9 ᠰᠠᠷ᠎ᠠ ᠶ᠋ᠢᠨ 15 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠡᠷᠬᠢᠯᠡᠭᠴᠢ ᠸᠠᠩ ᠂ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠭᠡᠰᠢᠭᠦᠨ ᠂ ᠳᠣᠲᠣᠭᠠᠳᠤ ᠶᠠᠪᠤᠳᠠᠯ ᠤ᠋ᠨ ᠬᠠᠤᠯᠢ ᠴᠠᠭᠠᠵᠠ ᠶ᠋ᠢᠨ ᠵᠥᠪᠯᠡᠯ ᠦ᠋ᠨ ᠡᠷᠬᠢᠯᠡᠭᠴᠢ ᠸᠠᠩ ᠸᠸᠨ ᠮᠢᠩ ᠵᠡᠷᠭᠡ 6 ᠬᠥᠮᠦᠨ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠱᠢᠭᠦᠬᠦ ᠬᠣᠷᠢᠶᠠᠨ ᠳ᠋ᠤ᠌ ᠬᠦᠷᠴᠦ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠡᠷᠡᠭᠦᠦ ᠶ᠋ᠢᠨ ᠬᠡᠷᠡᠭ ᠢ᠋ ᠰᠢᠭᠦᠨ ᠲᠠᠰᠤᠯᠬᠤ ᠠᠵᠢᠯ ᠢ᠋ ᠪᠠᠢᠴᠠᠭᠠᠨ ᠰᠤᠳᠤᠯᠤᠯᠲᠠ ᠬᠢᠵᠦ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠭᠡᠷ ᠲᠡᠭᠡᠨ ᠪᠠᠢᠭ᠎ᠠ ᠤᠳᠤᠷᠢᠳᠬᠤ ᠪᠠᠭ ᠤ᠋ᠨ ᠪᠦᠷᠢᠯᠳᠦᠬᠦᠨ ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠵᠢᠴᠢ ᠬᠡᠰᠡᠭ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠡᠷᠡᠭᠦᠦ ᠶ᠋ᠢᠨ ᠬᠡᠷᠡᠭ ᠢ᠋ ᠪᠠᠢᠴᠠᠭᠠᠨ ᠰᠤᠳᠤᠯᠪᠠ ᠃
ᠶᠠᠷᠢᠯᠴᠠᠬᠤ ᠬᠤᠷᠠᠯ ᠳᠡᠭᠡᠷ᠎ᠡ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠬᠣᠷᠢᠶᠠᠨ ᠳᠠᠷᠤᠭ᠎ᠠ ᠫᠠᠨ ᠶᠧᠦ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠣᠢᠷ᠎ᠠ ᠶ᠋ᠢᠨ ᠭᠤᠷᠪᠠᠨ ᠵᠢᠯ ᠦ᠋ᠨ ᠡᠷᠡᠭᠦᠦ ᠶ᠋ᠢᠨ ᠬᠡᠷᠡᠭ ᠢ᠋ ᠰᠢᠭᠦᠨ ᠲᠠᠰᠤᠯᠬᠤ ᠠᠵᠢᠯ ᠤ᠋ᠨ ᠪᠠᠢᠳᠠᠯ ᠤ᠋ᠨ ᠲᠤᠬᠠᠢ ᠬᠠᠷᠢᠭᠤ ᠮᠡᠳᠡᠭᠦᠯᠦᠯᠲᠡ ᠬᠢᠵᠦ ᠂ ᠡᠷᠡᠭᠦᠦ ᠶ᠋ᠢᠨ ᠬᠡᠷᠡᠭ ᠦ᠋ᠨ ᠰᠢᠭᠦᠨ ᠰᠢᠢᠳᠪᠦᠷᠢᠯᠡᠭᠰᠡᠨ ᠦᠨᠳᠦᠰᠦᠨ ᠪᠠᠢᠳᠠᠯ ᠂ ᠬᠠᠷ᠎ᠠ ᠪᠦᠯᠦᠭᠲᠡᠨ ᠢ᠋ ᠠᠷᠢᠯᠭᠠᠬᠤ ᠲᠤᠰᠭᠠᠢ ᠵᠦᠢᠯ ᠦ᠋ᠨ ᠲᠡᠮᠡᠴᠡᠯ ᠦ᠋ᠨ ᠠᠵᠢᠯ ᠂ 《ᠭᠤᠷᠪᠠᠨ ᠶᠡᠬᠡ ᠪᠣᠭᠣᠮᠲᠠ ᠰᠢᠪᠲᠤᠯᠬᠤ ᠳᠠᠢᠯᠠᠯᠳᠤᠭᠠᠨ》 ᠤ᠋ᠨ ᠠᠵᠢᠯ ᠢ᠋ ᠳᠡᠮᠵᠢᠵᠦ ᠂ ᠪᠤᠷᠤᠭᠤ ᠬᠡᠷᠡᠭ ᠢ᠋ ᠦᠨᠡᠯᠡᠨ ᠪᠠᠢᠴᠠᠭᠠᠬᠤ ᠂ ᠨᠡᠪᠲᠡᠷᠡᠭᠦᠯᠬᠦ ᠂ ᠬᠠᠷᠢᠭᠤᠴᠠᠯᠭ᠎ᠠ ᠨᠡᠬᠡᠮᠵᠢᠯᠡᠭᠰᠡᠨ ᠪᠠᠢᠳᠠᠯ ᠢ᠋ ᠬᠢᠨᠠᠨ ᠪᠠᠢᠴᠠᠭᠠᠬᠤ ᠵᠢᠴᠢ ᠪᠥᠬᠥ ᠬᠣᠲᠠ ᠶ᠋ᠢᠨ ᠬᠡᠪᠴᠢᠶᠡᠨ ᠳ᠋ᠦ᠍ ᠣᠷᠣᠭᠤᠯᠪᠠ ᠃ ᠲᠣᠩᠰᠢᠨ ᠲᠣᠭᠣᠷᠢᠭ ᠤ᠋ᠨ ᠰᠢᠭᠦᠬᠦ ᠬᠣᠷᠢᠶ᠎ᠠ ᠂ ᠡᠵᠡᠨ ᠬᠣᠷᠣᠭ᠎ᠠ ᠬᠣᠰᠢᠭᠤᠨ ᠤ᠋ ᠰᠢᠭᠦᠬᠦ ᠬᠣᠷᠢᠶ᠎ᠠ ᠂ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ ᠡᠯ᠎ᠡ ᠬᠣᠷᠢᠶᠠᠨ ᠤ᠋ ᠡᠷᠡᠭᠦᠦ ᠶ᠋ᠢᠨ ᠬᠡᠷᠡᠭ ᠢ᠋ ᠰᠢᠭᠦᠨ ᠲᠠᠰᠤᠯᠤᠭᠰᠠᠨ ᠠᠵᠢᠯ ᠤ᠋ᠨ ᠪᠠᠢᠳᠠᠯ ᠢ᠋ᠶ᠋ᠠᠨ ᠳᠠᠷᠠᠭᠠᠯᠠᠨ ᠬᠠᠷᠢᠭᠤ ᠮᠡᠳᠡᠭᠦᠯᠪᠡ ᠃
ᠬᠠᠷᠢᠭᠤ ᠮᠡᠳᠡᠭᠦᠯᠦᠯᠲᠡ ᠶ᠋ᠢ ᠰᠣᠨᠣᠰᠤᠭᠰᠠᠨ ᠤ᠋ ᠳᠠᠷᠠᠭ᠎ᠠ ᠂ ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠣᠢᠷ᠎ᠠ ᠶ᠋ᠢᠨ ᠵᠢᠯ ᠦ᠋ᠨ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠡᠷᠡᠭᠦᠦ ᠶ᠋ᠢᠨ ᠬᠡᠷᠡᠭ ᠦ᠋ᠨ ᠰᠢᠭᠦᠨ ᠲᠠᠰᠤᠯᠤᠯᠲᠠ ᠶ᠋ᠢᠨ ᠠᠵᠢᠯ ᠤ᠋ᠨ ᠣᠯᠤᠭᠰᠠᠨ ᠠᠮᠵᠢᠯᠲᠠ ᠶ᠋ᠢ ᠭᠦᠢᠴᠡᠳ ᠨᠤᠲᠠᠯᠠᠵᠤ ᠂ ᠳᠠᠷᠠᠭ᠎ᠠ ᠠᠯᠬᠤᠮ ᠤ᠋ᠨ ᠠᠵᠢᠯ ᠢ᠋ ᠰᠠᠢᠲᠤᠷ ᠬᠢᠬᠦ ᠲᠤᠬᠠᠢ ᠳᠥᠷᠪᠡᠨ ᠰᠠᠨᠠᠭᠤᠯᠭ᠎ᠠ ᠳᠤᠷᠠᠳᠪᠠ ᠄ ᠨᠢᠭᠡ ᠳ᠋ᠦ᠍ ᠰᠢᠭᠦᠬᠦ ᠬᠣᠷᠢᠶᠠᠨ ᠤ᠋ ᠠᠵᠢᠯ ᠳ᠋ᠠᠬᠢ ᠨᠠᠮ ᠤ᠋ᠨ ᠬᠠᠷᠢᠴᠠᠯᠠᠰᠢ ᠦᠭᠡᠢ ᠤᠳᠤᠷᠢᠳᠤᠯᠭ᠎ᠠ ᠶ᠋ᠢ ᠢᠮᠠᠭᠲᠠ ᠪᠠᠷᠢᠮᠲᠠᠯᠠᠵᠤ ᠂ ᠨᠠᠮ ᠤ᠋ᠨ ᠤᠯᠤᠰ ᠲᠥᠷᠥ ᠦᠵᠡᠯ ᠰᠠᠨᠠᠭ᠎ᠠ ᠪᠠ ᠵᠣᠬᠢᠶᠠᠨ ᠪᠠᠢᠭᠤᠯᠤᠯᠲᠠ ᠶ᠋ᠢᠨ ᠤᠳᠤᠷᠢᠳᠤᠯᠭ᠎ᠠ ᠶ᠋ᠢ ᠡᠷᠡᠭᠦᠦ ᠶ᠋ᠢᠨ ᠬᠡᠷᠡᠭ ᠦ᠋ᠨ ᠰᠢᠭᠦᠨ ᠲᠠᠰᠤᠯᠤᠯᠲᠠ ᠶ᠋ᠢᠨ ᠪᠦᠬᠦ ᠶᠠᠪᠤᠴᠠ ᠪᠠ ᠡᠯ᠎ᠡ ᠲᠠᠯ᠎ᠠ ᠳ᠋ᠤ᠌ ᠲᠤᠤᠱᠯᠠᠭᠤᠯᠬᠤ ᠬᠡᠷᠡᠭᠲᠡᠢ ᠃ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠬᠢᠨᠠᠯᠲᠠ ᠶ᠋ᠢ ᠤᠬᠠᠮᠰᠠᠷ ᠠ᠋ᠴᠠ ᠪᠠᠨ ᠬᠦᠯᠢᠶᠡᠵᠦ ᠂ ᠬᠣᠲᠠ ᠶ᠋ᠢᠨ ᠨᠠᠮ ᠤ᠋ᠨ ᠬᠣᠷᠢᠶ᠎ᠠ ᠂ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠵᠢᠴᠢ ᠪᠠᠢᠩᠭᠤ ᠶ᠋ᠢᠨ ᠬᠣᠷᠢᠶ᠎ᠠ ᠳ᠋ᠤ᠌ ᠡᠷᠡᠭᠦᠦ ᠶ᠋ᠢᠨ ᠬᠡᠷᠡᠭ ᠦ᠋ᠨ ᠰᠢᠭᠦᠨ ᠲᠠᠰᠤᠯᠤᠯᠲᠠ ᠶ᠋ᠢᠨ ᠠᠵᠢᠯ ᠤ᠋ᠨ ᠴᠢᠬᠤᠯᠠ ᠶᠡᠬᠡ ᠪᠠᠢᠷᠢᠯᠠᠭᠤᠯᠤᠯᠲᠠ ᠂ ᠴᠢᠬᠤᠯᠠ ᠶᠡᠬᠡ ᠠᠰᠠᠭᠤᠳᠠᠯ ᠂ ᠬᠦᠨᠳᠦ ᠶᠡᠬᠡ ᠬᠡᠷᠡᠭ ᠢ᠋ ᠰᠢᠭᠦᠭᠰᠡᠨ ᠪᠠᠢᠳᠠᠯ ᠢ᠋ᠶ᠋ᠠᠨ ᠴᠠᠭ ᠲᠤᠬᠠᠢ ᠳ᠋ᠤᠨᠢ ᠮᠡᠳᠡᠭᠦᠯᠵᠦ ᠂ ᠬᠣᠲᠠ ᠶ᠋ᠢᠨ ᠨᠠᠮ ᠤ᠋ᠨ ᠬᠣᠷᠢᠶ᠎ᠠ ᠂ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠵᠢᠴᠢ ᠲᠡᠭᠦᠨ ᠦ᠌ ᠪᠠᠢᠩᠭᠤ ᠶ᠋ᠢᠨ ᠬᠣᠷᠢᠶᠠᠨ ᠤ᠋ ᠲᠣᠭᠲᠠᠭᠠᠯ ᠂ ᠰᠢᠢᠳᠪᠦᠷᠢ ᠶ᠋ᠢ ᠡᠷᠡᠰ ᠬᠡᠷᠡᠭᠵᠢᠭᠦᠯᠦᠨ ᠂ ᠬᠣᠲᠠ ᠶ᠋ᠢᠨ ᠨᠠᠮ ᠤ᠋ᠨ ᠬᠣᠷᠢᠶ᠎ᠠ ᠵᠢᠴᠢ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠳᠡᠮᠵᠢᠯᠭᠡ ᠶ᠋ᠢ ᠤᠯᠠᠮ ᠨᠢᠭᠡ ᠠᠯᠬᠤᠮ ᠣᠯᠪᠠ ᠃ ᠡᠭᠦᠨ ᠦ᠌ ᠬᠠᠮᠲᠤ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢᠳ ᠯᠦ᠍ᠭᠡ ᠬᠠᠷᠢᠯᠴᠠᠬᠤ ᠠᠵᠢᠯ ᠢ᠋ᠶ᠋ᠠᠨ ᠤᠯᠠᠮ ᠨᠢᠭᠡ ᠠᠯᠬᠤᠮ ᠴᠢᠩᠭᠠᠳᠭᠠᠵᠤ ᠂ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢᠳ ᠢ᠋ ᠰᠠᠨᠠᠭᠠᠴᠢᠯᠠᠭ᠎ᠠ ᠠ᠋ᠴᠠ ᠪᠠᠨ ᠤᠷᠢᠵᠤ ᠲᠢᠩᠬᠢᠮ ᠦ᠋ᠨ ᠰᠢᠭᠦᠯᠲᠡ ᠶ᠋ᠢ ᠰᠤᠯᠠ ᠰᠣᠨᠣᠰᠤᠭᠤᠯᠵᠤ ᠂ ᠡᠷᠡᠭᠦᠦ ᠶ᠋ᠢᠨ ᠬᠡᠷᠡᠭ ᠢ᠋ ᠰᠢᠭᠦᠨ ᠲᠠᠰᠤᠯᠬᠤ ᠠᠵᠢᠯ ᠤ᠋ᠨ ᠲᠤᠬᠠᠢ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢᠳ ᠦ᠋ᠨ ᠰᠠᠨᠠᠯ ᠰᠠᠨᠠᠭᠤᠯᠭ᠎ᠠ ᠶ᠋ᠢ ᠬᠢᠨᠠᠮᠠᠭᠠᠢ ᠨᠠᠢᠳᠠᠪᠤᠷᠢᠵᠢᠭᠤᠯᠬᠤ ᠶ᠋ᠢᠨ ᠤᠯᠠᠮ ᠠ᠋ᠴᠠ ᠡᠷᠡᠭᠦᠦ ᠶ᠋ᠢᠨ ᠬᠡᠷᠡᠭ ᠦ᠋ᠨ ᠰᠢᠭᠦᠨ ᠲᠠᠰᠤᠯᠬᠤ ᠠᠵᠢᠯ ᠢ᠋ ᠲᠠᠰᠤᠷᠠᠯᠲᠠ ᠦᠭᠡᠢ ᠵᠢᠷᠤᠮᠵᠢᠭᠤᠯᠬᠤ ᠬᠡᠷᠡᠭᠲᠡᠢ ᠃ ᠬᠣᠶᠠᠷ ᠲᠤ᠌ ᠲᠥᠪ ᠴᠢᠩᠭ᠎ᠠ ᠬᠠᠤᠯᠢ ᠴᠠᠭᠠᠵᠠ ᠶ᠋ᠢ ᠪᠠᠷᠢᠮᠲᠠᠯᠠᠵᠤ ᠂ ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠨ ᠂ ᠠᠷᠠᠳ ᠣᠯᠠᠨ ᠤ᠋ ᠬᠦᠰᠡᠯ ᠱᠠᠭᠠᠷᠳᠠᠯᠭ᠎ᠠ ᠶ᠋ᠢ ᠰᠣᠨᠣᠰᠴᠤ ᠂ ᠨᠡᠢᠭᠡᠮ ᠦ᠋ᠨ ᠠᠩᠬᠠᠷᠤᠯ ᠳ᠋ᠤ᠌ ᠬᠠᠷᠢᠭᠤ ᠥᠭᠴᠦ ᠂ ᠠᠵᠢᠯ ᠤ᠋ᠨ ᠳᠤᠮᠳᠠ ᠣᠷᠤᠰᠢᠵᠤ ᠪᠠᠢᠭ᠎ᠠ ᠠᠰᠠᠭᠤᠳᠠᠯ ᠢ᠋ ᠭᠦᠨᠵᠡᠭᠡᠢ ᠵᠠᠳᠠᠯᠵᠤ ᠂ ᠨᠠᠷᠢᠨ ᠬᠢᠨᠠᠮᠠᠭᠠᠢ ᠪᠠᠭᠤᠷᠠᠢ ᠲᠠᠯ᠎ᠠ ᠪᠠᠨ ᠡᠷᠢᠵᠦ ᠂ ᠠᠵᠢᠯ ᠤ᠋ᠨ ᠳᠤᠲᠠᠭᠳᠠᠯ ᠢ᠋ᠶ᠋ᠠᠨ ᠨᠥᠬᠥᠨ ᠂ ᠡᠷᠡᠭᠦᠦ ᠶ᠋ᠢᠨ ᠬᠡᠷᠡᠭ ᠢ᠋ ᠰᠢᠭᠦᠨ ᠲᠠᠰᠤᠯᠬᠤ ᠠᠵᠢᠯ ᠤ᠋ᠨ ᠴᠢᠳᠠᠪᠤᠷᠢ ᠪᠠ ᠬᠢᠷᠢ ᠲᠦᠪᠰᠢᠨ ᠢ᠋ᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ ᠡᠷᠡᠭᠦᠦ ᠶ᠋ᠢᠨ ᠬᠡᠷᠡᠭ ᠦ᠋ᠨ ᠰᠢᠭᠦᠨ ᠲᠠᠰᠤᠯᠤᠯᠲᠠ ᠶ᠋ᠢᠨ ᠠᠵᠢᠯ ᠤ᠋ᠨ ᠢᠯᠡ ᠴᠢᠨᠠᠷ ᠂ ᠲᠥᠪ ᠭᠣᠣᠯᠴᠢ ᠴᠢᠨᠠᠷ ᠢ᠋ ᠤᠯᠠᠮ ᠨᠢᠭᠡ ᠠᠯᠬᠤᠮ ᠴᠢᠩᠭᠠᠳᠭᠠᠵᠤ ᠂ ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠪᠠ ᠬᠥᠮᠦᠨ ᠦ᠌ ᠡᠷᠬᠡ ᠶ᠋ᠢ ᠪᠠᠲᠤᠯᠠᠬᠤ ᠶ᠋ᠢ ᠬᠠᠷᠢᠯᠴᠠᠨ ᠤᠶᠠᠯᠳᠤᠭᠤᠯᠬᠤ ᠬᠡᠷᠡᠭᠲᠡᠢ ᠃ ᠭᠤᠷᠪᠠ ᠳ᠋ᠤ᠌ ᠡᠷᠡᠭᠦᠦ ᠶ᠋ᠢᠨ ᠬᠡᠷᠡᠭ ᠦ᠋ᠨ ᠰᠢᠭᠦᠨ ᠲᠠᠰᠤᠯᠤᠯᠲᠠ ᠶ᠋ᠢᠨ ᠡᠭᠦᠷᠭᠡ ᠴᠢᠳᠠᠪᠤᠷᠢ ᠶ᠋ᠢ ᠭᠦᠢᠴᠡᠳ ᠪᠠᠳᠠᠷᠠᠭᠤᠯᠵᠤ ᠂ ᠬᠣᠲᠠ ᠶ᠋ᠢᠨ ᠭᠣᠣᠯ ᠠᠵᠢᠯ ᠳ᠋ᠤ᠌ ᠬᠦᠴᠦ ᠲᠠᠯᠪᠢᠨ᠎ᠠ ᠃ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠭᠠᠢ ᠲᠡᠮᠡᠴᠡᠯ ᠂ ᠭᠤᠷᠪᠠᠨ ᠶᠡᠬᠡ ᠪᠣᠭᠣᠮᠲᠠ ᠰᠢᠪᠲᠤᠯᠬᠤ ᠳᠠᠢᠨ ᠂ ᠨᠡᠭᠦᠷᠡᠰᠦᠨ ᠬᠦᠷᠢᠶᠡᠨ ᠳ᠋ᠦ᠍ ᠬᠣᠯᠪᠣᠭᠳᠠᠬᠤ ᠵᠡᠷᠭᠡ ᠬᠦᠨᠳᠦ ᠶᠡᠬᠡ ᠬᠡᠷᠡᠭ ᠢ᠋ ᠰᠢᠭᠦᠨ ᠰᠢᠢᠳᠪᠦᠷᠢᠯᠡᠬᠦ ᠠᠵᠢᠯ ᠢ᠋ ᠰᠠᠢᠲᠤᠷ ᠬᠢᠵᠦ ᠂ ᠡᠯ᠎ᠡ ᠲᠥᠷᠥᠯ ᠦ᠋ᠨ ᠡᠷᠡᠭᠦᠦ ᠶ᠋ᠢᠨ ᠶᠠᠯᠠᠲᠤ ᠠᠵᠢᠯᠯᠠᠭ᠎ᠠ ᠶ᠋ᠢ ᠬᠠᠤᠯᠢ ᠶᠣᠰᠣᠭᠠᠷ ᠴᠢᠩᠭ᠎ᠠ ᠰᠢᠢᠳᠭᠡᠵᠦ᠂ ᠬᠡᠷᠡᠭ ᠢ᠋ ᠰᠢᠭᠦᠨ ᠲᠠᠰᠤᠯᠬᠤ ᠳᠤᠮᠳᠠ ᠤᠯᠤᠰ ᠲᠥᠷᠥ ᠶ᠋ᠢᠨ ᠦᠷ᠎ᠡ ᠪᠦᠲᠦᠮᠵᠢ ᠂ ᠬᠠᠤᠯᠢ ᠴᠠᠭᠠᠵᠠ ᠶ᠋ᠢᠨ ᠦᠷ᠎ᠡ ᠪᠦᠲᠦᠮᠵᠢ ᠂ ᠨᠡᠢᠭᠡᠮ ᠦ᠋ᠨ ᠦᠷ᠎ᠡ ᠠᠰᠢᠭ ᠤ᠋ᠨ ᠨᠢᠭᠡᠳᠦᠯ ᠢ᠋ ᠪᠡᠶᠡᠯᠡᠭᠦᠯᠦᠨ ᠂ ᠨᠡᠢᠭᠡᠮ ᠦ᠋ᠨ ᠡᠶ᠎ᠡ ᠵᠣᠬᠢᠴᠠᠯ ᠲᠣᠭᠲᠠᠭᠤᠨ ᠪᠠᠢᠳᠠᠯ ᠢ᠋ ᠪᠥᠬᠥ ᠬᠦᠴᠦᠨ ᠢ᠋ᠶ᠋ᠡᠷ ᠬᠠᠮᠠᠭᠠᠯᠠᠵᠤ ᠂ ᠣᠷᠳᠣᠰ ᠬᠣᠲᠠ ᠶ᠋ᠢᠨ ᠨᠡᠩ ᠲᠦᠷᠭᠡᠨ ᠨᠡᠩ ᠰᠠᠢᠨ ᠬᠥᠭᠵᠢᠯᠲᠡ ᠳ᠋ᠦ᠍ ᠬᠠᠤᠯᠢ ᠴᠠᠭᠠᠵᠠ ᠶ᠋ᠢᠨ ᠪᠠᠲᠤᠯᠠᠭ᠎ᠠ ᠬᠠᠩᠭᠠᠨ᠎ᠠ ᠃ ᠳᠥᠷᠪᠡ ᠳ᠋ᠦ᠍ ᠡᠷᠡᠭᠦᠦ ᠶ᠋ᠢᠨ ᠬᠡᠷᠡᠭ ᠦ᠋ᠨ ᠰᠢᠭᠦᠨ ᠲᠠᠰᠤᠯᠬᠤ ᠡᠩᠨᠡᠭᠡᠨ ᠦ᠌ ᠪᠠᠢᠭᠤᠯᠤᠯᠲᠠ ᠶ᠋ᠢ ᠶᠡᠬᠡᠪᠡᠷ ᠴᠢᠩᠭᠠᠳᠭᠠᠵᠤ ᠂ ᠡᠷᠡᠭᠦᠦ ᠶ᠋ᠢᠨ ᠬᠡᠷᠡᠭ ᠢ᠋ ᠰᠢᠭᠦᠨ ᠲᠠᠰᠤᠯᠬᠤ ᠡᠩᠨᠡᠭᠡᠨ ᠦ᠌ ᠵᠢᠩᠬᠢᠨᠢᠴᠢᠯᠡᠯᠲᠡ ᠂ ᠲᠤᠰᠭᠠᠢᠵᠢᠯᠲᠠ ᠂ ᠲᠤᠬᠠᠢᠯᠠᠭᠰᠠᠨ ᠠᠵᠢᠯ ᠤ᠋ᠨ ᠪᠠᠢᠭᠤᠯᠤᠯᠲᠠ ᠪᠠᠷ ᠵᠣᠷᠢᠯᠭ᠎ᠠ ᠪᠣᠯᠭᠠᠵᠤ ᠂ ᠤᠯᠤᠰ ᠲᠥᠷᠥ ᠦᠵᠡᠯ ᠰᠠᠨᠠᠭ᠎ᠠ ᠂ ᠬᠠᠤᠯᠢ ᠪᠠᠷᠢᠬᠤ ᠴᠢᠳᠠᠪᠤᠷᠢ ᠂ ᠬᠠᠤᠯᠢ ᠪᠠᠷᠢᠬᠤ ᠠᠷᠢᠭᠤᠨ ᠴᠢᠬᠡᠴᠢ ᠂ ᠬᠠᠤᠯᠢ ᠪᠠᠷᠢᠬᠤ ᠰᠤᠷᠲᠠᠯ ᠤ᠋ᠨ ᠪᠠᠢᠭᠤᠯᠤᠯᠲᠠ ᠶ᠋ᠢ ᠦᠨᠡᠨ ᠬᠦ᠌ ᠴᠢᠩᠭᠠᠳᠭᠠᠵᠤ ᠂ ᠡᠷᠡᠭᠦᠦ ᠶ᠋ᠢᠨ ᠬᠡᠷᠡᠭ ᠦ᠋ᠨ ᠰᠢᠭᠦᠨ ᠲᠠᠰᠤᠯᠬᠤ ᠠᠵᠢᠯᠲᠠᠨ ᠤ᠋ ᠶᠡᠷᠦᠩᠬᠡᠢ ᠬᠡᠪ ᠴᠢᠨᠠᠷ ᠢ᠋ ᠴᠢᠩᠭᠠᠳᠭᠠᠵᠤ ᠂ ᠡᠷᠡᠭᠦᠦ ᠶ᠋ᠢᠨ ᠬᠡᠷᠡᠭ ᠦ᠋ᠨ ᠬᠠᠤᠯᠢ ᠶ᠋ᠢᠨ ᠲᠤᠰᠢᠶᠠᠯᠲᠠᠳ ᠤ᠋ᠨ ᠰᠢᠷᠭᠠᠭᠤ ᠬᠠᠲᠠᠭᠤᠵᠢᠯᠲᠠᠢ ᠂ ᠬᠦᠴᠢᠷ ᠪᠡᠷᠬᠡᠰᠢᠶᠡᠯ ᠡᠴᠡ ᠠᠶᠤᠬᠤ ᠦᠭᠡᠢ ᠂ ᠡᠷᠡᠯᠬᠡᠭ ᠪᠠᠭᠠᠲᠤᠷᠯᠢᠭ ᠢ᠋ᠶ᠋ᠠᠷ ᠪᠤᠰᠤᠳ ᠢ᠋ ᠬᠥᠮᠦᠵᠢᠭᠦᠯᠬᠦ ᠬᠡᠷᠡᠭᠲᠡᠢ ᠃
ᠦᠨᠡᠯᠡᠬᠦ 0ᠦᠨᠡᠯᠡᠯᠲᠡ᠎ᠲᠠᠢ