ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠨᠣᠯ ᠰᠤᠷᠤᠯᠴᠠᠯᠭ᠎ᠠ ᠶ᠋ᠢᠨ ᠭᠣᠣᠯ ᠳᠤᠭᠤᠢᠯᠠᠩ ᠤ᠋ᠨ ᠰᠤᠷᠤᠯᠴᠠᠯᠭ᠎ᠠ ᠶ᠋ᠢᠨ ᠬᠤᠷᠠᠯ ᠬᠤᠷᠠᠯᠳᠤᠭᠤᠯᠬᠤ
2020.09.07 ᠲᠣᠰ ᠥᠷᠲᠡᠭᠡᠨ᠎ᠦ ᠨᠠᠢᠷᠠᠭᠤᠯᠤᠭᠴᠢ

8 ᠰᠠᠷ᠎ᠠ ᠶ᠋ᠢᠨ 20 ᠤ᠋ ᠡᠳᠦᠷ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠨᠣᠯ ᠰᠤᠷᠤᠯᠴᠠᠯᠭ᠎ᠠ ᠶ᠋ᠢᠨ ᠭᠣᠣᠯ ᠳᠤᠭᠤᠢᠯᠠᠩ ᠤ᠋ᠨ ᠰᠤᠷᠤᠯᠴᠠᠯᠭ᠎ᠠ ᠶ᠋ᠢᠨ ᠬᠤᠷᠠᠯ ᠬᠢᠵᠦ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠶ᠋ᠢᠨ ᠭᠡᠷ ᠲᠡᠭᠡᠨ ᠪᠠᠢᠭ᠎ᠠ ᠤᠳᠤᠷᠢᠳᠬᠤ ᠪᠠᠭ ᠤ᠋ᠨ ᠪᠦᠷᠢᠯᠳᠦᠬᠦᠨ ᠬᠤᠷᠠᠯ ᠳ᠋ᠤ᠌ ᠣᠷᠣᠯᠴᠠᠵᠠᠢ᠃ ᠬᠣᠲᠠ ᠶ᠋ᠢᠨ ᠨᠠᠮ ᠤ᠋ᠨ ᠬᠣᠷᠢᠶᠠᠨ ᠤ᠋ ᠲᠣᠭᠣᠷᠢᠨ ᠰᠣᠨᠣᠰᠬᠤ ᠰᠤᠯᠠ ᠰᠣᠨᠣᠰᠬᠤ ᠠᠵᠢᠯ ᠤ᠋ᠨ ᠳᠤᠭᠤᠢᠯᠠᠩ ᠤ᠋ᠨ ᠪᠦᠷᠢᠯᠳᠦᠬᠦᠨ᠂ ᠬᠣᠲᠠ ᠶ᠋ᠢᠨ ᠰᠣᠶᠣᠯ ᠪᠠ ᠵᠤᠭᠠᠴᠠᠯ ᠤ᠋ᠨ ᠲᠣᠪᠴᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠲᠣᠪᠴᠢᠶᠠᠨ ᠳᠠᠷᠤᠭ᠎ᠠ ᠵᠣᠣ ᠽᠢ ᠢ᠂ ᠬᠣᠲᠠ ᠶ᠋ᠢᠨ ᠰᠣᠶᠣᠯ ᠪᠠ ᠵᠤᠭᠠᠴᠠᠯ ᠤ᠋ᠨ ᠲᠣᠪᠴᠢᠶ᠎ᠠ ᠶ᠋ᠢᠨ ᠠᠯᠪᠠᠨ ᠭᠡᠷ ᠦ᠋ᠨ ᠳᠡᠳ᠋ ᠡᠷᠬᠢᠯᠡᠭᠴᠢ ᠾᠧᠦ ᠯᠧ ᠬᠤᠷᠠᠯ ᠳ᠋ᠤ᠌ ᠣᠷᠣᠯᠴᠠᠨ ᠵᠢᠯᠣᠭᠣᠳᠴᠠᠢ᠃

 

ᠬᠤᠷᠠᠯ ᠳᠡᠭᠡᠷ᠎ᠡ ᠂ ᠬᠣᠲᠠ ᠶ᠋ᠢᠨ ᠳᠤᠮᠳᠠᠳᠤ ᠰᠤᠷᠭᠠᠭᠤᠯᠢ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠪᠠ ᠬᠢᠨᠠᠨ ᠪᠠᠢᠴᠠᠭᠠᠬᠤ ᠵᠥᠪᠯᠡᠯ ᠦ᠋ᠨ ᠲᠤᠰᠭᠠᠢ  ᠲᠤᠰᠢᠶᠠᠯᠲᠤ  ᠭᠡᠰᠢᠭᠦᠨ《 ᠰᠢ ᠵᠢᠨ ᠫᠢᠩ ᠥᠪᠥᠷ ᠮᠣᠩᠭᠣᠯ ᠤ᠋ᠨ ᠲᠥᠯᠥᠭᠡᠯᠡᠭᠴᠢᠳ ᠦ᠋ᠨ ᠪᠦᠯᠬᠦᠮ ᠦ᠋ᠨ ᠬᠢᠨᠠᠨ ᠵᠥᠪᠯᠡᠬᠦ ᠳ᠋ᠦ᠍ ᠣᠷᠣᠯᠴᠠᠬᠤ ᠳ᠋ᠠᠭᠠᠨ ᠠᠷᠠᠳ ᠲᠦᠮᠡᠨ ᠦ᠌ ᠲᠥᠯᠥᠭᠡ ᠵᠢᠳᠭᠦᠵᠦ ᠂ ᠠᠷᠠᠳ ᠲᠦᠮᠡᠨ ᠳ᠋ᠦ᠍ ᠠᠵᠠ ᠵᠢᠷᠭᠠᠯ ᠦᠵᠡᠭᠦᠯᠳᠡᠭ ᠬᠥᠭᠵᠢᠯᠲᠡ ᠶ᠋ᠢᠨ ᠦᠵᠡᠯ ᠰᠠᠨᠠᠭ᠎ᠠ ᠶ᠋ᠢ ᠡᠯ᠎ᠡ ᠵᠦᠢᠯ ᠦ᠋ᠨ  ᠰᠢᠢᠳᠪᠦᠷᠢᠲᠤ ᠪᠣᠳᠣᠯᠭ᠎ᠠ ᠶ᠋ᠢᠨ ᠪᠠᠢᠷᠢᠯᠠᠭᠤᠯᠤᠯᠲᠠ ᠪᠠ ᠪᠣᠳᠠᠲᠠᠢ ᠠᠵᠢᠯ ᠤ᠋ᠨ ᠳᠤᠮᠳᠠ ᠪᠠᠨ ᠨᠠᠢᠳᠠᠪᠤᠷᠢᠵᠢᠭᠤᠯᠤᠨ᠎ᠠ》᠃ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ  ᠲᠥᠯᠦᠭᠡᠯᠡᠭᠴᠢᠳ《  ᠠᠷᠠᠳ ᠲᠦᠮᠡᠨ ᠢ᠋ ᠡᠷᠬᠢᠮ ᠳᠡᠭᠡᠳᠦ ᠪᠠᠢᠯᠭᠠᠬᠤ ᠶ᠋ᠢ ᠪᠠᠷᠢᠮᠲᠠᠯᠠᠵᠤ ᠂ ᠠᠷᠠᠳ ᠲᠦᠮᠡᠨ ᠳ᠋ᠦ᠍ ᠲᠠᠰᠤᠷᠠᠯᠲᠠ ᠦᠭᠡᠢ ᠪᠤᠶᠠᠨ ᠦᠢᠯᠡᠳᠴᠦ ᠂ ᠠᠷᠠᠳ ᠲᠦᠮᠡᠨ ᠢ᠋ᠶ᠋ᠡᠷ ᠭᠣᠣᠯ ᠪᠣᠯᠭᠠᠬᠤ ᠬᠥᠭᠵᠢᠯᠲᠡ ᠶ᠋ᠢᠨ ᠦᠵᠡᠯ ᠰᠠᠨᠠᠭ᠎ᠠ ᠶ᠋ᠢ ᠡᠯ᠎ᠡ ᠵᠦᠢᠯ ᠦ᠋ᠨ  ᠰᠢᠢᠳᠪᠦᠷᠢᠲᠤ ᠪᠣᠳᠣᠯᠭ᠎ᠠ ᠶ᠋ᠢᠨ ᠪᠠᠢᠷᠢᠯᠠᠭᠤᠯᠤᠯᠲᠠ ᠪᠠ ᠪᠣᠳᠠᠲᠠᠢ ᠠᠵᠢᠯ ᠤ᠋ᠨ ᠳᠤᠮᠳᠠ ᠨᠠᠢᠳᠠᠪᠤᠷᠢᠵᠢᠭᠤᠯᠬᠤ 》ᠪᠠᠷ ᠰᠠᠨᠠᠭ᠎ᠠ ᠨᠢᠭᠡᠲᠡᠢ ᠶᠠᠷᠢᠶ᠎ᠠ ᠲᠠᠯᠪᠢᠪᠠ ᠃
 ᠬᠤᠷᠠᠯ ᠳᠡᠭᠡᠷ᠎ᠡ ᠂ ᠵᠣᠣ ᠽᠢ ᠡᠢ ᠬᠣᠲᠠ ᠶ᠋ᠢᠨ ᠳᠤᠮᠳᠠᠳᠤ ᠰᠤᠷᠭᠠᠭᠤᠯᠢ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠨᠣᠯ ᠰᠤᠷᠤᠯᠴᠠᠯᠭ᠎ᠠ ᠶ᠋ᠢᠨ ᠭᠣᠣᠯ ᠳᠤᠭᠤᠢᠯᠠᠩ ᠤ᠋ᠨ ᠰᠤᠷᠤᠯᠴᠠᠬᠤ ᠵᠣᠬᠢᠶᠠᠨ ᠪᠠᠢᠭᠤᠯᠤᠯᠲᠠ ᠶ᠋ᠢᠨ ᠠᠵᠢᠯ ᠢ᠋ ᠭᠦᠢᠴᠡᠳ ᠨᠤᠲᠠᠯᠠᠭᠰᠠᠨ ᠪᠥᠭᠡᠳ ᠳᠡᠭᠡᠳᠦ ᠬᠡᠮᠵᠢᠶ᠎ᠡ ᠪᠡᠷ  ᠰᠠᠢᠰᠢᠶᠠᠭᠰᠠᠨ ᠪᠠᠢᠨ᠎ᠠ ᠃ ᠡᠭᠦᠨ ᠦ᠌ ᠬᠠᠮᠲᠤ ᠂ ᠵᠣᠣ ᠽᠢ ᠡᠢ  ᠬᠤᠢᠰᠢᠲᠠ ᠶ᠋ᠢᠨ ᠬᠣᠲᠠ ᠶ᠋ᠢᠨ ᠳᠤᠮᠳᠠ ᠰᠤᠷᠭᠠᠭᠤᠯᠢ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠨᠣᠯ ᠰᠤᠷᠤᠯᠴᠠᠯᠭ᠎ᠠ ᠶ᠋ᠢᠨ ᠭᠣᠣᠯ ᠳᠤᠭᠤᠢᠯᠠᠩ ᠨᠢ ᠦᠷᠭᠦᠯᠵᠢᠯᠡᠨ ᠴᠢᠨᠠᠷ ᠰᠠᠢᠲᠠᠢ ᠵᠣᠬᠢᠶᠠᠨ ᠪᠠᠢᠭᠤᠯᠤᠯᠲᠠ ᠶ᠋ᠢᠨ ᠰᠤᠷᠤᠯᠴᠠᠯᠭ᠎ᠠ ᠪᠠᠨ ᠬᠢᠪᠡ ᠄ ᠨᠢᠭᠡ ᠳ᠋ᠦ᠍ ᠤᠯᠤᠰ ᠲᠥᠷᠥ ᠶ᠋ᠢᠨ ᠰᠢᠨᠵᠢ ᠴᠢᠨᠠᠷ ᠢ᠋ᠶ᠋ᠠᠨ ᠲᠣᠪᠣᠢᠯᠭᠠᠨ᠎ᠠ ᠃ ᠨᠠᠮ ᠤ᠋ᠨ ᠳᠤᠭᠤᠢᠯᠠᠩ ᠤ᠋ᠨ ᠣᠨᠣᠯ ᠰᠤᠷᠤᠯᠴᠠᠯᠭ᠎ᠠ ᠶ᠋ᠢᠨ ᠭᠣᠣᠯ ᠳᠤᠭᠤᠢᠯᠠᠩ ᠤ᠋ᠨ ᠰᠤᠷᠤᠯᠴᠠᠯᠭ᠎ᠠ ᠨᠢ ᠤᠯᠤᠰ ᠲᠥᠷᠥ ᠶ᠋ᠢᠨ ᠰᠤᠷᠤᠯᠴᠠᠯᠭ᠎ᠠ ᠪᠠᠷ ᠦᠨᠳᠦᠰᠦ ᠪᠣᠯᠭᠠᠨ ᠂ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠣᠨᠣᠯ ᠤ᠋ᠨ   ᠰᠢᠰᠲ᠋ᠧᠮ ᠢ᠋ ᠭᠦᠨᠵᠡᠭᠡᠢ ᠰᠤᠷᠤᠯᠴᠠᠬᠤ ᠪᠠᠷ ᠲᠡᠷᠢᠭᠦᠨ ᠡᠭᠦᠷᠭᠡ ᠪᠣᠯᠭᠠᠵᠤ ᠂ ᠶᠡᠷᠦᠩᠬᠡᠢ ᠱᠦᠵᠢ ᠰᠢ ᠵᠢᠨ ᠫᠢᠩ ᠦ᠋ᠨ  ᠰᠢᠷᠢᠰ ᠴᠢᠬᠤᠯᠠ ᠶᠠᠷᠢᠶ᠎ᠠ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠬᠤ ᠪᠠᠷ ᠭᠣᠣᠯᠳᠠᠯᠭ᠎ᠠ ᠪᠣᠯᠭᠠᠵᠤ ᠂ ᠮᠠᠷᠺᠰ ᠤ᠋ᠨ ᠦᠵᠡᠯ ᠦ᠋ᠨ ᠵᠣᠭᠰᠣᠯᠲᠠ ᠂ ᠦᠵᠡᠯᠲᠡ ᠂ ᠠᠷᠭ᠎ᠠ ᠶ᠋ᠢ ᠡᠵᠡᠮᠰᠢᠬᠦ ᠪᠠ ᠬᠡᠷᠡᠭᠯᠡᠬᠦ ᠪᠡᠷ ᠵᠣᠷᠢᠯᠭ᠎ᠠ ᠪᠣᠯᠭᠠᠵᠤ ᠂ ᠭᠣᠣᠯ ᠠᠵᠢᠯ ᠢ᠋ᠶ᠋ᠠᠷ ᠭᠣᠣᠯ ᠪᠣᠯᠭᠠᠬᠤ ᠂ ᠦᠢᠯᠡᠴᠢᠯᠡᠬᠦ ᠶ᠋ᠢ ᠪᠠᠷᠢᠮᠲᠠᠯᠠᠬᠤ ᠬᠡᠷᠡᠭᠲᠡᠢ ᠃ ᠬᠣᠶᠠᠷ ᠲᠤ᠌ ᠬᠣᠯᠪᠣᠭᠳᠠᠯ ᠪᠦᠬᠦᠢ ᠳᠦᠷᠢᠮ ᠪᠠ ᠲᠣᠭᠲᠠᠭᠠᠯ ᠢ᠋ ᠴᠢᠩᠭ᠎ᠠ ᠬᠡᠷᠡᠭᠵᠢᠭᠦᠯᠬᠦ ᠬᠡᠷᠡᠭᠲᠡᠢ᠃ 《ᠣᠷᠳᠣᠰ ᠬᠣᠲᠠ ᠶ᠋ᠢᠨ ᠨᠠᠮ ᠤ᠋ᠨ ᠬᠣᠷᠢᠶ᠎ᠠ  ( ᠨᠠᠮ ᠤ᠋ᠨ ᠤᠳᠤᠷᠢᠳᠬᠤ ᠳᠤᠭᠤᠢᠯᠠᠩ  )  ᠤ᠋ᠨ ᠣᠨᠣᠯ ᠰᠤᠷᠤᠯᠴᠠᠯᠭ᠎ᠠ ᠶ᠋ᠢᠨ ᠭᠣᠣᠯ ᠳᠤᠭᠤᠢᠯᠠᠩ ᠤ᠋ᠨ ᠰᠤᠷᠤᠯᠴᠠᠯᠭ᠎ᠠ ᠶ᠋ᠢᠨ ᠬᠡᠷᠡᠭᠵᠢᠭᠦᠯᠬᠦ ᠨᠠᠷᠢᠨ ᠳᠦᠷᠢᠮ》 ᠢ᠋ ᠭᠦᠨᠵᠡᠭᠡᠢ ᠨᠠᠢᠳᠠᠪᠤᠷᠢᠵᠢᠭᠤᠯᠵᠤ ᠂ ᠭᠣᠣᠯ ᠳᠤᠭᠤᠢᠯᠠᠩ ᠤ᠋ᠨ ᠰᠤᠷᠤᠯᠴᠠᠯᠭ᠎ᠠ ᠶ᠋ᠢ ᠨᠠᠮ ᠤ᠋ᠨ ᠤᠳᠤᠷᠢᠳᠬᠤ ᠳᠤᠭᠤᠢᠯᠠᠩ ᠤ᠋ᠨ ᠡᠳᠦᠷ ᠳᠣᠳᠣᠮ ᠤ᠋ᠨ ᠴᠢᠬᠤᠯᠠ ᠵᠥᠪᠯᠡᠬᠦ ᠵᠦᠢᠯ ᠳ᠋ᠡᠭᠡᠨ ᠣᠷᠣᠭᠤᠯᠵᠤ ᠂ ᠨᠠᠮ ᠤ᠋ᠨ ᠪᠠᠢᠭᠤᠯᠤᠯᠲᠠ ᠶ᠋ᠢᠨ ᠠᠵᠢᠯ ᠤ᠋ᠨ ᠬᠠᠷᠢᠭᠤᠴᠠᠯᠭ᠎ᠠ ᠶ᠋ᠢᠨ ᠳᠦᠷᠢᠮ ᠳ᠋ᠦ᠍ ᠣᠷᠣᠭᠤᠯᠵᠤ ᠂ ᠦᠵᠡᠯ ᠤᠬᠠᠮᠰᠠᠷ ᠤ᠋ᠨ ᠬᠡᠯᠪᠡᠷᠢ ᠶ᠋ᠢᠨ ᠠᠵᠢᠯ ᠤ᠋ᠨ ᠬᠠᠷᠢᠭᠤᠴᠠᠯᠭ᠎ᠠ ᠶ᠋ᠢᠨ ᠳᠦᠷᠢᠮ ᠳ᠋ᠦ᠍ ᠣᠷᠣᠭᠤᠯᠤᠨ᠎ᠠ ᠃ ᠭᠤᠷᠪᠠ ᠳ᠋ᠤ᠌ ᠰᠤᠷᠤᠯᠴᠠᠯᠭ᠎ᠠ ᠶ᠋ᠢᠨ ᠴᠢᠨᠠᠷ ᠴᠢᠨᠰᠠᠭ᠎ᠠ ᠶ᠋ᠢ  ᠲᠡᠭᠡᠭᠡᠰᠢᠯᠡᠭᠦᠯᠬᠦ ᠶ᠋ᠢ ᠴᠢᠬᠤᠯᠠᠴᠢᠯᠠᠬᠤ ᠬᠡᠷᠡᠭᠲᠡᠢ ᠃ ᠦᠵᠡᠯ ᠰᠠᠨᠠᠭ᠎ᠠ ᠪᠣᠯᠤᠨ ᠠᠵᠢᠯ ᠤ᠋ᠨ ᠪᠣᠳᠠᠲᠤ ᠪᠠᠢᠳᠠᠯ ᠲᠠᠢ ᠪᠠᠨ ᠨᠢᠭᠲᠠ ᠤᠶᠠᠯᠳᠤᠭᠤᠯᠵᠤ ᠂ ᠰᠠᠷ᠎ᠠ ᠪᠦᠷᠢ ᠠᠳᠠᠭ ᠲᠠᠭᠠᠨ 1 ᠶᠡᠷᠦᠩᠬᠡᠢ ᠱᠦᠵᠢ ᠶ᠋ᠢᠨ ᠴᠢᠬᠤᠯᠠ ᠶᠠᠷᠢᠶᠠᠨ ᠤ᠋ ᠤᠭ ᠵᠣᠬᠢᠶᠠᠯ ᠢ᠋ ᠰᠤᠷᠤᠯᠴᠠᠵᠤ ᠂ ᠤᠯᠠᠷᠢᠯ ᠪᠦᠷᠢ ᠠᠳᠠᠭ ᠲᠠᠭᠠᠨ 1 ᠭᠣᠣᠯ ᠰᠡᠳᠦᠪ ᠢ᠋ ᠲᠤᠰᠭᠠᠢ ᠰᠡᠳᠦᠪ ᠦ᠋ᠨ ᠰᠤᠳᠤᠯᠤᠨ ᠶᠠᠷᠢᠯᠴᠠᠭ᠎ᠠ ᠥᠷᠨᠢᠭᠦᠯᠵᠦ ᠂ ᠤᠳᠠᠭ᠎ᠠ ᠪᠦᠷᠢ ᠶ᠋ᠢᠨ ᠰᠤᠳᠤᠯᠤᠨ ᠶᠠᠷᠢᠯᠴᠠᠬᠤ ᠬᠤᠷᠠᠯ ᠨᠢ ᠦᠵᠡᠯ ᠰᠠᠨᠠᠭᠠᠨ ᠤ᠋ ᠬᠠᠮᠲᠤ ᠶ᠋ᠢᠨ ᠲᠠᠨᠢᠯᠲᠠ ᠪᠤᠶᠤ ᠠᠵᠢᠯ ᠢ᠋ ᠲᠦᠯᠬᠢᠨ ᠠᠬᠢᠭᠤᠯᠬᠤ ᠰᠡᠳᠭᠢᠴᠡ ᠶ᠋ᠢᠨ ᠠᠷᠭ᠎ᠠ ᠬᠡᠮᠵᠢᠶ᠎ᠡ ᠶ᠋ᠢ ᠪᠦᠷᠢᠯᠳᠦᠭᠦᠯᠵᠦ ᠂  ᠲᠤᠷᠰᠢᠯᠠᠭ᠎ᠠ ᠪᠠᠨ ᠴᠠᠭ ᠲᠤᠬᠠᠢ ᠳ᠋ᠤᠨᠢ ᠳ᠋ᠦᠩᠨᠡᠨ ᠂ ᠰᠤᠷᠤᠯᠴᠠᠬᠤ ᠠᠷᠭ᠎ᠠ ᠪᠠᠨ ᠲᠠᠰᠤᠷᠠᠯᠲᠠ ᠦᠭᠡᠢ  ᠰᠢᠨ᠎ᠡ ᠶ᠋ᠢ ᠡᠭᠦᠳᠴᠦ ᠂ ᠰᠤᠷᠤᠯᠴᠠᠯᠭ᠎ᠠ ᠶ᠋ᠢᠨ ᠦᠷ᠎ᠡ ᠪᠦᠲᠦᠭᠡᠯ ᠢ᠋ᠶ᠋ᠡᠨ ᠨᠡᠢᠭᠡᠮ ᠦ᠋ᠨ ᠠᠬᠢᠭᠤᠯᠤᠯᠲᠠ ᠪᠣᠯᠭᠠᠨ ᠬᠤᠪᠢᠷᠠᠭᠤᠯᠬᠤ ᠪᠠᠷ ᠴᠢᠷᠮᠠᠢᠨ᠎ᠠ ᠃
 ᠬᠠᠮᠤᠭ ᠰᠡᠭᠦᠯ ᠳ᠋ᠦ᠍ ᠨᠢ ᠂ ᠰᠦ᠍ ᠯᠢ ᠵᠢᠶᠦ᠋ᠨ ᠶᠡᠷᠦᠩᠬᠡᠢ ᠱᠦᠵᠢ  ᠰᠢ ᠵᠢᠨ ᠫᠢᠩ ᠦ᠋ᠨ ᠥᠪᠥᠷ ᠮᠣᠩᠭᠣᠯ ᠤ᠋ᠨ ᠲᠥᠯᠥᠭᠡᠯᠡᠭᠴᠢᠳ ᠦ᠋ᠨ ᠪᠦᠯᠬᠦᠮ ᠦ᠋ᠨ ᠬᠢᠨᠠᠨ ᠵᠥᠪᠯᠡᠬᠦ ᠳ᠋ᠦ᠍ ᠣᠷᠣᠯᠴᠠᠬᠤ ᠦᠶ᠎ᠡ ᠶ᠋ᠢᠨ ᠶᠠᠷᠢᠶ᠎ᠠ ᠪᠣᠯ ᠣᠳᠣᠬᠠᠨ ᠤ᠋ ᠪᠠ  ᠬᠤᠢᠰᠢᠲᠠ ᠶ᠋ᠢᠨ ᠨᠢᠭᠡ ᠬᠤᠭᠤᠴᠠᠭᠠᠨ ᠳ᠋ᠠᠬᠢ ᠴᠢᠬᠤᠯᠠ ᠤᠯᠤᠰ ᠲᠥᠷᠥ ᠶ᠋ᠢᠨ ᠡᠭᠦᠷᠭᠡ ᠪᠣᠯᠤᠨ᠎ᠠ ᠃ ᠶᠠᠷᠢᠶᠠᠨ ᠤ᠋ ᠵᠣᠷᠢᠭ ᠰᠠᠨᠠᠭ᠎ᠠ ᠶ᠋ᠢ ᠱᠢᠭᠦᠨ ᠲᠠᠰᠤᠯᠬᠤ ᠭᠦᠢᠴᠡᠳᠭᠡᠬᠦ ᠡᠯ᠎ᠡ ᠵᠦᠢᠯ ᠦ᠋ᠨ ᠠᠵᠢᠯ ᠲᠠᠢ ᠤᠶᠠᠯᠳᠤᠭᠤᠯᠤᠨ ᠂ ᠠᠵᠤ ᠠᠬᠤᠢ ᠶ᠋ᠢᠨ ᠬᠥᠭᠵᠢᠯᠲᠡ ᠶ᠋ᠢᠨ ᠶᠡᠬᠡ ᠲᠠᠯ᠎ᠠ ᠳ᠋ᠤ᠌ ᠦᠢᠯᠡᠴᠢᠯᠡᠬᠦ ᠲᠡᠢ ᠤᠶᠠᠯᠳᠤᠭᠤᠯᠵᠤ ᠂ ᠠᠭᠤᠯᠤᠭᠳᠠᠬᠤᠨ ᠢ᠋ ᠪᠠᠶᠠᠯᠢᠭᠵᠢᠭᠤᠯᠵᠤ ᠂ ᠠᠷᠭ᠎ᠠ ᠵᠠᠮ ᠢ᠋  ᠡᠵᠡᠮᠰᠢᠵᠤ ᠂ ᠮᠡᠳᠡᠴᠡ ᠶ᠋ᠢ ᠨᠢᠭᠡ ᠪᠣᠯᠭᠠᠵᠤ ᠂ ᠠᠷᠠᠳ ᠣᠯᠠᠨ ᠤ᠋ ᠣᠯᠬᠤ ᠰᠡᠳᠭᠢᠯᠭᠡ ᠂ ᠵᠣᠯ ᠵᠢᠷᠭᠠᠯ ᠤ᠋ᠨ ᠲᠥᠷᠥᠭᠳᠡᠯ ᠂ ᠠᠮᠤᠷ  ᠲᠦᠪᠰᠢᠨ ᠦ᠌ ᠲᠥᠷᠥᠭᠳᠡᠯ ᠢ᠋ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠃ ᠬᠠᠤᠯᠢ ᠴᠠᠭᠠᠵᠠ ᠶ᠋ᠢᠨ ᠡᠷᠬᠡ ᠶ᠋ᠢᠨ ᠠᠷᠠᠳ ᠲᠦᠮᠡᠨ ᠦ᠌ ᠳᠤᠮᠳᠠ ᠠ᠋ᠴᠠ ᠢᠷᠡᠵᠦ ᠂ ᠠᠷᠠᠳ ᠲᠦᠮᠡᠨ ᠳ᠋ᠦ᠍ ᠦᠢᠯᠡᠴᠢᠯᠡᠬᠦ ᠦᠨᠳᠦᠰᠦᠨ ᠰᠢᠨᠵᠢ ᠴᠢᠨᠠᠷ ᠢ᠋ ᠪᠠᠲᠤ ᠡᠵᠡᠮᠳᠡᠵᠦ ᠂ ᠠᠷᠠᠳ ᠤ᠋ᠨ  ᠰᠢᠭᠦᠬᠦ ᠬᠣᠷᠢᠶᠠᠨ ᠤ᠋ ᠠᠷᠠᠳ ᠤ᠋ᠨ ᠲᠥᠯᠥᠭᠡ ᠬᠠᠤᠯᠢ ᠪᠠᠷᠢᠬᠤ ᠂ ᠲᠥᠪ ᠭᠣᠣᠯᠴᠢ ᠪᠠᠷ ᠬᠠᠤᠯᠢ ᠪᠠᠷᠢᠬᠤ ᠤᠭ ᠰᠡᠳᠭᠢᠯ ᠦ᠋ᠨ ᠡᠭᠦᠷᠭᠡ ᠶ᠋ᠢ ᠪᠠᠲᠤ ᠡᠵᠡᠮᠳᠡᠵᠦ ᠂ ᠠᠷᠠᠳ ᠲᠦᠮᠡᠨ ᠢ᠋ ᠡᠷᠬᠢᠮ ᠳᠡᠭᠡᠳᠦ ᠣᠢᠯᠠᠭᠠᠭᠳᠠᠬᠤᠨ ᠢ᠋ ᠪᠠᠲᠤ ᠪᠣᠢ ᠪᠣᠯᠭᠠᠵᠤ ᠂ ᠠᠷᠠᠳ ᠲᠦᠮᠡᠨ ᠦ᠌ ᠠᠱᠢᠭ ᠲᠤᠰᠠ ᠶ᠋ᠢ ᠡᠷᠬᠢᠮ ᠳᠡᠭᠡᠳᠦ ᠪᠠᠢᠷᠢᠨ ᠳ᠋ᠤ᠌ ᠢᠮᠠᠭᠲᠠ ᠲᠠᠯᠪᠢᠵᠤ ᠂ ᠠᠷᠠᠳ ᠲᠦᠮᠡᠨ ᠦ᠌ ᠲᠥᠯᠥᠭᠡ ᠬᠠᠤᠯᠢ ᠪᠠᠷᠢᠵᠤ ᠂ ᠠᠷᠠᠳ ᠲᠦᠮᠡᠨ ᠢ᠋ ᠰᠡᠳᠭᠢᠯ ᠬᠠᠨᠤᠮᠵᠢᠲᠠᠢ ᠪᠣᠯᠭᠠᠬᠤ ᠪᠠᠷ ᠴᠢᠷᠮᠠᠢᠨ᠎ᠠ ᠂ ᠠᠷᠠᠳ ᠤ᠋ᠨ ᠠᠮᠢᠳᠤᠷᠠᠯ ᠤ᠋ᠨ ᠦᠨᠳᠦᠰᠦᠨ  ᠠᠰᠢᠭ ᠲᠤᠰᠠ ᠶ᠋ᠢ ᠪᠦᠬᠦ ᠬᠦᠴᠦ ᠪᠡᠷ ᠢ᠋ᠶ᠋ᠡᠨ ᠪᠠᠲᠤᠯᠠᠵᠤ ᠂ ᠠᠷᠠᠳ ᠤ᠋ᠨ ᠠᠮᠢᠳᠤᠷᠠᠯ ᠤ᠋ᠨ ᠬᠡᠷᠡᠭ ᠦ᠋ᠨ 《ᠰᠠᠭᠠᠳ ᠦᠭᠡᠢ ᠨᠡᠪᠲᠡᠷᠡᠬᠦ ᠵᠠᠮ》 ᠢ᠋ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠵᠦ ᠂ ᠳᠣᠷᠣᠢ ᠪᠠᠭᠤᠷᠠᠢ ᠬᠠᠮᠲᠤᠯᠢᠭ ᠤ᠋ᠨ ᠬᠠᠤᠯᠢ ᠴᠠᠭᠠᠵᠠ ᠶ᠋ᠢᠨ ᠬᠠᠮᠠᠭᠠᠯᠠᠯᠲᠠ ᠶ᠋ᠢ ᠴᠢᠩᠭᠠᠳᠭᠠᠵᠤ ᠂ ᠠᠵᠢᠯ ᠣᠯᠭᠣᠯᠲᠠ ᠂ ᠰᠤᠷᠭᠠᠨ ᠬᠥᠮᠦᠵᠢᠯ ᠂ ᠡᠮ ᠡᠮᠨᠡᠯᠭᠡ ᠂ ᠢᠳᠡᠭᠡᠨ ᠦ᠌ ᠠᠮᠤᠷ ᠲᠦᠪᠱᠢᠨ ᠵᠢᠴᠢ ᠠᠷᠠᠳ ᠠ᠋ᠴᠠ ᠡᠵᠡᠩᠨᠡᠭᠰᠡᠨ ᠠᠵᠤ ᠠᠬᠤᠢᠯᠠᠯ ᠤ᠋ᠨ ᠦᠢᠯᠡᠳᠪᠦᠷᠢᠯᠡᠯ ᠡᠵᠡᠩᠨᠡᠯᠲᠡ ᠂ ᠠᠵᠤ ᠠᠬᠤᠢᠯᠠᠯ ᠤ᠋ᠨ ᠠᠵᠢᠯ ᠳᠠᠬᠢᠨ ᠦᠢᠯᠡᠳᠪᠦᠷᠢᠯᠡᠯ ᠢ᠋ᠶ᠋ᠡᠨ ᠰᠡᠷᠭᠦᠭᠡᠬᠦ ᠶᠠᠪᠤᠴᠠ ᠳᠤᠮᠳᠠ ᠡᠭᠦᠰᠦᠭᠰᠡᠨ ᠠᠷᠠᠳ ᠤ᠋ᠨ ᠠᠮᠢᠳᠤᠷᠠᠯ ᠳ᠋ᠤ᠌ ᠬᠣᠯᠪᠣᠭᠳᠠᠭᠰᠠᠨ ᠬᠡᠷᠡᠭ ᠢ᠋ ᠲᠣᠬᠢᠲᠠᠢ  ᠰᠢᠭᠦᠨ ᠰᠢᠢᠳᠪᠦᠷᠢᠯᠡᠵᠦ ᠂ ᠬᠠᠮᠤᠭ ᠶᠡᠬᠡ ᠬᠡᠮᠵᠢᠶᠡᠨ ᠦ᠌ ᠠᠪᠤᠷᠠᠨ ᠲᠤᠰᠠᠯᠠᠯᠲᠠ ᠶ᠋ᠢᠨ ᠬᠦᠴᠦᠯᠡᠴᠡ ᠪᠡᠨ ᠨᠡᠮᠡᠭᠳᠡᠭᠦᠯᠵᠦ ᠂ ᠬᠠᠮᠤᠭ  ᠤ᠋ᠨ ᠰᠠᠢᠨ ᠬᠥᠮᠦᠨ ᠢ᠋ ᠴᠢᠷᠮᠠᠢᠨ  ᠰᠢᠢᠳᠪᠦᠷᠢᠯᠡᠬᠦ ᠬᠡᠷᠡᠭᠲᠡᠢ ᠃ ᠠᠷᠠᠳ ᠲᠤ᠌ ᠳᠥᠭᠥᠮ ᠦᠵᠡᠭᠦᠯᠵᠦ ᠠᠷᠠᠳ ᠲᠤ᠌  ᠠᠰᠢᠭ ᠬᠦᠷᠲᠡᠭᠡᠬᠦ ᠲᠣᠭᠲᠠᠴᠠ ᠶ᠋ᠢ ᠪᠦᠷᠢᠨᠰᠢᠭᠦᠯᠦᠨ ᠲᠡᠭᠦᠯᠳᠡᠷᠵᠢᠭᠦᠯᠵᠦ ᠂ 《 ᠬᠣᠶᠠᠷ ᠨᠢᠭᠡ ᠥᠷᠲᠡᠭᠡᠨ ᠦ᠌ ᠬᠡᠯᠪᠡᠷᠢ》 ᠶ᠋ᠢᠨ ᠪᠠᠢᠭᠤᠯᠤᠯᠲᠠ ᠶ᠋ᠢ ᠶᠡᠬᠡᠪᠡᠷ ᠠᠬᠢᠭᠤᠯᠵᠤ ᠂ 《 ᠢᠨᠲ᠋ᠧᠷ ᠰᠦᠯᠵᠢᠶ᠎ᠡ + ᠵᠠᠷᠭᠤ ᠶ᠋ᠢᠨ ᠦᠢᠯᠡᠴᠢᠯᠡᠭᠡ》 ᠶ᠋ᠢᠨ  ᠰᠢᠰᠲ᠋ᠧᠮ ᠢ᠋ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ ᠂ ᠵᠠᠷᠭᠤ ᠶ᠋ᠢᠨ ᠦᠢᠯᠡᠴᠢᠯᠡᠭᠡᠨ ᠦ᠌ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠂ ᠵᠠᠷᠭᠤ ᠶ᠋ᠢᠨ ᠳᠣᠲᠣᠭᠠᠳᠤ ᠵᠠᠷᠭᠤ ᠶ᠋ᠢᠨ ᠭᠠᠳᠠᠭᠠᠳᠤ ᠴᠢᠳᠠᠪᠬᠢ ᠬᠠᠷᠢᠯᠴᠠᠨ ᠨᠥᠬᠥᠪᠥᠷᠢᠯᠡᠬᠦ ᠂ ᠣᠷᠭᠠᠨᠢᠭ ᠠᠭᠤᠰᠤᠯᠴᠠᠬᠤ ᠶ᠋ᠢ ᠠᠬᠢᠭᠤᠯᠵᠤ ᠂ ᠣᠯᠠᠨ ᠳᠡᠰ ᠳᠠᠪᠬᠤᠷᠭ᠎ᠠ ᠂ ᠳᠥᠭᠥᠮ ᠲᠦᠳᠡᠬᠡᠷᠵᠢᠭᠰᠡᠨ ᠵᠢᠭᠤᠷᠠᠯᠳᠤᠭᠠᠨ ᠢ᠋  ᠰᠢᠢᠳᠪᠦᠷᠢᠯᠡᠬᠦ ᠲᠣᠭᠲᠠᠴᠠ ᠪᠠ ᠵᠠᠷᠭᠤ ᠶ᠋ᠢᠨ ᠦᠢᠯᠡᠴᠢᠯᠡᠭᠡᠨ ᠦ᠌  ᠰᠢᠰᠲ᠋ᠧᠮᠴᠢ ᠶ᠋ᠢ ᠪᠦᠷᠢᠯᠳᠦᠭᠦᠯᠬᠦ ᠶ᠋ᠢ ᠠᠬᠢᠭᠤᠯᠬᠤ ᠬᠡᠷᠡᠭᠲᠡᠢ ᠂ 《 ᠭᠤᠷᠪᠠᠨ ᠵᠦᠢᠯ ᠦ᠋ᠨ ᠰᠤᠷᠭᠠᠨ ᠬᠥᠮᠦᠵᠢᠯ 》 ᠪᠣᠯᠤᠨ 《 ᠬᠠᠮᠢᠶᠠᠷᠤᠯᠲᠠ ᠶ᠋ᠢᠨ  ᠰᠢᠨ᠎ᠡ  ᠶ᠋ᠢ ᠡᠭᠦᠳᠬᠦ ᠣᠨ》 ᠤ᠋ ᠠᠵᠢᠯᠯᠠᠭ᠎ᠠ ᠲᠠᠢ ᠤᠶᠠᠯᠳᠤᠭᠤᠯᠤᠨ ᠂ ᠬᠠᠤᠯᠢ ᠴᠠᠭᠠᠵᠠ ᠶ᠋ᠢᠨ ᠰᠤᠷᠲᠠᠯ ᠤ᠋ᠨ ᠳᠣᠪᠣᠢᠮ᠎ᠠ ᠠᠰᠠᠭᠤᠳᠠᠯ ᠢ᠋ ᠦᠷᠭᠦᠯᠵᠢᠯᠡᠨ ᠴᠡᠭᠴᠡᠯᠡᠨ ᠵᠠᠰᠠᠵᠤ ᠂ ᠣᠯᠠᠨ ᠲᠦᠮᠡᠨ ᠦ᠌  ᠠᠰᠢᠭ ᠲᠤᠰᠠ ᠶ᠋ᠢ ᠬᠣᠬᠢᠷᠠᠭᠤᠯᠬᠤ ᠂ ᠣᠯᠠᠨ ᠲᠦᠮᠡᠨ ᠦ᠌ ᠬᠠᠢᠷ᠎ᠠ ᠰᠡᠳᠭᠢᠯᠭᠡ ᠶ᠋ᠢ ᠭᠡᠮᠲᠦᠭᠡᠬᠦ ᠲᠥᠪ ᠪᠤᠰᠤ ᠰᠤᠷᠲᠠᠯ ᠢ᠋ ᠡᠷᠡᠰ ᠵᠣᠭᠰᠣᠭᠠᠬᠤ ᠬᠡᠷᠡᠭᠲᠡᠢ ᠃ ᠬᠠᠤᠯᠢ ᠴᠠᠭᠠᠵᠠ ᠶ᠋ᠢᠨ ᠬᠠᠤᠯᠢ ᠪᠠᠷ ᠵᠠᠰᠠᠬᠤ ᠴᠢᠨᠠᠷ ᠪᠠ ᠠᠷᠠᠳ ᠲᠦᠮᠡᠨᠴᠢ ᠴᠢᠨᠠᠷ ᠢ᠋ ᠨᠢᠭᠡᠳᠭᠡᠬᠦ ᠶ᠋ᠢ ᠪᠠᠷᠢᠮᠲᠠᠯᠠᠵᠤ ᠂ ᠬᠠᠤᠯᠢ ᠴᠠᠭᠠᠵᠠ ᠶ᠋ᠢᠨ ᠲᠠᠰᠤᠯᠤᠨ ᠲᠣᠭᠲᠠᠭᠠᠯᠲᠠ ᠶ᠋ᠢᠨ 《ᠭᠤᠷᠪᠠᠨ ᠦᠷ᠎ᠡ ᠪᠦᠲᠦᠮᠵᠢ》 ᠶ᠋ᠢ ᠣᠷᠭᠠᠨᠢᠭ ᠢ᠋ᠶ᠋ᠠᠷ ᠨᠢᠭᠡᠳᠦᠭᠦᠯᠬᠦ ᠶ᠋ᠢ ᠴᠢᠷᠮᠠᠢᠨ ᠪᠡᠶᠡᠯᠡᠭᠦᠯᠬᠦ ᠬᠡᠷᠡᠭᠲᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )