8 ᠰᠠᠷ᠎ᠠ ᠶ᠋ᠢᠨ 12 ᠤ᠋ ᠡᠳᠦᠷ ᠡᠴᠡ 13 ᠤ᠋ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ ᠤ᠋ ᠲᠡᠭᠡᠳᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠶᠠᠩ ᠸᠸᠨ ᠵᠦᠩ ᠂ ᠥᠪᠡᠷᠲᠡᠭᠡᠨ ᠵᠠᠰᠠᠬᠤ ᠣᠷᠣᠨ ᠤ᠋ ᠳᠡᠭᠡᠳᠦ ᠬᠣᠷᠢᠶ᠎ᠠ ᠶ᠋ᠢᠨ ᠤᠯᠤᠰ ᠲᠥᠷᠥ ᠶ᠋ᠢᠨ ᠬᠡᠯᠲᠡᠰ ᠦ᠋ᠨ ᠬᠠᠤᠯᠢ ᠶ᠋ᠢᠨ ᠲᠤᠰᠢᠶᠠᠯᠲᠠᠨ ᠤ᠋ ᠭᠠᠵᠠᠷ ᠤ᠋ᠨ ᠳᠡᠳ᠋ ᠳᠠᠷᠤᠭ᠎ᠠ ᠵᠠᠩ ᠶᠠᠨ ᠬᠤᠢ ᠵᠡᠷᠭᠡ ᠬᠥᠮᠦᠰ ᠣᠷᠳᠣᠰ ᠬᠣᠲᠠ ᠶ᠋ᠢᠨ ᠳᠤᠮᠳᠠ ᠬᠣᠷᠢᠶ᠎ᠠ ᠶ᠋ᠢᠨ ᠲᠤᠰᠭᠠᠢ ᠲᠥᠷᠥᠯ ᠦ᠋ᠨ ᠪᠠᠢᠴᠠᠭᠠᠨ ᠰᠤᠳᠤᠯᠬᠤ ᠠᠩᠭᠢ ᠶ᠋ᠢᠨ ᠪᠠᠢᠭᠤᠯᠤᠯᠲᠠ ᠶ᠋ᠢᠨ ᠠᠵᠢᠯ ᠳ᠋ᠤ᠌ ᠣᠷᠣᠯᠴᠠᠵᠠᠢ᠃
ᠶᠠᠷᠢᠯᠴᠠᠬᠤ ᠬᠤᠷᠠᠯ ᠳᠡᠭᠡᠷ᠎ᠡ ᠂ ᠰᠦ᠍ ᠯᠢ ᠵᠢᠶᠦ᠋ᠨ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠪᠦᠬᠦᠯᠢ ᠴᠣᠭᠴᠠ ᠶ᠋ᠢᠨ ᠠᠵᠢᠯ ᠤ᠋ᠨ ᠪᠠᠢᠳᠠᠯ ᠂ ᠡᠩᠨᠡᠭᠡᠨ ᠦ᠌ ᠪᠠᠢᠭᠤᠯᠤᠯᠲᠠ ᠶ᠋ᠢᠨ ᠦᠨᠳᠦᠰᠦᠨ ᠪᠠᠢᠳᠠᠯ ᠂ ᠣᠷᠤᠰᠢᠵᠤ ᠪᠠᠢᠭ᠎ᠠ ᠭᠣᠣᠯ ᠠᠰᠠᠭᠤᠳᠠᠯ ᠂ ᠰᠢᠢᠳᠪᠦᠷᠢᠯᠡᠬᠦ ᠠᠷᠭ᠎ᠠ ᠬᠡᠮᠵᠢᠶ᠎ᠡ ᠂ ᠠᠷᠭᠠᠴᠠᠬᠤ ᠪᠣᠳᠣᠯᠭ᠎ᠠ ᠰᠠᠨᠠᠭᠤᠯᠭ᠎ᠠ ᠵᠢᠴᠢ ᠳᠠᠷᠠᠭᠠᠴᠢ ᠶ᠋ᠢᠨ ᠠᠯᠬᠤᠮ ᠤ᠋ᠨ ᠠᠵᠢᠯ ᠤ᠋ᠨ ᠰᠡᠳᠭᠢᠴᠡ ᠵᠡᠷᠭᠡ ᠲᠠᠯ᠎ᠠ ᠪᠠᠷ ᠨᠠᠷᠢᠨ ᠬᠠᠷᠢᠭᠤ ᠮᠡᠳᠡᠭᠦᠯᠦᠯᠲᠡ ᠬᠢᠵᠡᠢ ᠃
ᠬᠠᠷᠢᠭᠤ ᠮᠡᠳᠡᠭᠦᠯᠦᠯᠲᠡ ᠶ᠋ᠢ ᠰᠣᠨᠣᠰᠤᠭᠰᠠᠨ ᠤ᠋ ᠳᠠᠷᠠᠭ᠎ᠠ ᠂ ᠶᠠᠩ ᠸᠸᠨ ᠵᠦᠩ ᠦ᠋ᠨ ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠡᠩᠨᠡᠭᠡ ᠶ᠋ᠢᠨ ᠪᠠᠢᠭᠤᠯᠤᠯᠲᠠ ᠂ ᠰᠣᠶᠣᠯ ᠤ᠋ᠨ ᠪᠠᠢᠭᠤᠯᠤᠯᠲᠠ ᠂ ᠨᠠᠮ ᠤ᠋ᠨ ᠪᠠᠢᠭᠤᠯᠤᠯᠲᠠ ᠵᠡᠷᠭᠡ ᠠᠵᠢᠯ ᠤ᠋ᠨ ᠣᠯᠤᠭᠰᠠᠨ ᠦᠷ᠎ᠡ ᠪᠦᠲᠦᠮᠵᠢ ᠶ᠋ᠢ ᠭᠦᠢᠴᠡᠳ ᠨᠤᠲᠠᠯᠠᠭᠰᠠᠨ ᠪᠥᠭᠡᠳ ᠤᠯᠤᠰ ᠲᠥᠷᠥ ᠶ᠋ᠢᠨ ᠪᠠᠢᠭᠤᠯᠤᠯᠲᠠ ᠶ᠋ᠢ ᠲᠡᠷᠢᠭᠦᠨ ᠪᠠᠢᠷᠢᠨ ᠳ᠋ᠤ᠌ ᠲᠠᠯᠪᠢᠵᠤ ᠂ ᠣᠨᠣᠯ ᠢ᠋ᠶ᠋ᠠᠷ ᠵᠡᠪᠰᠡᠭᠯᠡᠬᠦ ᠶ᠋ᠢ ᠴᠢᠩᠭᠠᠳᠭᠠᠵᠤ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠺᠠᠲ᠋ᠷ ᠴᠠᠭᠳᠠᠭ᠎ᠠ ᠶ᠋ᠢᠨ ᠲᠣᠯᠣᠭᠠᠢ ᠶ᠋ᠢ ᠯᠠᠪᠳᠠᠭᠤᠨ ᠪᠠᠲᠤᠲᠠᠢ ᠪᠠᠷ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ ᠡᠩᠨᠡᠭᠡᠨ ᠦ᠌ ᠪᠠᠢᠭᠤᠯᠤᠯᠲᠠ ᠶ᠋ᠢᠨ ᠬᠠᠮᠢᠶᠠᠷᠤᠯᠲᠠ ᠶ᠋ᠢᠨ ᠲᠣᠭᠲᠠᠴᠠ ᠶ᠋ᠢ ᠴᠢᠩᠭᠠᠳᠭᠠᠨ ᠂ ᠤᠯᠤᠰ ᠲᠥᠷᠥ ᠶ᠋ᠢᠨ ᠬᠢᠨᠠᠯᠲᠠ ᠶ᠋ᠢ ᠴᠢᠩᠭᠠᠳᠭᠠᠵᠤ ᠂ ᠬᠠᠤᠯᠢ ᠴᠠᠭᠠᠵᠠ ᠶ᠋ᠢᠨ ᠬᠠᠷᠢᠭᠤᠴᠠᠯᠭ᠎ᠠ ᠶ᠋ᠢᠨ ᠳᠦᠷᠢᠮ ᠦ᠋ᠨ ᠶᠡᠷᠦᠩᠬᠡᠢᠯᠡᠭᠰᠡᠨ ᠲᠥᠬᠥᠷ ᠥᠭᠡᠷᠡᠴᠢᠯᠡᠯᠲᠡ ᠲᠡᠢ ᠤᠶᠠᠯᠳᠤᠭᠤᠯᠤᠨ ᠂ ᠨᠠᠮ ᠢ᠋ ᠪᠥᠬᠥ ᠲᠠᠯ᠎ᠠ ᠪᠠᠷ ᠴᠢᠩᠭ᠎ᠠ ᠵᠠᠰᠠᠵᠤ ᠂ ᠰᠢᠭᠦᠬᠦ ᠬᠣᠷᠢᠶ᠎ᠠ ᠶ᠋ᠢ ᠴᠢᠩᠭ᠎ᠠ ᠵᠠᠰᠠᠵᠤ ᠂ ᠡᠩᠨᠡᠭᠡ ᠪᠡᠨ ᠬᠤᠪᠢᠰᠭᠠᠯᠵᠢᠭᠤᠯᠬᠤ ᠂ ᠵᠢᠩᠬᠢᠨᠢᠴᠢᠯᠡᠬᠦ᠂ ᠲᠤᠰᠭᠠᠢᠵᠢᠬᠤ ᠂ ᠲᠤᠰᠭᠠᠢ ᠮᠡᠷᠭᠡᠵᠢᠬᠦ ᠪᠦᠲᠦᠭᠡᠨ ᠪᠠᠢᠭᠤᠯᠤᠯᠲᠠ ᠶ᠋ᠢ ᠠᠬᠢᠭᠤᠯᠵᠤ ᠂ ᠨᠠᠮ ᠪᠠ ᠠᠷᠠᠳ ᠲᠦᠮᠡᠨ ᠦ᠌ ᠢᠲᠡᠭᠡᠮᠵᠢᠲᠡᠢ ᠂ ᠨᠠᠢᠳᠠᠪᠤᠷᠢᠲᠠᠢ ᠂ ᠰᠠᠨᠠᠭ᠎ᠠ ᠠᠮᠤᠷ ᠰᠢᠭᠦᠬᠦ ᠬᠣᠷᠢᠶᠠᠨ ᠤ᠋ ᠨᠢᠭᠡᠨ ᠰᠠᠯᠠᠭ᠎ᠠ ᠡᠩᠨᠡᠭᠡ ᠶ᠋ᠢ ᠴᠢᠷᠮᠠᠢᠨ ᠪᠠᠢᠭᠤᠯᠬᠤ ᠬᠡᠷᠡᠭᠲᠡᠢ ᠂ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠨ ᠂ ᠠᠷᠭᠠᠴᠠᠬᠤ ᠪᠣᠳᠣᠯᠭ᠎ᠠ ᠶ᠋ᠢ ᠢᠳᠡᠪᠬᠢᠲᠡᠢ ᠰᠤᠳᠤᠯᠤᠨ ᠰᠦᠪᠡᠭᠴᠢᠯᠡᠵᠦ ᠂ ᠣᠢᠷ᠎ᠠ ᠶ᠋ᠢᠨ ᠬᠤᠭᠤᠴᠠᠭᠠᠨ ᠳ᠋ᠤ᠌ ᠥᠷᠨᠢᠭᠦᠯᠦᠭᠰᠡᠨ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡ ᠶ᠋ᠢᠨ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠠᠵᠢᠯ ᠢ᠋ᠶ᠋ᠠᠷ ᠠᠵᠠ ᠲᠣᠬᠢᠶᠠᠯ ᠪᠣᠯᠭᠠᠵᠤ ᠂ ᠥᠪᠡᠷ ᠢ᠋ᠶ᠋ᠡᠨ ᠵᠠᠯᠠᠷᠠᠭᠤᠯᠵᠤ ᠥᠪᠡᠷ ᠢ᠋ᠶ᠋ᠡᠨ ᠪᠠᠢᠴᠠᠭᠠᠬᠤ ᠶ᠋ᠢ ᠰᠠᠢᠲᠤᠷ ᠬᠢᠬᠦ ᠶ᠋ᠢᠨ ᠬᠠᠮᠲᠤ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠠᠵᠢᠯ ᠢ᠋ ᠰᠠᠢᠲᠤᠷ ᠬᠢᠵᠦ ᠂ ᠡᠩᠨᠡᠭᠡᠨ ᠦ᠌ ᠪᠠᠢᠭᠤᠯᠤᠯᠲᠠ ᠶ᠋ᠢᠨ ᠠᠵᠢᠯ ᠤ᠋ᠨ ᠳᠤᠮᠳᠠ ᠣᠷᠤᠰᠢᠵᠤ ᠪᠠᠢᠭ᠎ᠠ ᠬᠦᠴᠢᠷᠳᠡᠯ ᠳ᠋ᠦ᠍ ᠴᠢᠭᠯᠡᠭᠦᠯᠦᠨ ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠲᠡᠢ ᠰᠠᠨᠠᠭᠠᠴᠢᠯᠠᠭ᠎ᠠ ᠠ᠋ᠴᠠ ᠪᠠᠨ ᠵᠣᠬᠢᠴᠠᠯᠳᠤᠨ ᠵᠣᠯᠭᠠᠭᠤᠯᠬᠤ ᠬᠡᠷᠡᠭᠲᠡᠢ ᠂ ᠴᠠᠭᠳᠠᠭ᠎ᠠ ᠶ᠋ᠢ ᠬᠠᠷᠠᠭᠠᠯᠵᠠᠬᠤ ᠲᠥᠷᠥ ᠶ᠋ᠢᠨ ᠪᠣᠳᠣᠯᠭ᠎ᠠ ᠶ᠋ᠢ ᠨᠠᠢᠳᠠᠪᠤᠷᠢᠵᠢᠭᠤᠯᠵᠤ ᠂ ᠦᠵᠡᠯ ᠰᠠᠨᠠᠭ᠎ᠠ ᠤᠯᠤᠰ ᠲᠥᠷᠥ ᠶ᠋ᠢᠨ ᠠᠵᠢᠯ ᠢ᠋ ᠰᠠᠢᠲᠤᠷ ᠬᠢᠵᠦ ᠂ ᠤᠯᠤᠰ ᠲᠥᠷᠥ ᠶ᠋ᠢᠨ ᠤᠷᠮᠠᠰᠢᠭᠤᠯᠤᠯ ᠢ᠋ ᠴᠢᠩᠭᠠᠷᠠᠭᠤᠯᠤᠨ ᠂ ᠰᠢᠯᠢᠳᠡᠭ ᠺᠠᠲ᠋ᠷ ᠴᠠᠭᠳᠠᠭ᠎ᠠ ᠶ᠋ᠢ ᠰᠣᠩᠭᠣᠨ ᠲᠡᠪᠰᠢᠭᠦᠯᠵᠦ ᠲᠣᠮᠢᠯᠠᠨ ᠬᠡᠷᠡᠭᠯᠡᠬᠦ ᠡᠷᠴᠢᠮ ᠢ᠋ ᠴᠢᠩᠭᠠᠷᠠᠭᠤᠯᠵᠤ ᠂ ᠠᠷᠭ᠎ᠠ ᠪᠦᠬᠦᠨ ᠢ᠋ ᠰᠦᠪᠡᠭᠴᠢᠯᠡᠵᠦ ᠪᠠᠢᠭᠠᠳ ᠺᠠᠲ᠋ᠷ ᠴᠠᠭᠳᠠᠭ᠎ᠠ ᠳ᠋ᠤ᠌ ᠬᠦᠴᠢᠷ ᠵᠣᠪᠠᠯᠠᠩ ᠢ᠋ ᠨᠢ ᠰᠢᠢᠳᠪᠦᠷᠢᠯᠡᠨ ᠥᠭᠴᠦ ᠂ ᠠᠷᠭ᠎ᠠ ᠪᠦᠬᠦᠨ ᠢ᠋ ᠰᠦᠪᠡᠭᠴᠢᠯᠡᠵᠦ ᠪᠠᠢᠭᠠᠳ ᠺᠠᠲ᠋ᠷ ᠴᠠᠭᠳᠠᠭ᠎ᠠ ᠶ᠋ᠢᠨ ᠠᠵᠢᠯ ᠬᠢᠵᠦ ᠦᠢᠯᠡᠰ ᠪᠣᠰᠭᠠᠬᠤ ᠳ᠋ᠤ᠌ ᠰᠠᠢᠨ ᠰᠠᠢᠬᠠᠨ ᠨᠥᠬᠥᠴᠡᠯ ᠢ᠋ ᠡᠭᠦᠳᠴᠦ ᠂ ᠺᠠᠲ᠋ᠷ ᠴᠠᠭᠳᠠᠭ᠎ᠠ ᠶ᠋ᠢᠨ ᠠᠵᠢᠯ ᠮᠡᠷᠭᠡᠵᠢᠯ ᠦ᠋ᠨ ᠢᠷᠠᠭᠤ ᠠᠯᠳᠠᠷᠲᠤ ᠰᠡᠳᠭᠢᠯᠭᠡ ᠪᠠ ᠬᠠᠷᠢᠶᠠᠯᠠᠭᠳᠠᠬᠤ ᠰᠡᠳᠭᠢᠯᠭᠡ ᠶ᠋ᠢ ᠨᠡᠮᠡᠭᠳᠡᠭᠦᠯᠬᠦ ᠬᠡᠷᠡᠭᠲᠡᠢ ᠃
ᠬᠤᠷᠠᠯ ᠤ᠋ᠨ ᠳᠠᠷᠠᠭ᠎ᠠ ᠂ ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠭᠦᠢᠴᠡᠳᠭᠡᠬᠦ ᠶ᠋ᠢ ᠵᠢᠯᠣᠭᠣᠳᠬᠤ ᠲᠥᠪ ᠂ ᠮᠡᠳᠡᠭᠡ ᠵᠠᠩᠭᠢ ᠶ᠋ᠢᠨ ᠬᠠᠮᠢᠶᠠᠷᠤᠯᠲᠠ ᠶ᠋ᠢᠨ ᠲᠥᠪ ᠂ ᠵᠤᠨ ᠤ᠋ ᠬᠤᠭᠤᠴᠠᠭᠠᠨ ᠤ᠋ ᠨᠠᠢᠳᠠᠵᠤ ᠬᠠᠮᠢᠶᠠᠷᠤᠭᠤᠯᠬᠤ ᠠᠩᠭᠢ ᠵᠡᠷᠭᠡ ᠲᠠᠯᠠᠪᠤᠷ ᠢ᠋ ᠲᠣᠭᠣᠷᠢᠨ ᠦᠵᠡᠪᠡ ᠃ 8 ᠰᠠᠷ᠎ᠠ ᠶ᠋ᠢᠨ 13 ᠤ᠋ ᠡᠳᠦᠷ ᠂ ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠳ᠋ᠦᠩᠱᠧᠩ ᠲᠣᠭᠣᠷᠢᠭ ᠤ᠋ᠨ ᠰᠢᠭᠦᠬᠦ ᠬᠣᠷᠢᠶᠠᠨ ᠳ᠋ᠤ᠌ ᠬᠦᠷᠴᠦ ᠪᠠᠢᠴᠠᠭᠠᠨ ᠰᠤᠳᠤᠯᠤᠯᠲᠠ ᠬᠢᠪᠡ ᠃
ᠦᠨᠡᠯᠡᠬᠦ 0ᠦᠨᠡᠯᠡᠯᠲᠡ ᠲᠠᠢ