ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠰᠢᠭᠦᠨ ᠲᠠᠰᠤᠯᠬᠤ ᠭᠦᠢᠴᠡᠳᠭᠡᠬᠦ ᠠᠵᠢᠯ ᠤ᠋ᠨ ᠪᠦᠲᠦᠮᠵᠢᠲᠡᠢ ᠠᠵᠢᠯᠯᠠᠭᠠᠨ ᠢ᠋ ᠤᠯᠠᠮ ᠨᠢᠭᠡ ᠠᠯᠬᠤᠮ ᠠᠬᠢᠭᠤᠯᠵᠤ ᠂ ᠡᠯ᠎ᠡ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠬᠣᠭᠣᠷᠣᠨᠳᠣᠬᠢ ᠰᠤᠷᠤᠯᠴᠠᠯᠭ᠎ᠠ ᠰᠣᠯᠢᠯᠴᠠᠭ᠎ᠠ ᠶ᠋ᠢ ᠴᠢᠩᠭᠠᠳᠭᠠᠵᠤ ᠂ ᠲᠡᠷᠢᠭᠦᠨ ᠦ᠌ ᠬᠢ ᠡᠴᠡ ᠲᠣᠯᠢ ᠪᠣᠯᠭᠠᠨ ᠂ ᠭᠦᠢᠴᠡᠳ ᠪᠣᠳᠣᠯᠬᠢᠯᠠᠭᠰᠠᠨ ᠥᠬᠡᠢ ᠂ 9 ᠰᠠᠷ᠎ᠠ ᠶ᠋ᠢᠨ 11 ᠦ᠌ ᠡᠳᠦᠷ ᠂ 2020 ᠣᠨ ᠤ᠋ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠢᠨᠠᠨ ᠬᠡᠷᠡᠭᠵᠢᠭᠦᠯᠬᠦ ᠠᠵᠢᠯ ᠤ᠋ᠨ ᠦᠷ᠎ᠡ ᠪᠦᠲᠦᠮᠵᠢ ᠶ᠋ᠢ ᠠᠬᠢᠭᠤᠯᠬᠤ ᠬᠤᠷᠠᠯ ᠳ᠋ᠦᠩᠱᠧᠩ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶᠠᠨ ᠳ᠋ᠤ᠌ ᠬᠤᠷᠠᠯᠳᠤᠵᠤ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠳᠤᠭᠤᠢᠯᠠᠩ ᠤ᠋ᠨ ᠱᠦᠵᠢ ᠂ ᠬᠣᠷᠢᠶᠠᠨ ᠤ᠋ ᠳᠠᠷᠤᠭ᠎ᠠ ᠰᠦ᠍ ᠯᠢ ᠵᠢᠶᠦ᠋ᠨ ᠬᠤᠷᠠᠯ ᠳ᠋ᠤ᠌ ᠣᠷᠣᠯᠴᠠᠪᠠ ᠃
ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠵᠢᠴᠢ ᠡᠯ᠎ᠡ ᠬᠣᠰᠢᠭᠤ ᠲᠣᠭᠣᠷᠢᠭ ᠤ᠋ᠨ ᠰᠢᠭᠦᠬᠦ ᠬᠣᠷᠢᠶ᠎ᠠ ᠪᠣᠯᠤᠨ ᠬᠤᠷᠠᠯ ᠤ᠋ᠨ ᠤᠳᠤᠷᠢᠳᠤᠯᠭ᠎ᠠ ᠳ᠋ᠦᠩᠱᠧᠩ ᠲᠣᠭᠣᠷᠢᠭ ᠤ᠋ᠨ ᠵᠥᠷᠢᠴᠡᠯ ᠵᠢᠭᠤᠷᠠᠯᠳᠤᠭᠠᠨ ᠢ᠋ ᠣᠯᠠᠨ ᠡᠰᠢᠵᠢᠭᠦᠯᠦᠨ ᠰᠢᠢᠳᠪᠦᠷᠢᠯᠡᠬᠦ ᠶ᠋ᠢ ᠵᠢᠯᠣᠭᠣᠳᠬᠤ ᠲᠥᠪ ᠂ ᠳ᠋ᠦᠩᠱᠧᠩ ᠲᠣᠭᠣᠷᠢᠭ ᠤ᠋ᠨ ᠰᠢᠭᠦᠬᠦ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠲᠥᠪᠯᠡᠷᠡᠭᠦᠯᠦᠨ ᠡᠵᠡᠮᠳᠡᠬᠦ ᠲᠥᠪ ᠂ ᠳᠠᠩᠰᠠ ᠡᠪᠬᠡᠮᠡᠯ ᠦ᠋ᠨ ᠲᠠᠰᠤᠭ ᠂ ᠺᠠᠲ᠋ᠷ ᠴᠠᠭᠳᠠᠭ᠎ᠠ ᠶ᠋ᠢᠨ ᠪᠡᠶ᠎ᠡ ᠲᠠᠮᠢᠷ ᠤ᠋ᠨ ᠪᠣᠯᠪᠠᠰᠤᠷᠠᠯ ᠤ᠋ᠨ ᠲᠥᠪ ᠵᠡᠷᠭᠡ ᠶ᠋ᠢ ᠲᠣᠭᠣᠷᠢᠨ ᠦᠵᠡᠵᠦ ᠂ ᠳ᠋ᠦᠩᠱᠧᠩ ᠲᠣᠭᠣᠷᠢᠭ ᠤ᠋ᠨ ᠰᠢᠭᠦᠬᠦ ᠬᠣᠷᠢᠶᠠᠨ ᠤ᠋ ᠲᠤᠬᠠᠢᠯᠠᠭᠰᠠᠨ ᠠᠵᠢᠯ᠂ ᠺᠠᠲ᠋ᠷ ᠴᠠᠭᠳᠠᠭ᠎ᠠ ᠨᠠᠷ ᠢ᠋ ᠬᠠᠯᠠᠮᠵᠢᠯᠠᠬᠤ ᠵᠡᠷᠭᠡ ᠡᠯ᠎ᠡ ᠲᠠᠯ᠎ᠠ ᠶ᠋ᠢᠨ ᠠᠵᠢᠯ ᠥᠷᠨᠢᠭᠦᠯᠦᠭᠰᠡᠨ ᠪᠠᠢᠳᠠᠯ ᠢ᠋ ᠭᠦᠢᠴᠡᠳ ᠣᠢᠯᠠᠭᠠᠵᠤ ᠂ ᠳ᠋ᠦᠩᠱᠧᠩ ᠲᠣᠭᠣᠷᠢᠭ ᠤ᠋ᠨ ᠰᠢᠭᠦᠬᠦ ᠬᠣᠷᠢᠶ᠎ᠠ ᠳ᠋ᠤ᠌ ᠠᠵᠢᠯ ᠢ᠋ᠶ᠋ᠠᠨ ᠦᠵᠡᠭᠦᠯᠵᠡᠢ ᠃
ᠬᠢᠨᠠᠨ ᠬᠠᠮᠢᠶᠠᠷᠬᠤ ᠠᠵᠢᠯ ᠤ᠋ᠨ ᠬᠤᠷᠠᠯ ᠳᠡᠭᠡᠷ᠎ᠡ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠢᠨᠠᠨ ᠬᠠᠮᠢᠶᠠᠷᠬᠤ ᠠᠯᠪᠠᠨ ᠭᠡᠷ ᠦ᠋ᠨ ᠳᠡᠳ᠋ ᠡᠷᠬᠢᠯᠡᠭᠴᠢ ᠸᠠᠩ ᠯᠢᠦᠢ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ 2020 ᠣᠨ ᠤ᠋ 1 — 8 ᠰᠠᠷ᠎ᠠ ᠳ᠋ᠤ᠌ ᠭᠦᠢᠴᠡᠳᠭᠡᠬᠦ ᠶᠠᠰᠤ ᠴᠢᠨᠠᠷ ᠤ᠋ᠨ ᠡᠯ᠎ᠡ ᠵᠦᠢᠯ ᠦ᠋ᠨ ᠭᠦᠢᠴᠡᠳᠭᠡᠬᠦ ᠲᠣᠭ᠎ᠠ ᠶ᠋ᠢ ᠪᠡᠶᠡᠯᠡᠭᠦᠯᠦᠭᠰᠡᠨ ᠪᠠᠢᠳᠠᠯ ᠢ᠋ ᠮᠡᠳᠡᠭᠦᠯᠵᠡᠢ ᠃ ᠡᠯ᠎ᠡ ᠬᠣᠰᠢᠭᠤ ᠲᠣᠭᠣᠷᠢᠭ ᠤ᠋ᠨ ᠰᠢᠭᠦᠬᠦ ᠬᠣᠷᠢᠶᠠᠨ ᠤ᠋ ᠬᠣᠷᠢᠶᠠᠨ ᠳᠠᠷᠤᠭ᠎ᠠ ᠡᠯ᠎ᠡ ᠰᠢᠭᠦᠬᠦ ᠬᠣᠷᠢᠶᠠᠨ ᠤ᠋ ᠰᠢᠭᠦᠨ ᠲᠠᠰᠤᠯᠠᠭᠰᠠᠨ ᠴᠢᠨᠠᠷ ᠴᠢᠨᠰᠠᠭ᠎ᠠ ᠂ ᠦᠷ᠎ᠡ ᠠᠰᠢᠭ ᠤ᠋ᠨ ᠠᠵᠢᠯ ᠢ᠋ ᠪᠡᠶᠡᠯᠡᠭᠦᠯᠦᠭᠰᠡᠨ ᠪᠠᠢᠳᠠᠯ ᠂ ᠣᠷᠤᠰᠢᠵᠤ ᠪᠠᠢᠭ᠎ᠠ ᠠᠰᠠᠭᠤᠳᠠᠯ ᠢ᠋ ᠲᠣᠰᠪᠣᠷᠢ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠶᠠᠷᠢᠶ᠎ᠠ ᠲᠠᠯᠪᠢᠵᠠᠢ ᠃
ᠰᠦ᠍ ᠯᠢ ᠵᠢᠶᠦ᠋ᠨ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠪᠦᠬᠦᠯᠢ ᠴᠣᠭᠴᠠ ᠶ᠋ᠢᠨ ᠠᠵᠢᠯ ᠢ᠋ ᠨᠡᠩ ᠰᠠᠢᠲᠤᠷ ᠠᠬᠢᠭᠤᠯᠵᠤ ᠂ ᠭᠤᠷᠪᠠᠨ ᠰᠠᠨᠠᠯ ᠳᠤᠷᠠᠳᠪᠠ ᠄ ᠨᠢᠭᠡ ᠳ᠋ᠦ᠍ ᠶᠡᠬᠡ ᠲᠠᠯ᠎ᠠ ᠶ᠋ᠢᠨ ᠦᠵᠡᠯ ᠤᠬᠠᠮᠰᠠᠷ ᠢ᠋ᠶ᠋ᠠᠨ ᠴᠢᠩᠭᠠᠳᠭᠠᠵᠤ ᠂ 《 ᠨᠢᠭᠡ ᠬᠥᠯᠭᠡ ᠰᠢᠲᠠᠷ᠎ᠠ ᠮᠡᠲᠦ ᠪᠠᠢᠬᠤ 》 ᠦᠵᠡᠯ ᠰᠠᠨᠠᠭ᠎ᠠ ᠶ᠋ᠢ ᠪᠠᠲᠤ ᠪᠡᠬᠢ ᠪᠣᠢ ᠪᠣᠯᠭᠠᠨ᠎ᠠ ᠃ 《 ᠪᠦᠬᠦ ᠲᠠᠯ᠎ᠠ ᠶ᠋ᠢ ᠪᠣᠳᠣᠯᠬᠢᠯᠠᠬᠤ ᠦᠭᠡᠢ ᠪᠣᠯ ᠂ ᠨᠢᠭᠡ ᠲᠠᠯ᠎ᠠ ᠶ᠋ᠢ ᠪᠣᠳᠣᠯᠬᠢᠯᠠᠵᠤ ᠳᠡᠢᠯᠬᠦ ᠦᠭᠡᠢ》 ᠃ ᠪᠥᠬᠥ ᠬᠣᠲᠠ ᠶ᠋ᠢᠨ ᠰᠢᠭᠦᠬᠦ ᠬᠣᠷᠢᠶ᠎ᠠ ᠤᠯᠤᠰ ᠲᠥᠷᠥ ᠶ᠋ᠢᠨ ᠵᠣᠭᠰᠣᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠶᠡᠬᠡ ᠲᠠᠯ᠎ᠠ ᠶ᠋ᠢᠨ ᠦᠵᠡᠯ ᠤᠬᠠᠮᠰᠠᠷ ᠢ᠋ᠶ᠋ᠠᠨ ᠴᠢᠩᠭᠠᠳᠭᠠᠵᠤ ᠂ ᠨᠢᠭᠡ ᠬᠥᠯᠭᠡ ᠰᠢᠲᠠᠷ᠎ᠠ ᠲᠠᠯᠪᠢᠬᠤ ᠦᠵᠡᠯ ᠰᠠᠨᠠᠭ᠎ᠠ ᠶ᠋ᠢ ᠪᠠᠲᠤ ᠪᠡᠬᠢ ᠪᠣᠢ ᠪᠣᠯᠭᠠᠵᠤ ᠂ ᠠᠵᠢᠯ ᠢ᠋ᠶ᠋ᠠᠨ ᠶᠡᠬᠡ ᠲᠠᠯ᠎ᠠ ᠳ᠋ᠤ᠌ ᠲᠠᠯᠪᠢᠨ ᠪᠣᠳᠣᠯᠬᠢᠯᠠᠵᠤ ᠂ ᠣᠷᠣᠨ ᠪᠠᠢᠷᠢ ᠲᠣᠭᠲᠠᠭᠠᠵᠤ ᠂ ᠪᠠᠢᠷᠢᠯᠠᠭᠤᠯᠵᠤ ᠂ ᠰᠢᠭᠦᠨ ᠲᠠᠰᠤᠯᠬᠤ ᠭᠦᠢᠴᠡᠳᠭᠡᠬᠦ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠪᠡ ᠃ ᠬᠣᠶᠠᠷ ᠲᠤ᠌ ᠪᠠᠴᠢᠮ ᠲᠤᠯᠭᠠᠮ᠎ᠠ ᠤᠬᠠᠮᠰᠠᠷ ᠢ᠋ᠶ᠋ᠠᠨ ᠴᠢᠩᠭᠠᠳᠭᠠᠵᠤ ᠂ ᠰᠢᠭᠦᠨ ᠭᠦᠢᠴᠡᠳᠭᠡᠬᠦ ᠴᠢᠨᠠᠷ ᠴᠢᠨᠰᠠᠭ᠎ᠠ ᠪᠠ ᠦᠷ᠎ᠡ ᠠᠰᠢᠭ ᠢ᠋ᠶ᠋ᠠᠨ ᠳᠡᠭᠡᠭᠰᠢᠯᠡᠭᠦᠯᠬᠦ ᠬᠡᠷᠡᠭᠲᠡᠢ ᠃ ᠡᠯ᠎ᠡ ᠬᠣᠷᠢᠶ᠎ᠠ ᠡᠷᠬᠡᠪᠰᠢ ᠰᠢᠭᠦᠨ ᠲᠠᠰᠤᠯᠬᠤ ᠭᠦᠢᠴᠡᠳᠭᠡᠬᠦ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠶ᠋ᠢ ᠲᠡᠷᠢᠭᠦᠨ ᠴᠢᠬᠤᠯᠠ ᠡᠭᠦᠷᠭᠡ ᠪᠣᠯᠭᠠᠬᠤ ᠬᠡᠷᠡᠭᠲᠡᠢ ᠃ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠵᠢᠯ ᠦ᠋ᠨ ᠡᠬᠢᠨ ᠦ᠌ ᠠᠵᠢᠯ ᠤ᠋ᠨ ᠪᠠᠢᠷᠢᠯᠠᠭᠤᠯᠤᠯᠲᠠ ᠳ᠋ᠤ᠌ ᠪᠦᠬᠦ ᠲᠠᠯ᠎ᠠ ᠪᠠᠷ ᠬᠠᠨᠳᠤᠵᠤ ᠂ ᠳᠡᠭᠡᠳᠦ ᠱᠠᠲᠤᠨ ᠤ᠋ ᠰᠢᠭᠦᠬᠦ ᠬᠣᠷᠢᠶᠠᠨ ᠤ᠋ ᠬᠠᠮᠤᠭ ᠰᠢᠨ᠎ᠡ ᠱᠠᠭᠠᠷᠳᠠᠯᠭ᠎ᠠ ᠳ᠋ᠤ᠌ ᠬᠠᠨᠳᠤᠭᠤᠯᠤᠨ ᠂ ᠳᠤᠲᠠᠭᠳᠠᠯ ᠢ᠋ᠶ᠋ᠠᠨ ᠣᠨᠣᠪᠴᠢᠲᠠᠢ ᠬᠦᠴᠦᠯᠡᠵᠦ ᠂ ᠴᠢᠨᠠᠷ ᠢ᠋ ᠳᠡᠭᠡᠭᠰᠢᠯᠡᠭᠦᠯᠦᠨ ᠦᠷ᠎ᠡ ᠪᠦᠲᠦᠮᠵᠢ ᠶ᠋ᠢ ᠨᠡᠮᠡᠭᠳᠡᠭᠦᠯᠵᠦ ᠂ ᠪᠥᠬᠥ ᠵᠢᠯ ᠦ᠋ᠨ ᠰᠢᠭᠦᠨ ᠲᠠᠰᠤᠯᠬᠤ ᠭᠦᠢᠴᠡᠳᠭᠡᠬᠦ ᠡᠭᠦᠷᠭᠡ ᠶ᠋ᠢᠨ ᠬᠠᠷᠠᠯᠲᠠ ᠶ᠋ᠢ ᠤᠷᠤᠭᠰᠢᠲᠠᠢ ᠪᠡᠶᠡᠯᠡᠭᠦᠯᠬᠦ ᠶ᠋ᠢ ᠪᠠᠲᠤᠯᠠᠪᠠ ᠃ ᠬᠡᠷᠡᠭ ᠰᠢᠢᠳᠪᠦᠷᠢᠯᠡᠬᠦ ᠰᠠᠭᠤᠷᠢ ᠲᠣᠭ᠎ᠠ ᠶ᠋ᠢ ᠲᠣᠳᠣᠷᠬᠠᠢ ᠣᠢᠯᠠᠭᠠᠵᠤ ᠂ ᠬᠡᠷᠡᠭ ᠰᠢᠢᠳᠪᠦᠷᠢᠯᠡᠬᠦ ᠠᠢᠵᠠᠮ ᠢ᠋ᠶ᠋ᠠᠨ ᠲᠦᠷᠭᠡᠳᠭᠡᠵᠦ ᠂ ᠨᠢᠭᠡᠳᠦᠯᠲᠡᠢ ᠲᠥᠯᠥᠪᠯᠡᠨ ᠠᠬᠢᠭᠤᠯᠵᠤ ᠂ ᠨᠠᠢᠳᠠᠪᠤᠷᠢᠵᠢᠭᠤᠯᠬᠤ ᠶ᠋ᠢ ᠬᠦᠴᠦᠲᠡᠢ ᠠᠳᠭᠤᠵᠤ ᠂ ᠡᠯ᠎ᠡ ᠵᠦᠢᠯ ᠦ᠋ᠨ ᠲᠤᠬᠠᠢᠯᠠᠭᠰᠠᠨ ᠠᠵᠢᠯ ᠤ᠋ᠨ ᠭᠦᠢᠴᠡᠳᠭᠡᠬᠦ ᠲᠣᠭ᠎ᠠ ᠶ᠋ᠢ ᠵᠡᠷᠭᠡᠪᠡᠷ ᠶᠠᠪᠤᠭᠳᠠᠭᠤᠯᠬᠤ ᠶ᠋ᠢ ᠦᠨᠡᠨ ᠬᠦ᠌ ᠪᠠᠲᠤᠯᠠᠵᠤ ᠂ ᠰᠢᠭᠦᠨ ᠲᠠᠰᠤᠯᠬᠤ ᠠᠵᠢᠯ ᠤ᠋ᠨ ᠰᠠᠢᠨ ᠰᠠᠢᠬᠠᠨ ᠠᠵᠢᠯᠯᠠᠭᠠᠨ ᠢ᠋ ᠲᠦᠯᠬᠢᠨ ᠠᠬᠢᠭᠤᠯᠬᠤ ᠬᠡᠷᠡᠭᠲᠡᠢ ᠃ ᠺᠠᠲ᠋ᠷ ᠴᠠᠭᠳᠠᠭ᠎ᠠ ᠶ᠋ᠢᠨ ᠲᠤᠰ ᠪᠡᠶ᠎ᠡ ᠶ᠋ᠢᠨ ᠣᠨᠣᠯ ᠤ᠋ᠨ ᠬᠡᠪ ᠪᠣᠯᠪᠠᠰᠤᠷᠠᠯ ᠪᠠ ᠲᠤᠰᠭᠠᠢ ᠮᠡᠷᠭᠡᠵᠢᠯ ᠦ᠋ᠨ ᠬᠡᠪ ᠪᠣᠯᠪᠠᠰᠤᠷᠠᠯ ᠢ᠋ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠰᠤᠷᠤᠯᠴᠠᠯᠭ᠎ᠠ ᠶ᠋ᠢᠨ ᠦᠷ᠎ᠡ ᠪᠦᠲᠦᠭᠡᠯ ᠢ᠋ᠶ᠋ᠡᠷ ᠰᠢᠭᠦᠨ ᠲᠠᠰᠤᠯᠬᠤ ᠦᠢᠯᠡᠳᠦᠯᠭᠡ ᠶ᠋ᠢ ᠠᠬᠢᠭᠤᠯᠵᠤ ᠂ ᠰᠢᠭᠦᠨ ᠲᠠᠰᠤᠯᠬᠤ ᠭᠦᠢᠴᠡᠳᠭᠡᠬᠦ ᠠᠵᠢᠯ ᠤ᠋ᠨ ᠰᠠᠭᠤᠷᠢ ᠶ᠋ᠢ ᠪᠡᠬᠢᠵᠢᠭᠦᠯᠦᠨ᠎ᠡ ᠃ ᠭᠤᠷᠪᠠ ᠳ᠋ᠤ᠌ ᠪᠣᠳᠠᠲᠠᠢ ᠬᠢᠬᠦ ᠦᠵᠡᠯ ᠤᠬᠠᠮᠰᠠᠷ ᠢ᠋ᠶ᠋ᠠᠨ ᠴᠢᠩᠭᠠᠷᠠᠭᠤᠯᠵᠤ ᠂ ᠡᠯ᠎ᠡ ᠵᠦᠢᠯ ᠦ᠋ᠨ ᠭᠣᠣᠯᠳᠠᠯᠭ᠎ᠠ ᠲᠠᠢ ᠠᠵᠢᠯ ᠤ᠋ᠨ ᠡᠭᠦᠷᠭᠡ ᠶ᠋ᠢᠨ ᠨᠠᠢᠳᠠᠪᠤᠷᠢᠵᠢᠭᠤᠯᠤᠯᠲᠠ ᠶ᠋ᠢ ᠲᠦᠷᠭᠡᠳᠭᠡᠨ ᠠᠬᠢᠭᠤᠯᠬᠤ ᠬᠡᠷᠡᠭᠲᠡᠢ ᠃ ᠡᠯ᠎ᠡ ᠬᠦᠷᠢᠶᠡᠯᠡᠩ ᠡᠷᠡᠰ ᠭᠤᠢᠪᠢᠰᠢ ᠦᠭᠡᠢ ᠪᠡᠷ ᠡᠯ᠎ᠡ ᠵᠦᠢᠯ ᠦ᠋ᠨ ᠠᠵᠢᠯ ᠤ᠋ᠨ ᠡᠭᠦᠷᠭᠡ ᠪᠡᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶ᠋ᠢ ᠰᠠᠢᠲᠤᠷ ᠠᠳᠭᠤᠵᠤ ᠂ ᠪᠥᠬᠥ ᠵᠢᠯ ᠦ᠋ᠨ ᠬᠠᠷᠠᠯᠲᠠ ᠪᠠᠨ ᠯᠠᠪᠳᠠᠭᠤᠨ ᠪᠠᠲᠤᠲᠠᠢ ᠪᠡᠶᠡᠯᠡᠭᠦᠯᠬᠦ ᠬᠡᠷᠡᠭᠲᠡᠢ ᠃ ᠬᠠᠷ᠎ᠠ ᠪᠦᠯᠦᠭᠲᠡᠨ ᠳ᠋ᠦ᠍ ᠬᠣᠯᠪᠣᠭᠳᠠᠭᠰᠠᠨ ᠬᠠᠷᠭᠢᠰ ᠬᠡᠷᠴᠡᠭᠡᠢ 《 ᠬᠡᠷᠡᠭ ᠦ᠋ᠨ ᠴᠡᠪᠡᠷ ᠲᠤᠩᠭᠠᠯᠠᠭ 》 ᠳᠠᠭᠠᠷᠢᠯᠲᠠ ᠶ᠋ᠢᠨ ᠪᠦᠷᠢᠶ᠎ᠡ ᠶ᠋ᠢ ᠬᠠᠩᠭᠢᠨᠠᠭᠤᠯᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠦ᠌ ᠶᠠᠯᠠᠲᠤ ᠠᠵᠢᠯᠯᠠᠭ᠎ᠠ ᠳ᠋ᠤ᠌ ᠴᠢᠩᠭ᠎ᠠ ᠬᠦᠴᠦᠲᠡᠢ ᠨᠠᠷᠢᠨ ᠣᠨᠣᠪᠴᠢᠲᠠᠢ ᠴᠣᠬᠢᠯᠲᠠ ᠥᠭᠴᠦ ᠂ ᠲᠤᠰᠭᠠᠢ ᠲᠡᠮᠡᠴᠡᠯ ᠦ᠋ᠨ ᠳᠡᠢᠯᠦᠩᠭᠦᠢ ᠴᠢᠨᠠᠷᠲᠠᠢ ᠢᠯᠠᠯᠲᠠ ᠶ᠋ᠢ ᠣᠯᠬᠤ ᠶ᠋ᠢ ᠪᠠᠲᠤᠯᠠᠬᠤ ᠬᠡᠷᠡᠭᠲᠡᠢ ᠂ ᠨᠢᠭᠡ ᠥᠷᠲᠡᠭᠡᠴᠢᠯᠡᠭᠰᠡᠨ ᠮᠠᠶᠢᠭ ᠤ᠋ᠨ ᠣᠯᠠᠨ ᠡᠰᠢᠵᠢᠭᠦᠯᠦᠭᠰᠡᠨ ᠵᠢᠭᠤᠷᠠᠯᠳᠤᠭᠠᠨ ᠢ᠋ ᠰᠢᠢᠳᠪᠦᠷᠢᠯᠡᠬᠦ ᠪᠠ ᠵᠠᠷᠭᠤ ᠶ᠋ᠢᠨ ᠦᠢᠯᠡᠴᠢᠯᠡᠭᠡᠨ ᠦ᠌ ᠰᠢᠰᠲ᠋ᠧᠮ ᠦ᠋ᠨ ᠪᠠᠢᠭᠤᠯᠤᠯᠲᠠ ᠶ᠋ᠢᠨ ᠠᠵᠢᠯ ᠢ᠋ ᠪᠥᠬᠥ ᠬᠦᠴᠦᠨ ᠢ᠋ᠶ᠋ᠡᠷ ᠢ᠋ᠶ᠋ᠡᠨ ᠠᠬᠢᠭᠤᠯᠵᠤ ᠂ ᠣᠳᠣ ᠦᠶ᠎ᠡ ᠶ᠋ᠢᠨ ᠵᠠᠷᠭᠤ ᠶ᠋ᠢᠨ ᠦᠢᠯᠡᠴᠢᠯᠡᠭᠡᠨ ᠦ᠌ ᠰᠢᠰᠲ᠋ᠧᠮ ᠦ᠋ᠨ ᠣᠷᠳᠣᠰ ᠤ᠋ᠨ ᠨᠡᠷᠡᠲᠦ ᠲᠡᠮᠳᠡᠭ ᠢ᠋ ᠡᠭᠦᠳᠴᠦ ᠂ ᠣᠷᠳᠣᠰ ᠤ᠋ᠨ ᠵᠠᠰᠠᠯᠲᠠ ᠶ᠋ᠢᠨ ᠰᠢᠰᠲ᠋ᠧᠮ ᠪᠠ ᠵᠠᠰᠠᠯᠲᠠ ᠶ᠋ᠢᠨ ᠴᠢᠳᠠᠪᠤᠷᠢ ᠶ᠋ᠢᠨ ᠣᠳᠣᠬᠢᠴᠢᠯᠠᠯᠲᠠ ᠳ᠋ᠤ᠌ ᠬᠠᠤᠯᠢ ᠴᠠᠭᠠᠵᠠ ᠶ᠋ᠢᠨ ᠬᠦᠴᠦᠲᠡᠢ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠬᠡᠷᠡᠭᠲᠡᠢ ᠂ ᠨᠡᠭᠦᠷᠡᠰᠦᠨ ᠦ᠌ ᠡᠬᠢ ᠪᠠᠶᠠᠯᠢᠭ ᠤ᠋ᠨ ᠬᠦᠷᠢᠶᠡᠨ ᠦ᠌ ᠬᠠᠤᠯᠢ ᠲᠣᠭᠲᠠᠭᠠᠯ ᠠ᠋ᠴᠠ ᠵᠥᠷᠢᠴᠡᠭᠰᠡᠨ ᠠᠰᠠᠭᠤᠳᠠᠯ ᠢ᠋ ᠲᠤᠰᠭᠠᠢ ᠵᠦᠢᠯ ᠢ᠋ᠶ᠋ᠡᠷ ᠴᠡᠭᠴᠡᠯᠡᠨ ᠵᠠᠰᠠᠬᠤ ᠠᠵᠢᠯ ᠢ᠋ ᠦᠷᠭᠦᠯᠵᠢᠯᠡᠨ ᠯᠠᠪᠳᠠᠭᠤᠨ ᠪᠠᠲᠤᠲᠠᠢ ᠰᠠᠢᠲᠤᠷ ᠬᠢᠵᠦ ᠂ ᠴᠡᠭᠴᠡᠯᠡᠨ ᠰᠠᠢᠵᠢᠷᠠᠭᠤᠯᠬᠤ ᠬᠠᠷᠢᠭᠤᠴᠠᠯᠭ᠎ᠠ ᠶ᠋ᠢ ᠡᠷᠡᠰ ᠨᠠᠢᠳᠠᠪᠤᠷᠢᠵᠢᠭᠤᠯᠤᠨ ᠂ ᠴᠡᠭᠴᠡᠯᠡᠨ ᠰᠠᠢᠵᠢᠷᠠᠭᠤᠯᠬᠤ 《 ᠴᠠᠭ ᠤ᠋ᠨ ᠬᠢᠵᠠᠭᠠᠷ ᠪᠣᠭᠣᠮᠲᠠ 》 ᠂ 《 ᠦᠷ᠎ᠡ ᠪᠦᠲᠦᠮᠵᠢ ᠶ᠋ᠢᠨ ᠪᠣᠭᠣᠮᠲᠠ ᠶ᠋ᠢ ᠴᠡᠭᠴᠡᠯᠡᠨ ᠰᠠᠢᠵᠢᠷᠠᠭᠤᠯᠬᠤ 》 ᠶ᠋ᠢ ᠰᠠᠢᠲᠤᠷ ᠬᠢᠵᠦ ᠂ ᠬᠢᠷᠢ ᠲᠡᠩᠴᠡᠭᠦᠯᠦᠨ ᠴᠡᠭᠴᠡᠯᠡᠨ ᠰᠠᠢᠵᠢᠷᠠᠭᠤᠯᠤᠭᠰᠠᠨ ᠬᠢᠷᠢ ᠪᠦᠲᠦᠮᠵᠢ ᠶ᠋ᠢᠨ ᠬᠠᠭᠤᠳᠠᠰᠤ ᠪᠠᠨ ᠲᠤᠰᠢᠶᠠᠬᠤ ᠬᠡᠷᠡᠭᠲᠡᠢ ᠃ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠲᠤᠰᠭᠠᠢ ᠲᠣᠭᠣᠷᠢᠨ ᠪᠠᠢᠴᠠᠭᠠᠵᠤ ᠬᠠᠷᠢᠭᠤ ᠲᠤᠰᠭᠠᠭᠰᠠᠨ ᠠᠰᠠᠭᠤᠳᠠᠯ ᠢ᠋ ᠴᠡᠭᠴᠡᠯᠡᠨ ᠰᠠᠢᠵᠢᠷᠠᠭᠤᠯᠬᠤ ᠠᠵᠢᠯ ᠳ᠋ᠤ᠌ ᠪᠦᠬᠦ ᠬᠦᠴᠦᠨ ᠢ᠋ᠶ᠋ᠡᠷ ᠢ᠋ᠶ᠋ᠡᠨ ᠬᠠᠮᠵᠢᠯᠴᠠᠵᠤ ᠂ ᠡᠯ᠎ᠡ ᠲᠥᠷᠥᠯ ᠦ᠋ᠨ ᠵᠠᠬ᠎ᠠ ᠳᠡᠯᠭᠡᠭᠦᠷ ᠦ᠋ᠨ ᠭᠣᠣᠯ ᠴᠣᠭᠴᠠ ᠶ᠋ᠢᠨ ᠵᠠᠷᠭᠤ ᠬᠢᠬᠦ ᠡᠷᠬᠡ ᠠᠰᠢᠭ ᠢ᠋ ᠦᠨᠡᠨᠬᠦ ᠬᠠᠮᠠᠭᠠᠯᠠᠵᠤ ᠂ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ ᠢ᠋ ᠰᠢᠯᠢᠳᠡᠭᠵᠢᠭᠦᠯᠬᠦ ᠡᠭᠦᠷᠭᠡ ᠴᠢᠳᠠᠪᠤᠷᠢ ᠶ᠋ᠢᠨ ᠦᠢᠯᠡᠳᠦᠯ ᠢ᠋ ᠢᠳᠡᠪᠬᠢᠲᠡᠢ ᠪᠠᠳᠠᠷᠠᠭᠤᠯᠬᠤ ᠬᠡᠷᠡᠭᠲᠡᠢ ᠂ ᠡᠣᠯᠣᠰ ᠲᠥᠷᠦ ᠶ᠋ᠢᠨ ᠪᠠᠢᠭᠤᠯᠭ᠎ᠠ ᠶ᠋ᠢᠨ ᠤᠬᠠᠮᠰᠠᠷ ᠢ᠋ ᠴᠢᠩᠭᠠᠳᠭᠠᠨ ᠂ 《 ᠲᠠᠪᠤᠨ ᠬᠠᠲᠠᠭᠤ ᠵᠥᠭᠡᠯᠡᠨ 》 ᠪᠠᠢᠬᠤ ᠱᠠᠭᠠᠷᠳᠠᠯᠭ᠎ᠠ ᠶᠣᠰᠣᠭᠠᠷ ᠡᠡᠩᠨᠡᠭᠡ ᠶ᠋ᠢᠨ ᠪᠠᠢᠭᠤᠯᠤᠯᠲᠠ ᠪᠠᠨ ᠴᠢᠩᠭᠠᠳᠭᠠᠵᠤ ᠂ ᠭᠤᠷᠪᠠᠨ ᠵᠦᠢᠯ ᠦ᠋ᠨ ᠡᠩᠨᠠᠬᠡᠶ᠋ᠢᠨ ᠪᠠᠢᠭᠤᠯᠬᠤ ᠡᠠᠵᠢᠯᠯᠠᠭᠠ ᠶ᠋ᠢ ᠭᠦᠨᠵᠡᠭᠡᠢᠷᠡᠨ ᠥᠷᠨᠢᠭᠦᠯᠵᠦ ᠂ ᠰᠤᠷᠲᠠᠯ ᠢ᠋ ᠲᠥᠪᠯᠡᠷᠡᠭᠦᠯᠦᠨ ᠰᠠᠬᠢᠯᠭ᠎ᠠ ᠪᠠᠲᠤ ᠶ᠋ᠢ ᠴᠢᠩᠳᠠᠯᠠᠬᠤ ᠶ᠋ᠢ ᠪᠠᠷᠢᠮᠲᠠᠯᠠᠵᠤ ᠂ ᠬᠠᠤᠯᠢ ᠴᠠᠭᠠᠵᠠ ᠶ᠋ᠢᠨ ᠢᠯᠵᠠᠷᠠᠯ ᠢ᠋ ᠴᠢᠩᠭ᠎ᠠ ᠰᠢᠢᠳᠭᠡᠬᠦᠬᠡᠷᠡᠭᠲᠡᠢ ᠃
ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠂ ᠡᠯ᠎ᠡ ᠬᠣᠰᠢᠭᠤ ᠲᠣᠭᠣᠷᠢᠭ ᠤ᠋ᠨ ᠰᠢᠭᠦᠬᠦ ᠬᠣᠷᠢᠶ᠎ᠠ ᠶ᠋ᠢᠨ ᠳᠠᠷᠤᠭ᠎ᠠ ᠂ ᠳ᠋ᠦᠩᠱᠧᠩ ᠲᠣᠭᠣᠷᠢᠭ ᠤ᠋ᠨ ᠰᠢᠭᠦᠬᠦ ᠬᠣᠷᠢᠶ᠎ᠠ ᠶ᠋ᠢᠨ ᠭᠡᠷ ᠲᠡᠭᠡᠨ ᠪᠠᠢᠭ᠎ᠠ ᠤᠳᠤᠷᠢᠳᠬᠤ ᠪᠠᠭ ᠤ᠋ᠨ ᠪᠦᠷᠢᠯᠳᠦᠬᠦᠨ ᠂ ᠬᠠᠮᠢᠶ᠎ᠠ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠬᠤᠷᠠᠯ ᠳ᠋ᠤ᠌ ᠣᠷᠣᠯᠴᠠᠪᠠ ᠃
ᠦᠨᠡᠯᠡᠬᠦ 0ᠦᠨᠡᠯᠡᠯᠲᠡ᠎ᠲᠠᠢ