ᠰᠢ ᠵᠢᠨ ᠫᠢᠩ ᠦ᠋ᠨ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ ᠶ᠋ᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠠᠲᠤᠨ ᠭᠣᠣᠯ ᠤ᠋ᠨ ᠰᠠᠪᠠ ᠭᠠᠵᠠᠷ ᠤ᠋ᠨ ᠰᠢᠭᠦᠬᠦ ᠬᠣᠷᠢᠶᠠᠨ ᠤ᠋ ᠣᠷᠴᠢᠨ ᠲᠣᠭᠣᠷᠢᠨ ᠤ᠋ ᠡᠬᠢ ᠪᠠᠶᠠᠯᠢᠭ ᠤ᠋ᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠠᠵᠢᠯ ᠤ᠋ᠨ ᠦᠷ᠎ᠡ ᠪᠦᠲᠦᠭᠡᠯ ᠢ᠋ ᠰᠣᠯᠢᠯᠴᠠᠵᠤ ᠂ ᠳᠠᠷᠠᠭ᠎ᠠ ᠠᠯᠬᠤᠮ ᠤ᠋ᠨ ᠬᠠᠲᠤᠨ ᠭᠣᠣᠯ ᠤ᠋ᠨ ᠰᠠᠪᠠ ᠭᠠᠵᠠᠷ ᠤ᠋ᠨ ᠣᠷᠴᠢᠨ ᠲᠣᠭᠣᠷᠢᠨ ᠤ᠋ ᠡᠬᠢ ᠪᠠᠶᠠᠯᠢᠭ ᠢ᠋ ᠰᠢᠭᠦᠨ ᠲᠠᠰᠤᠯᠬᠤ ᠠᠵᠢᠯ ᠢ᠋ ᠰᠤᠳᠤᠯᠤᠨ ᠪᠠᠢᠷᠢᠯᠠᠭᠤᠯᠵᠤ ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠢ᠋ ᠪᠦᠬᠦ ᠲᠠᠯ᠎ᠠ ᠪᠠᠷ ᠳᠡᠭᠡᠭᠰᠢᠯᠡᠭᠦᠯᠪᠡ ᠃ ᠥᠪᠦᠷ ᠮᠣᠩᠭᠣᠯ ᠤ᠋ᠨ ᠥᠪᠡᠷᠲᠡᠭᠡᠨ ᠵᠠᠰᠠᠬᠤ ᠡᠣᠷᠣᠠ ᠶ᠋ᠢᠨ ᠳᠡᠭᠡᠳᠦ ᠰᠤᠷᠭᠠᠭᠤᠯᠢ ᠶ᠋ᠢᠨ ᠨᠠᠮ ᠤ᠋ᠨ ᠡᠣᠳᠣᠷᠢᠣᠠᠬᠣ ᠲᠤᠭᠤᠢᠯᠠᠩ ᠶ᠋ᠢᠨ ᠭᠡᠰᠢᠭᠦᠨ ᠂ ᠳᠡᠳ᠋ ᠳᠠᠷᠤᠭ᠎ᠠ ᠫᠦ ᠸᠧᠢ ᠭᠠᠩ ᠬᠤᠷᠠᠯ ᠳ᠋ᠤ᠌ ᠣᠷᠣᠯᠴᠠᠬᠤ ᠶ᠋ᠢᠨ ᠬᠠᠮᠲᠤ ᠶᠠᠷᠢᠶ᠎ᠠ ᠲᠠᠯᠪᠢᠵᠤ ᠂ ᠬᠥᠬᠡᠬᠣᠲᠠ ᠶ᠋ᠢᠨ ᠳᠤᠮᠳᠠ ᠬᠣᠷᠢᠶ᠎ᠠ᠂ ᠪᠤᠭᠤᠲᠤ ᠬᠣᠲᠠ ᠶ᠋ᠢᠨ ᠳᠤᠮᠳᠠ ᠬᠣᠷᠢᠶ᠎ᠠ ᠂ ᠡᠣᠯᠠᠭᠠᠠᠴᠠᠪ ᠬᠣᠲᠠ ᠶ᠋ᠢᠨ ᠳᠤᠮᠳᠠ ᠵᠠᠷᠬᠡᠶ᠋ᠢᠨ ᠰᠢᠭᠦᠬᠦ ᠬᠣᠷᠢᠢ᠎ᠠ ᠂ ᠡᠣᠷᠳᠣᠰ ᠬᠣᠲᠠ ᠶ᠋ᠢᠨ ᠳᠤᠮᠳᠠ ᠵᠠᠷᠬᠡ ᠶ᠋ᠢᠨ ᠰᠢᠭᠦᠬᠦ ᠬᠣᠷᠢᠢ᠎ᠠ ᠂ ᠪᠠᠶᠠᠨᠨᠠᠭᠤᠷ ᠬᠣᠲᠠ ᠶ᠋ᠢᠨ ᠳᠤᠮᠳᠠ ᠵᠠᠷᠬᠡ ᠶ᠋ᠢᠨ ᠰᠢᠭᠦᠬᠦ ᠬᠣᠷᠢᠢ᠎ᠠ ᠂ ᠦᠬᠠᠢ ᠬᠣᠲᠠ ᠶ᠋ᠢᠨ ᠳᠤᠮᠳᠠ ᠬᠣᠷᠢᠶ᠎ᠠ ᠂ ᠡᠠᠯᠠᠱᠠ ᠡᠠᠢᠮᠠᠬ ᠤ᠋ᠨ ᠳᠤᠮᠳᠠ ᠬᠣᠷᠢᠶ᠎ᠠ ᠂ ᠬᠥᠬᠡᠬᠣᠲᠠ ᠶ᠋ᠢᠨ ᠲᠡᠮᠦᠷ ᠵᠠᠮ ᠤ᠋ᠨ ᠲᠡᠭᠡᠭᠡᠪᠦᠷᠢ ᠶ᠋ᠢᠨ ᠳᠤᠮᠳᠠ ᠵᠠᠷᠬᠡ ᠶ᠋ᠢᠨ ᠱᠢᠭᠦᠬᠦ ᠬᠣᠷᠢᠢ᠎ᠠ ᠵᠢᠴᠢ ᠬᠡᠰᠡᠭ ᠦᠨᠳᠦᠰᠦᠨ ᠱᠠᠲᠤᠨ ᠤ᠋ ᠰᠢᠭᠦᠬᠦ ᠬᠣᠷᠢᠢ᠎ᠠ ᠶ᠋ᠢᠨ ᠬᠤᠪᠢᠳᠠᠨ ᠬᠠᠮᠢᠶᠠᠷᠬᠤ ᠡᠣᠳᠣᠷᠢᠳᠣᠯᠭᠠ ᠣᠷᠣᠯᠴᠠᠪᠠ ᠃
ᠬᠤᠷᠠᠯ ᠳᠡᠭᠡᠷ᠎ᠡ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠪᠠᠶᠠᠷ ᠤ᠋ᠨ ᠦᠭᠡ ᠶᠠᠷᠢᠪᠠ᠃ ᠲᠡᠷᠡ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠬᠤᠷᠠᠯ ᠢ᠋ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳ᠋ᠤ᠌ ᠲᠣᠬᠢᠷᠠᠭᠤᠯᠤᠨ ᠡᠷᠬᠢᠯᠡᠭᠰᠡᠨ ᠳ᠋ᠦ᠍ ᠴᠢᠩ ᠰᠡᠳᠭᠢᠯ ᠦ᠋ᠨ ᠲᠠᠯᠠᠷᠬᠠᠯ ᠢ᠋ᠶ᠋ᠠᠨ ᠲᠡᠪᠰᠢᠭᠦᠯᠬᠦ ᠶ᠋ᠢᠨ ᠬᠠᠮᠲᠤ ᠬᠤᠷᠠᠯ ᠳ᠋ᠤ᠌ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠤᠳᠤᠷᠢᠳᠤᠯᠭ᠎ᠠ᠂ ᠬᠤᠷᠠᠯ ᠳ᠋ᠤ᠌ ᠤᠷᠢᠭᠳᠠᠨ ᠣᠷᠣᠯᠴᠠᠭᠰᠠᠨ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ᠂ ᠵᠢᠴᠢ ᠡᠯ᠎ᠡ ᠠᠢᠮᠠᠭ ᠬᠣᠲᠠ ᠶ᠋ᠢᠨ ᠳᠤᠮᠳᠠ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠪᠣᠯᠤᠨ ᠬᠤᠷᠠᠯ ᠳ᠋ᠤ᠌ ᠣᠷᠣᠯᠴᠠᠭᠰᠠᠨ ᠲᠥᠯᠥᠭᠡᠯᠡᠭᠴᠢᠳ ᠢ᠋ ᠬᠠᠯᠠᠭᠤᠨ ᠢ᠋ᠶ᠋ᠠᠷ ᠤᠭᠲᠤᠵᠤ ᠪᠠᠢᠬᠤ ᠪᠠᠨ ᠢᠯᠡᠳᠭᠡᠵᠡᠢ᠃ ᠲᠡᠷᠡ ᠵᠢᠭᠠᠵᠤ ᠭᠠᠷᠭᠠᠭᠰᠠᠨ ᠨᠢ ᠂ ᠲᠤᠰ ᠤᠳᠠᠭᠠᠨ ᠤ᠋ ᠠᠬᠢᠭᠤᠯᠬᠤ ᠬᠤᠷᠠᠯ ᠨᠢ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠺᠠᠲ᠋ᠷ ᠴᠠᠭᠳᠠᠭ᠎ᠠ ᠪᠣᠯᠤᠨ ᠪᠦᠬᠦ ᠣᠷᠣᠨ ᠤ᠋ ᠰᠢᠭᠦᠬᠦ ᠬᠣᠷᠢᠶ᠎ᠠ ᠶ᠋ᠢᠨ ᠣᠷᠴᠢᠨ ᠠᠬᠤᠢ ᠡᠬᠢ ᠪᠠᠶᠠᠯᠢᠭ ᠤ᠋ᠨ ᠰᠢᠭᠦᠨ ᠲᠠᠰᠤᠯᠤᠯᠲᠠ ᠶ᠋ᠢᠨ ᠠᠵᠢᠯ ᠬᠢᠵᠦ ᠪᠠᠢᠭ᠎ᠠ ᠬᠠᠮᠲᠤ ᠠᠵᠢᠯᠯᠠᠭᠰᠠᠳ ᠲᠠᠢ ᠪᠠᠨ ᠰᠤᠷᠤᠯᠴᠠᠨ ᠰᠣᠯᠢᠯᠴᠠᠭ᠎ᠠ ᠬᠢᠬᠦ ᠂ ᠨᠥᠬᠥᠷᠯᠡᠯ ᠢ᠋ᠶ᠋ᠡᠨ ᠵᠤᠵᠠᠭᠠᠳᠭᠠᠬᠤ ᠳ᠋ᠤ᠌ ᠬᠣᠪᠣᠷ ᠨᠠᠨᠳᠢᠨ ᠲᠣᠬᠢᠶᠠᠯ ᠪᠠ ᠲᠠᠪᠴᠠᠩ ᠢ᠋ ᠬᠠᠩᠭᠠᠵᠤ ᠂ ᠪᠦᠬᠦ ᠣᠷᠣᠨ ᠤ᠋ ᠰᠢᠭᠦᠬᠦ ᠬᠣᠷᠢᠶ᠎ᠠ ᠶ᠋ᠢᠨ ᠣᠷᠴᠢᠨ ᠲᠣᠭᠣᠷᠢᠨ ᠡᠬᠢ ᠪᠠᠶᠠᠯᠢᠭ ᠢ᠋ ᠰᠢᠭᠦᠨ ᠲᠠᠰᠤᠯᠬᠤ ᠠᠵᠢᠯ ᠤ᠋ᠨ ᠰᠢᠨ᠎ᠡ ᠬᠥᠭᠵᠢᠯᠲᠡ ᠲᠡᠢ ᠪᠣᠯᠬᠤ ᠶ᠋ᠢ ᠠᠬᠢᠭᠤᠯᠬᠤ ᠳ᠋ᠤ᠌ ᠴᠢᠬᠤᠯᠠ ᠶᠡᠬᠡ ᠠᠴᠢ ᠬᠣᠯᠪᠣᠭᠳᠠᠯ ᠲᠠᠢ ᠶᠥᠮ ᠃
ᠲᠣᠭᠲᠠᠬᠤ ᠰᠢᠶᠠᠨ ᠶ᠋ᠢᠨ ᠠᠷᠠᠳ ᠤ᠋ᠨ ᠰᠢᠭᠦᠬᠦ ᠬᠣᠷᠢᠶ᠎ᠠ
ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠹᠦ ᠴᠢᠩ ᠱᠧᠩ
ᠵᠢᠦ ᠶᠤᠸᠠᠨ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ
ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠸᠠᠩ ᠳ᠋ᠦᠩ
ᠯᠢᠶᠠᠩᠴᠧᠩ ᠰᠢᠶᠠᠨ ᠢ᠋ᠢᠨ ᠠᠷᠠᠳ ᠤ᠋ᠨ ᠰᠢᠭᠦᠬᠦ ᠬᠣᠷᠢᠶ᠎ᠠ
ᠰᠢᠭᠦᠨ ᠲᠠᠰᠤᠯᠬᠤ ᠺᠣᠮᠢᠰ ᠤ᠋ᠨ ᠲᠤᠰᠭᠠᠢ ᠭᠡᠰᠢᠭᠦᠨ ᠯᠢᠦ ᠵᠢᠶᠠᠨ ᠸᠸᠨ
ᠬᠠᠩᠭᠢᠨ ᠬᠣᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ
ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ᠬᠣᠷᠢᠶᠠᠨ ᠳᠠᠷᠤᠭ᠎ᠠ ᠵᠠᠩ ᠶᠢᠨ ᠯᠢᠶᠠᠩ
ᠤᠷᠠᠳ ᠤ᠋ᠨ ᠡᠮᠦᠨᠡᠲᠦ ᠬᠣᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ
ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠬᠣᠷᠢᠶᠠᠨ ᠳᠠᠷᠤᠭ᠎ᠠ ᠸᠧᠢ ᠴᠦᠨ ᠢᠦᠢ
ᠬᠠᠢᠨᠠᠨ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ
ᠵᠠᠰᠠᠭ ᠵᠠᠬᠢᠷᠭᠠᠨ ᠤ᠋ ᠲᠢᠩᠬᠢᠮ ᠦ᠋ᠨ ᠳᠠᠷᠤᠭ᠎ᠠ ᠯᠢ ᠭᠠᠩ
ᠵᠡᠭᠦᠨ ᠬᠣᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ
ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠾᠧ ᠯᠢ ᠱᠢᠨ
ᠬᠤᠷᠠᠯ ᠳᠡᠭᠡᠷ᠎ᠡ ᠂ 7 ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠬᠠᠲᠤᠨ ᠭᠣᠣᠯ ᠤ᠋ᠨ ᠰᠠᠪᠠ ᠭᠠᠵᠠᠷ ᠤ᠋ᠨ ᠣᠷᠴᠢᠨ ᠠᠬᠤᠢ ᠡᠬᠢ ᠪᠠᠶᠠᠯᠢᠭ ᠤ᠋ᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠱᠢᠭᠦᠨ ᠲᠠᠰᠤᠯᠬᠤ ᠠᠵᠢᠯ ᠤ᠋ᠨ ᠲᠤᠬᠠᠢ ᠲᠤᠷᠰᠢᠯᠭ᠎ᠠ ᠲᠠᠨᠢᠯᠴᠠᠭᠤᠯᠵᠤ ᠂ 8 ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 2019 ᠣᠨ ᠠ᠋ᠴᠠ ᠨᠠᠰᠢᠬᠢ ᠣᠷᠴᠢᠨ ᠠᠬᠤᠢ ᠡᠬᠢ ᠪᠠᠶᠠᠯᠢᠭ ᠤ᠋ᠨ ᠰᠢᠭᠦᠨ ᠲᠠᠰᠤᠯᠬᠤ ᠠᠵᠢᠯ ᠤ᠋ᠨ ᠲᠤᠬᠠᠢ ᠳᠠᠷᠠᠭᠠᠯᠠᠨ ᠬᠠᠷᠢᠭᠤ ᠮᠡᠳᠡᠭᠦᠯᠦᠯᠲᠡ ᠬᠢᠪᠡ ᠃ ᠬᠤᠷᠠᠯ ᠠ᠋ᠴᠠ 《 ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ ᠳ᠋ᠦ᠍ ᠨᠡᠩ ᠠᠰᠢᠭᠲᠠᠢ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠲᠤᠬᠠᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠠᠷᠠᠳ ᠤ᠋ᠨ ᠱᠢᠭᠦᠬᠦ ᠬᠣᠷᠢᠶᠠᠨ ᠤ᠋ ᠰᠠᠨᠠᠯ ᠬᠤᠷᠢᠶᠠᠬᠤ ᠨᠣᠣᠷᠠᠭ 》 ᠤ᠋ᠨ ᠲᠤᠬᠠᠢ ᠶᠠᠷᠢᠯᠴᠠᠨ ᠰᠠᠨᠠᠯ ᠢ᠋ᠶ᠋ᠠᠨ ᠰᠣᠯᠢᠯᠴᠠᠪᠠ ᠃
ᠬᠠᠮᠤᠭ ᠰᠡᠭᠦᠯ ᠳ᠋ᠦ᠍ ᠂ ᠫᠦ ᠸᠧᠢ ᠭᠠᠩ ᠳᠠᠷᠠᠭ᠎ᠠ ᠠᠯᠬᠤᠮ ᠤ᠋ᠨ ᠬᠠᠲᠤᠨ ᠭᠣᠣᠯ ᠳᠠᠭᠠᠤ ᠰᠠᠪᠠ ᠭᠠᠵᠠᠷ ᠤ᠋ᠨ ᠣᠷᠴᠢᠨ ᠲᠣᠭᠣᠷᠢᠨ ᠤ᠋ ᠡᠬᠢ ᠪᠠᠶᠠᠯᠢᠭ ᠤ᠋ᠨ ᠰᠢᠭᠦᠨ ᠲᠠᠰᠤᠯᠬᠤ ᠠᠵᠢᠯ ᠢ᠋ ᠰᠠᠢᠲᠤᠷ ᠬᠢᠬᠦ ᠲᠤᠬᠠᠢ ᠭᠤᠷᠪᠠᠨ ᠱᠠᠭᠠᠷᠳᠠᠯᠭ᠎ᠠ ᠳᠤᠷᠠᠳᠪᠠ ᠄ ᠨᠢᠭᠡ ᠳ᠋ᠦ᠍ ᠦᠵᠡᠯ ᠰᠠᠨᠠᠭ᠎ᠠ ᠪᠠᠨ ᠨᠢᠭᠡᠳᠭᠡᠵᠦ ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠣᠷᠴᠢᠨ ᠲᠣᠭᠣᠷᠢᠨ ᠤ᠋ ᠡᠬᠢ ᠪᠠᠶᠠᠯᠢᠭ ᠤ᠋ᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠴᠢᠬᠤᠯᠠ ᠴᠢᠨᠠᠷ ᠢ᠋ ᠭᠦᠢᠴᠡᠳ ᠲᠠᠨᠢᠬᠤ ᠬᠡᠷᠡᠭᠲᠡᠢ᠃ ᠪᠦᠬᠦ ᠣᠷᠣᠨ ᠤ᠋ ᠱᠢᠭᠦᠬᠦ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ ᠦ᠋ᠨ ᠬᠠᠲᠤᠨ ᠭᠣᠣᠯ ᠢ᠋ ᠬᠠᠮᠠᠭᠠᠯᠠᠨ ᠬᠥᠭᠵᠢᠭᠦᠯᠬᠦ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢ ᠴᠢᠬᠤᠯᠠ ᠶᠡᠬᠡ ᠤᠯᠤᠰ ᠲᠥᠷᠥ ᠶ᠋ᠢᠨ ᠡᠭᠦᠷᠭᠡ ᠪᠣᠯᠭᠠᠵᠤ ᠂ ᠠᠷᠠᠳ ᠲᠦᠮᠡᠨ ᠢ᠋ᠶ᠋ᠡᠷ ᠭᠣᠣᠯ ᠪᠣᠯᠭᠠᠬᠤ ᠬᠥᠭᠵᠢᠯᠲᠡ ᠶ᠋ᠢᠨ ᠦᠵᠡᠯ ᠰᠠᠨᠠᠭ᠎ᠠ ᠶ᠋ᠢ ᠪᠠᠷᠢᠮᠲᠠᠯᠠᠵᠤ ᠂ 《ᠴᠡᠩᠭᠡᠭ ᠤᠰᠤ ᠬᠥᠬᠡᠮᠳᠦᠭ ᠠᠭᠤᠯᠠ ᠪᠣᠯ ᠠᠯᠲᠠ ᠮᠥᠩᠭᠥᠨ ᠠᠭᠤᠯᠠ》 ᠭᠡᠬᠦ ᠣᠨᠣᠯᠵᠢᠬᠤᠨ ᠢ᠋ ᠪᠠᠲᠤ ᠪᠡᠬᠢ ᠪᠣᠢ ᠪᠣᠯᠭᠠᠵᠤ ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠶ᠋ᠢᠨ ᠬᠢᠷᠢ ᠲᠦᠪᠱᠢᠨ ᠢ᠋ ᠳᠡᠭᠡᠭᠰᠢᠯᠡᠭᠦᠯᠵᠦ᠂ ᠬᠠᠲᠤᠨ ᠭᠣᠣᠯ ᠤ᠋ᠨ ᠰᠠᠪᠠ ᠭᠠᠵᠠᠷ ᠢ᠋ ᠪᠠᠲᠤ ᠪᠡᠬᠢ ᠴᠣᠭᠴᠠᠯᠠᠨ᠎ᠠ ᠃ ᠬᠣᠶᠠᠷ ᠲᠤ᠌ ᠣᠷᠴᠢᠨ ᠠᠬᠤᠢ ᠡᠬᠢ ᠪᠠᠶᠠᠯᠢᠭ ᠤ᠋ᠨ ᠬᠠᠮᠠᠭᠠᠯᠠᠯᠲᠠ ᠶ᠋ᠢᠨ ᠰᠢᠭᠦᠨ ᠲᠠᠰᠤᠯᠬᠤ ᠡᠭᠦᠷᠭᠡ ᠴᠢᠳᠠᠪᠤᠷᠢ ᠶ᠋ᠢ ᠬᠠᠤᠯᠢ ᠶᠣᠰᠣᠭᠠᠷ ᠭᠦᠢᠴᠡᠳᠭᠡᠵᠦ ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠣᠷᠴᠢᠨ ᠠᠬᠤᠢ ᠶ᠋ᠢᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢᠨ ᠨᠢᠭᠡᠳᠦᠯᠲᠡᠢ ᠲᠥᠯᠥᠪᠯᠡᠬᠦ ᠴᠢᠨᠠᠷ ᠪᠠ ᠵᠥᠷᠢᠶᠡᠲᠦ ᠴᠢᠨᠠᠷ ᠢ᠋ ᠦᠨᠡᠨ ᠬᠦ᠌ ᠴᠢᠩᠭᠠᠷᠠᠭᠤᠯᠬᠤ ᠬᠡᠷᠡᠭᠲᠡᠢ ᠃ ᠠᠷᠠᠳ ᠤ᠋ᠨ ᠰᠢᠭᠦᠬᠦ ᠬᠣᠷᠢᠶ᠎ᠠ ᠨᠢ ᠵᠢᠮ᠎ᠡ ᠶᠣᠰᠣ ᠶ᠋ᠢ ᠬᠦᠨᠳᠦᠳᠭᠡᠨ ᠂ ᠬᠠᠮᠤᠭ ᠤ᠋ᠨ ᠴᠢᠩᠭ᠎ᠠ ᠬᠠᠤᠯᠢ ᠪᠠᠷ ᠵᠠᠰᠠᠬᠤ ᠦᠵᠡᠯᠲᠡ ᠶ᠋ᠢ ᠪᠠᠷᠢᠮᠲᠠᠯᠠᠵᠤ ᠂ ᠬᠥᠭᠵᠢᠯᠲᠡ ᠪᠣᠯᠤᠨ ᠬᠠᠮᠠᠭᠠᠯᠠᠯᠲᠠ ᠬᠠᠮᠲᠤᠷᠠᠨ ᠣᠷᠤᠰᠢᠵᠤ ᠬᠤᠪᠢᠰᠤᠩᠭᠤᠢ ᠬᠠᠷᠢᠴᠠᠭ᠎ᠠ ᠶ᠋ᠢ ᠵᠥᠪ ᠣᠨᠣᠪᠴᠢᠲᠠᠢ ᠡᠵᠡᠮᠰᠢᠵᠦ᠂ ᠱᠢᠭᠦᠨ ᠲᠠᠰᠤᠯᠤᠯᠲᠠ ᠶ᠋ᠢᠨ ᠡᠭᠦᠷᠭᠡ ᠴᠢᠳᠠᠪᠤᠷᠢ ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠬᠠᠮᠠᠭᠠᠯᠠᠬᠤ ᠪᠠ ᠵᠠᠰᠠᠯᠲᠠ ᠶ᠋ᠢᠨ ᠪᠦᠬᠦᠯᠢ ᠴᠣᠭᠴᠠᠲᠤ ᠴᠢᠨᠠᠷ ᠂ ᠬᠠᠮᠵᠢᠯᠴᠠᠬᠤ ᠴᠢᠨᠠᠷ ᠪᠣᠯᠤᠨ ᠵᠥᠷᠢᠶᠡᠲᠦ ᠴᠢᠨᠠᠷ ᠢ᠋ ᠴᠢᠬᠤᠯᠠᠴᠢᠯᠠᠬᠤ ᠬᠡᠷᠡᠭᠲᠡᠢ ᠃ ᠡᠷᠡᠭᠦᠦ ᠶ᠋ᠢᠨ ᠭᠡᠷ᠎ᠡ ᠂ ᠢᠷᠭᠡᠨ ᠤ᠋ ᠭᠡᠷ᠎ᠡ ᠶ᠋ᠢ ᠨᠢᠭᠡᠳᠦᠯᠲᠡᠢ ᠳᠣᠢᠯᠣᠪᠵᠢᠭᠦᠯᠣᠠ ᠂ ᠵᠠᠰᠠᠭ ᠵᠠᠬᠢᠷᠭᠠᠨ ᠪᠠ ᠨᠡᠢᠲᠡ ᠶ᠋ᠢᠨ ᠠᠰᠠᠷᠠᠮᠵᠢ ᠶ᠋ᠢᠨ ᠵᠠᠷᠭᠤ ᠶ᠋ᠢᠨ ᠲᠦᠷᠪᠡᠨ ᠲᠥᠷᠦᠯ ᠤ᠋ᠨ ᠱᠢᠭᠦᠨ ᠲᠠᠰᠤᠯᠤᠯᠲᠠ ᠨᠢ ᠡᠠᠳᠠᠯᠢ ᠪᠤᠰᠤ ᠰᠠᠪᠠ ᠭᠠᠵᠠᠷ ᠤ᠋ᠨ ᠢᠯᠭᠠᠭ᠎ᠠ ᠲᠠᠢ ᠲᠠᠯ᠎ᠠ ᠳ᠋ᠤ᠌ ᠴᠢᠭᠯᠡᠭᠦᠯᠦᠨ ᠂ ᠲᠤᠢᠯ ᠤ᠋ᠨ ᠣᠨᠣᠪᠴᠢᠲᠠᠢ ᠪᠠᠷ ᠡᠠᠷᠭ᠎ᠠ ᠪᠣᠳᠣᠯᠭ᠎ᠠ ᠬᠡᠷᠡᠭᠵᠢᠭᠦᠯᠦᠨ ᠬᠠᠮᠠᠭᠠᠯᠠᠵᠤ ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠡᠠᠮᠢ ᠡᠠᠬᠣᠢ ᠶ᠋ᠢᠨ ᠬᠠᠮᠠᠭᠠᠯᠠᠯᠲᠠ ᠶ᠋ᠢᠨ ᠶᠠᠬᠡ ᠲᠠᠯ᠎ᠠ ᠶ᠋ᠢ ᠰᠠᠨᠠᠭᠠᠴᠢᠯᠠᠭ᠎ᠠ ᠠ᠋ᠴᠠ ᠪᠠᠨ ᠳᠠᠭᠠᠵᠤ ᠂ ᠬᠠᠲᠤᠨ ᠭᠣᠣᠯ ᠤ᠋ᠨ ᠭᠣᠣᠯ ᠮᠥᠷᠡᠨ ᠶ᠋ᠢᠨ ᠬᠣᠲᠠ ᠶ᠋ᠢᠨ ᠨᠡᠢᠭᠡᠮ ᠰᠣᠶᠣᠯ ᠤ᠋ᠨ ᠡᠠᠮᠢ ᠡᠠᠬᠣᠢ ᠶ᠋ᠢᠨ ᠬᠠᠮᠠᠭᠠᠯᠠᠯᠲᠠ ᠶ᠋ᠢ ᠴᠢᠬᠤᠯᠠᠴᠢᠯᠠᠵᠠᠢ ᠃ ᠭᠤᠷᠪᠠ ᠳ᠋ᠤ᠌ ᠬᠠᠮᠵᠢᠯᠴᠠᠨ ᠬᠠᠮᠲᠤᠪᠠᠷ ᠵᠠᠰᠠᠵᠤ ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠨᠡᠢᠯᠡᠮᠡᠯ ᠬᠦᠴᠦᠨ ᠢ᠋ ᠪᠦᠷᠢᠯᠳᠦᠭᠦᠯᠬᠦ ᠬᠡᠷᠡᠭᠲᠡᠢ ᠃ ᠪᠦᠬᠦ ᠣᠷᠣᠨ ᠤ᠋ ᠰᠢᠭᠦᠬᠦ ᠬᠣᠷᠢᠶ᠎ᠠ ᠨᠢ ᠳᠣᠲᠣᠭᠠᠳᠤ ᠶ᠋ᠢᠨ ᠬᠠᠮᠵᠢᠯᠴᠠᠨ ᠱᠢᠭᠦᠨ ᠲᠠᠰᠤᠯᠬᠤ ᠲᠣᠭᠲᠠᠴᠠ ᠶ᠋ᠢ ᠲᠡᠭᠦᠯᠳᠡᠷᠵᠢᠭᠦᠯᠵᠦ ᠂ ᠲᠤᠰ ᠭᠠᠵᠠᠷ ᠣᠷᠣᠨ ᠤ᠋ ᠪᠠᠨ ᠪᠣᠳᠠᠲᠤ ᠪᠠᠢᠳᠠᠯ ᠲᠠᠢ ᠤᠶᠠᠯᠳᠤᠭᠤᠯᠤᠨ ᠣᠷᠴᠢᠨ ᠠᠬᠤᠢ ᠡᠬᠢ ᠪᠠᠶᠠᠯᠢᠭ ᠤ᠋ᠨ ᠲᠤᠰᠭᠠᠢ ᠰᠢᠭᠦᠨ ᠲᠠᠰᠤᠯᠬᠤ ᠪᠠᠢᠭᠤᠯᠤᠮᠵᠢ ᠶ᠋ᠢᠨ ᠪᠠᠢᠭᠤᠯᠤᠯᠲᠠ ᠶ᠋ᠢ ᠴᠠᠭ ᠲᠤᠬᠠᠢ ᠳ᠋ᠤᠨᠢ ᠲᠦᠯᠬᠢᠨ ᠠᠬᠢᠭᠤᠯᠬᠤ ᠬᠡᠷᠡᠭᠲᠡᠢ ᠃ ᠰᠠᠪᠠ ᠭᠠᠵᠠᠷ ᠤ᠋ᠨ ᠬᠠᠤᠯᠢ ᠴᠠᠭᠠᠵᠠ ᠶ᠋ᠢᠨ ᠬᠠᠮᠵᠢᠯᠴᠠᠭᠠᠨ ᠤ᠋ ᠲᠣᠭᠲᠠᠴᠠ ᠶ᠋ᠢ ᠴᠢᠩᠭᠠᠳᠭᠠᠵᠤ ᠂ ᠣᠶᠤᠨᠴᠢ ᠰᠢᠭᠦᠬᠦ ᠬᠣᠷᠢᠶᠠᠨ ᠤ᠋ ᠪᠠᠢᠭᠤᠯᠤᠯᠲᠠ ᠶ᠋ᠢ ᠪᠥᠬᠥ ᠲᠠᠯ᠎ᠠ ᠪᠠᠷ ᠴᠢᠩᠭᠠᠳᠭᠠᠵᠤ ᠂ ᠬᠠᠲᠤᠨ ᠭᠣᠣᠯ ᠳᠠᠭᠠᠤ ᠶ᠋ᠢᠨ ᠰᠢᠭᠦᠬᠦ ᠬᠣᠷᠢᠶᠠᠨ ᠤ᠋ ᠮᠡᠳᠡᠭᠡ ᠵᠠᠩᠭᠢ ᠶ᠋ᠢᠨ ᠡᠬᠢ ᠪᠠᠶᠠᠯᠢᠭ ᠢ᠋ ᠬᠠᠮᠲᠤᠪᠠᠷ ᠡᠳ᠋ᠯᠡᠬᠦ ᠶ᠋ᠢ ᠪᠡᠶᠡᠯᠡᠭᠦᠯᠵᠦ ᠂ ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠶ᠋ᠢ ᠬᠠᠮᠤᠭ ᠶᠡᠬᠡ ᠬᠡᠮᠵᠢᠶ᠎ᠡ ᠪᠡᠷ ᠳᠡᠭᠡᠭᠰᠢᠯᠡᠭᠦᠯᠦᠨ᠎ᠡ ᠃ ᠭᠠᠳᠠᠨᠠᠬᠢ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶ᠋ᠢ ᠲᠡᠭᠦᠯᠳᠡᠷᠵᠢᠭᠦᠯᠵᠦ ᠂ ᠪᠠᠢᠴᠠᠭᠠᠬᠤ ᠪᠠᠢᠭᠤᠯᠭ᠎ᠠ ᠂ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠂ ᠠᠮᠢ ᠠᠬᠤᠢ ᠶ᠋ᠢᠨ ᠣᠷᠴᠢᠨ ᠲᠣᠭᠣᠷᠢᠨ ᠢ᠋ ᠬᠢᠨᠠᠵᠤ ᠬᠠᠮᠢᠶᠠᠷᠬᠤ ᠪᠠᠢᠭᠤᠯᠭ᠎ᠠ ᠂ ᠢᠯᠠᠩᠭᠤᠶ᠎ᠠ ᠬᠠᠲᠤᠨ ᠭᠣᠣᠯ ᠤ᠋ᠨ ᠤᠰᠤᠨ ᠠᠰᠢᠭᠯᠠᠯᠲᠠ ᠶ᠋ᠢᠨ ᠵᠥᠪᠯᠡᠯ ᠯᠦ᠍ᠭᠡ ᠶ᠋ᠢᠨ ᠨᠡᠪᠲᠡᠷᠡᠯᠴᠡᠭᠡ ᠵᠣᠬᠢᠴᠠᠭᠤᠯᠭ᠎ᠠ ᠶ᠋ᠢ ᠬᠠᠤᠯᠢ ᠶᠣᠰᠣᠭᠠᠷ ᠴᠢᠩᠭᠠᠳᠭᠠᠵᠤ ᠂ ᠣᠷᠴᠢᠨ ᠠᠬᠤᠢ ᠡᠬᠢ ᠪᠠᠶᠠᠯᠢᠭ ᠤ᠋ᠨ ᠵᠢᠭᠤᠷᠠᠯᠳᠤᠭᠠᠨ ᠢ᠋ ᠰᠢᠢᠳᠪᠦᠷᠢᠯᠡᠬᠦ ᠶ᠋ᠢ ᠠᠬᠢᠭᠤᠯᠵᠤ ᠂ ᠰᠠᠪᠠ ᠭᠠᠵᠠᠷ ᠤ᠋ᠨ ᠣᠷᠴᠢᠨ ᠲᠣᠭᠣᠷᠢᠨ ᠢ᠋ ᠵᠠᠰᠠᠬᠤ ᠴᠢᠳᠠᠪᠤᠷᠢ ᠪᠠ ᠵᠠᠰᠠᠬᠤ ᠬᠢᠷᠢ ᠬᠡᠮᠵᠢᠶ᠎ᠡ ᠶ᠋ᠢ ᠬᠠᠮᠵᠢᠯᠴᠠᠨ ᠲᠡᠭᠡᠭᠡᠰᠢᠯᠡᠭᠦᠯᠬᠦ ᠬᠡᠷᠡᠭᠲᠡᠢ ᠃ ᠵᠢᠭᠤᠷᠠᠯᠳᠤᠭᠠᠨ ᠢ᠋ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶ᠋ᠢ ᠠᠬᠢᠭᠤᠯᠵᠤ ᠂ ᠵᠠᠷᠭᠤ ᠶ᠋ᠢᠨ ᠡᠬᠢ ᠰᠤᠷᠪᠤᠯᠵᠢ ᠶ᠋ᠢᠨ ᠵᠠᠰᠠᠯᠲᠠ ᠶ᠋ᠢ ᠴᠢᠩᠭᠠᠳᠭᠠᠨ ᠂ 《 ᠨᠢᠭᠡ ᠥᠷᠲᠡᠭᠡᠴᠢᠯᠡᠭᠰᠡᠨ 》 ᠣᠯᠠᠨ ᠵᠢᠭᠤᠷᠠᠯᠳᠤᠭᠠᠨ ᠢ᠋ ᠰᠢᠢᠳᠪᠦᠷᠢᠯᠡᠬᠦ ᠲᠣᠭᠲᠠᠴᠠ ᠶ᠋ᠢ ᠲᠦᠷᠭᠡᠳᠭᠡᠨ ᠪᠠᠢᠭᠤᠯᠵᠤ ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ ᠳ᠋ᠦ᠍ ᠥᠨᠳᠥᠷ ᠦᠷ᠎ᠡ ᠪᠦᠲᠦᠮᠵᠢᠲᠡᠢ ᠦᠢᠯᠡᠴᠢᠯᠡᠪᠡ ᠃
ᠬᠤᠷᠠᠯ ᠳ᠋ᠤ᠌ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠥᠪᠥᠷ ᠮᠣᠩᠭᠣᠯ ᠤ᠋ᠨ ᠮᠧᠩ ᠱ᠋ᠢ ᠱᠦᠢᠨᠢ ᠶ᠋ᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶ᠋ᠢᠨ ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠲᠡᠷᠢᠭᠦᠨ ᠲᠤᠰᠭᠠᠢ ᠮᠡᠷᠭᠡᠵᠢᠯᠲᠡᠨ᠂ ᠬᠢᠮᠢ ᠶ᠋ᠢᠨ ᠲᠤᠷᠰᠢᠯᠲᠠ ᠶ᠋ᠢᠨ ᠲᠠᠰᠤᠭ ᠤ᠋ᠨ ᠡᠷᠬᠢᠯᠡᠭᠴᠢ ᠯᠢᠦ ᠯᠢ ᠹᠸᠨ ᠵᠢᠴᠢ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠣᠷᠳᠣᠰ ᠬᠣᠲᠠ ᠶ᠋ᠢᠨ ᠮᠣᠩᠭᠣᠯ ᠡᠮ ᠡᠮᠨᠡᠯᠭᠡ ᠶ᠋ᠢᠨ ᠰᠤᠳᠤᠯᠭᠠᠨ ᠤ᠋ ᠭᠠᠵᠠᠷ ᠤ᠋ᠨ ᠳᠡᠳ᠋ ᠳᠠᠷᠤᠭ᠎ᠠ ᠮᠣᠩᠭᠣᠯ ᠡᠮᠨᠡᠯᠭᠡ ᠶ᠋ᠢᠨ ᠬᠣᠷᠢᠶ᠎ᠠ ᠶ᠋ᠢᠨ ᠳᠡᠳ᠋ ᠳᠠᠷᠤᠭ᠎ᠠ ᠮᠧᠩ ᠺᠧ ᠣᠷᠣᠯᠴᠠᠭᠰᠠᠨ ᠪᠠᠢᠨ᠎ᠠ᠃
ᠦᠨᠡᠯᠡᠬᠦ 0ᠦᠨᠡᠯᠡᠯᠲᠡ᠎ᠲᠠᠢ