11 ᠰᠠᠷ᠎ᠠ ᠶ᠋ᠢᠨ 6 ᠤ᠋ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠠᠮ ᠤ᠋ᠨ ᠤᠳᠤᠷᠢᠳᠬᠤ ᠳᠤᠭᠤᠢᠯᠠᠩ ᠤ᠋ᠨ ᠣᠨᠣᠯ ᠰᠤᠷᠤᠯᠴᠠᠬᠤ ᠭᠣᠣᠯ ᠳᠤᠭᠤᠢᠯᠠᠩ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠲᠠᠪᠤᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠬᠤᠷᠠᠯ ᠢ᠋ ᠬᠤᠷᠠᠯᠳᠤᠭᠤᠯᠪᠠ ᠃ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠬᠣᠷᠢᠶᠠᠨ ᠳᠠᠷᠤᠭ᠎ᠠ ᠰᠦ᠍ ᠯᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠬᠤᠷᠠᠯ ᠠ᠋ᠴᠠ 《 ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠲᠠᠪᠤᠳᠤᠭᠠᠷ ᠬᠤᠷᠠᠯᠳᠤᠭᠠᠨ ᠤ᠋ ᠠᠯᠪᠠᠨ ᠮᠡᠳᠡᠭᠡ 》 ᠶ᠋ᠢᠨ 《 ᠣᠳᠣᠬᠠᠨ ᠤ᠋ ᠪᠠᠢᠳᠠᠯ ᠢ᠋ ᠪᠥᠬᠥ ᠲᠠᠯ᠎ᠠ ᠪᠠᠷ ᠣᠨᠣᠪᠴᠢᠲᠠᠢ ᠲᠠᠨᠢᠵᠤ ᠡᠨᠡ ᠵᠢᠯ ᠦ᠋ᠨ ᠠᠵᠤ ᠠᠬᠤᠢ ᠨᠡᠢᠭᠡᠮ ᠦ᠋ᠨ ᠬᠥᠭᠵᠢᠯᠲᠡ ᠶ᠋ᠢᠨ ᠬᠠᠷᠠᠯᠲᠠ ᠡᠭᠦᠷᠭᠡ ᠶ᠋ᠢ ᠴᠢᠷᠮᠠᠢᠨ ᠪᠡᠶᠡᠯᠡᠭᠦᠯᠦᠶ᠎ᠡ》 ᠵᠡᠷᠭᠡ ᠠᠭᠤᠯᠭ᠎ᠠ ᠶ᠋ᠢ ᠰᠤᠷᠤᠯᠴᠠᠵᠠᠢ ᠃
ᠬᠤᠷᠠᠯ ᠠ᠋ᠴᠠ ᠱᠠᠭᠠᠷᠳᠠᠭᠰᠠᠨ ᠨᠢ ᠪᠦᠬᠦ ᠳᠡᠭᠡᠳᠦ ᠳᠣᠣᠷᠠᠳᠤ ᠱᠠᠲᠤᠨ ᠤ᠋ ᠬᠢᠨ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠲᠠᠪᠤᠳᠤᠭᠠᠷ ᠪᠥᠬᠥᠳᠡ ᠬᠤᠷᠠᠯ ᠤ᠋ᠨ ᠴᠢᠬᠤᠯᠠ ᠠᠴᠢ ᠬᠣᠯᠪᠣᠭᠳᠠᠯ ᠢ᠋ ᠭᠦᠨᠵᠡᠭᠡᠢ ᠣᠢᠯᠠᠭᠠᠵᠤ ᠂ ᠰᠤᠷᠤᠯᠴᠠᠨ ᠲᠤᠤᠱᠯᠠᠭᠤᠯᠬᠤ ᠬᠠᠷᠢᠭᠤᠴᠠᠯᠭᠠᠲᠤ ᠰᠡᠳᠬᠢᠯᠭᠡ ᠪᠠ ᠰᠠᠨᠠᠭᠠᠴᠢᠯᠠᠭᠠᠲᠤ ᠴᠢᠨᠠᠷ ᠢ᠋ᠶ᠋ᠠᠨ ᠪᠠᠲᠤᠳᠬᠠᠨ ᠠᠵᠢᠯ ᠤ᠋ᠨ ᠢᠲᠡᠭᠡᠯ ᠵᠣᠷᠢᠭ ᠢ᠋ᠶ᠋ᠠᠨ ᠰᠠᠢᠲᠤᠷ ᠰᠤᠷᠤᠯᠴᠠᠵᠤ ᠂ ᠰᠠᠢᠲᠤᠷ ᠤᠬᠠᠭᠤᠯᠵᠤ ᠂ ᠰᠠᠢᠲᠤᠷ ᠲᠤᠤᠱᠯᠠᠭᠤᠯᠤᠨ ᠂ ᠪᠥᠬᠥ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠵᠤ ᠭᠦᠨᠵᠡᠭᠡᠢ ᠣᠢᠯᠠᠭᠠᠨ ᠂ ᠰᠠᠢᠲᠤᠷ ᠲᠤᠤᠱᠯᠠᠭᠤᠯᠬᠤ ᠶ᠋ᠢ ᠪᠠᠲᠤᠯᠠᠬᠤ ᠬᠡᠷᠡᠭᠲᠡᠢ ᠃
ᠰᠦ᠍ ᠯᠢ ᠵᠢᠶᠦ᠋ᠨ ᠨᠢᠭᠡ ᠳ᠋ᠦ᠍ ᠂ ᠦᠵᠡᠯ ᠰᠠᠨᠠᠭ᠎ᠠ ᠪᠠᠨ ᠨᠢᠭᠡᠳᠬᠡᠵᠦ ᠲᠠᠨᠢᠯᠲᠠ ᠪᠠᠨ ᠳᠡᠭᠡᠭᠰᠢᠯᠡᠭᠦᠯᠵᠦ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠲᠠᠪᠤᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭᠠᠨ ᠳᠡᠭᠡᠷ᠎ᠡ ᠦᠨᠡᠨ ᠬᠦ᠌ ᠨᠢᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ ᠃ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠳ᠋ᠠᠬᠢ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠶ᠋ᠢ ᠠᠷᠠᠳ ᠤ᠋ᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠰᠢᠭᠦᠨ ᠲᠠᠰᠤᠯᠬᠤ ᠠᠵᠢᠯ ᠲᠠᠢ ᠤᠶᠠᠯᠳᠤᠭᠤᠯᠤᠨ ᠂ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠳ᠋ᠠᠬᠢ ᠴᠢᠬᠤᠯᠠ ᠶᠠᠷᠢᠶᠠᠨ ᠤ᠋ ᠲᠤᠬᠠᠢ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠶ᠋ᠢ ᠤᠶᠠᠯᠳᠤᠭᠤᠯᠵᠤ ᠂ ᠠᠷᠠᠳ ᠤ᠋ᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠰᠢᠭᠦᠨ ᠲᠠᠰᠤᠯᠬᠤ ᠠᠵᠢᠯ ᠲᠠᠢ ᠤᠶᠠᠯᠳᠤᠭᠤᠯᠤᠨ ᠨᠢᠭᠡ ᠴᠤᠭᠴᠠᠵᠢᠭᠤᠯᠤᠨ ᠰᠤᠷᠤᠯᠴᠠᠨ ᠣᠢᠯᠠᠭᠠᠬᠤ ᠲᠠᠯ᠎ᠠ ᠪᠠᠷ ᠣᠢᠯᠠᠭᠠᠨ ᠡᠵᠡᠮᠰᠢᠵᠦ ᠂ ᠰᠤᠷᠤᠯᠴᠠᠯᠭ᠎ᠠ ᠦᠷ᠎ᠡ ᠪᠦᠲᠦᠮᠵᠢ ᠶ᠋ᠢ ᠦᠨᠡᠨ ᠬᠦ᠌ ᠴᠢᠩᠭᠠᠳᠬᠠᠪᠠ ᠃ ᠬᠣᠶᠠᠷ ᠲᠤ᠌ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠪᠠ 《ᠤᠯᠤᠰ ᠠᠷᠠᠳ ᠤ᠋ᠨ ᠠᠵᠤ ᠠᠬᠤᠢ ᠪᠠ ᠨᠡᠢᠭᠡᠮ ᠦ᠋ᠨ ᠬᠥᠭᠵᠢᠯᠲᠡ ᠶ᠋ᠢᠨ ᠠᠷᠪᠠᠨ ᠳᠥᠷᠪᠡᠳᠦᠭᠡᠷ ᠲᠠᠪᠤᠨ ᠵᠢᠯ ᠦ᠋ᠨ ᠲᠥᠯᠥᠪᠵᠢᠭᠦᠯᠭᠡ ᠪᠠ 2035 ᠣᠨ ᠤ᠋ ᠠᠯᠤᠰ ᠤ᠋ᠨ ᠬᠠᠷᠠᠯᠲᠠ ᠶ᠋ᠢ ᠲᠣᠭᠲᠠᠭᠠᠬᠤ ᠲᠤᠬᠠᠢ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠣᠷᠢᠶᠠᠨ ᠤ᠋ ᠰᠠᠨᠠᠭᠤᠯᠭ᠎ᠠ》 ᠳ᠋ᠤ᠌ ᠲᠣᠭᠲᠠᠭᠠᠭᠰᠠᠨ ᠡᠯ᠎ᠡ ᠵᠦᠢᠯ ᠦ᠋ᠨ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠲᠡᠷᠡ ᠬᠡᠪ ᠢ᠋ᠶ᠋ᠡᠷ ᠨᠢ ᠰᠢᠭᠦᠨ ᠲᠠᠰᠤᠯᠬᠤ ᠭᠦᠢᠴᠡᠳᠬᠡᠬᠦ ᠠᠵᠢᠯ ᠤ᠋ᠨ ᠪᠦᠬᠦ ᠶᠠᠪᠤᠴᠠ ᠳ᠋ᠤ᠌ ᠬᠦᠷᠲᠡᠯ᠎ᠡ ᠨᠠᠢᠳᠠᠪᠤᠷᠢᠵᠢᠭᠤᠯᠬᠤ ᠬᠡᠷᠡᠭᠲᠡᠢ᠃ ᠠᠷᠠᠳ ᠤ᠋ᠨ ᠰᠢᠭᠦᠬᠦ ᠬᠣᠷᠢᠶ᠎ᠠ ᠨᠢ ᠠᠵᠤ ᠠᠬᠤᠢ ᠨᠡᠢᠭᠡᠮ ᠦ᠋ᠨ ᠴᠢᠨᠠᠷ ᠰᠠᠢᠲᠠᠢ ᠬᠥᠭᠵᠢᠯᠲᠡ ᠳ᠋ᠦ᠍ ᠬᠦᠴᠦᠲᠡᠢ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠴᠢᠬᠤᠯᠠ ᠡᠭᠦᠷᠭᠡ ᠬᠠᠷᠢᠭᠤᠴᠠᠯᠭ᠎ᠠ ᠶ᠋ᠢ ᠡᠭᠦᠷᠭᠡᠯᠡᠵᠦ ᠪᠣᠢ ᠪᠥᠬᠥᠳᠡ ᠬᠤᠷᠠᠯ ᠤ᠋ᠨ 《ᠣᠳᠣ ᠦᠶ᠎ᠡ ᠶ᠋ᠢᠨ ᠠᠵᠤ ᠦᠢᠯᠡᠰ ᠦ᠋ᠨ ᠰᠢᠰᠲ᠋ᠧᠮ ᠢ᠋ ᠲᠦᠷᠭᠡᠨ ᠬᠥᠭᠵᠢᠭᠦᠯᠬᠦ》 ᠶᠣᠰᠣᠭᠠᠷ ᠠᠵᠤ ᠠᠬᠤᠢ ᠶ᠋ᠢᠨ ᠰᠢᠰᠲ᠋ᠧᠮ ᠢ᠋ ᠰᠢᠯᠢᠳᠡᠭᠵᠢᠭᠦᠯᠦᠨ ᠳᠡᠰ ᠳᠡᠪᠰᠢᠭᠦᠯᠬᠦ ᠶ᠋ᠢ ᠠᠬᠢᠭᠤᠯᠬᠤ ᠬᠡᠷᠡᠭᠲᠡᠢ ᠃ ᠠᠵᠤ ᠠᠬᠤᠢ ᠶ᠋ᠢ ᠬᠥᠭᠵᠢᠭᠦᠯᠬᠦ ᠬᠦᠴᠦᠯᠡᠬᠦ ᠴᠡᠭ ᠢ᠋ ᠪᠣᠳᠠᠲᠤ ᠴᠣᠭᠴᠠ ᠶ᠋ᠢᠨ ᠠᠵᠤ ᠠᠬᠤᠢ ᠳᠡᠭᠡᠷ᠎ᠡ ᠲᠠᠯᠪᠢᠬᠤ ᠱᠠᠭᠠᠷᠳᠠᠯᠭ᠎ᠠ ᠶᠣᠰᠣᠭᠠᠷ 《 ᠵᠢᠷᠭᠤᠭᠠᠨ ᠲᠣᠭᠲᠠᠭᠤᠨ 》 ᠤ᠋ ᠠᠵᠢᠯ ᠢ᠋ ᠰᠠᠢᠲᠤᠷ ᠬᠢᠬᠦ ᠂ 《 ᠵᠢᠷᠭᠤᠭᠠᠨ ᠪᠠᠲᠤᠯᠠᠭᠠᠲᠤ 》 ᠶ᠋ᠢ ᠨᠠᠢᠳᠠᠪᠤᠷᠢᠵᠢᠭᠤᠯᠬᠤ ᠡᠭᠦᠷᠭᠡ ᠶ᠋ᠢ ᠭᠦᠢᠴᠡᠳ ᠪᠠᠳᠠᠷᠠᠭᠤᠯᠬᠤ ᠶ᠋ᠢ ᠪᠠᠷᠢᠮᠲᠠᠯᠠᠨ᠎ᠠ ᠃ ᠭᠤᠷᠪᠠ ᠳ᠋ᠤ᠌ ᠂ ᠰᠢᠭᠦᠨ ᠲᠠᠰᠤᠯᠬᠤ ᠰᠢᠰᠲ᠋ᠧᠮ ᠪᠠ ᠰᠢᠭᠦᠨ ᠲᠠᠰᠤᠯᠬᠤ ᠴᠢᠳᠠᠪᠤᠷᠢ ᠶ᠋ᠢᠨ ᠣᠳᠣᠬᠢᠴᠢᠯᠠᠯᠲᠠ ᠶ᠋ᠢ ᠠᠬᠢᠭᠤᠯᠬᠤ ᠶ᠋ᠢ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ ᠬᠡᠷᠡᠭᠲᠡᠢ ᠃ ᠪᠦᠭᠦᠳᠡ ᠬᠤᠷᠠᠯ ᠠ᠋ᠴᠠ ᠠᠷᠪᠠᠨ ᠳᠥᠷᠪᠡᠳᠦᠭᠡᠷ ᠲᠠᠪᠤᠨ ᠵᠢᠯ ᠦ᠋ᠨ ᠲᠥᠯᠥᠪᠵᠢᠭᠦᠯᠭᠡ ᠶ᠋ᠢᠨ ᠬᠤᠭᠤᠴᠠᠭᠠᠨ ᠳ᠋ᠠᠬᠢ ᠠᠵᠤ ᠠᠬᠤᠢ ᠨᠡᠢᠭᠡᠮ ᠦ᠋ᠨ ᠬᠥᠭᠵᠢᠯᠲᠡ ᠶ᠋ᠢᠨ ᠵᠢᠯᠣᠭᠣᠳᠬᠤ ᠦᠵᠡᠯ ᠰᠠᠨᠠᠭ᠎ᠠ ᠂ ᠭᠣᠣᠯ ᠬᠠᠷᠠᠯᠲᠠ ᠂ ᠡᠷᠬᠡᠪᠰᠢ ᠵᠢᠷᠤᠮᠯᠠᠬᠤ ᠬᠡᠷᠡᠭᠲᠡᠢ ᠵᠠᠷᠴᠢᠮ ᠪᠠ 2035 ᠣᠨ ᠤ᠋ ᠠᠯᠤᠰ ᠤ᠋ᠨ ᠬᠠᠷᠠᠯᠲᠠ ᠪᠣᠯ ᠨᠡᠢᠭᠡᠮ ᠵᠢᠷᠤᠮ ᠤ᠋ᠨ ᠣᠳᠣᠬᠢᠴᠢᠯᠠᠭᠰᠠᠨ ᠤᠯᠤᠰ ᠢ᠋ ᠪᠥᠬᠥ ᠲᠠᠯ᠎ᠠ ᠪᠠᠷ ᠪᠦᠲᠦᠭᠡᠨ ᠪᠠᠢᠭᠤᠯᠬᠤ ᠰᠢᠨ᠎ᠡ ᠢᠯᠠᠯᠲᠠ ᠶ᠋ᠢ ᠲᠡᠮᠡᠴᠡᠨ ᠣᠯᠬᠤ ᠬᠥᠲᠥᠯᠪᠦᠷᠢ ᠶ᠋ᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠬᠤ ᠶ᠋ᠢ ᠲᠣᠳᠣᠷᠬᠠᠢᠯᠠᠪᠠ ᠃ 《 ᠠᠷᠪᠠᠨ ᠳᠥᠷᠪᠡᠳᠦᠭᠡᠷ ᠲᠠᠪᠤᠨ ᠵᠢᠯ 》 ᠦ᠋ᠨ ᠲᠥᠯᠥᠪᠵᠢᠭᠦᠯᠭᠡ ᠶ᠋ᠢᠨ ᠠᠤᠭ᠎ᠠ ᠲᠥᠰᠥᠪ ᠪᠣᠯᠤᠨ ᠬᠠᠤᠯᠢ ᠪᠠᠷ ᠵᠠᠰᠠᠬᠤ ᠪᠠᠢᠭᠤᠯᠤᠯᠲᠠ ᠶ᠋ᠢᠨ ᠬᠠᠷᠠᠯᠲᠠ ᠡᠭᠦᠷᠭᠡ ᠳ᠋ᠦ᠍ ᠰᠠᠨᠠᠭᠠᠴᠢᠯᠠᠭ᠎ᠠ ᠠ᠋ᠴᠠ ᠪᠠᠨ ᠰᠢᠭᠦᠬᠦ ᠬᠣᠷᠢᠶᠠᠨ ᠤ᠋ ᠠᠵᠢᠯ ᠤ᠋ᠨ ᠣᠢᠯᠠᠭᠠᠭᠳᠠᠬᠤᠨ ᠤ᠋ ᠰᠡᠳᠬᠢᠴᠡ ᠂ ᠪᠠᠢᠭᠤᠯᠤᠮᠵᠢ ᠲᠣᠭᠲᠠᠴᠠ ᠂ ᠠᠷᠭ᠎ᠠ ᠠᠪᠴᠠᠯ ᠤ᠋ᠨ ᠰᠢᠨ᠎ᠡ ᠶ᠋ᠢ ᠡᠭᠦᠳᠬᠦ ᠶ᠋ᠢ ᠲᠠᠰᠤᠷᠠᠯᠲᠠ ᠦᠭᠡᠢ ᠲᠦᠯᠬᠢᠨ ᠠᠬᠢᠭᠤᠯᠵᠤ ᠂ ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠂ ᠦᠷ᠎ᠡ ᠪᠦᠲᠦᠮᠵᠢ ᠪᠠ ᠬᠠᠤᠯᠢ ᠴᠠᠭᠠᠵᠠ ᠶ᠋ᠢᠨ ᠨᠡᠢᠲᠡ ᠶ᠋ᠢᠨ ᠢᠲᠡᠭᠡᠮᠵᠢ ᠶ᠋ᠢᠨ ᠬᠦᠴᠦᠨ ᠢ᠋ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠠᠷᠠᠳ ᠣᠯᠠᠨ ᠳ᠋ᠤ᠌ ᠬᠠᠤᠯᠢ ᠴᠠᠭᠠᠵᠠ ᠶ᠋ᠢᠨ ᠬᠡᠷᠡᠭ ᠪᠣᠯᠭᠠᠨ ᠲᠥᠪ ᠭᠣᠣᠯᠴᠢ ᠰᠢᠳᠤᠷᠭᠤ ᠶᠣᠰᠣ ᠶ᠋ᠢ ᠣᠢᠯᠠᠭᠠᠭᠤᠯᠬᠤ ᠪᠠᠷ ᠴᠢᠷᠮᠠᠢᠨ᠎ᠠ ᠃
ᠦᠨᠡᠯᠡᠬᠦ 0ᠦᠨᠡᠯᠡᠯᠲᠡ᠎ᠲᠠᠢ