10 ᠳ᠋ᠤᠭᠠᠷ ᠰᠠᠷ᠎ᠠ ᠶ᠋ᠢᠨ 20 ᠤ᠋ ᠡᠳᠦᠷ ᠶᠦᠨᠨᠠᠨ ᠮᠣᠵᠢ ᠶ᠋ᠢᠨ ᠥᠨᠳᠥᠷ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠭᠦᠢᠴᠡᠳᠬᠡᠬᠦ ᠲᠣᠪᠴᠢᠶᠠᠨ ᠤ᠋ ᠳᠠᠷᠤᠭ᠎ᠠ ᠯᠢᠦᠢ ᠵᠢᠶᠦ᠋ᠨ ᠵᠡᠷᠭᠡ 8 ᠬᠥᠮᠦᠨ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠬᠦᠷᠴᠦ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠬᠠᠢ ᠲᠡᠮᠡᠴᠡᠯ ᠦ᠋ᠨ ᠠᠵᠢᠯ ᠢ᠋ ᠪᠠᠢᠴᠠᠭᠠᠨ ᠰᠤᠳᠤᠯᠬᠤ ᠶ᠋ᠢᠨ ᠬᠠᠮᠲᠤ ᠰᠠᠭᠤᠳᠠᠯ ᠤ᠋ᠨ ᠬᠤᠷᠠᠯ ᠬᠤᠷᠠᠯᠳᠤᠭᠤᠯᠪᠠ ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠳᠡᠭᠡᠳᠦ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠭᠦᠢᠴᠡᠳᠬᠡᠬᠦ ᠲᠣᠪᠴᠢᠶᠠᠨ ᠤ᠋ ᠳᠠᠷᠤᠭ᠎ᠠ ᠸᠠᠩ ᠭᠤᠸᠠᠩ ᠶᠢᠨ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠨᠠᠷ ᠪᠠᠷ᠎ᠠ ᠪᠣᠯᠵᠤ ᠪᠠᠢᠴᠠᠭᠠᠨ ᠰᠤᠳᠤᠯᠤᠯᠲᠠ ᠬᠢᠪᠡ ᠃
ᠶᠠᠷᠢᠯᠴᠠᠬᠤ ᠬᠤᠷᠠᠯ ᠳᠡᠭᠡᠷ᠎ᠡ ᠂ ᠰᠦ᠍ ᠯᠢ ᠵᠢᠶᠦ᠋ᠨ ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠬᠠᠷ᠎ᠠ ᠶ᠋ᠢ ᠱᠦᠭᠦᠷᠳᠡᠨ ᠬᠠᠷᠭᠢᠰ ᠢ᠋ ᠠᠷᠢᠯᠭᠠᠬᠤ ᠲᠤᠰᠬᠠᠢ ᠲᠡᠮᠡᠴᠡᠯ ᠦ᠋ᠨ ᠠᠵᠢᠯ ᠢ᠋ ᠥᠷᠨᠢᠭᠦᠯᠦᠭᠰᠡᠨ ᠪᠠᠢᠳᠠᠯ ᠢ᠋ ᠨᠠᠷᠢᠨ ᠨᠢᠮᠪᠠᠢ ᠲᠠᠨᠢᠯᠴᠠᠭᠤᠯᠪᠠ ᠃ ᠬᠤᠷᠠᠯ ᠳ᠋ᠤ᠌ ᠣᠷᠣᠯᠴᠠᠭᠰᠠᠳ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠬᠠᠢ ᠲᠡᠮᠡᠴᠡᠯ ᠦ᠋ᠨ ᠳᠤᠮᠳᠠᠬᠢ ᠲᠦᠪᠡᠭᠲᠡᠢ ᠠᠰᠠᠭᠤᠳᠠᠯ ᠵᠡᠷᠭᠡ ᠲᠠᠯ᠎ᠠ ᠪᠠᠷ ᠭᠦᠨᠵᠡᠭᠡᠢ ᠶᠠᠷᠢᠯᠴᠠᠵᠠᠢ ᠃
ᠯᠢᠦᠢ ᠵᠢᠶᠦ᠋ᠨ ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠬᠠᠷ᠎ᠠ ᠪᠦᠯᠦᠭᠲᠡᠨ ᠢ᠋ ᠠᠷᠢᠯᠭᠠᠵᠤ ᠬᠠᠷᠭᠢᠰ ᠬᠦᠴᠦᠨ ᠢ᠋ ᠠᠷᠢᠯᠭᠠᠬᠤ ᠲᠤᠰᠬᠠᠢ ᠲᠡᠮᠡᠴᠡᠯ ᠦ᠋ᠨ ᠠᠵᠢᠯ ᠳ᠋ᠤ᠌ ᠳᠡᠭᠡᠳᠦ ᠬᠡᠮᠵᠢᠶᠡᠨ ᠦ᠌ ᠦᠨᠡᠯᠡᠯᠲᠡ ᠥᠭᠴᠦ ᠣᠷᠳᠣᠰ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠨᠢ ᠨᠠᠷᠢᠨ ᠨᠢᠮᠪᠠᠢ ᠂ ᠰᠡᠳᠬᠢᠮᠵᠢ ᠨᠢ ᠲᠣᠳᠣᠷᠬᠠᠢ ᠂ ᠠᠷᠭ᠎ᠠ ᠬᠡᠮᠵᠢᠶ᠎ᠡ ᠨᠢ ᠪᠣᠳᠠᠲᠠᠢ ᠂ ᠭᠢᠯᠠᠰ ᠴᠡᠭ ᠨᠢ ᠳᠣᠪᠣᠢᠮ᠎ᠠ ᠂ ᠦᠷ᠎ᠡ ᠪᠦᠲᠦᠮᠵᠢ ᠨᠢ ᠢᠯᠡᠳᠲᠡ ᠂ ᠣᠨᠴᠠᠭᠠᠢᠯᠠᠨ ᠬᠠᠷ᠎ᠠ ᠪᠦᠯᠦᠭᠲᠡᠨ ᠳ᠋ᠦ᠍ ᠬᠣᠯᠪᠣᠭᠳᠠᠭᠰᠠᠨ ᠶᠠᠯᠠᠲᠤ ᠬᠡᠷᠡᠭ ᠢ᠋ ᠰᠢᠭᠦᠨ ᠰᠢᠢᠳᠪᠦᠷᠢᠯᠡᠬᠦ ᠭᠦᠢᠴᠡᠳᠬᠡᠬᠦ ᠠᠵᠢᠯ ᠤ᠋ᠨ ᠳᠤᠮᠳᠠ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠂ ᠪᠠᠢᠴᠠᠭᠠᠬᠤ ᠬᠣᠷᠢᠶ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠲᠡᠢ ᠬᠠᠮᠲᠤᠷᠠᠨ ᠠᠵᠢᠯᠯᠠᠬᠤ ᠶ᠋ᠢ ᠴᠢᠬᠤᠯᠠᠴᠢᠯᠠᠪᠠ ᠃
ᠸᠠᠩ ᠭᠤᠸᠠᠩ ᠶᠢᠨ ᠵᠢᠭᠠᠵᠤ ᠭᠠᠷᠭᠠᠭᠰᠠᠨ ᠨᠢ ᠂ ᠬᠣᠢᠰᠢᠳᠠ ᠬᠣᠶᠠᠷ ᠭᠠᠵᠠᠷ ᠤ᠋ᠨ ᠰᠢᠭᠦᠬᠦ ᠬᠣᠷᠢᠶ᠎ᠠ ᠲᠤᠰ ᠤᠳᠠᠭᠠᠨ ᠤ᠋ ᠪᠠᠢᠴᠠᠭᠠᠨ ᠰᠤᠳᠤᠯᠤᠯᠲᠠ ᠪᠠᠷ ᠲᠣᠬᠢᠶᠠᠯ ᠪᠣᠯᠭᠠᠵᠤ ᠂ ᠨᠡᠪᠲᠡᠷᠡᠯᠴᠡᠭᠡ ᠰᠣᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠬᠤ ᠶ᠋ᠢ ᠬᠦᠰᠡᠵᠦ ᠪᠠᠢᠨ᠎ᠠ ᠃
ᠰᠢᠨᠵᠢᠯᠡᠨ ᠪᠠᠢᠴᠠᠭᠠᠬᠤ ᠳᠤᠭᠤᠢᠯᠠᠩ ᠤ᠋ᠨ ᠬᠢᠨ ᠪᠠᠰᠠ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠰᠢᠭᠦᠨ ᠲᠠᠰᠤᠯᠬᠤ ᠲᠢᠩᠬᠢᠮ ᠂ ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠮᠡᠳᠡᠭᠡ ᠵᠠᠩᠭᠢ ᠶ᠋ᠢᠨ ᠬᠠᠮᠢᠶᠠᠷᠤᠯᠲᠠ ᠶ᠋ᠢᠨ ᠲᠥᠪ ᠂ ᠭᠦᠢᠴᠡᠳᠬᠡᠬᠦ ᠶ᠋ᠢ ᠵᠢᠯᠣᠭᠣᠳᠬᠤ ᠲᠥᠪ ᠵᠡᠷᠭᠡ ᠭᠠᠵᠠᠷ ᠢ᠋ᠶ᠋ᠠᠷ ᠲᠣᠭᠣᠷᠢᠨ ᠦᠵᠡᠪᠡ ᠃
ᠲᠣᠭᠣᠷᠢᠨ ᠦᠵᠡᠬᠦ ᠵᠠᠷᠭᠤ ᠶ᠋ᠢᠨ ᠦᠢᠯᠡᠴᠢᠯᠡᠭᠡᠨ ᠦ᠌ ᠲᠥᠪ
ᠲᠣᠭᠣᠷᠢᠨ ᠦᠵᠡᠬᠦ ᠵᠠᠩᠭᠢ ᠶ᠋ᠢᠨ ᠬᠠᠮᠢᠶᠠᠷᠤᠯᠲᠠ ᠶ᠋ᠢᠨ ᠲᠥᠪ
ᠦᠨᠡᠯᠡᠬᠦ 0ᠦᠨᠡᠯᠡᠯᠲᠡ᠎ᠲᠠᠢ