ᠦᠨᠳᠦᠰᠦᠨ ᠱᠠᠲᠤᠨ ᠳ᠋ᠤ᠌ ᠭᠦᠨᠵᠡᠭᠡᠢᠷᠡᠵᠦ ᠶᠠᠳᠠᠭᠤ ᠬᠦᠴᠢᠷᠳᠡᠯᠲᠡᠢ ᠡᠷᠦᠬᠡ ᠶ᠋ᠢ ᠬᠠᠯᠠᠮᠵᠢᠯᠠᠳᠠᠭ — ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠤᠳᠤᠷᠢᠳᠬᠤ ᠪᠠᠭ ᠤ᠋ᠨ ᠬᠢᠨ ᠪᠣᠯᠭᠣᠭᠠᠨ ᠲᠣᠬᠣᠨᠢᠭᠤᠯᠵᠤ ᠬᠠᠪᠰᠤᠷᠤᠨ ᠲᠡᠳᠬᠦᠬᠦ ᠡᠷᠦᠬᠡ
2020.11.10 ᠲᠣᠰ ᠥᠷᠲᠡᠭᠡᠨ᠎ᠦ ᠨᠠᠢᠷᠠᠭᠤᠯᠤᠭᠴᠢ

ᠶᠠᠳᠠᠭᠤ ᠠ᠋ᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠢ᠋ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶ᠋ᠢᠨ ᠲᠤᠰᠠᠳᠠ 11 ᠰᠠᠷ᠎ᠠ ᠶ᠋ᠢᠨ 5  ᠤ᠋ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠤᠳᠤᠷᠢᠳᠬᠤ ᠪᠠᠭ ᠤ᠋ᠨ ᠪᠦᠷᠢᠯᠳᠦᠬᠦᠨ ᠨᠠᠷ ᠳᠠᠯᠠᠳ ᠬᠤᠰᠢᠭᠤᠨ ᠤ᠋ ᠪᠠᠢ ᠨᠢ ᠵᠢᠩ ᠪᠠᠯᠭᠠᠰᠤ ᠶ᠋ᠢᠨ ᠴᠢ ᠹᠧᠨ ᠽᠢ ᠲᠣᠰᠬᠣᠨ ᠳ᠋ᠤ᠌ ᠭᠦᠨᠵᠡᠭᠡᠢᠷᠡᠵᠦ ᠬᠠᠪᠰᠤᠷᠤᠨ ᠲᠡᠳᠬᠦᠵᠦ ᠪᠠᠢᠭ᠎ᠠ ᠬᠠᠪᠰᠤᠷᠤᠨ ᠲᠡᠳᠬᠦᠬᠦ ᠡᠷᠦᠬᠡ ᠶ᠋ᠢ ᠪᠣᠯᠭᠣᠭᠠᠨ ᠲᠣᠬᠣᠨᠢᠭᠤᠯᠪᠠ᠃

 ᠲᠣᠰᠬᠣᠨ ᠳ᠋ᠤ᠌ ᠰᠠᠭᠤᠭ᠎ᠠ ᠠᠵᠢᠯᠯᠠᠬᠤ ᠠᠩᠭᠢ ᠶ᠋ᠢᠨ ᠠᠵᠢᠯᠲᠠᠨ ᠤ᠋ ᠪᠠᠷ᠎ᠠ ᠪᠣᠯᠵᠤ ᠪᠠᠭᠤᠭᠰᠠᠨ ᠪᠠᠭ ᠤ᠋ᠨ ᠪᠦᠷᠢᠯᠳᠦᠬᠦᠨ ᠨᠠᠷ ᠤᠷᠢᠳ ᠬᠣᠵᠢᠳ 6 ᠬᠠᠪᠰᠤᠷᠤᠨ ᠲᠡᠳᠬᠦᠬᠦ ᠠᠢᠯ ᠡᠷᠦᠬᠡ ᠪᠡᠷ ᠬᠦᠷᠴᠦ ᠂ ᠲᠡᠳᠡᠨ ᠦ᠌ ᠦᠢᠯᠡᠳᠪᠦᠷᠢᠯᠡᠯ ᠠᠮᠢᠳᠤᠷᠠᠯ ᠤ᠋ᠨ ᠪᠠᠢᠳᠠᠯ ᠢ᠋ ᠨᠠᠷᠢᠨ ᠣᠢᠯᠠᠭᠠᠵᠤ ᠂ ᠪᠣᠳᠠᠲᠤ ᠬᠦᠴᠢᠷᠳᠡᠯ ᠪᠣᠯᠤᠨ ᠬᠠᠪᠰᠤᠷᠤᠨ ᠲᠡᠳᠬᠦᠬᠦ ᠬᠡᠷᠡᠭᠴᠡᠭᠡ ᠶ᠋ᠢ ᠨᠠᠷᠢᠨ ᠬᠢᠨᠠᠮᠠᠭᠠᠢ ᠰᠣᠨᠣᠰᠴᠤ ᠂ ᠲᠡᠳᠡᠨ ᠢ᠋ ᠪᠠᠶᠠᠷ ᠪᠠᠶᠠᠰᠬᠤᠯᠠᠩ ᠲᠠᠢ ᠥᠭᠡᠳᠡᠷᠬᠡᠭ ᠰᠡᠳᠬᠢᠴᠡ ᠶ᠋ᠢᠨ ᠪᠠᠢᠳᠠᠯ ᠪᠠᠢ᠃


 ᠣᠨᠢᠨ ᠳᠡᠭᠡᠷ᠎ᠡ ᠨᠢ ᠶᠠᠳᠠᠭᠤ ᠶ᠋ᠢ ᠲᠡᠳᠬᠦᠬᠦ ᠠᠵᠢᠯ ᠢ᠋ ᠪᠦᠬᠦ ᠲᠠᠯ᠎ᠠ ᠪᠠᠷ ᠥᠷᠨᠢᠭᠦᠯᠦᠭᠰᠡᠨ ᠡᠴᠡ ᠨᠡᠰᠢ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠢᠳᠡᠪᠬᠢᠲᠡᠢ ᠪᠡᠷ ᠤᠷᠢᠳ ᠬᠣᠵᠢᠳ ᠣᠯᠠᠨ ᠤᠳᠠᠭ᠎ᠠ ᠶᠠᠳᠠᠭᠤ ᠶ᠋ᠢ ᠲᠡᠳᠬᠦᠬᠦ ᠴᠢᠭ ᠲᠦ᠍ ᠭᠦᠨᠵᠡᠭᠡᠢᠷᠡᠨ ᠶᠠᠳᠠᠭᠤ ᠶ᠋ᠢ ᠲᠡᠳᠬᠦᠬᠦ ᠠᠵᠢᠯ ᠥᠷᠨᠢᠭᠦᠯᠵᠦ ᠂ ᠬᠠᠪᠰᠤᠷᠤᠨ ᠲᠡᠳᠬᠦᠬᠦ ᠡᠷᠦᠬᠡ ᠶ᠋ᠢ ᠬᠠᠪᠰᠤᠷᠤᠨ ᠶᠠᠳᠠᠭᠤ ᠠ᠋ᠴᠠ ᠠᠩᠭᠢᠵᠢᠷᠠᠭᠤᠯᠬᠤ ᠲᠥᠯᠥᠪᠯᠡᠭᠡ ᠪᠠ ᠲᠥᠰᠦᠯ ᠢ᠋ ᠲᠣᠭᠲᠠᠭᠠᠵᠤ ᠂ ᠶᠠᠳᠠᠭᠤ ᠠ᠋ᠴᠠ ᠠᠩᠭᠢᠵᠢᠷᠠᠭᠤᠯᠬᠤ ᠡᠯ᠎ᠡ ᠵᠦᠢᠯ ᠦ᠋ᠨ ᠠᠷᠭ᠎ᠠ ᠬᠡᠮᠵᠢᠶ᠎ᠡ ᠶ᠋ᠢ ᠢᠳᠡᠪᠬᠢᠲᠡᠢ ᠨᠠᠢᠳᠠᠪᠤᠷᠢᠵᠢᠭᠤᠯᠵᠤ ᠂ ᠬᠠᠢᠷ᠎ᠠ ᠬᠠᠯᠠᠮᠵᠢ ᠬᠦᠷᠭᠡᠬᠦ ᠂ ᠲᠥᠷᠥ ᠶ᠋ᠢᠨ ᠪᠣᠳᠣᠯᠭ᠎ᠠ ᠶ᠋ᠢ ᠬᠦᠷᠭᠡᠬᠦ ᠵᠡᠷᠭᠡ ᠲᠣᠬᠣᠨᠢᠭᠤᠯᠬᠤ ᠠᠵᠢᠯᠯᠠᠭ᠎ᠠ ᠶ᠋ᠢ ᠥᠷᠨᠢᠭᠦᠯᠵᠦ ᠂ ᠣᠯᠠᠨ ᠲᠦᠮᠡᠨ ᠢ᠋ ᠬᠠᠪᠰᠤᠷᠴᠤ ᠪᠠᠢᠭᠠᠳ ᠯᠠᠪᠳᠠᠭᠤᠨ ᠪᠠᠲᠤᠲᠠᠢ ᠪᠠᠷ ᠣᠯᠠᠨ ᠲᠦᠮᠡᠨ ᠦ᠌ ᠠᠯᠬᠤᠮ ᠢ᠋ ᠲᠣᠭᠲᠠᠭᠠᠪᠠ ᠃
 ᠡᠨᠡ ᠵᠢᠯ ᠪᠣᠯ ᠴᠢᠨᠡᠭᠡᠯᠢᠭ ᠨᠡᠢᠭᠡᠮ ᠢ᠋ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶ᠋ᠢ ᠣᠯᠬᠤ ᠂ ᠶᠠᠳᠠᠭᠤ ᠠ᠋ᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠯᠠᠯᠳᠤᠭᠠᠨ ᠤ᠋ ᠢᠯᠠᠯᠲᠠ ᠶ᠋ᠢ ᠣᠯᠬᠤ ᠵᠢᠯ ᠮᠥᠨ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ ᠤᠯᠤᠰ ᠲᠥᠷᠥ ᠶ᠋ᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠬᠠᠷᠢᠭᠤᠴᠠᠯᠭ᠎ᠠ ᠡᠭᠦᠷᠭᠡᠯᠡᠯ ᠢ᠋ᠶ᠋ᠡᠨ ᠴᠢᠩᠭᠠᠳᠬᠠᠨ ᠶᠠᠳᠠᠭᠤ ᠠ᠋ᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠶᠠᠳᠠᠭᠤ ᠶ᠋ᠢ ᠲᠡᠳᠬᠦᠬᠦ ᠲᠥᠷᠥ ᠶ᠋ᠢᠨ ᠪᠣᠳᠣᠯᠭ᠎ᠠ ᠪᠠ ᠬᠦᠴᠦᠨ ᠴᠢᠳᠠᠯ ᠢ᠋ ᠭᠦᠢᠴᠡᠳ ᠪᠠᠳᠠᠷᠠᠭᠤᠯᠵᠤ ᠂ ᠲᠣᠰᠬᠣᠨ ᠳ᠋ᠤ᠌ ᠰᠠᠭᠤᠭ᠎ᠠ ᠪᠠ ᠬᠣᠣᠰᠯᠠᠯ ᠪᠣᠯᠵᠤ ᠬᠠᠪᠰᠤᠷᠤᠨ ᠲᠡᠳᠬᠦᠬᠦ ᠲᠣᠭᠲᠠᠴᠠ ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠶᠡᠷᠦᠩᠬᠡᠢ ᠪᠣᠭᠣᠮᠲᠠ ᠰᠢᠪᠲᠤᠯᠬᠤ ᠬᠠᠷᠠᠯᠲᠠ ᠶ᠋ᠢ ᠪᠡᠶᠡᠯᠡᠭᠦᠯᠬᠦ ᠳ᠋ᠦ᠍ ᠬᠦᠴᠦ ᠪᠡᠨ ᠪᠦᠬᠦ ᠲᠠᠯ᠎ᠠ ᠪᠠᠷ ᠥᠨᠳᠥᠷ ᠦᠷ᠎ᠡ ᠪᠦᠲᠦᠮᠵᠢ ᠣᠯᠬᠤ ᠪᠠᠷ ᠪᠠᠢᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )