ᠣᠷᠳᠣᠰ ᠬᠣᠲᠠ ᠪᠦᠬᠦ ᠤᠯᠤᠰ ᠤ᠋ᠨ ᠠᠩᠬᠠᠳᠠᠭᠴᠢ ᠪᠦᠯᠦᠭ ᠬᠣᠲᠠ ᠶ᠋ᠢᠨ ᠬᠡᠪᠴᠢᠶᠡᠨ ᠦ᠌ ᠨᠡᠢᠭᠡᠮ ᠦ᠋ᠨ ᠵᠠᠰᠠᠯᠲᠠ ᠶ᠋ᠢᠨ ᠣᠳᠣᠬᠢᠴᠢᠯᠠᠭᠰᠠᠨ ᠲᠤᠷᠰᠢᠯᠲᠠ ᠶ᠋ᠢᠨ ᠬᠣᠲᠠ ᠪᠣᠯᠬᠤ ᠠᠵᠢᠯ ᠢ᠋ ᠤᠷᠤᠭᠰᠢᠲᠠᠢ ᠥᠷᠨᠢᠭᠦᠯᠵᠦ ᠂ ᠣᠷᠳᠣᠰ ᠬᠣᠲᠠ ᠶ᠋ᠢᠨ ᠪᠦᠲᠦᠭᠡᠨ ᠪᠠᠢᠭᠤᠯᠤᠯᠲᠠ ᠶ᠋ᠢ ᠠᠬᠢᠭᠤᠯᠬᠤ ᠶ᠋ᠢᠨ ᠲᠥᠯᠥᠭᠡ ᠂ 8 ᠰᠠᠷ᠎ᠠ ᠶ᠋ᠢᠨ 21 ᠦ᠌ ᠡᠳᠦᠷ ᠂ ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶ᠎ᠠ ᠠ᠋ᠴᠠ ᠲᠤᠰᠭᠠᠢ ᠮᠡᠷᠭᠡᠵᠢᠯᠲᠡᠨ ᠦ᠌ ᠪᠦᠯᠬᠦᠮ ᠢ᠋ ᠤᠷᠢᠵᠤ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠲᠠᠢ ᠶᠠᠷᠢᠯᠴᠠᠬᠤ ᠬᠤᠷᠠᠯ ᠬᠤᠷᠠᠯᠳᠤᠭᠤᠯᠪᠠ ᠃ ᠬᠠᠩᠵᠧᠦ ᠬᠣᠲᠠ ᠶ᠋ᠢᠨ ᠪᠠᠭᠰᠢ ᠶ᠋ᠢᠨ ᠶᠡᠬᠡ ᠰᠤᠷᠭᠠᠭᠤᠯᠢ ᠶ᠋ᠢᠨ 《 ᠹᠧᠩ ᠴᠢᠶᠣᠤ ᠶ᠋ᠢᠨ ᠲᠤᠷᠰᠢᠯᠭ᠎ᠠ 》 ᠬᠢᠭᠡᠳ ᠬᠠᠤᠯᠢ ᠪᠠᠷ ᠵᠠᠰᠠᠬᠤ ᠪᠠᠢᠭᠤᠯᠤᠯᠲᠠ ᠶ᠋ᠢᠨ ᠰᠤᠳᠤᠯᠭᠠᠨ ᠤ᠋ ᠲᠥᠪ ᠦ᠋ᠨ ᠡᠷᠬᠢᠯᠡᠭᠴᠢ ᠂ ᠬᠣᠲᠠ ᠶ᠋ᠢᠨ ᠲᠣᠭᠣᠷᠢᠭ ᠤ᠋ᠨ ᠨᠡᠢᠭᠡᠮ ᠦ᠋ᠨ ᠵᠠᠰᠠᠯᠲᠠ ᠶ᠋ᠢᠨ ᠣᠳᠣᠬᠢᠴᠢᠯᠠᠭᠰᠠᠨ ᠰᠤᠳᠤᠯᠭᠠᠨ ᠤ᠋ ᠲᠥᠪ ᠦ᠋ᠨ ᠭᠦᠢᠴᠡᠳᠭᠡᠬᠦ ᠡᠷᠬᠢᠯᠡᠭᠴᠢ ᠂ ᠫᠷᠣᠹᠧᠰᠰᠣᠷ ᠂ ᠠᠰᠫᠢᠷᠠᠨᠲ ᠤ᠋ᠨ ᠵᠢᠯᠣᠭᠣᠳᠤᠭᠴᠢ ᠪᠠᠭᠰᠢ ᠢᠦᠢ ᠵᠣᠣ ᠹᠧᠢ ᠵᠡᠷᠭᠡ ᠭᠤᠷᠪᠠᠨ ᠬᠥᠮᠦᠨ ᠂ ᠬᠣᠲᠠ ᠶ᠋ᠢᠨ ᠨᠠᠮ ᠤ᠋ᠨ ᠬᠣᠷᠢᠶᠠᠨ ᠤ᠋ ᠤᠯᠤᠰ ᠲᠥᠷᠥ ᠬᠠᠤᠯᠢ ᠴᠠᠭᠠᠵᠠ ᠶ᠋ᠢᠨ ᠬᠣᠷᠢᠶ᠎ᠠ ᠶ᠋ᠢᠨ ᠳᠡᠳ᠋ ᠱᠦᠵᠢ ᠭᠣᠣ ᠹᠧᠩ ᠂ ᠬᠣᠲᠠ ᠶ᠋ᠢᠨ ᠳᠤᠮᠳᠠ ᠰᠤᠷᠭᠠᠭᠤᠯᠢ ᠶ᠋ᠢᠨ ᠭᠡᠷ ᠳᠣᠲᠣᠷᠠᠬᠢ ᠤᠳᠤᠷᠢᠳᠬᠤ ᠪᠠᠭ ᠤ᠋ᠨ ᠪᠦᠷᠢᠯᠳᠦᠬᠦᠨ ᠪᠣᠯᠤᠨ ᠨᠡᠢᠭᠡᠮ ᠦ᠋ᠨ ᠵᠠᠰᠠᠯᠲᠠ ᠶ᠋ᠢᠨ ᠬᠣᠯᠪᠣᠭᠳᠠᠯ ᠪᠦᠬᠦᠢ ᠰᠢᠨᠵᠢᠯᠡᠬᠦ ᠤᠬᠠᠭᠠᠨ ᠤ᠋ ᠭᠡᠷ ᠦ᠋ᠨ ᠬᠠᠷᠢᠭᠤᠴᠠᠯᠭᠠᠲᠠᠨ ᠵᠡᠷᠭᠡ ᠬᠤᠷᠠᠯ ᠳ᠋ᠤ᠌ ᠣᠷᠣᠯᠴᠠᠪᠠ ᠃
ᠬᠤᠷᠠᠯ ᠳᠡᠭᠡᠷ᠎ᠡ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠳᠡᠳ᠋ ᠳᠠᠷᠤᠭ᠎ᠠ ᠯᠢ ᠮᠧᠢ ᠷᠦᠩ ᠂ ᠱᠢᠭᠦᠨ ᠲᠠᠰᠤᠯᠬᠤ ᠺᠣᠮᠢᠰ ᠤ᠋ᠨ ᠲᠤᠰᠭᠠᠢ ᠲᠤᠰᠢᠶᠠᠯᠲᠤ ᠭᠡᠰᠢᠭᠦᠨ ᠴᠢᠶᠠᠨ ᠦ᠋ ᠶᠦᠨ ᠨᠠᠷ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠱᠢᠭᠦᠬᠦ ᠬᠣᠷᠢᠶᠠᠨ ᠤ᠋ ᠬᠣᠲᠠ ᠶ᠋ᠢᠨ ᠲᠣᠭᠣᠷᠢᠭ ᠤ᠋ᠨ ᠨᠡᠢᠭᠡᠮ ᠦ᠋ᠨ ᠵᠠᠰᠠᠯᠲᠠ ᠶ᠋ᠢᠨ ᠲᠠᠯ᠎ᠠ ᠳ᠋ᠤ᠌ ᠬᠣᠯᠪᠣᠭᠳᠠᠭᠰᠠᠨ ᠠᠵᠢᠯ ᠤ᠋ᠨ ᠪᠠᠢᠳᠠᠯ ᠢ᠋ ᠬᠠᠷᠢᠭᠤ ᠮᠡᠳᠡᠭᠦᠯᠵᠡᠢ ᠃ ᠬᠤᠷᠠᠯ ᠳ᠋ᠤ᠌ ᠣᠷᠣᠯᠴᠠᠭᠰᠠᠳ ᠠ᠋ᠴᠠ ᠠᠵᠢᠯ ᠤ᠋ᠨ ᠳᠤᠮᠳᠠ ᠣᠷᠤᠰᠢᠵᠤ ᠪᠠᠢᠭ᠎ᠠ ᠠᠰᠠᠭᠤᠳᠠᠯ ᠂ ᠳᠠᠷᠠᠭᠠᠴᠢ ᠶ᠋ᠢᠨ ᠠᠯᠬᠤᠮ ᠤ᠋ᠨ ᠠᠵᠢᠯ ᠤ᠋ᠨ ᠰᠡᠳᠭᠢᠴᠡ ᠵᠢᠴᠢ ᠬᠣᠲᠠ ᠶ᠋ᠢᠨ ᠣᠷᠣᠨ ᠤ᠋ ᠨᠡᠢᠭᠡᠮ ᠢ᠋ ᠵᠠᠰᠠᠬᠤ ᠣᠳᠣᠬᠢᠴᠢᠯᠠᠯᠲᠠ ᠶ᠋ᠢᠨ ᠠᠵᠢᠯ ᠤ᠋ᠨ ᠰᠠᠨᠠᠯ ᠰᠠᠨᠠᠭᠤᠯᠭ᠎ᠠ ᠳ᠋ᠤ᠌ ᠨᠡᠪᠲᠡᠷᠡᠯᠴᠡᠨ ᠰᠣᠯᠢᠯᠴᠠᠬᠤ ᠬᠡᠷᠡᠭᠲᠡᠢ ᠃
ᠢᠦᠢ ᠵᠣᠣ ᠹᠧᠢ ᠣᠷᠳᠣᠰ ᠬᠣᠲᠠ ᠶ᠋ᠢᠨ ᠱᠢᠭᠦᠬᠦ ᠬᠣᠷᠢᠶᠠᠨ ᠤ᠋ ᠬᠣᠶᠠᠷ 《 ᠨᠢᠭᠡ ᠥᠷᠲᠡᠭᠡᠴᠢᠯᠡᠭᠰᠡᠨ 》 ᠪᠦᠲᠦᠭᠡᠨ ᠪᠠᠢᠭᠤᠯᠤᠯᠲᠠ ᠂ ᠦᠨᠳᠦᠰᠦᠨ ᠱᠠᠲᠤᠨ ᠤ᠋ ᠰᠢᠭᠦᠬᠦ ᠲᠢᠩᠬᠢᠮ ᠦ᠋ᠨ ᠪᠦᠲᠦᠭᠡᠨ ᠪᠠᠢᠭᠤᠯᠤᠯᠲᠠ ᠵᠡᠷᠭᠡ ᠠᠵᠢᠯ ᠢ᠋ ᠳᠡᠭᠡᠳᠦ ᠬᠡᠮᠵᠢᠶ᠎ᠡ ᠪᠡᠷ ᠦᠨᠡᠯᠡᠭᠰᠡᠨ ᠪᠥᠭᠡᠳ ᠰᠢᠨ᠎ᠡ ᠴᠠᠭ ᠦᠶ᠎ᠡ ᠶ᠋ᠢᠨ ᠹᠧᠩ ᠴᠢᠶᠣᠤ ᠶ᠋ᠢᠨ ᠲᠤᠷᠰᠢᠯᠠᠭ᠎ᠠ ᠲᠠᠢ ᠤᠶᠠᠯᠳᠤᠭᠤᠯᠤᠨ ᠱᠢᠭᠦᠬᠦ ᠬᠣᠷᠢᠶᠠᠨ ᠤ᠋ ᠠᠵᠢᠯ ᠤ᠋ᠨ ᠱᠠᠭᠠᠷᠳᠠᠯᠭ᠎ᠠ ᠲᠠᠢ ᠤᠶᠠᠯᠳᠤᠭᠤᠯᠵᠤ ᠂ ᠠᠷᠠᠳ ᠤ᠋ᠨ ᠰᠢᠭᠦᠬᠦ ᠬᠣᠷᠢᠶᠠᠨ ᠤ᠋ ᠠᠷᠠᠳ ᠤ᠋ᠨ ᠡᠶᠡᠳᠡᠭᠦᠯᠬᠦ ᠠᠵᠢᠯ ᠢ᠋ ᠵᠢᠯᠣᠭᠣᠳᠬᠤ ᠡᠷᠴᠢᠮ ᠢ᠋ᠶ᠋ᠡᠨ ᠤᠯᠠᠮ ᠨᠢᠭᠡ ᠠᠯᠬᠤᠮ ᠴᠢᠩᠭᠠᠳᠭᠠᠵᠤ ᠂ ᠰᠢᠭᠦᠬᠦ ᠬᠣᠷᠢᠶᠠᠨ ᠤ᠋ 《 ᠬᠥᠭᠥᠷᠭᠡ ᠶ᠋ᠢᠨ ᠦᠵᠦᠭᠦᠷ ᠦ᠋ᠨ ᠪᠡᠬᠢᠯᠡᠯᠲᠡ 》 ᠶ᠋ᠢᠨ ᠦᠢᠯᠡᠳᠦᠯ ᠢ᠋ ᠪᠠᠳᠠᠷᠠᠭᠤᠯᠵᠤ ᠂ ᠲᠤᠰᠭᠠᠢ ᠮᠡᠷᠭᠡᠵᠢᠯ ᠦ᠋ᠨ ᠴᠢᠨᠠᠷ ᠢ᠋ᠶ᠋ᠠᠷ ᠴᠢᠩᠭ᠎ᠠ ᠰᠢᠭᠦᠬᠦ ᠬᠣᠷᠢᠶᠠᠨ ᠤ᠋ ᠡᠩᠨᠡᠭᠡ ᠶ᠋ᠢ ᠠᠰᠢᠭᠯᠠᠨ ᠬᠥᠮᠦᠨ ᠢ᠋ ᠡᠶᠡᠳᠡᠭᠦᠯᠬᠦ ᠬᠡᠷᠡᠭᠲᠡᠢ ᠭᠡᠵᠦ ᠳᠤᠷᠠᠳᠴᠠᠢ ᠃ ᠬᠡᠷᠡᠭ ᠦ᠋ᠨ ᠵᠢᠱ᠌ᠢᠶ᠎ᠡ ᠶ᠋ᠢ ᠡᠮᠬᠢᠯᠡᠨ ᠨᠠᠢᠷᠠᠭᠤᠯᠬᠤ ᠂ ᠬᠡᠷᠡᠭ ᠢ᠋ᠶ᠋ᠡᠷ ᠬᠠᠤᠯᠢ ᠶ᠋ᠢ ᠲᠠᠢᠯᠪᠤᠷᠢᠯᠠᠬᠤ ᠵᠡᠷᠭᠡ ᠠᠵᠢᠯ ᠢ᠋ ᠤᠯᠠᠮ ᠨᠢᠭᠡ ᠠᠯᠬᠤᠮ ᠰᠠᠢᠲᠤᠷ ᠬᠢᠵᠦ ᠂ ᠲᠥᠷᠥᠯ ᠦ᠋ᠨ ᠬᠡᠷᠡᠭ ᠢ᠋ ᠨᠢᠭᠡᠳᠦᠯᠲᠡᠢ ᠵᠠᠳᠠᠯᠤᠨ ᠳ᠋ᠦᠩᠨᠡᠵᠦ ᠂ ᠪᠦᠷᠢᠨ ᠪᠦᠲᠦᠨ ᠰᠢᠰᠲ᠋ᠸᠮ ᠢ᠋ ᠪᠦᠷᠢᠯᠳᠦᠭᠦᠯᠵᠦ ᠂ ᠴᠠᠭ ᠲᠤᠬᠠᠢ ᠳ᠋ᠤᠨᠢ ᠠᠷᠠᠳ ᠣᠯᠠᠨ ᠳ᠋ᠤ᠌ ᠢᠯᠡ ᠦᠵᠡᠭᠦᠯᠵᠦ ᠂ ᠬᠠᠤᠯᠢ ᠪᠠᠷ ᠵᠠᠰᠠᠬᠤ ᠤᠬᠠᠮᠰᠠᠷ ᠢ᠋ᠶ᠋ᠠᠨ ᠲᠡᠭᠡᠭᠰᠢᠯᠡᠭᠦᠯᠵᠦ ᠂ ᠠᠷᠠᠳ ᠤ᠋ᠨ ᠵᠠᠰᠠᠭ ᠤ᠋ᠨ ᠣᠷᠳᠣᠨ ᠤ᠋ ᠬᠠᠤᠯᠢ ᠪᠠᠷ ᠵᠠᠰᠠᠬᠤ ᠬᠠᠪᠰᠤᠷᠤᠭᠴᠢ ᠪᠣᠯᠵᠤ ᠂ ᠬᠠᠤᠯᠢ ᠪᠠᠷ ᠵᠠᠰᠠᠬᠤ ᠪᠠᠲᠤᠯᠠᠭ᠎ᠠ ᠶ᠋ᠢ ᠳᠣᠪᠣᠢᠯᠭᠠᠨ ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶ᠋ᠢᠨ ᠵᠢᠷᠤᠮᠵᠢᠭᠰᠠᠨ ᠪᠠᠢᠭᠤᠯᠤᠯᠲᠠ ᠶ᠋ᠢ ᠬᠦᠴᠦᠯᠡᠨ ᠠᠬᠢᠭᠤᠯᠵᠤ ᠂ ᠤᠯᠤᠰ ᠲᠥᠷᠥ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠦ᠋ᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠠᠵᠢᠯ ᠢ᠋ ᠲᠦᠯᠬᠢᠨ ᠠᠬᠢᠭᠤᠯᠵᠤ ᠤᠬᠠᠭᠤᠯᠤᠨ ᠳᠡᠯᠭᠡᠷᠡᠭᠦᠯᠬᠦ ᠶ᠋ᠢ ᠴᠢᠬᠤᠯᠠᠴᠢᠯᠠᠵᠤ ᠂ ᠰᠠᠢᠨ ᠰᠠᠢᠬᠠᠨ ᠠᠭᠤᠷ ᠠᠮᠢᠰᠭᠤᠯ ᠢ᠋ ᠪᠣᠢ ᠪᠣᠯᠭᠠᠵᠤ ᠂ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠬᠣᠲᠠ ᠶ᠋ᠢᠨ ᠬᠡᠪᠴᠢᠶᠡᠨ ᠦ᠌ ᠨᠡᠢᠭᠡᠮ ᠢ᠋ ᠵᠠᠰᠠᠬᠤ ᠳᠤᠮᠳᠠᠬᠢ ᠰᠢᠨ᠎ᠡ ᠶ᠋ᠢ ᠡᠭᠦᠳᠬᠦ ᠠᠷᠭ᠎ᠠ ᠪᠠ ᠨᠡᠢᠲᠡᠯᠢᠭ ᠲᠤᠷᠰᠢᠯᠠᠭ᠎ᠠ ᠶ᠋ᠢ ᠴᠠᠭ ᠲᠤᠬᠠᠢ ᠳ᠋ᠤᠨᠢ ᠪᠣᠯᠪᠠᠰᠤᠷᠠᠭᠤᠯᠤᠨ ᠳ᠋ᠦᠩᠨᠡᠵᠦ ᠂ ᠰᠢᠨ᠎ᠡ ᠬᠡᠪ ᠵᠠᠭᠪᠤᠷ ᠢ᠋ ᠰᠦᠪᠡᠭᠴᠢᠯᠡᠨ ᠂ ᠰᠢᠨ᠎ᠡ ᠭᠢᠯᠠᠰ ᠴᠡᠭ ᠢ᠋ ᠳᠣᠪᠣᠢᠯᠭᠠᠵᠤ ᠂ ᠠᠷᠠᠳ ᠤ᠋ᠨ ᠰᠢᠭᠦᠬᠦ ᠬᠣᠷᠢᠶ᠎ᠠ ᠶ᠋ᠢᠨ ᠬᠣᠲᠠ ᠶ᠋ᠢᠨ ᠬᠡᠪᠴᠢᠶᠡᠨ ᠦ᠌ ᠨᠡᠢᠭᠡᠮ ᠦ᠋ᠨ ᠵᠠᠰᠠᠯᠲᠠ ᠶ᠋ᠢᠨ ᠠᠵᠢᠯ ᠳᠤᠮᠳᠠᠬᠢ ᠠᠷᠭ᠎ᠠ ᠪᠠᠷᠢᠯ ᠪᠠ ᠦᠷ᠎ᠡ ᠪᠦᠲᠦᠮᠵᠢ ᠶ᠋ᠢ ᠶᠡᠬᠡᠪᠡᠷ ᠤᠬᠠᠭᠤᠯᠵᠤ ᠂ ᠬᠣᠲᠠ ᠶ᠋ᠢᠨ ᠲᠣᠭᠣᠷᠢᠭ ᠤ᠋ᠨ ᠨᠡᠢᠭᠡᠮ ᠦ᠋ᠨ ᠵᠠᠰᠠᠯᠲᠠ ᠶ᠋ᠢᠨ ᠠᠵᠢᠯ ᠤ᠋ᠨ ᠮᠡᠳᠡᠴᠡ ᠪᠠ ᠨᠥᠯᠥᠭᠡᠯᠡᠬᠦ ᠬᠦᠴᠦᠨ ᠢ᠋ ᠲᠡᠭᠡᠭᠰᠢᠯᠡᠭᠦᠯᠦᠨ᠎ᠡ ᠃
ᠦᠨᠡᠯᠡᠬᠦ 0ᠦᠨᠡᠯᠡᠯᠲᠡ᠎ᠲᠠᠢ