᠷᠤᠰᠢᠵᠤ ᠪᠠᠢᠭ᠎ᠠ ᠠᠰᠠᠭᠤᠳᠠᠯ ᠢ᠋ ᠰᠠᠢᠲᠤᠷ ᠰᠢᠢᠳᠪᠦᠷᠢᠯᠡᠬᠦ ᠬᠡᠷᠡᠭᠲᠡᠢ ᠃ ᠨᠢᠭᠡ ᠳ᠋ᠦ᠍ ᠠᠪᠤᠨ ᠳᠣᠣᠷ᠎ᠠ ᠪᠠᠨ ᠥᠭᠡᠷᠡᠴᠢᠯᠡᠵᠦ ᠃ ᠠᠰᠠᠭᠤᠳᠠᠯ ᠢ᠋ ᠢᠯᠡᠷᠡᠭᠦᠯᠵᠦ ᠂ ᠰᠢᠯᠲᠠᠭᠠᠨ ᠢ᠋ ᠨᠢ ᠡᠷᠢᠵᠦ ᠂ ᠡᠴᠦᠰ ᠦ᠋ᠨ ᠡᠴᠦᠰ ᠲᠡᠭᠡᠨ ᠠᠰᠠᠭᠤᠳᠠᠯ ᠢ᠋ ᠰᠢᠢᠳᠪᠦᠷᠢᠯᠡᠬᠦ ᠶ᠋ᠢᠨ ᠲᠥᠯᠥᠭᠡ ᠶᠦ᠍ᠮ ᠃ ᠪᠠᠢᠴᠠᠭᠠᠵᠤ ᠭᠠᠷᠭᠠᠭᠰᠠᠨ ᠠᠰᠠᠭᠤᠳᠠᠯ ᠳ᠋ᠤ᠌ ᠨᠠᠷᠢᠨ ᠬᠢᠨᠠᠮᠠᠭᠠᠢ ᠬᠠᠨᠳᠤᠵᠤ ᠂ ᠢᠳᠡᠪᠬᠢᠲᠡᠢ ᠬᠠᠷᠢᠭᠤᠯᠲᠠ ᠥᠭᠬᠦ ᠶ᠋ᠢᠨ ᠬᠠᠮᠲᠤ ᠡᠬᠡ ᠳᠠᠩᠰᠠ ᠶ᠋ᠢ ᠵᠢᠭᠰᠠᠭᠠᠨ ᠭᠠᠷᠭᠠᠵᠤ ᠂ ᠴᠡᠭᠴᠡᠯᠡᠨ ᠰᠠᠢᠵᠢᠷᠠᠭᠤᠯᠬᠤ ᠲᠥᠰᠦᠯ ᠲᠣᠭᠲᠠᠭᠠᠨ ᠂ ᠶᠠᠭᠤ ᠶ᠋ᠢ ᠴᠡᠭᠴᠡᠯᠡᠨ ᠰᠠᠢᠵᠢᠷᠠᠭᠤᠯᠬᠤ ᠂ ᠶᠠᠭᠠᠬᠢᠵᠤ ᠴᠡᠭᠴᠡᠯᠡᠨ ᠰᠠᠢᠵᠢᠷᠠᠭᠤᠯᠬᠤ ᠂ ᠬᠡᠵᠢᠶ᠎ᠡ ᠪᠡᠶᠡᠯᠡᠭᠦᠯᠬᠦ ᠵᠡᠷᠭᠡ ᠶ᠋ᠢ ᠲᠣᠳᠣᠷᠬᠠᠢᠯᠠᠵᠤ ᠂ ᠠᠰᠠᠭᠤᠳᠠᠯ ᠪᠦᠬᠦᠨ ᠢ᠋ ᠦᠨᠡᠨ ᠬᠦ᠌ ᠴᠡᠭᠴᠡᠯᠡᠨ ᠰᠠᠢᠵᠢᠷᠠᠭᠤᠯᠵᠤ ᠂ ᠪᠣᠳᠠᠲᠠᠢ ᠨᠠᠢᠳᠠᠪᠤᠷᠢᠵᠢᠭᠤᠯᠬᠤ ᠬᠡᠷᠡᠭᠲᠡᠢ ᠃ ᠬᠣᠶᠠᠷ ᠲᠤ᠌ ᠂ ᠰᠠᠢᠨ ᠢ᠋ᠶ᠋ᠠᠷ ᠡᠬᠢᠯᠡᠭᠦᠯᠵᠦ ᠰᠠᠢᠨ ᠢ᠋ᠶ᠋ᠠᠷ ᠳᠠᠭᠤᠰᠭᠠᠬᠤ ᠬᠡᠷᠡᠭᠲᠡᠢ ᠃ 《ᠪᠣᠭᠣᠮᠲᠠ ᠰᠢᠪᠲᠤᠯᠠᠬᠤ》ᠦᠵᠡᠯ ᠰᠠᠨᠠᠭ᠎ᠠ ᠶ᠋ᠢ ᠡᠷᠡᠰ ᠲᠠᠶᠠᠭᠳᠠᠵᠤ ᠂ ᠤᠳᠠᠭᠠᠨ ᠳᠠᠭᠠᠭᠠᠮᠠᠭᠠᠢ ᠴᠢᠷᠮᠠᠢᠯᠭ᠎ᠠ ᠂ ᠰᠠᠢᠨ ᠡᠬᠢᠯᠡᠯᠲᠡ ᠲᠡᠭᠦᠰᠭᠡᠯ ᠲᠡᠢ ᠪᠠᠢᠬᠤ ᠡᠷᠴᠢ ᠵᠣᠷᠢᠭ ᠪᠣᠯᠤᠨ ᠡᠷᠴᠢ ᠵᠣᠷᠢᠭ ᠢ᠋ᠶ᠋ᠠᠨ ᠢᠮᠠᠭᠲᠠ ᠪᠠᠷᠢᠮᠲᠠᠯᠠᠵᠤ ᠂ ᠨᠢᠭᠡ ᠵᠠᠩᠭᠢᠯᠠᠭ᠎ᠠ ᠶ᠋ᠢ ᠵᠠᠯᠭᠠᠭᠠᠳ ᠨᠢᠭᠡ ᠭᠣᠭᠴᠣᠭ᠎ᠠ ᠪᠠᠷ ᠲᠦᠯᠬᠢᠨ ᠠᠬᠢᠭᠤᠯᠵᠤ ᠂ ᠨᠢᠭᠡ ᠵᠦᠢᠯ ᠦ᠋ᠨ ᠠᠵᠢᠯ ᠢ᠋ ᠨᠢᠭᠡ ᠵᠦᠢᠯ ᠦ᠋ᠨ ᠠᠵᠢᠯ ᠢ᠋ᠶ᠋ᠠᠷ ᠳᠠᠮᠵᠢᠭᠤᠯᠤᠨ ᠨᠠᠢᠳᠠᠪᠤᠷᠢᠵᠢᠭᠤᠯᠤᠯᠲᠠ ᠶ᠋ᠢ ᠠᠳᠭᠤᠵᠤ ᠂ ᠦᠵᠡᠯ ᠰᠠᠨᠠᠭ᠎ᠠ ᠪᠠᠨ ᠰᠤᠯᠠᠷᠠᠭᠤᠯᠬᠤ ᠦᠭᠡᠢ ᠂ ᠪᠠᠷᠢᠮᠵᠢᠶ᠎ᠠ ᠶ᠋ᠢ ᠲᠤᠷᠤᠭᠰᠢᠯᠠᠭᠤᠯᠬᠤ ᠦᠭᠡᠢ ᠂ ᠡᠷᠴᠢᠮ ᠢ᠋ᠶ᠋ᠡᠨ ᠰᠤᠯᠠᠷᠠᠭᠤᠯᠬᠤ ᠦᠭᠡᠢ ᠪᠠᠢᠬᠤ ᠶ᠋ᠢ ᠢᠮᠠᠭᠲᠠ ᠪᠡᠶᠡᠯᠡᠭᠦᠯᠵᠦ ᠂ ᠡᠯ᠎ᠡ ᠵᠦᠢᠯ ᠦ᠋ᠨ ᠴᠡᠭᠴᠡᠯᠡᠨ ᠥᠭᠡᠷᠡᠴᠢᠯᠡᠬᠦ ᠡᠭᠦᠷᠭᠡ ᠶ᠋ᠢ ᠲᠡᠭᠦᠰ ᠠᠮᠵᠢᠯᠲᠠ ᠲᠠᠢ ᠪᠡᠶᠡᠯᠡᠭᠦᠯᠬᠦ ᠶ᠋ᠢ ᠦᠨᠡᠨᠬᠦ ᠪᠠᠲᠤᠯᠠᠬᠤ ᠬᠡᠷᠡᠭᠲᠡᠢ ᠃ ᠭᠤᠷᠪᠠ ᠳ᠋ᠤ᠌ ᠨᠢᠭᠡᠳᠦᠯᠲᠡᠢ ᠲᠥᠯᠥᠪᠯᠡᠨ ᠨᠡᠢᠲᠡ ᠳ᠋᠋ᠤᠨᠢ ᠬᠠᠷᠠᠭᠠᠯᠵᠠᠬᠤ ᠬᠡᠷᠡᠭᠲᠡᠢ ᠃ ᠲᠤᠰ ᠤᠳᠠᠭᠠᠨ ᠤ᠋ ᠲᠤᠰᠭᠠᠢ ᠰᠡᠳᠦᠪᠲᠦ ᠠᠷᠠᠳᠴᠢᠯᠠᠯ ᠤ᠋ᠨ ᠠᠮᠢᠳᠤᠷᠠᠯ ᠤ᠋ᠨ ᠬᠥᠭᠵᠢᠭᠡᠬᠦ ᠢᠳᠡᠪᠬᠢᠵᠢᠯ ᠢ᠋ ᠠᠵᠢᠯ ᠬᠢᠵᠦ ᠦᠢᠯᠡᠰ ᠪᠣᠰᠭᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠂ ᠨᠡᠩ ᠣᠯᠠᠨ ᠴᠠᠭ ᠪᠣᠯᠤᠨ ᠣᠶᠤᠨ ᠴᠢᠳᠠᠯ ᠢ᠋ᠶ᠋ᠠᠨ ᠠᠵᠢᠯ ᠤ᠋ᠨ ᠨᠠᠢᠳᠠᠪᠤᠷᠢᠵᠢᠭᠤᠯᠤᠯᠲᠠ ᠶ᠋ᠢ ᠠᠬᠢᠭᠤᠯᠬᠤ ᠳᠡᠭᠡᠷ᠎ᠡ ᠲᠠᠯᠪᠢᠵᠤ ᠂ ᠬᠣᠶᠠᠷ ᠲᠠᠯ᠎ᠠ ᠶ᠋ᠢ ᠠᠳᠭᠤᠵᠤ ᠂ ᠬᠣᠶᠠᠷ ᠲᠠᠯ᠎ᠠ ᠶ᠋ᠢ ᠰᠠᠭᠠᠲᠠᠭᠠᠬᠤ ᠦᠭᠡᠢ ᠂ ᠬᠡᠵᠢᠶᠡᠳᠡ ᠬᠣᠢᠷᠭᠤᠰᠢᠬᠤ ᠦᠭᠡᠢ ᠪᠡᠷ ᠲᠠᠪᠰᠢᠬᠤ ᠵᠣᠷᠢᠭ ᠰᠠᠨᠠᠭ᠎ᠠ ᠂ ᠴᠣᠭ ᠪᠠᠳᠠᠷᠠᠩᠭᠤᠢ ᠥᠭᠡᠳᠡᠯᠡᠨ ᠲᠠᠪᠰᠢᠬᠤ ᠵᠣᠷᠢᠭ ᠰᠠᠨᠠᠭ᠎ᠠ ᠂ ᠨᠠᠢᠳᠠᠪᠤᠷᠢᠵᠢᠭᠤᠯᠵᠤ ᠴᠡᠭᠴᠡᠯᠡᠨ ᠰᠠᠢᠵᠢᠷᠠᠭᠤᠯᠤᠭᠰᠠᠨ ᠰᠢᠨ᠎ᠡ ᠦᠷ᠎ᠡ ᠪᠦᠲᠦᠮᠵᠢ ᠪᠡᠨ ᠱᠢᠭᠦᠬᠦ ᠬᠣᠷᠢᠶᠠᠨ ᠤ᠋ ᠠᠵᠢᠯ ᠤ᠋ᠨ ᠨᠡᠩ ᠰᠠᠢᠨ ᠨᠡᠩ ᠲᠦᠷᠭᠡᠨ ᠬᠥᠭᠵᠢᠯᠲᠡ ᠶ᠋ᠢ ᠠᠬᠢᠭᠤᠯᠬᠤ ᠪᠣᠯᠤᠨ᠎ᠠ ᠃ ᠳᠥᠷᠪᠡ ᠳ᠋ᠦ᠍ ᠂ ᠤᠷᠢᠳᠠᠪᠡᠷ ᠳᠠᠭᠤᠷᠢᠶᠠᠯ ᠦᠵᠡᠭᠦᠯᠬᠦ ᠬᠡᠷᠡᠭᠲᠡᠢ ᠃ ᠪᠠᠭ ᠤ᠋ᠨ ᠪᠦᠷᠢᠯᠳᠦᠬᠦᠨ ᠨᠠᠷ ᠪᠠᠭ ᠪᠣᠯᠤᠨ ᠲᠤᠰ ᠪᠡᠶ᠎ᠡ ᠶ᠋ᠢᠨ ᠪᠠᠢᠭᠤᠯᠤᠯᠲᠠ ᠪᠠᠨ ᠴᠢᠩᠭᠠᠳᠭᠠᠬᠤ ᠶ᠋ᠢᠨ ᠲᠣᠭᠣᠷᠢᠨ ᠳ᠋ᠤ᠌ ᠲᠦᠷᠦᠭᠦᠯᠡᠨ ᠴᠡᠭᠴᠡᠯᠡᠨ ᠰᠠᠢᠵᠢᠷᠠᠭᠤᠯᠬᠤ ᠶ᠋ᠢ ᠪᠠᠷᠢᠮᠲᠠᠯᠠᠵᠤ ᠂ ᠡᠨᠡ ᠤᠳᠠᠭᠠᠨ ᠤ᠋ ᠲᠤᠰᠭᠠᠢ ᠰᠡᠳᠦᠪᠲᠦ ᠠᠷᠠᠳᠴᠢᠯᠠᠯ ᠤ᠋ᠨ ᠠᠮᠢᠳᠤᠷᠠᠯ ᠢ᠋ ᠰᠢᠨ᠎ᠡ ᠡᠬᠢᠯᠡᠯᠲᠡ ᠂ ᠰᠢᠨ᠎ᠡ ᠡᠬᠢᠯᠡᠯᠲᠡ ᠢ᠋ᠢᠨ ᠴᠡᠭ ᠪᠣᠯᠭᠠᠵᠤ ᠂ ᠨᠡᠩ ᠢᠳᠡᠪᠬᠢᠲᠡᠢ ᠣᠪᠣᠷ ᠪᠠ ᠯᠠᠪᠳᠠᠭᠤᠨ ᠲᠣᠭᠲᠠᠭᠤᠨ ᠠᠵᠢᠯ ᠤ᠋ᠨ ᠰᠤᠷᠲᠠᠯ ᠢ᠋ᠶ᠋ᠠᠷ ᠬᠤᠢᠰᠢᠲᠠ ᠶ᠋ᠢᠨ ᠡᠯ᠎ᠡ ᠵᠦᠢᠯ ᠦ᠋ᠨ ᠠᠵᠢᠯ ᠢ᠋ᠶ᠋ᠠᠨ ᠰᠠᠢᠲᠤᠷ ᠬᠢᠵᠦ ᠂ ᠡᠯ᠎ᠡ ᠵᠦᠢᠯ ᠦ᠋ᠨ ᠠᠵᠢᠯ ᠤ᠋ᠨ ᠬᠢᠷᠢ ᠲᠦᠪᠰᠢᠨ ᠢ᠋ᠶ᠋ᠡᠨ ᠪᠦᠬᠦ ᠲᠠᠯ᠎ᠠ ᠪᠠᠷ ᠲᠡᠭᠡᠭᠰᠢᠯᠡᠭᠦᠯᠵᠦ ᠂ ᠣᠷᠳᠣᠰ ᠬᠣᠲᠠ ᠶ᠋ᠢᠨ ᠬᠠᠤᠯᠢ ᠪᠠᠷ ᠵᠠᠰᠠᠬᠤ ᠦᠢᠯᠡᠰ ᠦ᠋ᠨ ᠨᠡᠩ ᠶᠡᠬᠡ ᠬᠥᠭᠵᠢᠯᠲᠡ ᠶ᠋ᠢ ᠠᠬᠢᠭᠤᠯᠬᠤ ᠳ᠋ᠤ᠌ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠃
ᠦᠨᠡᠯᠡᠬᠦ 0ᠦᠨᠡᠯᠡᠯᠲᠡ ᠲᠠᠢ