ᠰᠢ ᠵᠢᠨ ᠫᠢᠩ ᠦ᠋ᠨ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠪᠠ ᠥᠪᠥᠷ ᠮᠣᠩᠭᠣᠯ ᠤ᠋ᠨ ᠠᠵᠢᠯ ᠤ᠋ᠨ ᠲᠤᠬᠠᠢ ᠴᠢᠬᠤᠯᠠ ᠶᠠᠷᠢᠶ᠎ᠠ ᠂ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠪᠥᠬᠥ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠵᠤ ᠂ 9 ᠳ᠋ᠦ᠍ᠭᠡᠷ ᠰᠠᠷ᠎ᠠ ᠶ᠋ᠢᠨ 11 ᠦ᠌ ᠦᠳᠡ ᠶ᠋ᠢᠨ ᠡᠮᠦᠨ᠎ᠡ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠭᠦᠢᠴᠡᠳᠭᠡᠬᠦ ᠠᠵᠢᠯ ᠤ᠋ᠨ ᠰᠠᠬᠢᠯᠭ᠎ᠠ ᠪᠠᠲᠤ ᠣᠪᠣᠷ ᠰᠤᠷᠲᠠᠯ ᠤ᠋ᠨ ᠰᠤᠷᠭᠠᠨ ᠬᠥᠮᠦᠵᠢᠯ ᠢ᠋ ᠴᠡᠭᠴᠡᠯᠡᠬᠦ ᠲᠤᠰᠭᠠᠢ ᠲᠥᠷᠥᠯ ᠦ᠋ᠨ ᠴᠡᠭᠴᠡᠯᠡᠯᠲᠡ ᠬᠢᠬᠦ ᠠᠵᠢᠯ ᠤ᠋ᠨ ᠳ᠋ᠦᠩᠨᠡᠯᠲᠡ ᠵᠢᠴᠢ ᠭᠤᠷᠪᠠᠳᠤᠭᠠᠷ ᠤᠯᠠᠷᠢᠯ ᠤ᠋ᠨ ᠭᠦᠢᠴᠡᠳᠭᠡᠬᠦ ᠠᠵᠢᠯ ᠢ᠋ ᠠᠬᠢᠭᠤᠯᠬᠤ ( ᠬᠠᠷᠠᠭᠠᠨ ᠳᠠᠪᠲᠠᠮᠵᠢ ) ᠬᠤᠷᠠᠯ ᠬᠤᠷᠠᠯᠳᠤᠭᠤᠯᠪᠠ ᠃
ᠬᠤᠷᠠᠯ ᠳᠡᠭᠡᠷ᠎ᠡ ᠂ ᠨᠢᠭᠡᠳᠦᠭᠡᠷ ᠬᠠᠮᠲᠤᠷᠠᠨ ᠵᠥᠪᠯᠡᠬᠦ ᠲᠢᠩᠬᠢᠮ ᠦ᠋ᠨ ᠰᠢᠭᠦᠨ ᠲᠠᠰᠤᠯᠬᠤ ᠳᠠᠷᠤᠭ᠎ᠠ ᠸᠠᠩ ᠰᠢᠶᠣᠣ ᠵᠢᠶᠦ᠋ᠨ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠭᠣᠣᠯ ᠭᠦᠢᠴᠡᠳᠭᠡᠬᠦ ᠲᠣᠭ᠎ᠠ ᠶ᠋ᠢ ᠪᠡᠶᠡᠯᠡᠭᠦᠯᠦᠭᠰᠡᠨ ᠪᠠᠢᠳᠠᠯ ᠢ᠋ ᠮᠡᠳᠡᠭᠳᠡᠪᠡ ᠃ ᠵᠦᠩ ᠫᠢᠩ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠣᠢᠷ᠎ᠠ ᠶ᠋ᠢᠨ ᠲᠠᠪᠤᠨ ᠵᠢᠯ ᠦ᠋ᠨ ᠭᠦᠢᠴᠡᠳᠭᠡᠯ ᠲᠣᠭ᠎ᠠ ᠶ᠋ᠢ ᠪᠡᠶᠡᠯᠡᠭᠦᠯᠦᠭᠰᠡᠨ ᠪᠠᠢᠳᠠᠯ ᠢ᠋ ᠳ᠋ᠦᠩᠨᠡᠨ ᠡᠷᠭᠢᠴᠡᠭᠦᠯᠵᠦ ᠂ ᠲᠣᠭᠲᠠᠭᠰᠠᠨ ᠵᠢᠯ ᠲᠣᠭ᠎ᠠ ᠶᠣᠰᠣᠭᠠᠷ ᠪᠡᠶᠡᠯᠡᠭᠦᠯᠦᠭᠰᠡᠨ ᠪᠠᠢᠳᠠᠯ ᠢ᠋ ᠲᠤᠯᠭᠠᠨ ᠦᠵᠡᠵᠡᠢ ᠃
ᠲᠥᠪ ᠭᠣᠣᠯᠴᠢ ᠂ ᠠᠮᠵᠢᠯᠲᠠ ᠪᠠᠨ ᠨᠤᠲᠠᠯᠠᠬᠤ ᠶ᠋ᠢᠨ ᠬᠠᠮᠲᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠭᠦᠢᠴᠡᠳᠭᠡᠬᠦ ᠠᠵᠢᠯ ᠳ᠋ᠤ᠌ ᠣᠷᠤᠰᠢᠵᠤ ᠪᠠᠢᠭ᠎ᠠ ᠨᠠᠮ ᠤ᠋ᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ ᠪᠠ ᠰᠠᠬᠢᠯᠭ᠎ᠠ ᠪᠠᠲᠤ ᠬᠡᠪ ᠰᠤᠷᠲᠠᠯ ᠵᠡᠷᠭᠡ ᠳᠣᠪᠣᠢᠮ᠎ᠠ ᠠᠰᠠᠭᠤᠳᠠᠯ ᠢ᠋ ᠰᠡᠷᠭᠡᠭ ᠢ᠋ᠶ᠋ᠡᠷ ᠲᠠᠨᠢᠵᠤ ᠣᠯᠬᠤ ᠬᠡᠷᠡᠭᠲᠡᠢ ᠪᠥᠭᠡᠳ ᠴᠡᠭᠴᠡᠯᠡᠨ ᠰᠠᠢᠵᠢᠷᠠᠭᠤᠯᠬᠤ ᠰᠠᠨᠠᠯ ᠳᠤᠷᠠᠳᠴᠠᠢ ᠄ ᠨᠢᠭᠡ ᠳ᠋ᠦ᠍ ᠤᠯᠤᠰ ᠲᠥᠷᠥ ᠶ᠋ᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ ᠂ ᠨᠠᠮᠴᠢ ᠴᠢᠨᠠᠷ ᠤ᠋ᠨ ᠪᠣᠯᠪᠠᠰᠤᠷᠠᠯ ᠢ᠋ᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠂ᠬᠣᠶᠠᠷ ᠲᠤ᠌ ᠰᠠᠬᠢᠯᠭ᠎ᠠ ᠪᠠᠲᠤ ᠶ᠋ᠢᠨ ᠤᠬᠠᠮᠰᠠᠷ ᠢ᠋ ᠴᠢᠩᠭᠠᠳᠭᠠᠵᠤ ᠂ 《 ᠳᠥᠷᠪᠡᠨ ᠰᠤᠷᠲᠠᠯ》 ᠤ᠋ᠨ ᠠᠰᠠᠭᠤᠳᠠᠯ ᠢ᠋ ᠵᠣᠷᠢᠭ ᠰᠢᠭᠤᠳᠠᠨ ᠰᠢᠢᠳᠪᠦᠷᠢᠯᠡᠵᠦ ᠂ ᠪᠦᠬᠦ ᠭᠦᠢᠴᠡᠳᠭᠡᠬᠦ ᠺᠠᠲ᠋ᠷ ᠴᠠᠭᠳᠠᠭ᠎ᠠ ᠶ᠋ᠢ ᠨᠠᠭᠠᠳᠤ ᠵᠠᠬ᠎ᠠ ᠶ᠋ᠢᠨ ᠱᠤᠭᠤᠮ ᠢ᠋ ᠡᠷᠡᠰ ᠰᠠᠬᠢᠵᠤ ᠂ ᠶᠠᠭᠠᠬᠢᠭᠰᠠᠨ ᠴᠤ᠌ ᠤᠯᠠᠭᠠᠨ ᠱᠤᠭᠤᠮ ᠳ᠋ᠤ᠌ ᠬᠠᠯᠳᠠᠵᠤ ᠪᠣᠯᠬᠤ ᠦᠭᠡᠢ ᠂ ᠭᠤᠷᠪᠠ ᠳ᠋ᠤ᠌ ᠵᠥᠪ ᠲᠠᠯ᠎ᠠ ᠶ᠋ᠢᠨ ᠰᠤᠷᠭᠠᠨ ᠬᠥᠮᠦᠵᠢᠯ ᠪᠣᠯᠤᠨ ᠰᠡᠷᠭᠡᠢᠯᠡᠨ ᠵᠠᠰᠠᠬᠤ ᠶ᠋ᠢ ᠬᠠᠷᠢᠯᠴᠠᠨ ᠤᠶᠠᠯᠳᠤᠭᠤᠯᠬᠤ ᠶ᠋ᠢ ᠪᠠᠷᠢᠮᠲᠠᠯᠠᠵᠤ᠂ ᠬᠠᠷᠠᠭᠠᠯᠵᠠᠯ ᠦᠵᠡᠭᠦᠯᠬᠦ ᠴᠠᠭᠳᠠᠭ᠎ᠠ ᠶ᠋ᠢ ᠨᠠᠢᠳᠠᠪᠤᠷᠢᠵᠢᠭᠤᠯᠵᠤ᠂ ᠬᠤᠪᠢᠰᠭᠠᠯᠲᠤ ᠬᠥᠮᠦᠵᠢᠯ᠂ ᠪᠡᠶ᠎ᠡ ᠲᠠᠮᠢᠷ ᠤ᠋ᠨ ᠴᠤᠭᠯᠠᠭᠠᠨ ᠵᠡᠷᠭᠡ ᠣᠯᠠᠨ ᠵᠦᠢᠯ ᠦ᠋ᠨ ᠬᠡᠯᠪᠡᠷᠢ ᠶ᠋ᠢ ᠢᠳᠡᠪᠬᠢᠲᠡᠢ ᠥᠷᠨᠢᠭᠦᠯᠵᠦ᠂ ᠺᠠᠲ᠋ᠷ ᠴᠠᠭᠳᠠᠭ᠎ᠠ ᠶ᠋ᠢᠨ ᠠᠵᠢᠯ ᠤ᠋ᠨ ᠴᠢᠯᠥᠭᠡᠨ ᠦ᠌ ᠠᠮᠢᠳᠤᠷᠠᠯ ᠢ᠋ ᠪᠠᠶᠠᠯᠢᠭᠵᠢᠭᠤᠯᠵᠤ᠂ ᠺᠠᠲ᠋ᠷ ᠴᠠᠭᠳᠠᠭ᠎ᠠ ᠶ᠋ᠢᠨ ᠳᠠᠷᠤᠯᠲᠠ ᠶ᠋ᠢ ᠬᠥᠩᠭᠡᠷᠡᠭᠦᠯᠵᠦ᠂ ᠺᠠᠲ᠋ᠷ ᠴᠠᠭᠳᠠᠭ᠎ᠠ ᠶ᠋ᠢᠨ ᠵᠥᠪ ᠴᠢᠳᠠᠪᠤᠷᠢ ᠶ᠋ᠢ ᠰᠤᠯᠠᠯᠠᠬᠤ ᠬᠡᠷᠡᠭᠲᠡᠢ᠃ ᠳᠥᠷᠪᠡ ᠳ᠋ᠦ᠍ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠭᠦᠢᠴᠡᠳᠭᠡᠬᠦ ᠬᠡᠷᠡᠭ ᠦ᠋ᠨ ᠴᠢᠨᠠᠷ ᠴᠢᠨᠰᠠᠭ᠎ᠠ ᠶ᠋ᠢ ᠦᠨᠡᠨᠬᠦ ᠳᠡᠭᠡᠭᠰᠢᠯᠡᠭᠦᠯᠵᠦ ᠂ ᠪᠥᠬᠥ ᠬᠣᠲᠠ ᠶ᠋ᠢᠨ ᠭᠦᠢᠴᠡᠳᠭᠡᠬᠦ ᠠᠵᠢᠯ ᠤ᠋ᠨ 《ᠲᠠᠪᠤᠵᠢᠭᠤᠯᠤᠯᠲᠠ》 ᠶ᠋ᠢᠨ ᠪᠠᠢᠭᠤᠯᠤᠯᠲᠠ ᠶ᠋ᠢ ᠦᠷᠭᠦᠯᠵᠢᠯᠡᠨ ᠶᠡᠬᠡᠪᠡᠷ ᠠᠬᠢᠭᠤᠯᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠠ ᠡᠯ᠎ᠡ ᠬᠣᠰᠢᠭᠤ ᠲᠣᠭᠣᠷᠢᠭ ᠤ᠋ᠨ ᠰᠢᠭᠦᠬᠦ ᠬᠣᠷᠢᠶᠠᠨ ᠤ᠋ ᠲᠤᠰ ᠲᠤᠰ ᠭᠦᠢᠴᠡᠳᠭᠡᠬᠦ ᠬᠣᠷᠢᠶᠠᠨ ᠤ᠋ ᠤᠳᠤᠷᠢᠳᠤᠯᠭ᠎ᠠ ᠪᠠ ᠭᠦᠢᠴᠡᠳᠭᠡᠬᠦ ᠲᠣᠪᠴᠢᠶ᠎ᠠ ᠶ᠋ᠢᠨ ᠳᠠᠷᠤᠭ᠎ᠠ ᠨᠢ ᠭᠦᠢᠴᠡᠳᠭᠡᠬᠦ ᠬᠡᠷᠡᠭ ᠦ᠋ᠨ ᠴᠢᠨᠠᠷ ᠴᠢᠨᠰᠠᠭ᠎ᠠ ᠳ᠋ᠤ᠌ ᠤᠳᠤᠷᠢᠳᠤᠯᠭ᠎ᠠ ᠶ᠋ᠢᠨ ᠬᠠᠷᠢᠭᠤᠴᠠᠯᠭ᠎ᠠ ᠡᠭᠦᠷᠭᠡᠯᠡᠵᠦ ᠂ ᠲᠤᠰ ᠲᠤᠰ ᠬᠠᠷᠢᠭᠤᠴᠠᠬᠤ ᠬᠡᠷᠡᠭᠲᠡᠢ ᠃ ᠡᠭᠦᠨ ᠦ᠌ ᠬᠠᠮᠲᠤ ᠂ ᠳᠠᠷᠠᠭᠠᠴᠢ ᠶ᠋ᠢᠨ ᠱᠠᠲᠤᠨ ᠤ᠋ ᠨᠢᠭᠡ ᠬᠡᠷᠡᠭ ᠲᠦ᠍ ᠬᠣᠶᠠᠷ ᠪᠠᠢᠴᠠᠭᠠᠯᠲᠠ ᠬᠢᠬᠦ ᠂ ᠨᠢᠭᠡ ᠬᠡᠷᠡᠭ ᠲᠦ᠍ ᠨᠢᠭᠡ ᠳᠠᠩᠰᠠ ᠪᠠᠢᠭᠤᠯᠬᠤ ᠂ ᠵᠠᠰᠠᠭ ᠤ᠋ᠨ ᠣᠷᠳᠣᠨ ᠳ᠋ᠤ᠌ ᠬᠣᠯᠪᠣᠭᠳᠠᠭᠰᠠᠨ ᠭᠦᠢᠴᠡᠳᠭᠡᠬᠦ ᠬᠡᠷᠡᠭ ᠂ ᠣᠨᠳᠣᠣ ᠰᠠᠨᠠᠯ ᠲᠠᠢ ᠳᠠᠬᠢᠨ ᠵᠥᠪᠯᠡᠬᠦ ᠲᠥᠷᠥᠯ ᠢ᠋ ᠬᠢᠨᠠᠨ ᠪᠠᠢᠴᠠᠭᠠᠬᠤ ᠬᠡᠷᠡᠭ ᠂ ᠭᠦᠢᠴᠡᠳᠭᠡᠬᠦ ᠵᠠᠬᠢᠳᠠᠯ ᠰᠤᠷᠪᠤᠯᠵᠢᠯᠠᠭ᠎ᠠ ᠂ ᠵᠤᠷᠭᠠᠨ ᠤ᠋ ᠳᠡᠳ᠋ ᠳᠠᠭᠤᠳᠠᠯᠭ᠎ᠠ ᠬᠤᠳᠠᠯᠳᠤᠭ᠎ᠠ ᠵᠡᠷᠭᠡ ᠵᠢᠷᠭᠤᠭᠠᠨ ᠵᠦᠢᠯ ᠦ᠋ᠨ ᠠᠵᠢᠯ ᠳ᠋ᠤ᠌ ᠪᠣᠳᠠᠲᠠᠢ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠭᠠᠷᠭᠠᠪᠠ ᠃
ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠰᠠᠬᠢᠯᠭ᠎ᠠ ᠪᠠᠲᠤ ᠣᠪᠣᠷ ᠰᠤᠷᠲᠠᠯ ᠢ᠋ ᠲᠤᠰᠭᠠᠢ ᠲᠥᠷᠥᠯ ᠢ᠋ᠶ᠋ᠡᠷ ᠴᠡᠭᠴᠡᠯᠡᠨ ᠵᠠᠰᠠᠬᠤ ᠠᠵᠢᠯ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠯᠢᠦ ᠬᠤᠸᠠ ᠵᠢᠴᠢ ᠭᠦᠢᠴᠡᠳᠭᠡᠬᠦ ᠪᠦᠯᠬᠦᠮ ᠦ᠋ᠨ ᠪᠦᠬᠦ ᠺᠠᠲ᠋ᠷ ᠴᠠᠭᠳᠠᠭ᠎ᠠ ᠭᠣᠣᠯ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠤ ᠂ ᠡᠯ᠎ᠡ ᠬᠣᠰᠢᠭᠤ ᠲᠣᠭᠣᠷᠢᠭ ᠤ᠋ᠨ ᠰᠢᠭᠦᠬᠦ ᠬᠣᠷᠢᠶᠠᠨ ᠤ᠋ ᠬᠤᠪᠢᠳᠠᠨ ᠬᠠᠮᠢᠶᠠᠷᠴᠤ ᠬᠢᠨᠠᠨ ᠪᠠᠢᠴᠠᠭᠠᠬᠤ ᠵᠢᠴᠢ ᠭᠦᠢᠴᠡᠳᠭᠡᠬᠦ ᠠᠵᠢᠯ ᠤ᠋ᠨ ᠬᠣᠷᠢᠶᠠᠨ ᠤ᠋ ᠤᠳᠤᠷᠢᠳᠤᠯᠭ᠎ᠠ ᠂ ᠬᠢᠨᠠᠨ ᠪᠠᠢᠴᠠᠭᠠᠬᠤ ᠲᠠᠰᠤᠭ ᠤ᠋ᠨ ᠡᠷᠬᠢᠯᠡᠭᠴᠢ ᠂ ᠪᠦᠬᠦ ᠭᠦᠢᠴᠡᠳᠭᠡᠬᠦ ᠺᠠᠲ᠋ᠷ ᠴᠠᠭᠳᠠᠭ᠎ᠠ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠪᠠᠢᠴᠠᠭᠠᠨ ᠰᠤᠳᠤᠯᠤᠭᠴᠢ ᠸᠠᠩ ᡁᠢ ᠴᠧᠩ ᠬᠤᠷᠠᠯ ᠡᠷᠬᠢᠯᠡᠪᠡ ᠃
ᠦᠨᠡᠯᠡᠬᠦ 0ᠦᠨᠡᠯᠡᠯᠲᠡ ᠲᠠᠢ