10 ᠰᠠᠷ᠎ᠠ ᠶ᠋ᠢᠨ 22 ᠤ᠋ ᠡᠳᠦᠷ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠪᠥᠬᠥ ᠤᠯᠤᠰ ᠤ᠋ᠨ ᠰᠢᠭᠦᠬᠦ ᠬᠣᠷᠢᠶᠠᠨ ᠤ᠋ ᠰᠢᠭᠦᠨ ᠲᠠᠰᠤᠯᠤᠯᠲᠠ ᠳ᠋ᠤ᠌ ᠬᠢᠨᠠᠯᠲᠠ ᠲᠠᠯᠪᠢᠬᠤ ᠠᠵᠢᠯ ᠤ᠋ᠨ ᠬᠤᠷᠠᠯ ᠬᠤᠷᠠᠯᠳᠤᠭᠤᠯᠵᠤ ᠂ ᠪᠡᠭᠡᠵᠢᠩ ᠬᠣᠲᠠ ᠶ᠋ᠢᠨ ᠭᠤᠷᠪᠠᠳᠤᠭᠠᠷ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠰᠢᠭᠦᠨ ᠲᠠᠰᠤᠯᠤᠯᠲᠠ ᠳ᠋ᠤ᠌ ᠬᠢᠨᠠᠯᠲᠠ ᠲᠠᠯᠪᠢᠬᠤ ᠲᠢᠩᠬᠢᠮ ᠵᠡᠷᠭᠡ 80 ᠲᠡᠷᠢᠭᠦᠨ ᠦ᠌ ᠬᠠᠮᠲᠤ ᠨᠡᠢᠲᠡ ᠂ ᠵᠣ᠌ ᠬᠠᠢ ᠬᠣᠩ ᠵᠡᠷᠭᠡ 100 ᠲᠡᠷᠢᠭᠦᠨ ᠦ᠌ ᠬᠤᠪᠢ ᠬᠥᠮᠦᠨ ᠢ᠋ ᠨᠡᠢᠲᠡᠯᠡᠨ ᠰᠠᠢᠰᠢᠶᠠᠪᠠ ᠃
ᠳᠣᠣᠷ᠎ᠠ ᠪᠠᠭ᠎ᠠ ᠨᠠᠢᠷᠠᠭᠤᠯᠤᠭᠴᠢ ᠲᠠᠨ ᠳ᠋ᠤ᠌ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠰᠢᠭᠦᠨ ᠲᠠᠰᠤᠯᠤᠯᠲᠠ ᠳ᠋ᠤ᠌ ᠬᠢᠨᠠᠯᠲᠠ ᠲᠠᠯᠪᠢᠬᠤ ᠲᠢᠩᠬᠢᠮ ᠲᠠᠨᠢᠯᠴᠠᠭᠤᠯᠵᠤ ᠪᠠᠢᠨ᠎ᠠ
ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠰᠢᠭᠦᠨ ᠲᠠᠰᠤᠯᠤᠯᠲᠠ ᠳ᠋ᠤ᠌ ᠬᠢᠨᠠᠯᠲᠠ ᠲᠠᠯᠪᠢᠬᠤ ᠲᠢᠩᠬᠢᠮ ᠨᠡᠢᠲᠡ 8 ᠨᠡᠷᠡᠰ ᠺᠠᠲ᠋ᠷ ᠴᠠᠭᠳᠠᠭ᠎ᠠ 3 ᠨᠡᠷᠡᠰ ᠂ ᠰᠢᠭᠦᠭᠴᠢ ᠲᠤᠰᠢᠶᠠᠯᠲᠠᠨ ᠤ᠋ ᠲᠤᠰᠠᠯᠠᠭᠴᠢ 2 ᠨᠡᠷᠡᠰ ᠂ ᠪᠢᠴᠢᠭᠡᠴᠢ 3 ᠨᠡᠷᠡᠰ ᠳᠣᠲᠣᠷ᠎ᠠ ᠠᠰᠫᠢᠷᠠᠨᠲ ᠤ᠋ᠨ ᠰᠤᠷᠤᠯᠭ᠎ᠠ ᠶ᠋ᠢᠨ ᠨᠠᠮᠲᠠᠷ ᠲᠠᠢ 2 ᠨᠡᠷᠡᠰ ᠶᠡᠬᠡ ᠰᠤᠷᠭᠠᠭᠤᠯᠢ ᠶ᠋ᠢᠨ ᠵᠢᠩᠬᠢᠨᠢ ᠠᠩᠭᠢ ᠶ᠋ᠢᠨ ᠰᠤᠷᠤᠯᠭ᠎ᠠ ᠶ᠋ᠢᠨ ᠨᠠᠮᠲᠠᠷ ᠲᠠᠢ 6 ᠨᠡᠷᠡᠰ ᠃ ᠰᠢᠭᠦᠨ ᠲᠠᠰᠤᠯᠤᠯᠲᠠ ᠳ᠋ᠤ᠌ ᠬᠢᠨᠠᠯᠲᠠ ᠲᠠᠯᠪᠢᠬᠤ ᠲᠢᠩᠬᠢᠮ ᠨᠢ ᠡᠷᠡᠭᠦᠦ ᠶ᠋ᠢᠨ ᠬᠡᠷᠡᠭ ᠂ ᠢᠷᠭᠡᠨ ᠦ᠌ ᠬᠡᠷᠡᠭ ᠂ ᠵᠠᠰᠠᠭ ᠵᠠᠬᠢᠷᠭᠠᠨ ᠤ᠋ ᠳᠠᠬᠢᠨ ᠰᠢᠭᠦᠯᠲᠡ ᠶ᠋ᠢᠨ ᠰᠢᠭᠦᠨ ᠲᠠᠰᠤᠯᠤᠯᠲᠠ ᠪᠠ ᠳᠠᠬᠢᠨ ᠰᠢᠭᠦᠯᠲᠡ ᠶ᠋ᠢ ᠬᠢᠨᠠᠨ ᠪᠠᠢᠴᠠᠭᠠᠬᠤ ᠬᠡᠷᠡᠭ ᠂ ᠵᠠᠰᠠᠭ ᠵᠠᠬᠢᠷᠭᠠᠨ ᠤ᠋ ᠪᠤᠴᠠᠭᠠᠭᠰᠠᠨ ᠳᠠᠪᠲᠠᠨ ᠰᠢᠭᠦᠬᠦ ᠬᠡᠷᠡᠭ ᠵᠢᠴᠢ ᠪᠥᠬᠥ ᠬᠣᠲᠠ ᠶ᠋ᠢᠨ ᠡᠷᠡᠭᠦᠦ ᠰᠢᠳᠬᠡᠯ ᠬᠠᠰᠤᠬᠤ ᠂ ᠳᠠᠩᠰᠠᠨ ᠰᠤᠯᠠᠯᠠᠬᠤ ᠬᠡᠷᠡᠭ ᠢ᠋ ᠬᠠᠷᠢᠭᠤᠴᠠᠨ ᠰᠢᠢᠳᠪᠦᠷᠢᠯᠡᠨ᠎ᠡ ᠃ 2018 ᠣᠨ ᠳ᠋ᠤ᠌ ᠡᠯ᠎ᠡ ᠲᠥᠷᠥᠯ ᠦ᠋ᠨ ᠨᠡᠢᠲᠡ 744 ᠬᠡᠷᠡᠭ ᠢ᠋ ᠬᠦᠯᠢᠶᠡᠨ ᠠᠪᠴᠤ ᠰᠢᠢᠳᠪᠦᠷᠢᠯᠡᠨ ᠨᠡᠢᠲᠡ 714 ᠬᠡᠷᠡᠭ ᠢ᠋ ᠰᠢᠭᠦᠨ ᠳᠠᠭᠤᠰᠬᠠᠭᠰᠠᠨ ᠨᠣᠷᠮ᠎ᠠ 95.97 ᠬᠤᠪᠢ ᠳ᠋ᠤ᠌ ᠬᠦᠷᠪᠡ 2019 ᠣᠨ ᠳ᠋ᠤ᠌ ᠡᠯ᠎ᠡ ᠲᠥᠷᠥᠯ ᠦ᠋ᠨ 666 ᠬᠡᠷᠡᠭ ᠢ᠋ ᠰᠢᠭᠦᠨ ᠳᠠᠭᠤᠰᠬᠠᠭᠰᠠᠨ ᠨᠣᠷᠮ᠎ᠠ 91.59 ᠬᠦᠷᠴᠡᠢ 2020 ᠣᠨ ᠠ᠋ᠴᠠ ᠣᠳᠣ ᠪᠣᠯᠲᠠᠯ᠎ᠠ ᠨᠡᠢᠲᠡ 537 ᠬᠡᠷᠡᠭ ᠢ᠋ ᠬᠦᠯᠢᠶᠡᠨ ᠠᠪᠴᠤ ᠰᠢᠢᠳᠪᠦᠷᠢᠯᠡᠵᠦ 502 ᠬᠡᠷᠡᠭ ᠢ᠋ ᠰᠢᠭᠦᠨ ᠳᠠᠭᠤᠰᠬᠠᠭᠰᠠᠨ ᠨᠣᠷᠮ᠎ᠠ 84.65% ᠬᠦᠷᠴᠡᠢ ᠃
ᠣᠢᠷ᠎ᠠ ᠶ᠋ᠢᠨ ᠵᠢᠯ ᠡᠴᠡ ᠨᠡᠰᠢ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠰᠢᠭᠦᠨ ᠲᠠᠰᠤᠯᠤᠯᠲᠠ ᠳ᠋ᠤ᠌ ᠬᠢᠨᠠᠯᠲᠠ ᠲᠠᠯᠪᠢᠬᠤ ᠲᠢᠩᠬᠢᠮ ᠨᠢ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶ᠋ᠢ ᠢᠮᠠᠭᠲᠠ ᠪᠠᠷᠢᠮᠲᠠᠯᠠᠵᠤ ᠂ 《 ᠬᠠᠤᠯᠢ ᠴᠠᠭᠠᠵᠠ ᠶ᠋ᠢᠨ ᠬᠡᠷᠡᠭ ᠪᠣᠯᠭᠠᠨ ᠳᠤᠮᠳᠠᠬᠢ ᠠᠷᠠᠳ ᠣᠯᠠᠨ ᠳ᠋ᠤ᠌ ᠲᠥᠪ ᠭᠣᠣᠯᠴᠢ ᠰᠢᠳᠤᠷᠭᠤ ᠶᠣᠰᠣ ᠶ᠋ᠢ ᠣᠢᠯᠠᠭᠠᠭᠤᠯᠬᠤ 》 ᠬᠠᠷᠠᠯᠲᠠ ᠶ᠋ᠢᠨ ᠲᠣᠭᠣᠷᠢᠨ ᠳ᠋ᠤ᠌ ᠰᠢᠭᠦᠨ ᠲᠠᠰᠤᠯᠤᠯᠲᠠ ᠳ᠋ᠤ᠌ ᠬᠢᠨᠠᠯᠲᠠ ᠲᠠᠯᠪᠢᠬᠤ ᠴᠢᠳᠠᠪᠬᠢ ᠪᠠᠨ ᠭᠦᠢᠴᠡᠳ ᠪᠠᠳᠠᠷᠠᠭᠤᠯᠵᠤ ᠃ 2018 ᠣᠨ ᠳ᠋ᠤ᠌ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠲᠡᠷᠢᠭᠦᠨ ᠦ᠌ ᠬᠠᠮᠲᠤ ᠣᠯᠠᠨ ᠢ᠋ᠶ᠋ᠠᠷ ᠦᠨᠡᠯᠡᠭᠳᠡᠪᠡ 2020 ᠣᠨ ᠳ᠋ᠤ᠌ ᠬᠠᠮᠲᠤᠷᠠᠨ ᠰᠢᠭᠦᠬᠦ ᠲᠠᠩᠬᠢᠮ ᠤ᠋ᠨ ᠭᠤᠷᠪᠠᠨ ᠰᠢᠭᠦᠭᠴᠢ ᠶ᠋ᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠶᠡᠬᠡ ᠳᠡᠭᠡᠳᠦ ᠰᠤᠷᠭᠠᠭᠤᠯᠢ ᠶ᠋ᠢᠨ ᠮᠡᠳᠡᠭᠯᠡᠯ ᠢ᠋ᠶ᠋ᠡᠷ ᠵᠠᠷᠯᠠᠨ ᠰᠠᠢᠰᠢᠶᠠᠪᠠ ᠃
ᠳᠠᠬᠢᠨ ᠰᠢᠭᠦᠯᠲᠡ ᠶ᠋ᠢᠨ ᠬᠡᠷᠡᠭ ᠢ᠋ ᠰᠠᠢᠲᠤᠷ ᠰᠢᠢᠳᠪᠦᠷᠢᠯᠡᠬᠦ ᠶ᠋ᠢᠨ ᠲᠥᠯᠥᠭᠡ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠰᠢᠭᠦᠨ ᠲᠠᠰᠤᠯᠤᠯᠲᠠ ᠳ᠋ᠤ᠌ ᠬᠢᠨᠠᠯᠲᠠ ᠲᠠᠯᠪᠢᠬᠤ ᠲᠢᠩᠬᠢᠮ ᠪᠣᠢ ᠪᠦᠬᠦᠢ ᠳᠠᠬᠢᠨ ᠰᠢᠭᠦᠯᠲᠡ ᠶ᠋ᠢᠨ ᠬᠡᠷᠡᠭ ᠢ᠋ ᠴᠥᠮ ᠲᠢᠩᠬᠢᠮ ᠨᠡᠭᠡᠭᠡᠵᠦ ᠰᠢᠭᠦᠬᠦ ᠶ᠋ᠢ ᠪᠠᠷᠢᠮᠲᠠᠯᠠᠬᠤ ᠳ᠋ᠤ᠌ ᠲᠤᠬᠠᠢ ᠶ᠋ᠢᠨ ᠬᠥᠮᠦᠨ ᠦ᠌ ᠵᠠᠷᠭᠤᠯᠳᠤᠬᠤ ᠡᠷᠬᠡ ᠶ᠋ᠢ ᠭᠦᠢᠴᠡᠳ ᠬᠠᠮᠠᠭᠠᠯᠠᠵᠠᠢ ᠃ ᠬᠠᠤᠯᠢ ᠶ᠋ᠢᠨ ᠲᠤᠰᠢᠶᠠᠯᠲᠠᠳ ᠣᠯᠠᠨ ᠤᠳᠠᠭ᠎ᠠ ᠬᠡᠷᠡᠭ ᠳᠠᠭᠠᠭᠤᠯᠵᠤ ᠬᠥᠳᠡᠭᠡ ᠪᠠᠭᠤᠵᠤ ᠲᠤᠬᠠᠢ ᠶ᠋ᠢᠨ ᠲᠠᠯᠠᠪᠤᠷ ᠢ᠋ ᠦᠵᠡᠵᠦ ᠂ ᠪᠠᠢᠴᠠᠭᠠᠯᠲᠠ ᠬᠢᠵᠦ ᠂ ᠠᠷᠠᠳ ᠤ᠋ᠨ ᠪᠠᠢᠳᠠᠯ ᠢ᠋ ᠰᠤᠷᠪᠤᠯᠵᠢᠯᠠᠭᠰᠠᠨ ᠨᠢ ᠲᠤᠬᠠᠢ ᠶ᠋ᠢᠨ ᠬᠥᠮᠦᠨ ᠨᠢ ᠰᠢᠭᠦᠭᠴᠢ ᠲᠤᠰᠢᠶᠠᠯᠲᠠᠨ ᠂ ᠰᠢᠭᠦᠬᠦ ᠬᠣᠷᠢᠶ᠎ᠠ ᠶ᠋ᠢ ᠨᠡᠩ ᠢᠯᠡᠭᠦᠦ ᠢᠲᠡᠭᠡᠬᠦ ᠪᠣᠯᠤᠭᠰᠠᠨ ᠪᠠᠢᠨ᠎ᠠ ᠃ 2018 ᠣᠨ ᠠ᠋ᠴᠠ ᠣᠳᠣ ᠪᠣᠯᠲᠠᠯ᠎ᠠ 20 ᠭᠠᠷᠤᠢ ᠤᠳᠠᠭ᠎ᠠ᠂ 35 ᠬᠡᠷᠡᠭ ᠢ᠋ ᠬᠥᠳᠡᠭᠡ ᠪᠠᠭᠤᠯᠭᠠᠭᠰᠠᠨ ᠪᠠᠢᠨ᠎ᠠ᠃
ᠡᠷᠡᠭᠦᠦ ᠰᠢᠳᠬᠡᠯ ᠬᠠᠰᠤᠬᠤ ᠠᠵᠢᠯ ᠢ᠋ ᠴᠢᠩᠭ᠎ᠠ ᠨᠢᠮᠪᠠᠢ ᠪᠥᠭᠡᠳ ᠳᠦᠷᠢᠮᠵᠢᠭᠦᠯᠦᠨ ᠥᠷᠨᠢᠭᠦᠯᠦᠭᠰᠡᠨ ᠪᠠᠲᠤᠯᠠᠭ᠎ᠠ ᠶ᠋ᠢᠨ ᠬᠡᠷᠡᠭ ᠦ᠋ᠨ ᠶᠠᠰᠤ ᠴᠢᠨᠠᠷ ᠢ᠋ ᠪᠠᠲᠤᠯᠠᠬᠤ ᠶ᠋ᠢᠨ ᠲᠥᠯᠥᠭᠡ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠰᠢᠭᠦᠨ ᠲᠠᠰᠤᠯᠤᠯᠲᠠ ᠳ᠋ᠤ᠌ ᠬᠢᠨᠠᠯᠲᠠ ᠲᠠᠯᠪᠢᠬᠤ ᠲᠢᠩᠬᠢᠮ ᠨᠢ ᠰᠢᠭᠦᠨ ᠲᠠᠰᠤᠯᠬᠤ ᠬᠡᠷᠡᠭ ᠢ᠋ ᠬᠢᠨᠠᠨ ᠪᠠᠢᠴᠠᠭᠠᠬᠤ ᠠᠵᠢᠯ ᠤ᠋ᠨ ᠬᠡᠪ ᠪᠠᠷᠢᠮᠵᠢᠶ᠎ᠠ ᠪᠠᠨ ᠤᠯᠠᠮ ᠨᠢᠭᠡ ᠠᠯᠬᠤᠮ ᠨᠢᠭᠡᠳᠭᠡᠬᠦ ᠶ᠋ᠢᠨ ᠲᠥᠯᠥᠭᠡ ᠡᠷᠡᠭᠦᠦ ᠰᠢᠳᠬᠡᠯ ᠬᠠᠰᠤᠬᠤ ᠬᠡᠮᠵᠢᠶ᠎ᠡ ᠶ᠋ᠢ ᠳᠡᠭᠡᠭᠰᠢᠯᠡᠭᠦᠯᠬᠦ ᠬᠡᠷᠡᠭ ᠦ᠋ᠨ ᠰᠢᠭᠦᠯᠲᠡ ᠡᠬᠢᠯᠡᠬᠦ ᠨᠣᠷᠮ᠎ᠠ ᠶ᠋ᠢ ᠳᠡᠭᠡᠭᠰᠢᠯᠡᠭᠦᠯᠬᠦ ᠬᠡᠷᠡᠭ ᠦ᠋ᠨ ᠰᠢᠭᠦᠨ ᠲᠠᠰᠤᠯᠬᠤ ᠵᠢᠷᠤᠮ ᠂ ᠬᠦᠷᠭᠡᠬᠦ ᠳᠡᠰ ᠳᠠᠷᠠᠭᠠᠯᠠᠯ ᠢ᠋ ᠤᠯᠠᠮ ᠨᠢᠭᠡ ᠠᠯᠬᠤᠮ ᠲᠡᠭᠦᠯᠳᠡᠷᠵᠢᠭᠦᠯᠪᠡ ᠃ 2019 ᠣᠨ ᠳ᠋ᠤ᠌ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ᠂ ᠣᠷᠳᠣᠰ ᠬᠣᠲᠠ ᠶ᠋ᠢᠨ ᠪᠠᠢᠴᠠᠭᠠᠬᠤ ᠬᠣᠷᠢᠶ᠎ᠠ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠵᠡᠨ ᠬᠣᠷᠣᠭ᠎ᠠ ᠶ᠋ᠢᠨ ᠭᠢᠨᠵᠢ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠷᠳᠣᠰ ᠬᠣᠲᠠ ᠶ᠋ᠢᠨ ᠭᠢᠨᠳᠠᠨ ᠤ᠋ ᠬᠣᠯᠪᠣᠭᠠᠲᠤ ᠬᠤᠷᠠᠯ ᠡᠴᠡ 《 ᠶᠠᠯᠠᠲᠠᠨ ᠤ᠋ ᠡᠷᠡᠭᠦᠦ ᠰᠢᠳᠬᠡᠯ ᠢ᠋ ᠬᠥᠩᠭᠡᠯᠡᠬᠦ᠂ ᠳᠠᠩᠰᠠᠨ ᠰᠤᠯᠠᠯᠠᠬᠤ ᠬᠡᠷᠡᠭ ᠢ᠋ ᠰᠢᠢᠳᠪᠦᠷᠢᠯᠡᠬᠦ ᠲᠤᠬᠠᠢ ᠬᠠᠮᠲᠤᠷᠠᠭᠰᠠᠨ ᠬᠤᠷᠠᠯ ᠤ᠋ᠨ ᠲᠣᠪᠴᠢ 》 ᠨᠡᠢᠲᠡᠯᠡᠵᠡᠢ᠃ ᠡᠷᠡᠭᠦᠦ ᠰᠢᠳᠬᠡᠯ ᠬᠠᠰᠤᠬᠤ ᠬᠡᠷᠡᠭ ᠢ᠋ ᠢᠯᠡ ᠪᠣᠯᠭᠠᠬᠤ ᠡᠷᠴᠢᠮ ᠢ᠋ᠶ᠋ᠡᠨ ᠲᠠᠰᠤᠷᠠᠯᠲᠠ ᠦᠭᠡᠢ ᠴᠢᠩᠭᠠᠷᠠᠭᠤᠯᠵᠤ ᠂ ᠡᠯ᠎ᠡ ᠲᠠᠯ᠎ᠠ ᠶ᠋ᠢᠨ ᠬᠢᠨ ᠦ᠌ ᠬᠢᠨᠠᠯᠲᠠ ᠲᠠᠯᠪᠢᠵᠤ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠂ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠨ ᠢ᠋ ᠲᠢᠩᠬᠢᠮ ᠳ᠋ᠦ᠍ ᠤᠷᠢᠵᠤ ᠰᠤᠯᠠ ᠰᠣᠨᠣᠰᠭᠠᠪᠠ ᠃ ᠬᠠᠤᠯᠢ ᠪᠠᠷ ᠵᠠᠰᠠᠬᠤ ᠤᠬᠠᠭᠤᠯᠭ᠎ᠠ ᠶ᠋ᠢ ᠭᠦᠢᠴᠡᠳᠬᠡᠬᠦ ᠪᠠᠢᠭᠤᠯᠭ᠎ᠠ ᠂ ᠪᠠᠢᠴᠠᠭᠠᠬᠤ ᠪᠠᠢᠭᠤᠯᠭ᠎ᠠ ᠯᠤᠭ᠎ᠠ ᠬᠠᠮᠲᠤᠪᠠᠷ ᠶᠠᠯᠠᠲᠠᠨ ᠢ᠋ ᠥᠭᠡᠷᠡᠴᠢᠯᠡᠬᠦ ᠠᠵᠢᠯ ᠢ᠋ ᠰᠠᠢᠲᠤᠷ ᠬᠢᠵᠡᠢ ᠃ 2020 ᠣᠨ ᠠ᠋ᠴᠠ ᠨᠠᠭᠠᠰᠢ ᠡᠷᠡᠭᠦᠦ ᠰᠢᠳᠬᠡᠯ ᠢ᠋ ᠬᠥᠩᠭᠡᠯᠡᠬᠦ᠂ ᠳᠠᠩᠰᠠᠨ ᠰᠤᠯᠠᠯᠠᠬᠤ ᠬᠡᠷᠡᠭ ᠢ᠋ ᠰᠦᠯᠵᠢᠶᠡᠨ ᠳᠡᠭᠡᠷ᠎ᠡ ᠰᠢᠢᠳᠪᠦᠷᠢᠯᠡᠬᠦ ᠶ᠋ᠢ ᠪᠦᠬᠦ ᠲᠠᠯ᠎ᠠ ᠪᠠᠷ ᠪᠡᠶᠡᠯᠡᠭᠦᠯᠪᠡ᠃
ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠰᠢᠭᠦᠨ ᠲᠠᠰᠤᠯᠤᠯᠲᠠ ᠳ᠋ᠤ᠌ ᠬᠢᠨᠠᠯᠲᠠ ᠲᠠᠯᠪᠢᠬᠤ ᠲᠢᠩᠬᠢᠮ《ᠲᠦᠷᠭᠡᠨ ᠲᠣᠭᠲᠠᠬᠤ ᠂ ᠲᠦᠷᠭᠡᠨ ᠰᠢᠭᠦᠨ ᠲᠠᠰᠤᠯᠬᠤ ᠂ ᠲᠦᠷᠭᠡᠨ ᠰᠢᠭᠦᠨ ᠲᠠᠰᠤᠯᠬᠤ 》 ᠵᠠᠷᠴᠢᠮ ᠶᠣᠰᠣᠭᠠᠷ ᠣᠨᠴᠠ ᠠᠭᠤᠴᠢᠯᠠᠯ ᠦᠵᠡᠭᠦᠯᠬᠦ ᠠᠵᠢᠯ ᠢ᠋ ᠤᠷᠢᠳᠠᠪᠡᠷ ᠪᠠᠲᠤᠯᠠᠪᠠ ᠃ ᠠᠵᠢᠯ ᠤ᠋ᠨ ᠳᠤᠮᠳᠠ ᠪᠠᠨ ᠬᠠᠤᠯᠢ ᠶᠣᠰᠣᠭᠠᠷ ᠴᠢᠩᠭ᠎ᠠ ᠰᠢᠭᠦᠨ ᠲᠠᠰᠤᠯᠤᠯᠲᠠ ᠬᠢᠵᠦ ᠂ ᠬᠡᠷᠡᠭ ᠦ᠋ᠨ ᠶᠠᠰᠤ ᠴᠢᠨᠠᠷ ᠤ᠋ᠨ ᠪᠣᠭᠣᠮᠲᠠ ᠶ᠋ᠢ ᠴᠠᠭ ᠲᠤᠬᠠᠢ ᠳ᠋ᠤᠨᠢ ᠠᠵᠢᠯ ᠤ᠋ᠨ ᠦᠷ᠎ᠡ ᠪᠦᠲᠦᠮᠵᠢ ᠶ᠋ᠢ ᠪᠠᠲᠤᠯᠠᠬᠤ ᠶ᠋ᠢ ᠭᠦᠢᠴᠡᠳ ᠪᠠᠲᠤᠯᠠᠪᠠ ᠃ 2020 ᠣᠨ ᠳ᠋ᠤ᠌ ᠣᠨᠴᠠ ᠠᠭᠤᠴᠢᠯᠠᠯ ᠬᠦᠷᠲᠡᠭᠡᠬᠦ ᠠᠵᠢᠯ ᠤ᠋ᠨ ᠢᠯᠡᠷᠡᠯ ᠳᠣᠪᠣᠢᠮ᠎ᠠ ᠪᠣᠯᠬᠣᠷ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠣᠯᠠᠨ ᠳ᠋ᠤ᠌ ᠵᠠᠷᠯᠠᠵᠠᠢ᠃
ᠦᠨᠡᠯᠡᠬᠦ 0ᠦᠨᠡᠯᠡᠯᠲᠡ᠎ᠲᠠᠢ